ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-25 12:51:04

ᠵᠣᠬᠢᠶᠠᠭ᠍ᠴᠢ᠄ ᠰᠦᠨ ᠯᠢ ᠶᠢᠡᠭ ᠣᠩᠱᠢᠭ᠍ᠰᠠᠨ ᠣᠳᠠᠭ᠎ᠠ᠄ 3

ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ ᠤᠯᠤᠰ ᠤ᠋ᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠬᠤᠭᠤᠴᠠᠭᠠᠨ᠎ᠤ᠋ ᠭᠡᠨᠡᠳᠲᠡ᠎ᠶᠢᠨ ᠪᠠᠢᠳᠠᠯ᠎ᠢ ᠠᠷᠭᠠᠴᠠᠭᠠᠬᠤ ᠪᠡᠯᠡᠳᠬᠡᠯ ᠠᠵᠢᠯ᠎ᠢ ᠰᠠᠢᠲᠤᠷ ᠬᠢᠬᠦ᠎ᠶᠢᠨ ᠲᠥᠯᠥᠭᠡ᠂ ᠬᠥᠯᠥᠨ ᠪᠣᠶ᠋ᠢᠷ᠎ᠤᠨ ᠴᠡᠷᠢᠭ᠎ᠦᠨ ᠬᠤᠪᠢᠶᠠᠷᠢ ᠲᠣᠭᠣᠷᠢᠭ ᠴᠡᠷᠢᠭ ᠠᠩᠭᠢ ᠪᠠ ᠣᠷᠣᠨ ᠨᠤᠲᠤᠭ᠎ᠤᠨ ᠬᠠᠮᠲᠤᠷᠠᠭᠰᠠᠨ ᠪᠠᠴᠢᠮ ᠪᠠᠢᠳᠠᠯ᠎ᠢ ᠠᠷᠭᠠᠴᠠᠭᠠᠬᠤ ᠵᠢᠯᠤᠭᠣᠳᠬᠤ ᠪᠠᠢᠭᠤᠯᠤᠮᠵᠢ᠎ᠶᠢ ᠲᠡᠭᠦᠯᠳᠡᠷᠵᠢᠭᠦᠯᠵᠦ᠂ ᠴᠠᠰᠤ ᠵᠤᠳ᠎ᠤᠨ ᠭᠠᠮᠰᠢᠭ ᠲᠠᠢ ᠲᠡᠮᠡᠴᠡᠬᠦ᠂ ᠰᠦᠷᠳᠡᠭᠦᠯᠦᠯ᠎ᠢ ᠡᠰᠡᠷᠭᠦᠴᠡᠵᠦ ᠲᠣᠭᠲᠠᠭᠤᠨ᠎ᠢ ᠬᠠᠮᠠᠭᠠᠯᠠᠬᠤ᠂ ᠣᠶ ᠰᠢᠭᠤᠢ ᠨᠤᠲᠤᠭ ᠪᠡᠯᠴᠢᠭᠡᠷ᠎ᠦᠨ ᠭᠠᠯ ᠤᠨᠲᠠᠷᠠᠭᠠᠬᠤ ᠵᠡᠷᠭᠡ ᠪᠡᠯᠡᠳᠬᠡᠯ ᠲᠥᠰᠥᠯ ᠎ᠳᠦ ᠵᠠᠰᠠᠪᠤᠷᠢ ᠣᠷᠣᠭᠤᠯᠵᠦ᠂ ᠪᠠᠢᠯᠳᠤᠭᠠᠨ ᠎ᠤ ᠵᠢᠯᠤᠭᠣᠳᠬᠤ ᠰᠢᠰᠲᠧᠮ ᠎ᠢ ᠲᠡᠰ ᠳᠡᠪᠰᠢᠭᠦᠯᠦᠨ ᠲᠡᠭᠦᠯᠳᠡᠷᠵᠢᠭᠦᠯᠵᠦ᠂ ᠭᠣᠣᠯ ᠬᠤᠳᠠ᠎ᠶᠢᠨ ᠲᠣᠭᠣᠷᠢᠭ᠋᠎ᠤᠨ ᠴᠢᠬᠤᠯᠠ ᠵᠠᠮ᠎ᠤᠨ ᠠᠭᠤᠯᠵᠠᠷ᠂ ᠭᠠᠯᠲᠤ ᠲᠡᠷᠭᠡᠨ ᠦᠷᠳᠡᠭᠡ᠂ ᠬᠤᠳᠠ᠎ᠶᠢᠨ ᠠᠷᠠᠳ᠎ᠤᠨ ᠠᠭᠤᠳᠠᠮ ᠲᠠᠯᠠᠪᠠᠢ ᠵᠡᠷᠭᠡ 40 ᠭᠠᠷᠤᠢ ᠭᠣᠣᠯᠳᠠᠯᠭ᠎ᠠ᠎ᠲᠠᠢ ᠭᠠᠵᠠᠷ ᠣᠷᠣᠨ᠎ᠤ ᠨᠡᠢᠭᠡᠮ᠎ᠦᠨ ᠪᠠᠢᠳᠠᠯ᠎ᠢ ᠴᠠᠭ ᠲᠤᠬᠠᠢ ᠳ᠋ᠤᠨᠢ ᠬᠢᠨᠠᠨ ᠬᠡᠮᠵᠢᠵᠦ ᠪᠠᠢᠨ᠎ᠠ᠃

ᠪᠡᠰᠠ ᠪᠥᠬᠥ ᠬᠣᠲᠠ᠎ᠶᠢᠨ ᠵᠢᠯᠣᠭᠣᠴᠢ ᠦᠭᠡᠢ ᠨᠢᠰᠬᠡᠯ᠎ᠢᠶᠡᠷ ᠴᠠᠬᠳᠠᠬᠤ᠂ ᠡᠮᠴᠢᠯᠡᠭᠡᠨ᠎ᠦ ᠠᠪᠤᠷᠠᠨ ᠲᠤᠰᠠᠯᠠᠬᠤ᠂ ᠭᠠᠯ ᠰᠡᠷᠬᠡᠢᠯᠡᠨ ᠭᠠᠯ ᠤᠨᠲᠠᠷᠠᠭᠠᠬᠤ ᠵᠡᠷᠭᠡ ᠡᠷᠦᠬᠡ᠎ᠶᠢᠨ ᠴᠡᠷᠢᠭ᠎ᠦᠨ ᠲᠤᠰᠬᠠᠢ ᠬᠤᠪᠢᠶᠠᠷᠢ ᠠᠩᠭᠢ᠎ᠶᠢ 30 ᠭᠠᠷᠤᠢ ᠲᠣᠬᠢᠷᠠᠭᠤᠯᠵᠦ᠂ ᠡᠪᠦᠯ᠎ᠦᠨ ᠤᠯᠠᠷᠢᠯ᠎ᠤᠨ ᠵᠣᠬᠢᠴᠠᠬᠤ ᠪᠣᠯᠪᠠᠰᠤᠷᠠᠯ ᠪᠠ ᠪᠠᠶᠠᠷ᠎ᠤᠨ ᠡᠳᠦᠷ᠎ᠦᠨ ᠵᠢᠵᠢᠭᠦᠷᠯᠡᠬᠦ ᠠᠵᠢᠯ᠎ᠲᠠᠢ ᠤᠶᠠᠯᠳᠤᠭᠤᠯᠤᠨ᠂ ᠴᠠᠰᠤ ᠵᠤᠳ᠎ᠤᠨ ᠭᠠᠮᠰᠢᠭ ᠲᠠᠢ ᠲᠡᠮᠡᠴᠡᠬᠦ᠂ ᠡᠮ ᠡᠮᠨᠡᠯᠭᠡ᠎ᠶᠢᠨ ᠠᠪᠤᠷᠠᠯᠲᠠ᠂ ᠲᠣᠭᠲᠠᠭᠤᠨ᠎ᠢ ᠬᠠᠮᠠᠭᠠᠯᠠᠵᠤ ᠭᠡᠨᠡᠳᠲᠡ᠎ᠶᠢᠨ ᠬᠡᠷᠡᠭ ᠎ᠢ ᠰᠢᠢᠳᠪᠦᠷᠢᠯᠡᠬᠦ ᠪᠠ ᠴᠢᠬᠤᠯᠠ ᠬᠠᠷᠠᠯᠲᠠ᠎ᠶᠢᠨ ᠬᠠᠮᠠᠭᠠᠯᠠᠯᠲᠠ ᠵᠡᠷᠭᠡ ᠰᠡᠳᠦᠪ᠎ᠦᠨ ᠲᠣᠭᠣᠷᠢᠨ᠎ᠳᠤ 16 ᠡᠷᠦᠭᠡ᠎ᠶᠢᠨ ᠴᠡᠷᠢᠭ᠎ᠦᠨ ᠬᠤᠪᠢᠶᠠᠷᠢ ᠠᠩᠭᠢ᠎ᠶᠢ ᠵᠣᠬᠢᠶᠠᠨ ᠪᠠᠢᠭᠤᠯᠤᠨ ᠰᠣᠷᠢᠯᠲᠠ ᠬᠢᠵᠦ᠂ ᠬᠠᠬᠢᠷ ᠬᠦᠢᠲᠡᠨ ᠠᠭᠤᠷ ᠠᠮᠢᠰᠬᠤᠯ᠎ᠤᠨ ᠨᠥᠬᠥᠴᠡᠯ ᠳᠣᠣᠷ᠎ᠠ ᠪᠠᠴᠢᠮ ᠪᠠᠢᠳᠠᠯ᠎ᠢ ᠠᠷᠭᠠᠴᠠᠭᠠᠬᠤ ᠡᠭᠦᠷᠭᠡ᠎ᠶᠢ ᠭᠦᠢᠴᠡᠳᠬᠡᠬᠦ ᠴᠢᠳᠠᠪᠤᠷᠢ᠎ᠶᠢ ᠰᠢᠯᠭᠠᠨ ᠪᠠᠢᠴᠠᠭᠠᠵᠤ ᠳᠡᠭᠡᠭᠰᠢᠯᠡᠭᠦᠯᠪᠡ᠃ ᠵᠢᠩᠬᠢᠨᠢ ᠠᠯᠪᠠᠨ᠎ᠤ ᠳᠠᠷᠤᠭ᠎ᠠ ᠪᠠᠢᠯᠳᠤᠭ᠍ᠴᠢ᠂ ᠡᠷᠦᠬᠡ᠎ᠶᠢᠨ ᠴᠡᠷᠢᠭ ᠪᠣᠯᠣᠨ ᠲᠤᠰᠬᠠᠢ ᠴᠡᠷᠢᠭ᠎ᠦᠨ ᠺᠠᠳ᠋ᠷᠴᠤᠳ᠎ᠢ ᠵᠣᠬᠢᠶᠠᠨ ᠪᠠᠢᠭᠤᠯᠵᠤ ᠤᠷᠤᠯᠳᠤᠭᠠᠨ᠎ᠤ ᠲᠠᠯᠠᠪᠤᠷ᠎ᠤᠨ ᠠᠮᠤᠷ᠎ᠢ ᠬᠠᠮᠠᠭᠠᠯᠠᠬᠤ᠂ ᠰᠠᠢᠨ ᠳᠤᠷ᠎ᠠ᠎ᠶᠢᠨ ᠦᠢᠯᠡᠴᠢᠯᠡᠭᠡ᠂ ᠡᠮ ᠡᠮᠨᠡᠯᠭᠡ᠎ᠶᠢᠨ ᠪᠠᠲᠤᠯᠠᠭ᠎ᠠ ᠵᠡᠷᠭᠡ ᠠᠵᠢᠯ᠎ᠳᠤ ᠢᠳᠡᠪᠬᠢᠲᠡᠢ ᠣᠷᠣᠯᠴᠠᠭᠤᠯᠪᠠ᠃ ᠬᠠᠢᠯᠠᠷ ᠲᠣᠭᠣᠷᠢᠭ᠋᠂ ᠬᠠᠭᠤᠴᠢᠨ ᠪᠠᠷᠭᠤ ᠬᠣᠰᠢᠭᠤ ᠪᠣᠯᠣᠨ ᠡᠸᠡᠩᠬᠢ ᠬᠣᠰᠢᠭᠤ᠎ᠠᠴᠠ 300 ᠭᠠᠷᠤᠢ ᠡᠷᠦᠬᠡ᠎ᠶᠢᠨ ᠴᠡᠷᠢᠭ ᠬᠥᠳᠡᠯᠭᠡᠵᠦ᠂ ᠤᠷᠤᠯᠳᠤᠭᠠᠨ᠎ᠤ ᠲᠠᠯᠠᠪᠤᠷ ᠣᠷᠳᠣᠨ᠎ᠤ᠋ ᠤᠯᠠᠨ ᠬᠦᠮᠦᠨ ᠢ᠋ ᠲᠠᠷᠬᠠᠭᠠᠬᠤ ᠰᠣᠷᠢᠯᠲᠠ ᠬᠢᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面