ᠰᠣᠶᠣᠯ ᠤᠷᠠᠯᠢᠭ > ᠠᠷᠪᠠᠨ ᠳᠥᠷᠪᠡᠳᠦᠭᠡᠷ ᠬᠤᠭᠤᠴᠠᠭᠠᠨ᠎ᠤ᠋ ᠡᠪᠦᠯ᠎ᠦ᠋ᠨ ᠤᠯᠠᠷᠢᠯ᠎ᠤ᠋ᠨ ᠲᠠᠮᠢᠷ᠎ᠤ᠋ᠨ ᠴᠤᠭᠯᠠᠭᠠᠨ

2024-02-28 09:25:44

ᠵᠣᠬᠢᠶᠠᠭ᠍ᠴᠢ᠄ ᠬᠦᠭᠵᠢᠯᠳᠤ᠂ ᠮᠥᠨᠭᠬᠡᠴᠢᠯᠡᠭᠤ᠂ ᠴᠸᠩ ᠶᠢᠩ ᠵᠢᠶᠦ᠋ᠨ ᠣᠩᠱᠢᠭ᠍ᠰᠠᠨ ᠣᠳᠠᠭ᠎ᠠ᠄ 3

2 ᠰᠠᠷ᠎ᠠ᠎ᠶᠢᠨ 27᠎ᠤ᠋ ᠣᠷᠣᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠲᠡᠭᠦᠰᠬᠦ ᠶᠣᠰᠣᠯᠠᠯ ᠬᠥᠯᠥᠨ ᠪᠣᠶ᠋ᠢᠷ ᠶᠡᠬᠡ ᠲᠢᠶᠠᠲᠷ᠎ᠲᠤ ᠶᠠᠪᠤᠭᠳᠠᠪᠠ᠃


截图20240228093205.png


ᠪᠦᠬᠦᠳᠡ ᠨᠠᠢᠷᠠᠮᠳᠠᠬᠤ ᠲᠤᠮᠳᠠᠳᠦ ᠠᠷᠠᠳ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠬᠤᠷᠠᠯ᠎ᠤᠨ ᠲᠤᠭ᠂ ᠪᠦᠬᠦᠳᠡ ᠨᠠᠢᠷᠠᠮᠳᠠᠬᠤ ᠲᠤᠮᠳᠠᠳᠦ ᠠᠷᠠᠳ ᠤᠯᠤᠰ᠎ᠤᠨ ᠠᠷᠪᠠᠨ ᠳᠦᠷᠪᠡᠳᠦᠭᠡᠷ ᠬᠤᠭᠤᠴᠠᠭᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠬᠤᠷᠠᠯ᠎ᠤᠨ ᠲᠤᠭ᠎ᠢ ᠪᠠᠭᠤᠯᠭᠠᠵᠦ ᠪᠠᠢᠭ᠎ᠠ ᠨᠢ


截图20240228093221.png


ᠡᠷᠬᠦᠨ᠎ᠠ ᠬᠠᠮᠳᠤᠯᠢᠭ 《ᠰᠢᠨ᠎ᠠ ᠭᠠᠷᠤᠭ᠎ᠠ》 ᠭᠡᠬᠦ ᠳᠠᠭᠤᠤ᠎ᠵᠢ ᠳᠠᠭᠤᠯᠠᠪᠠ


ᠤᠮᠤᠭ ᠪᠠᠳᠠᠷᠠᠩᠭᠤᠢ ᠳᠠᠭᠤᠤ ᠬᠥᠭᠵᠢᠮ ᠪᠣᠯᠣᠨ ᠬᠠᠯᠠᠭᠤᠨ ᠠᠯᠠᠭ᠎ᠠ ᠲᠡᠰᠢᠯᠲᠡ᠎ᠶᠢᠨ ᠲᠠᠭᠤᠨ᠎ᠤ ᠲᠤᠮᠳᠠ᠂ ᠡᠯ᠎ᠡ ᠲᠥᠯᠥᠭᠡᠯᠡᠭᠴᠢᠳ᠎ᠦᠨ ᠪᠦᠯᠬᠦᠮ ᠲᠤᠭ ᠳᠠᠯᠪᠠᠭ᠎ᠠ ᠨᠠᠮᠢᠷᠠᠭᠤᠯᠤᠨ ᠡᠮᠬᠢ ᠵᠢᠷᠤᠮ ᠲᠠᠢ ᠪᠠᠷ ᠲᠠᠯᠠᠪᠠᠢ᠎ᠳᠤ ᠣᠷᠣᠪᠠ᠃ ᠪᠡᠭᠡᠵᠢᠩ᠂ ᠲᠢᠶᠠᠨᠵᠢᠨ᠂ ᠾᠧᠪᠧᠢ ᠮᠤᠵᠢ ᠵᠡᠷᠭᠡ 33 ᠲᠥᠯᠥᠭᠡᠯᠡᠭᠴᠢᠳ᠎ᠦᠨ ᠪᠦᠯᠬᠦᠮ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠡᠶ᠎ᠡ᠎ᠶᠢᠨ ᠲᠠᠮᠢᠷ᠎ᠤᠨ ᠶᠣᠰᠣ᠌ ᠮᠤᠷᠠᠯ᠎ᠤᠨ ᠱᠠᠩᠨᠠᠯ ᠭᠥᠷᠳᠡᠵᠦ᠂ ᠰᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ ᠪᠠ ᠣᠣᠮᠧᠨ᠎ᠣᠨᠴᠠᠭᠠᠶ ᠵᠠᠰᠠᠭ ᠵᠠᠬᠢᠷᠭᠠᠨ᠎ᠤ ᠣᠷᠣᠨ᠎ᠤ ᠲᠥᠯᠥᠭᠡᠯᠡᠭᠴᠢᠳ᠎ᠦᠨ ᠪᠦᠯᠬᠦᠮ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠣᠷᠣᠯᠴᠠᠭᠰᠠᠨ ᠳᠤᠷᠠᠰᠬᠠᠯ᠎ᠤᠨ ᠱᠠᠩᠨᠠᠯ ᠭᠥᠷᠳᠡᠪᠡ᠃


截图20240224120036.png


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠭᠣᠣᠯ ᠭᠠᠯ ᠪᠠᠮᠪᠠᠷ


截图20240224120036.png


ᠬᠠᠮᠳᠤ ᠵᠢᠨ ᠲᠠᠭᠤᠤ ᠪᠦᠵᠢᠭ 《 ᠴᠢ ᠮᠢᠨᠢ ᠲᠡᠷᠭᠡᠳᠡ ᠪᠠᠢᠭ᠎ᠠ ᠪᠤᠯᠬᠤᠷ 》


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠭᠣᠣᠯ ᠭᠠᠯ ᠪᠠᠮᠪᠠᠷ ᠠᠭᠠᠵᠢᠮ᠎ᠢᠶᠠᠷ ᠤᠨᠳᠠᠷᠠᠵᠦ᠂ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠲᠣᠭ᠎ᠢ ᠠᠷᠪᠠᠨ ᠲᠠᠪᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠤ ᠡᠷᠬᠢᠯᠡᠭᠴᠢ ᠨᠢᠭᠡᠴᠢ ᠯᠢᠶᠣᠤᠨᠢᠩ ᠮᠤᠵᠢ᠎ᠳᠤ ᠭᠠᠷᠳᠠᠭᠤᠯᠪᠠ᠃ ᠳᠠᠷᠠᠭ᠎ᠠ ᠨᠢ᠂ ᠯᠢᠶᠣᠤᠨᠢᠩ ᠮᠤᠵᠢ 《ᠠᠭᠤᠯᠠ ᠤᠰᠤᠨ ᠤ᠋ ᠡᠪᠦᠯ᠎ᠦᠨ ᠡᠭᠡᠰᠢᠭᠯᠡᠩ》 ᠭᠡᠬᠦ ᠥᠪᠡᠷᠮᠢᠴᠡ ᠣᠨᠴᠠᠯᠢᠭ᠋᠎ᠲᠠᠢ ᠲᠣᠭᠯᠠᠯᠲᠠ ᠭᠠᠷᠭᠠᠵᠤ᠂ ᠠᠷᠪᠠᠨ ᠲᠠᠪᠤᠳᠤᠭᠠᠷ ᠬᠤᠭᠤᠴᠠᠭᠠᠨ᠎ᠤ ᠪᠦᠬᠦ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠢ ᠬᠦᠰᠡᠨ ᠬᠦᠯᠢᠶᠡᠵᠦ ᠪᠠᠢᠭ᠎ᠠ ᠰᠡᠳᠬᠢᠯᠭᠡ᠎ᠪᠡᠨ ᠢᠯᠡᠳᠬᠡᠪᠡ᠃


截图20240228093221.png


ᠠᠷᠪᠠᠨ ᠲᠠᠪᠤᠳᠤᠭᠠᠷ ᠬᠤᠭᠤᠴᠠᠭᠠᠨ᠎ᠤ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭᠠᠨ᠎ᠢ ᠲᠠᠭᠠᠭᠠᠴᠢᠯᠠᠨ ᠡᠷᠬᠢᠯᠡᠬᠦ ᠯᠢᠶᠤᠤᠨᠢᠩ ᠮᠤᠵᠢ ᠵᠢᠨ ᠲᠤᠭᠯᠠᠯᠳᠠ 《ᠠᠭᠤᠯᠠ ᠤᠰᠤᠨ᠎ᠤ ᠡᠪᠦᠯ᠎ᠤᠨ ᠡᠭᠡᠰᠢᠭᠯᠡᠩ》


截图20240224120036.png


ᠯᠢᠶᠤᠤᠨᠢᠩ᠎ᠳᠤ ᠪᠤᠯᠵᠤᠶ᠎ᠠ


ᠶᠣᠰᠣᠯᠠᠯ ᠳᠠᠭᠤᠰᠤᠭᠰᠠᠨ᠎ᠤ ᠳᠠᠷᠠᠭ᠎ᠠ᠂ 《ᠪᠢ ᠲᠠᠯ᠎ᠠ ᠨᠤᠲᠤᠭ᠎ᠲᠠᠢ ᠪᠡᠨ ᠪᠣᠯᠵᠣᠭ᠎ᠠ᠎ᠲᠠᠢ》 ᠭᠡᠬᠦ ᠤᠳᠬ᠎ᠠ ᠤᠷᠠᠯᠢᠭ ᠪᠡᠶ᠎ᠠ ᠲᠠᠮᠢᠷ᠎ᠤᠨ ᠲᠤᠰᠬᠠᠢ ᠲᠤᠭᠯᠠᠯᠳᠠ᠎ᠨᠢ ᠤᠷᠠᠨ ᠰᠠᠢᠬᠠᠨ᠎ᠤ ᠪᠥᠵᠢᠭ 《ᠤᠢ ᠱᠢᠭᠤᠢ᠎ᠵᠢ ᠮᠡᠳᠡᠭ᠌ᠴᠢ》 ᠪᠡᠷ ᠡᠬᠢᠯᠡᠵᠡᠢ᠃ ᠦᠪᠡᠷᠮᠢᠴᠡ ᠬᠡᠪ ᠨᠠᠮᠪᠠ ᠲᠠᠢ ᠤᠷᠠᠨ ᠭᠤᠢᠳᠠ ᠲᠣᠭᠯᠠᠯᠲᠠ ᠨᠤᠭᠤᠳ ᠨᠢ ᠥᠪᠥᠷ ᠮᠣᠩᠭᠣᠯ᠎ᠤᠨ ᠲᠤᠬᠠᠢ᠎ᠶᠢᠨ ᠭᠠᠵᠠᠷ᠎ᠤᠨ ᠣᠨᠴᠠᠯᠢᠭ ᠰᠢᠨᠵᠢ᠂ ᠡᠪᠦᠯ᠎ᠦᠨ ᠤᠯᠠᠷᠢᠯ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠳᠡᠭᠡᠷ᠎ᠡ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠠᠵᠢᠯᠲᠠᠨ᠂ ᠤᠷᠤᠯᠳᠤᠭᠠᠨ᠎ᠤ ᠲᠠᠯᠠᠪᠤᠷ᠎ᠲᠤ ᠬᠦᠴᠦᠯᠡᠨ ᠲᠡᠮᠡᠴᠡᠭᠰᠡᠨ ᠲᠠᠮᠢᠷᠴᠢᠳ ᠵᠢᠴᠢ ᠣᠯᠠᠨ ᠲᠦᠮᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠭᠯᠠᠭᠠᠨ᠎ᠠᠴᠠ ᠰᠠᠯᠵᠦ ᠶᠠᠳᠠᠭᠰᠠᠨ ᠬᠠᠢᠷ᠎ᠠ ᠰᠡᠳᠬᠢᠯᠭᠡ᠎ᠶᠢ ᠢᠯᠡᠷᠡᠬᠦᠯᠵᠡᠢ᠃ ᠬᠠᠮᠤᠭ᠎ᠤᠨ ᠰᠡᠭᠦᠯ᠎ᠳᠦ᠂ 《ᠪᠢ ᠲᠠᠯ᠎ᠠ ᠨᠤᠲᠤᠭ ᠲᠠᠢ ᠪᠠᠨ ᠪᠣᠯᠵᠣᠭ᠎ᠠ᠎ᠲᠠᠢ》 ᠭᠡᠬᠦ ᠳᠠᠭᠤᠤ ᠪᠠᠷ ᠲᠡᠭᠦᠰᠬᠦ ᠶᠣᠰᠣᠯᠠᠯ ᠥᠨᠳᠥᠷᠯᠡᠪᠡ᠃

ᠦᠪᠡᠳᠡᠭᠰᠢ ᠴᠤᠭᠯᠠᠭᠠᠨ ᠥᠨᠳᠥᠷᠯᠡᠵᠦ᠂ ᠢᠷᠡᠭᠡᠳᠦᠢ᠎ᠶᠢᠨ ᠠᠶᠠᠯᠠᠯ ᠡᠬᠢᠯᠡᠪᠠ᠂ ᠣᠷᠭᠢᠯᠤᠮ᠎ᠠ ᠰᠡᠳᠬᠢᠯᠭᠡ ᠪᠠ ᠬᠦᠰᠡᠯ ᠵᠡᠭᠦᠳᠦ ᠡᠨᠳᠡ ᠡᠭᠦᠷᠢᠳᠡ ᠦᠷᠬᠦᠯᠵᠢᠯᠡᠨ᠎ᠠ᠃


截图20240228093221.png


ᠪᠦᠵᠢᠭ 《ᠤᠢ ᠰᠢᠭᠤᠢ ᠵᠢ ᠮᠡᠳᠡᠭᠴᠢ》


截图20240228093205.png


ᠲᠤᠭᠯᠠᠭᠴᠢᠳ ᠬᠠᠮᠳᠤ ᠪᠠᠷ 《ᠪᠢ ᠲᠠᠯ᠎ᠠ ᠨᠤᠲᠤᠭ ᠲᠠᠢ ᠪᠠᠨ ᠪᠤᠯᠵᠤᠭ᠎ᠠ ᠲᠠᠢ》 ᠎ᠶᠢ ᠲᠠᠭᠤᠯᠠᠵᠦ ᠪᠠᠢᠭ᠎ᠠ ᠨᠢ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面