ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-25 12:49:16

ᠵᠣᠬᠢᠶᠠᠭ᠍ᠴᠢ᠄ ᠬᠠᠢ ᠵᠢᠶᠦᠢ᠍ᠨ ᠢᠳᠡᠷᠡᠬᠦᠨ ᠰᠠᠨᠰᠡᠷ ᠣᠩᠱᠢᠭ᠍ᠰᠠᠨ ᠣᠳᠠᠭ᠎ᠠ᠄ 3

2 ᠰᠠᠷ᠎ᠠ᠎ᠶ᠋ᠢᠨ 23 ᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠤ ᠤᠯᠠᠭᠠᠨᠴᠠᠪ᠎ᠤᠨ ᠯᠢᠶᠠᠩᠴᠧᠩ᠎ᠦᠨ ᠤᠷᠤᠯᠳᠤᠭᠠᠨ᠎ᠤ ᠲᠣᠭᠣᠷᠢᠭ᠎ᠲᠤ 3 ᠠᠯᠲᠠᠨ ᠮᠧᠳᠠᠯ ᠲᠤᠳᠤᠷᠠᠪᠡ᠃

ᠡᠪᠦᠯ᠎ᠦᠨ ᠤᠯᠠᠷᠢᠯ᠎ᠤᠨ ᠬᠣᠶᠠᠷ ᠲᠦᠷᠤᠯ ᠤ᠋ᠨ ᠢᠯᠠ ᠳᠤᠭᠤᠢᠯᠠᠩ᠎ᠤᠨ ᠬᠤᠯᠢᠮᠠᠭ ᠪᠤᠤᠬᠢᠶ᠎ᠠ︵4 × 6 ᠺᠢᠯᠤᠮᠸᠲᠷ︶ ᠵᠢᠨ ᠤᠷᠤᠯᠳᠤᠭᠠᠨ᠎ᠳᠤ ᠂ ᠸᠸᠨ ᠶᠢᠩ ᠂ ᠴᠦ ᠶᠤᠸᠠᠨ ᠮᠸᠡᠭ᠂ ᠴᠤᠤ ᠲᠢᠶ᠍ᠸ ᠴᠢ ᠂ ᠶᠠᠨ ᠱᠢᠩ ᠶᠤᠸᠠᠨ᠎ᠢᠶᠠᠷ ᠪᠦᠷᠢᠯᠳᠦᠭ᠌ᠰᠡᠨ ᠾᠧᠪᠧᠢ ᠵᠢᠨ ᠠᠩᠭᠢ ᠠᠯᠲᠠᠨ ᠮᠧᠳᠠᠯ ᠣᠯᠪᠠ᠃ ᠬᠡᠬᠡᠷᠡᠯᠡᠨ ᠴᠠᠨᠠᠯᠠᠯᠲᠠ ᠵᠢᠨ ᠵᠠᠯᠠᠭᠤᠴᠤᠳ᠎ᠤᠨ ᠳᠤᠭᠤᠢᠯᠠᠩ᠎ᠤᠨ ᠡᠮᠡᠭ᠌ᠲᠡᠢ᠂ ᠡᠷᠡᠭ᠌ᠲᠡᠶ᠎ᠶ᠋ᠢᠨ 10 ᠺᠢᠯᠣᠮᠧᠲ᠋ᠷ︵ᠴᠢᠯᠥᠭᠡᠲᠦ ᠮᠡᠷᠭᠡᠵᠢᠯ︶᠎ᠤ᠋ᠨ ᠤᠷᠤᠯᠳᠤᠭᠠᠨ᠎ᠳᠤ᠂ ᠬᠠᠷᠠᠮᠥ᠋ᠷᠡᠨ᠎ᠦ ᠠᠩᠭᠢ᠎ᠶ᠋ᠢᠨ ᠵᠢᠨ ᠷᠠᠨ᠂ ᠭᠢᠷᠢᠨ᠎ᠦ ᠠᠩᠭᠢ᠎ᠶ᠋ᠢᠨ ᠵᠢᠶᠠᠩ ᠢ ᠱᠢᠨ ᠲᠤᠰ ᠲᠤᠰ ᠠᠯᠲᠠᠨ ᠮᠧᠳᠠᠯ ᠣᠯᠪᠠ᠃

ᠡᠪᠦᠯ᠎ᠦᠨ ᠤᠯᠠᠷᠢᠯ᠎ᠤᠨ ᠬᠣᠶᠠᠷ ᠲᠦᠷᠦᠯ᠎ᠦᠨ ᠢᠯᠠ ᠳᠤᠭᠤᠢᠯᠠᠩ᠎ᠤᠨ ᠬᠤᠯᠢᠮᠠᠭ ᠪᠤᠤᠬᠢᠶ᠎ᠠ ᠤᠷᠤᠯᠳᠤᠭᠠᠨ ᠳ᠋ᠤ ᠥᠪᠥᠷ ᠮᠣᠩᠭᠣᠯ᠎ᠤᠨ ᠠᠩᠭᠢ᠎ᠶ᠋ᠢᠨ ᠢᠯᠡᠷᠡᠯ ᠴᠦ᠍ ᠮᠠᠰᠢ ᠰᠠᠢᠨ ᠪᠠᠢᠯ᠎ᠠ᠃ ᠰᠦᠩ ᠨᠠ᠂ ᡂᠢ ᠶᠠᠨ ᠮᠢᠨ᠂ ᠵᠢᠶᠠᠨ ᠺᠠᠶ ᠭᠧ᠂ ᠰᠦᠩ ᠴᠧᠨ ᠵᠡᠷᠭᠡ 4 ᠲᠠᠮᠢᠷᠴᠢᠨ ᠰᠡᠳᠬᠢᠯ ᠨᠢᠬᠡᠳᠡᠢ ᠲᠡᠮᠡᠴᠡᠵᠦ᠍ ᠨᠢᠭᠡ ᠬᠦᠷᠡᠯ ᠮᠧᠳᠠᠯ ᠣᠯᠵᠠᠶ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面