ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-14 15:56:35

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ 2025 ᠣᠨ᠎ᠤ 8 ᠰᠠᠷ᠎ᠠ᠎ᠶ᠋ᠢᠨ 25 ᠤ᠋ ᠡᠳᠦᠷ᠎ᠡᠴᠡ 31 ᠤ᠋ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠨ᠎ᠠ᠃ ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠨᠢ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠤᠶ᠎ᠠ》 ᠬᠡᠬᠦ ᠪᠡᠷ ᠭᠤᠤᠯ ᠰᠡᠳᠦᠪ ᠪᠣᠯᠭᠠᠵᠤ᠂ 《ᠠᠬᠤᠢ ᠲᠠᠯᠠᠪᠠᠢ ᠳ᠋ᠤ ᠪᠡᠶᠡᠴᠢᠯᠡᠨ ᠣᠢᠯᠠᠭᠠᠬᠤ + ᠰᠦᠯᠵᠢᠶᠡᠨ ᠳᠡᠭᠡᠷ᠎ᠡ ᠦᠵᠡᠭᠴᠢᠳ ᠲᠠᠳᠠᠬᠤ + ᠠᠬᠤᠶ ᠲᠠᠯᠠᠪᠠᠶ᠎ᠶ᠋ᠢᠨ ᠱᠢᠭᠤᠳ ᠨᠡᠪᠲᠡᠷᠡᠭᠦᠯᠭᠡ᠎ᠪᠡᠷ ᠪᠠᠷᠠᠭ᠎ᠠ ᠬᠤᠳᠠᠯᠳᠤᠬᠤ》 ᠭᠤᠷᠪᠠᠨ ᠱᠤᠭᠤᠮ ᠢ᠋ ᠠᠭᠤᠰᠤᠯᠴᠠᠭᠤᠯᠬᠤ ᠵᠠᠭ᠍ᠪᠤᠷ ᠢ᠋ ᠬᠡᠷᠡᠭ᠌ᠯᠡᠵᠦ᠍᠂ ᠣᠷᠣᠨ ᠪᠦᠰᠡ᠎ᠶ᠋ᠢᠨ ᠬᠢᠵᠠᠭᠠᠷᠯᠠᠯ᠎ᠢ ᠡᠪᠳᠡᠨ᠂ ᠪᠥᠬᠥ᠌ ᠪᠥᠮᠪᠥᠷᠴᠡᠭ᠎ᠦᠨ ᠠᠩᠬᠠᠷᠤᠯ᠎ᠢ ᠲᠠᠲᠠᠵᠤ᠂ ᠦᠵᠡᠰᠭᠦᠯᠡᠩ᠎ᠳᠦ ᠣᠷᠣᠯᠴᠠᠭ᠍ᠰᠠᠨ ᠬᠤᠳᠠᠯᠳᠤᠭᠠᠴᠢᠳ ᠲᠤ᠌ ᠬᠦᠴᠦᠨ ᠨᠡᠮᠡᠷᠢᠯᠡᠵᠦ᠍᠂ ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠬᠤ ᠵᠢ ᠵᠤᠷᠢᠪᠠ᠃

ᠬᠢᠯᠠᠰ ᠴᠡᠭ᠄ ᠰᠦᠯᠵᠢᠶ᠎ᠠ ᠪᠠ ᠠᠬᠤᠢ ᠲᠠᠯᠠᠪᠠᠢ ᠵᠢ ᠤᠶᠠᠯᠳᠤᠭᠤᠯᠵᠤ ᠣᠷᠣᠯᠴᠠᠬᠤ ᠤᠷᠠᠮᠠᠰ ᠢ᠋ ᠬᠥᠭ᠌ᠵᠢᠭᠡᠨ᠎ᠠ

ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠨᠢ ᠣᠯᠠᠨ ᠵᠦᠶ᠋ᠯ᠎ᠦᠨ ᠠᠵᠢᠯᠯᠠᠭ᠎ᠠ᠎ᠶ᠋ᠢ ᠨᠠᠷᠢᠨ ᠨᠢᠮᠪᠠᠶ ᠲᠥᠰᠦᠪᠯᠡᠵᠦ᠍᠂ ᠰᠦᠯᠵᠢᠶ᠎ᠠ ᠪᠠ ᠠᠬᠤᠢ ᠲᠠᠯᠠᠪᠠᠢ ᠵᠢ ᠤᠶᠠᠯᠳᠤᠭᠤᠯᠬᠤ ᠪᠡᠷ ᠳᠡᠮᠵᠢᠨ ᠦᠵᠡᠭ᠌ᠴᠢᠳ᠎ᠲᠦ ᠴᠣ ᠱᠢᠨ᠎ᠡ ᠪᠠᠢᠳᠠᠯ ᠢ᠋ ᠬᠠᠷᠠᠭᠤᠯᠤᠨ᠎ᠠ᠃ ᠴᠤᠤᠷᠢᠶ᠎ᠠ᠂ ᠪᠤᠰᠢᠭᠤ ᠭᠠᠷ ᠵᠡᠷᠭᠡ ᠣᠬᠣᠷ ᠸᠢᠳᠢᠣ᠋᠎ᠶ᠋ᠢᠨ ᠲᠠᠪᠴᠠᠩ ᠨᠢ ᠦᠵᠡᠭᠴᠢᠳ ᠢ᠋ ᠳᠠᠳᠠᠬᠤ ᠭᠤᠤᠯ ᠬᠦᠴᠦᠨ ᠪᠤᠯᠤᠨ᠎ᠠ᠃ ᠲᠠᠪᠴᠠᠩ᠎ᠨᠢ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠰᠠᠢᠨ ᠡᠳ᠋᠂ ᠪᠢ ᠳᠤᠮᠳᠠᠳᠤ ᠮᠣᠩᠭᠣᠯ᠎ᠤᠨ ᠰᠠᠢᠨ ᠡᠳ᠋᠎ᠦᠨ ᠣᠷᠣᠯᠠᠨ ᠥᠭᠦᠯᠡᠭ᠌ᠴᠢ ᠪᠤᠯᠰᠤᠭᠠᠢ ᠵᠡᠷᠭᠡ ᠰᠡᠳᠦᠪ ᠵᠢᠡᠷ ᠤᠷᠤᠯᠳᠤᠭᠠᠨ ᠶᠠᠪᠤᠭᠤᠯᠵᠤ᠂ ᠦᠬᠡᠷ ᠬᠣᠨᠢᠨ ᠮᠢᠬ᠎ᠠ᠂ ᠴᠠᠭᠠᠨ ᠢᠳᠡᠭᠡᠨ᠂ ᠱᠣᠣᠮᠠᠶ ᠵᠡᠷᠭᠡ ᠣᠨᠴᠠᠯᠢᠭ᠍ᠲᠤ ᠠᠮᠲᠠᠲᠤ ᠢᠳᠡᠭᠡᠨ᠎ᠦ ᠣᠬᠣᠷ ᠸᠢᠳᠢᠣ᠋ ᠵᠡᠷᠭᠡ᠎ᠶ᠋ᠢ ᠨᠡᠢᠳᠡᠯᠡᠨ᠎ᠠ᠃

ᠡᠯᠧᠺᠲᠷᠣᠨ ᠬᠤᠳᠠᠯᠳᠤᠭᠠᠨ᠎ᠤ ᠱᠢᠭᠤᠳ ᠨᠡᠪᠲᠡᠷᠡᠭᠦᠯᠭᠡ᠄ ᠪᠦᠬᠦ᠌ ᠴᠠᠭ ᠮᠦᠴᠡ ᠪᠡᠷ ᠪᠣᠷᠣᠯᠠᠭᠤᠯᠭ᠎ᠠ᠎ᠳᠤ ᠬᠦᠴᠦᠨ ᠨᠡᠮᠡᠷᠢᠯᠡᠨ᠎ᠡ

ᠦᠵᠡᠰᠭᠦᠯᠡᠩ ᠤ᠋ᠨ ᠴᠤᠭᠯᠠᠭᠠᠨ᠎ᠨᠢ ᠤᠯᠤᠰ᠎ᠤᠨ ᠳᠣᠲᠣᠭᠠᠳᠤ᠎ᠶ᠋ᠢᠨ ᠭᠤᠤᠯ ᠪᠣᠯᠬᠤ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠳᠤ ᠲᠤᠰᠭᠠᠶ ᠲᠣᠭᠣᠷᠢᠭ ᠪᠠᠢᠭᠤᠯᠵᠤ᠂ ᠦᠵᠡᠰᠭᠦᠯᠡᠩ᠎ᠦᠨ ᠴᠤᠭ᠍ᠯᠠᠭᠠᠨ᠎ᠤ ᠲᠤᠬᠠᠶ᠎ᠶ᠋ᠢᠨ ᠲᠠᠯᠠᠪᠠᠶ᠎ᠳᠤ ᠭᠤᠤᠯ ᠰᠡᠳᠦᠪᠲᠦ ᠱᠢᠭᠤᠳ ᠨᠡᠪᠲᠡᠷᠡᠭᠦᠯᠭᠡ᠎ᠶ᠋ᠢᠨ ᠲᠠᠰᠤᠭ ᠪᠠᠢᠭᠤᠯᠵᠤ᠂ ᠢᠳᠡᠭᠡᠨ᠎ᠦ ᠵᠦᠶ᠋ᠯ᠂ ᠰᠣᠶᠣᠯ᠎ᠤᠨ ᠪᠦᠳᠦᠭᠡᠯᠴᠢ ᠦᠢᠯᠡᠳᠭᠦᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠵᠢ ᠬᠠᠮᠤᠷᠤᠨ᠎ᠠ᠃

ᠨᠡᠪᠳᠡᠷᠡᠭᠦᠯᠦᠭᠴᠢᠳ᠎ᠤᠨ ᠬᠤᠷᠰᠢᠯᠴᠠᠭ᠎ᠠ᠄ ᠱᠢᠭᠤᠳ ᠨᠡᠪᠲᠡᠷᠡᠭᠦᠯᠭᠡ ᠪᠠ ᠤᠷ᠎ᠠ ᠴᠢᠳᠠᠪᠤᠷᠢ᠎ᠪᠠᠷ ᠬᠡᠷᠡᠭ᠌ᠯᠡᠭᠡᠨ᠎ᠦ ᠱᠢᠨ᠎ᠡ ᠪᠠᠢᠳᠠᠯ ᠢ᠋ ᠪᠤᠢ ᠪᠤᠯᠭᠠᠨ᠎ᠠ

ᠡᠩᠬᠡ᠂ ᠪᠠᠲᠤ ᠠᠨᠳᠠ ᠵᠡᠷᠭᠡ ᠨᠢᠭᠡ ᠪᠦᠯᠦᠭ ᠵᠠᠭᠤᠨ ᠲᠦᠮᠡ ᠲᠡᠷᠡᠴᠢᠯᠡᠨ ᠮᠢᠩᠭᠠᠨ ᠲᠦᠮᠡᠨ ᠬᠦᠷᠢᠶᠡᠯᠡᠭᠴᠢ ᠲᠠᠢ ᠨᠡᠪᠳᠡᠷᠡᠭᠦᠯᠦᠭᠴᠢ ᠠᠬᠤᠢ ᠲᠠᠯᠠᠪᠠᠢ ᠳ᠋ᠤ ᠢᠷᠡᠵᠤ᠂ ᠳᠤᠮᠳᠠᠳᠤ ᠮᠣᠩᠭᠣᠯ᠎ᠤᠨ ᠦᠵᠡᠰᠭᠦᠯᠡᠩ ᠤ᠋ᠨ ᠴᠤᠭᠯᠠᠭᠠᠨ ᠢ᠋ ᠬᠠᠮᠲᠤ᠎ᠪᠠᠷ ᠤᠬᠠᠭᠤᠯᠤᠨ ᠳᠡᠯᠭᠡᠷᠡᠭᠦᠯᠵᠦ᠍᠂ ᠥᠪᠥᠷ ᠮᠣᠩᠭᠣᠯ᠎ᠤᠨ ᠪᠠᠷᠠᠭ᠎ᠠ ᠵᠢ ᠶᠡᠬᠡᠪᠡᠷ ᠤᠬᠠᠭᠤᠯᠤᠨ᠎ᠠ᠃

ᠵᠢᠱ᠌ᠢᠭ᠌ᠰᠡᠨ ᠦᠷ᠎ᠡ ᠪᠦᠲᠦᠮᠵᠢ᠄ ᠣᠯᠠᠨ ᠤᠯᠤᠰ᠎ᠤᠨ ᠬᠠᠮᠲᠤᠷᠠᠯᠴᠠᠭᠠᠨ᠎ᠤ ᠱᠢᠨ᠎ᠠ ᠦᠯᠢᠭᠡᠷ ᠵᠢᠱ᠌ᠢᠶ᠎ᠠ᠎ᠶᠢ ᠪᠣᠶ ᠪᠣᠯᠭᠠᠨ᠎ᠠ

ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ ᠳ᠋ᠤ ᠤᠨᠤᠴᠠᠳᠠᠢ ᠪᠡᠷ ᠦᠵᠡᠭᠴᠢᠳ ᠢ᠋ ᠳᠠᠳᠠᠵᠤ᠂ ᠬᠡᠷᠡᠭᠯᠡᠭᠴᠢ ᠪᠤᠯᠤᠨ ᠬᠠᠮᠲᠤᠷᠠᠯᠴᠠᠭᠠᠨ᠎ᠤ ᠳᠠᠯᠳᠠ ᠲᠣᠬᠢᠶᠠᠯ᠎ᠢ ᠨᠡᠩ ᠤᠯᠠᠨ ᠪᠤᠯᠭᠠᠵᠤ᠂ ᠤᠷᠤᠯᠴᠠᠭᠰᠠᠨ ᠬᠤᠳᠠᠯᠳᠤᠭᠠᠴᠢᠨ᠎ᠢ ᠰᠡᠳᠭᠢᠯ ᠬᠠᠨᠤᠮᠵᠢᠲᠠᠶ ᠪᠣᠯᠭᠠᠨ᠎ᠠ! ᠦᠵᠡᠰᠭᠦᠯᠡᠩ᠎ᠦᠨ ᠮᠡᠳᠡᠭᠡ ᠵᠠᠩᠭᠢ᠎ᠶ᠋ᠢ ᠳᠥᠭᠥᠮ ᠳᠥᠲᠡ ᠣᠯᠵᠤ᠂ ᠰᠡᠳᠭᠢᠯ᠎ᠳᠦ ᠲᠠᠭᠠᠯᠠᠭ᠍ᠳᠠᠭ᠍ᠰᠠᠨ ᠲᠠᠸᠠᠷ᠎ᠢ ᠦᠨᠳᠦᠷ ᠪᠦᠲᠦᠮᠵᠢᠳᠠᠢ ᠪᠡᠷ ᠡᠷᠢᠨ ᠤᠯᠵᠤ᠂ ᠦᠵᠡᠭ᠌ᠴᠢᠳ᠎ᠢ ᠬᠠᠨᠤᠮᠵᠢᠲᠠᠶ ᠪᠣᠯᠭᠠᠨ᠎ᠠ! ᠳᠤᠮᠳᠠᠳᠤ ᠮᠣᠩᠭᠣᠯ᠎ᠤᠨ ᠬᠠᠮᠲᠤᠷᠠᠯᠴᠠᠭᠠᠨ᠎ᠤ ᠭᠤᠤᠯ ᠲᠠᠪᠴᠠᠩ᠎ᠤᠨ ᠪᠠᠢᠷᠢ ᠰᠠᠭᠤᠷᠢ᠎ᠶ᠋ᠢ ᠪᠡᠬᠢᠵᠢᠭᠦᠯᠵᠦ᠍᠂ ᠳᠡᠯᠡᠬᠡᠶ ᠳᠡᠭᠡᠷᠡᠬᠢ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠨ᠂ 《ᠰᠦᠯᠵᠢᠶᠡᠨ ᠳᠡᠭᠡᠷᠡᠬᠢ ᠲᠠᠭᠤ ᠴᠢᠮᠡᠭᠡ + ᠠᠬᠤᠢ ᠲᠠᠯᠠᠪᠠᠢ ᠵᠢᠨ ᠪᠣᠳᠠᠲᠤ ᠦᠷ᠎ᠡ ᠪᠦᠲᠦᠮᠵᠢ》 ᠵᠢᠨ ᠬᠤᠤᠰ ᠠᠮᠵᠢᠯᠲᠠ᠎ᠶ᠋ᠢ ᠪᠡᠶᠡᠯᠡᠭᠦᠯᠵᠦ᠍᠂ ᠣᠯᠠᠨ᠎ᠢ ᠰᠡᠳᠭᠢᠯ ᠬᠠᠨᠤᠮᠵᠢᠲᠠᠶ ᠪᠣᠯᠭᠠᠨ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄ ᠢᠳᠡᠷᠡᠭᠦᠨ

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面