2025-08-13 16:19:05
ᠬᠦᠮᠦᠰ᠎ᠤᠨ ᠠᠨᠭᠬᠠᠷᠤᠯ᠎ᠢ ᠳᠠᠳᠠᠭᠰᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠬᠦᠯᠡᠩ᠎ᠦᠨ ᠴᠤᠭᠯᠠᠭᠠᠨ 2025ᠣᠨ᠎ᠤ 8 ᠰᠠᠷ᠎ᠠ᠎ᠶᠢᠨ 25᠎ᠤ ᠡᠳᠦᠷ ᠬᠥᠬᠡᠬᠣᠲᠠ᠎ᠳᠤ ᠶᠠᠪᠤᠭᠳᠠᠨ᠎ᠠ᠃ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨᠤᠨᠠᠷᠢᠨ ᠪᠢᠴᠢᠭ᠎ᠦᠨ ᠭᠠᠵᠠᠷ᠎ᠤᠨ ᠮᠡᠳᠡᠭᠡ᠎ᠶᠢ ᠦᠨᠳᠦᠰᠦᠯᠡᠪᠡᠯ᠂ ᠥᠷᠭᠡᠨ ᠣᠯᠠᠨ ᠬᠣᠲᠠ᠎ᠶᠢᠨ ᠠᠷᠠᠳ ᠪᠠ ᠵᠢᠭᠤᠯᠴᠢᠯᠠᠭ᠍ᠰᠠᠳᠤᠨᠦᠵᠡᠰᠬᠦᠯᠡᠩᠢ ᠰᠣᠨᠢᠷᠬᠠᠬᠤ ᠬᠡᠷᠡᠭᠴᠡᠭᠡ᠎ᠶᠢ ᠨᠠᠩ ᠰᠠᠢᠨ ᠬᠠᠩᠭᠠᠬᠤ᠎ᠶᠢᠨ ᠲᠥᠯᠥᠭᠡ᠂ ᠲᠠᠪᠤᠳᠤᠭᠠᠷ ᠬᠤᠭᠤᠴᠠᠭᠠᠨ᠎ᠤᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠤ ᠭᠦᠢᠴᠡᠳᠬᠡᠬᠦ ᠺᠣᠮᠢᠰ᠎ᠢᠶᠠᠷ ᠵᠢᠩᠬᠢᠨᠢ᠎ᠪᠡᠷ ᠵᠥᠪᠰᠢᠶᠡᠷᠡᠭᠦᠯᠦᠭᠡᠳ᠂ᠦᠵᠡᠰᠬᠦᠯᠡᠩ᠎ᠦᠨ ᠠᠵᠢᠯᠯᠠᠭᠠᠨ᠎ᠤ ᠴᠠᠭ᠎ᠢ 2025 ᠣᠨ᠎ᠤ 8 ᠰᠠᠷ᠎ᠠ᠎ᠶᠢᠨ25᠎ᠤ ᠡᠳᠦᠷ᠎ᠡᠴᠡ 31᠎ᠦ ᠡᠳᠦᠷ ᠪᠣᠯᠲᠠᠯ᠎ᠠ ᠲᠣᠭᠲᠠᠭᠠᠵᠤ᠂ ᠤᠦᠯ᠎ᠤᠨ ᠲᠣᠭᠲᠠᠭᠠᠭᠰᠠᠨ ᠦᠵᠡᠰᠬᠦᠯᠡᠡᠭᠤᠨᠴᠤᠭᠯᠠᠭᠠᠨᠤ ᠬᠤᠭᠤᠴᠠᠭ᠎ᠠ᠎ᠵᠢ 2 ᠡᠳᠦᠷ ᠤᠷᠲᠤᠳᠬᠠᠪᠠ᠃
ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠬᠦᠯᠡᠩ᠎ᠦᠨ ᠴᠤᠭᠯᠠᠭᠠᠨ᠎ᠤ ᠭᠠᠵᠠᠷ᠎ᠢ ᠴᠡᠯᠡᠭᠡᠷᠲᠠᠯᠠ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠳᠤᠬᠢᠷᠠᠭᠤᠯᠪᠠ᠃ ᠲᠤᠰᠬᠠᠢᠮᠡᠷᠭᠡᠵᠢᠯᠦᠨ ᠦᠵᠡᠭᠴᠢᠳ᠎ᠦᠨ ᠡᠳᠦᠷ ᠨᠢ 8 ᠰᠠᠷ᠎ᠠ᠎ᠶᠢᠨ25᠎ᠤ ᠡᠳᠦᠷ (ᠭᠠᠷᠠᠭ᠎ᠤᠨ ᠨᠢᠭᠡᠨ)ᠪᠠᠢᠵᠤ᠂ ᠦᠵᠡᠰᠬᠦᠯᠡᠩ᠎ᠢ ᠵᠥᠪᠬᠡᠨ ᠲᠤᠰᠬᠠᠢ ᠮᠡᠷᠭᠡᠵᠢᠯ᠎ᠦᠨ ᠬᠤᠳᠠᠯᠳᠤᠨ ᠠᠪᠬᠤᠠᠷᠠᠯᠵᠢᠶᠠᠴᠢᠨ᠂ ᠠᠵᠢᠯ ᠲᠥᠷᠥᠯ᠎ᠦᠨ ᠳᠣᠲᠣᠭᠠᠳᠤ᠎ᠶᠢᠨ ᠬᠥᠮᠥᠰ ᠵᠡᠷᠭᠡ᠎ᠳᠦ ᠬᠠᠨᠳᠤᠭᠤᠯᠤᠨ ᠨᠡᠭᠡᠭᠡᠵᠦ᠂ ᠨᠡᠢᠭᠡᠮᠨᠡᠶ᠋ᠢᠲᠡᠳᠦ ᠨᠡᠭᠡᠭᠡᠬᠦ ᠦᠭᠡᠢ᠃ ᠨᠡᠢᠭᠡᠮ ᠨᠡᠶ᠋ᠢᠲᠡ᠎ᠳᠤ ᠨᠡᠭᠡᠭᠡᠬᠦ ᠡᠳᠦᠷ ᠨᠢ 8 ᠰᠠᠷ᠎ᠠ᠎ᠶᠢᠨ 26᠎ᠤ ᠡᠳᠦᠷ (ᠭᠠᠷᠠᠭ᠎ᠤᠨ ᠬᠣᠶᠠᠷ)᠎ᠠ᠋ᠴᠠ 8 ᠰᠠᠷ᠎ᠠ᠎ᠶᠢᠨ 31᠎ᠦ ᠡᠳᠦᠷ (ᠭᠠᠷᠠᠭᠤᠨᠡᠳᠦᠷ) ᠪᠠᠢᠵᠤ᠂ ᠪᠣᠶ ᠪᠦᠬᠦᠢ ᠬᠥᠮᠥᠰ ᠴᠥᠮ ᠰᠦᠢᠳᠬᠡᠯ ᠦᠭᠡᠢ᠎ᠪᠡᠷ ᠲᠣᠭᠣᠷᠢᠨᠦᠵᠡᠵᠦ ᠪᠣᠯᠣᠨ᠎ᠠ᠂ ᠡᠳᠦᠷ ᠪᠦᠷᠢ᠎ᠶᠢᠨ ᠡᠭᠦᠳᠡ᠎ᠪᠡᠨ ᠨᠡᠭᠡᠭᠡᠬᠦ ᠴᠠᠭ ᠨᠢ 9᠄ 00 ᠠ᠋ᠴᠠ 18᠄00 ᠪᠣᠯᠣᠨ᠎ᠠ᠃
ᠬᠣᠲᠠ᠎ᠶᠢᠨ ᠠᠷᠠᠳ ᠪᠠ ᠵᠢᠭᠤᠯᠴᠢᠯᠠᠭ᠍ᠰᠠᠳᠤᠨᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ᠎ᠳᠤ ᠲᠥᠬᠥᠮ ᠦᠵᠡᠭᠦᠯᠬᠦᠶᠢᠨᠲᠥᠯᠥᠭᠡ᠂ ᠦᠵᠡᠰᠬᠦᠯᠡᠩ᠎ᠦᠨ ᠴᠤᠭᠯᠠᠭᠠᠨ᠎ᠤ ᠬᠤᠭᠤᠴᠠᠭᠠᠨ᠎ᠳᠤ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨᠤᠨᠡᠶ᠋ᠢᠲᠡᠶᠢᠨ ᠵᠠᠮ ᠬᠠᠷᠢᠯᠴᠠᠭᠠᠨ᠎ᠤ ᠲᠤᠰᠬᠠᠢ ᠱᠤᠭᠤᠮ ᠨᠡᠪᠳᠡᠷᠡᠬᠦᠯᠦᠨ᠎ᠡ᠃ ᠵᠣᠬᠢᠶᠠᠨ ᠪᠠᠶ᠋ᠢᠭᠤᠯᠬᠤ ᠺᠣᠮᠢᠰ ᠠ᠋ᠴᠠ ᠥᠷᠭᠡᠨ ᠣᠯᠠᠨ ᠦᠵᠡᠭᠴᠢᠳ ᠢ᠋ ᠠᠯᠢ ᠴᠢᠳᠠᠬᠤ᠎ᠪᠠᠷ ᠣᠯᠠᠨ ᠨᠡᠶ᠋ᠢᠲᠡ ᠶ᠋ᠢᠨ ᠵᠠᠮ ᠬᠠᠷᠢᠯᠴᠠᠭ᠎ᠠ ᠶ᠋ᠢ ᠰᠣᠩᠭᠣᠵᠤ ᠦᠵᠡᠰᠭᠦᠯᠡᠩ᠎ᠢ ᠲᠣᠭᠣᠷᠢᠨᠦᠵᠡᠵᠦ᠂ ᠳᠥᠭᠥᠮ ᠳᠥᠲᠡ᠂ ᠣᠷᠴᠢᠨ ᠳᠤᠭᠤᠷᠢᠨ᠎ᠢ ᠬᠠᠮᠠᠭᠠᠯᠠᠬᠤ ᠴᠤᠭᠯᠠᠭᠠᠨ᠎ᠤ ᠲᠠᠯᠠᠪᠠᠶ ᠶ᠋ᠢᠨ ᠣᠷᠴᠢᠨᠠᠬᠤᠢ ᠵᠢ ᠪᠤᠶ ᠪᠤᠯᠭᠠᠬᠤ ᠵᠢ ᠤᠷᠢᠶᠠᠯᠠᠵᠤ ᠪᠤᠢ᠃
ᠢᠷᠡᠯᠳᠡ᠄ ᠳᠠᠯᠠᠨᠤᠳᠤᠭᠤᠨ ᠡᠬᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃