ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-16 11:13:31

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ①


ᠠᠷᠪᠡᠨ ᠵᠢᠯ ᠤ᠋ᠨ ᠡᠮᠤᠨ᠎ᠡ᠂ 2015 ᠤᠨ ᠳ᠋ᠤ᠌ ᠠᠩᠬᠠᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠬᠥᠬᠡᠬᠣᠲᠠ ᠳ᠋ᠤ ᠦᠪᠡᠳᠡᠭᠰᠢ ᠶᠡᠬᠡ ᠪᠡᠷ ᠡᠬᠢᠯᠡᠵᠤ᠂ ᠲᠤᠮᠳᠠᠳᠤ ᠮᠤᠨᠭᠭᠤᠯ ᠬᠤᠶᠠᠷ ᠤᠯᠤᠰ ᠤ᠋ᠨ ᠠᠷᠠᠯᠵᠢᠶ᠎ᠡ ᠪᠡᠯᠡ ᠤᠷᠤᠭᠤᠯᠤᠯᠳᠡ ᠪᠤᠯᠤᠨ ᠰᠤᠶᠤᠯ ᠢᠷᠬᠡᠨᠰᠢᠯ ᠤ᠋ᠨ ᠰᠤᠯᠢᠯᠴᠠᠭ᠎ᠠ ᠳ᠋ᠤ᠌ ᠴᠤ ᠰᠢᠨ᠎ᠡ ᠲᠠᠪᠴᠠᠨᠭ᠌ ᠢ᠋ ᠨᠡᠬᠡᠬᠡᠭᠰᠡᠨ ᠪᠢᠯᠡ᠃ ᠡᠬᠦᠨ ᠤ᠋ ᠲᠠᠷᠠᠭ᠎ᠠ 2017 ᠤᠨ᠂ 2019 ᠤᠨ᠂ 2023 ᠤᠨ ᠳ᠋ᠤ᠌ ᠲᠤᠰ ᠲᠤᠰ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠢ᠋ ᠦᠪᠤᠷ ᠮᠤᠨᠭᠭᠤᠯ ᠳ᠋ᠤ᠌ ᠤᠳᠠᠭ᠎ᠠ ᠲᠠᠷᠠᠭᠠᠯᠠᠨ ᠠᠮᠵᠢᠯᠳᠠ ᠲᠠᠢ ᠡᠷᠬᠢᠯᠡᠨ ᠶᠠᠪᠤᠭᠳᠠᠭᠤᠯᠪᠠ᠃

ᠠᠷᠪᠡᠨ ᠵᠢᠯ ᠤ᠋ᠨ ᠲᠠᠷᠠᠭ᠎ᠠ᠂ 2025 ᠣᠨ ᠤ᠋ 8 ᠰᠠᠷ᠎ᠠ ᠢ᠋ᠢᠨ 25 ᠤ᠋ ᠡᠳᠤᠷ ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭ᠍ᠯᠠᠭᠠᠨ ᠪᠤᠯᠵᠤᠭ᠎ᠠ ᠶᠤᠰᠤᠭᠠᠷ ᠬᠦᠬᠡᠬᠤᠳᠠ ᠳ᠋ᠤ ᠡᠬᠢᠯᠡᠬᠦ ᠪᠠᠷ ᠪᠤᠢ᠂ ᠲᠤᠬᠠᠢ ᠵᠢᠨ ᠦᠶ᠎ᠠ᠎ᠳᠤ ᠱᠢᠨ᠎ᠡ ᠬᠠᠭᠤᠴᠢᠨ ᠨᠠᠢᠵᠠ ᠨᠠᠷ ᠲᠠᠬᠢᠨ ᠨᠢᠬᠡ ᠭᠠᠵᠠᠷ ᠲᠦ᠍ ᠬᠤᠷᠠᠨ ᠴᠤᠭ᠍ᠯᠠᠷᠠᠵᠤ ᠤᠴᠠᠷᠠᠨ ᠵᠤᠯᠭᠠᠬᠤ ᠪᠤᠯᠤᠨ᠎ᠠ᠃

ᠡᠨᠡ ᠵᠢᠯ ᠶᠠᠭ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭ᠍ᠯᠠᠭᠠᠨ ᠢ᠋ ᠡᠷᠬᠢᠯᠡᠭ᠌ᠰᠡᠡ ᠠᠷᠪᠠᠨ ᠵᠢᠯ ᠤ᠋ᠨ ᠤᠢ ᠲᠤᠬᠢᠶᠠᠵᠤ ᠪᠠᠢᠨ᠎ᠠ᠃ ᠠᠷᠪᠡᠨ ᠵᠢᠯ ᠤ᠋ᠨ ᠲᠤᠷᠰᠢ᠂ ᠲᠤᠮᠳᠠᠳᠤ ᠮᠤᠨᠭᠭᠤᠯ ᠤ᠋ᠨ ᠦᠵᠡᠰᠬᠦᠯᠡᠨᠭ ᠤ᠋ᠨ ᠴᠤᠭᠯᠠᠭᠠᠨ ᠤ᠋ ᠬᠦᠷᠢᠶ᠎ᠠ ᠬᠡᠪᠴᠢᠶ᠎ᠡ ᠲᠠᠰᠤᠷᠠᠯᠳᠠ ᠦᠬᠡᠢ ᠥᠷᠭᠡᠵᠢᠵᠦ᠍᠂ ᠲᠡᠯᠬᠡᠨ ᠦᠵᠡᠭᠦᠯᠭᠡ ᠳ᠋ᠤ ᠣᠷᠣᠯᠴᠠᠬᠤ ᠠᠵᠤ ᠠᠬᠤᠢᠯᠠᠯ᠂ ᠠᠷᠠᠯᠵᠢᠶᠠᠴᠢᠨ ᠪᠠ ᠪᠠᠷᠠᠭ᠎ᠠ ᠲᠠᠸᠠᠷ ᠲᠠᠰᠤᠷᠠᠯᠳᠠ ᠦᠬᠡᠢ ᠤᠯᠠᠰᠢᠷᠡᠨ᠂ ᠴᠤᠭᠯᠠᠭᠠᠨ ᠤ᠋ ᠠᠭᠤᠯᠭ᠎ᠠ ᠬᠡᠯᠪᠡᠷᠢ ᠨᠢ ᠲᠠᠰᠤᠷᠠᠯᠳᠠ ᠦᠬᠡᠢ ᠪᠠᠶᠠᠯᠢᠭᠵᠢᠵᠤ᠂ ᠲᠤᠮᠳᠠᠳᠤ ᠮᠤᠩᠭᠤᠯ ᠤ᠋ᠨ ᠦᠵᠡᠰᠬᠦᠯᠡᠨᠭ ᠤ᠋ᠨ ᠴᠤᠭᠯᠠᠭᠠᠨ ᠨᠢ ᠲᠤᠮᠳᠠᠳᠤ ᠮᠤᠨᠭᠭᠤᠯ ᠬᠤᠶᠠᠷ ᠤᠯᠤᠰ ᠲᠡᠳᠤᠢ ᠦᠬᠡᠢ᠂ ᠵᠡᠭᠦᠨ ᠬᠣᠢᠲᠤ ᠠᠽᠢᠶ᠎ᠠ ᠵᠢᠨ ᠭᠠᠵᠠᠷ ᠣᠷᠣᠨ ᠪᠣᠯᠤᠨ 《ᠨᠢᠭᠡ ᠪᠦᠰᠡ ᠨᠢᠭᠡ ᠵᠠᠮ》 ᠳᠠᠭᠠᠤ ᠵᠢᠨ ᠤᠯᠤᠰ ᠤ᠋ᠳ ᠢ᠋ ᠴᠦ᠍ ᠨᠥᠯᠥᠭᠡᠯᠡᠨ ᠲᠠᠢᠴᠢᠯᠠᠵᠤ᠂ ᠨᠢᠬᠡᠨᠳᠡ ᠪᠦᠬᠦ᠌ ᠳᠡᠯᠡᠬᠡᠢ ᠳ᠋ᠤ ᠬᠠᠨᠳᠤᠭᠤᠯᠤᠭᠰᠠᠨ ᠤᠯᠠᠨ ᠤᠯᠤᠰ ᠤ᠋ᠨ ᠠᠵᠤ ᠠᠬᠤᠢ ᠠᠷᠠᠯᠵᠢᠶ᠎ᠠ ᠰᠣᠶᠣᠯ ᠢᠷᠬᠡᠨᠰᠢᠯ ᠤ᠋ᠨ ᠬᠠᠮᠲᠤᠷᠠᠯᠴᠠᠭ᠎ᠠ ᠰᠣᠯᠢᠯᠴᠠᠭᠠᠨ ᠤ᠋ ᠴᠢᠬᠤᠯᠠ ᠲᠠᠪᠴᠠᠩ ᠪᠤᠯᠵᠤ ᠬᠦᠭᠵᠢᠪᠡ᠃

《ᠪᠢ 4 ᠬᠤᠭᠤᠴᠠᠭᠠᠨ ᠤ᠋ ᠴᠤᠭᠯᠠᠭᠠᠨ ᠳ᠋ᠤ᠌ ᠤᠷᠤᠯᠴᠠᠭᠰᠠᠨ᠃ ᠶᠡᠷᠤ ᠨᠢ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠪᠤᠯ ᠰᠤᠶᠤᠯ ᠢᠷᠬᠡᠨᠰᠢᠯ ᠤ᠋ᠨ ᠰᠤᠯᠢᠯᠴᠠᠭ᠎ᠠ ᠢ᠋ᠢ ᠴᠢᠨᠭᠭᠠᠳᠬᠠᠬᠤ ᠴᠢᠬᠤᠯᠠ ᠠᠷᠭ᠎ᠠ ᠬᠡᠮᠵᠢᠶ᠎ᠡ ᠪᠠᠢᠵᠤ᠂ ᠤᠢᠷ᠎ᠠ ᠵᠢᠨ ᠵᠢᠯ ᠳ᠋ᠤ ᠮᠤᠨᠭᠭᠤᠯ ᠤᠯᠤᠰ ᠲᠦ᠍ ᠵᠢᠭᠤᠯᠴᠢᠯᠠᠬᠤ ᠪᠡᠷ ᠢᠷᠡᠭᠰᠡᠨ ᠲᠤᠮᠳᠠᠳᠤ ᠤᠯᠤᠰ ᠤ᠋ᠨ ᠢᠷᠬᠡᠳ ᠮᠡᠳᠡᠭᠳᠡᠮ᠎ᠠ ᠤᠯᠠᠰᠢᠷᠠᠵᠤ᠂ ᠵᠢᠭᠤᠯᠴᠢᠯᠡᠯ ᠨᠢ ᠬᠤᠶᠠᠷ ᠤᠯᠤᠰ ᠤ᠋ᠨ ᠨᠦᠬᠦᠷᠰᠡᠭ ᠬᠠᠷᠢᠴᠠᠭ᠎ᠠ ᠢ᠋ᠢ ᠵᠤᠵᠠᠭᠠᠳᠬᠠᠬᠤ ᠳ᠋ᠤ᠌ ᠴᠢᠬᠤᠯᠠ ᠤᠢᠯᠡᠳᠤᠯ ᠢ᠋ ᠪᠠᠳᠠᠷᠠᠭᠤᠯᠵᠤ ᠪᠠᠢᠨ᠎ᠠ》 ᠬᠡᠵᠤ ᠮᠤᠨᠭᠭᠤᠯ ᠤᠯᠤᠰ ᠤ᠋ᠨ ᠵᠢᠭᠤᠯᠴᠢᠯᠡᠯ ᠤ᠋ᠨ ᠪᠦᠯᠦᠭᠯᠡᠯ ᠤ᠋ᠨ ᠬᠠᠷᠢᠭᠤᠴᠠᠯᠭᠠᠳᠠᠨ ᠪᠠᠳᠤ ᠲᠤᠮᠳᠠᠳᠤ ᠮᠤᠩᠭᠤᠯ ᠤ᠋ᠨ ᠦᠵᠡᠰᠬᠦᠯᠡᠨᠭ ᠤ᠋ᠨ ᠴᠤᠭᠯᠠᠭᠠᠨ ᠤ᠋ ᠲᠤᠬᠠᠢ ᠤᠯᠤᠯᠳᠡ ᠲᠦᠷᠦᠭᠳᠡᠯ ᠵᠢᠡᠨ ᠶᠠᠷᠢᠨ᠎ᠠ᠃

ᠦᠨᠭᠬᠡᠷᠡᠭᠰᠡᠨ 4 ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ ᠤ᠋ᠨ ᠴᠤᠭᠯᠠᠭᠠᠨ ᠢ᠋ ᠡᠷᠬᠢᠴᠡᠬᠦᠯᠬᠦ ᠳ᠋ᠤ᠌ ᠠᠮᠵᠢᠯᠳᠡ ᠪᠦᠳᠦᠮᠵᠢ ᠦᠯᠡᠮᠵᠢ᠃ ᠲᠦᠷᠪᠡᠳᠤᠬᠡᠷ ᠬᠤᠭᠤᠴᠠᠭᠠᠨ ᠤ᠋ ᠦᠵᠡᠰᠬᠦᠯᠡᠨᠭ ᠤ᠋ᠨ ᠴᠤᠭᠯᠠᠭᠠᠨ ᠵᠢᠡᠷ ᠵᠢᠱ᠌ᠢᠶᠡᠯᠡᠬᠦ ᠳ᠋ᠤ ᠤᠯᠠᠨ ᠰᠢᠨ᠎ᠡ ᠲᠠᠪᠠᠯᠳᠡ ᠲᠠᠢ ᠪᠠᠢᠵᠤ᠂ ᠦᠵᠡᠰᠬᠦᠯᠡᠨᠭ ᠤ᠋ᠨ ᠴᠤᠭᠯᠠᠭᠠᠨ ᠤ᠋ ᠲᠠᠯᠠᠪᠠᠢ ᠨᠢ 9.2 ᠲᠦᠮᠡᠨ ᠲᠡᠭᠰᠢ ᠲᠦᠷᠪᠡᠯᠵᠢᠨ ᠮᠸᠲ᠋ᠷ ᠲᠦ᠍ ᠬᠦᠷᠴᠤ᠂ ᠦᠵᠡᠰᠬᠦᠯᠡᠨᠭ ᠳ᠋ᠤ᠌ ᠢᠷᠡᠭᠰᠡᠨ ᠤᠯᠤᠰ ᠤ᠋ᠨ ᠳᠤᠳᠤᠭᠠᠳᠤ ᠭᠠᠳᠠᠭᠠᠳᠤ ᠢ᠋ᠢᠨ ᠵᠤᠴᠢᠨ ᠪᠠ ᠠᠷᠠᠯᠵᠢᠶᠡᠴᠢᠨ ᠲᠦᠮᠡᠨ ᠬᠦᠮᠦᠨ ᠢ᠋ ᠲᠠᠪᠠᠵᠤ᠂ 35 ᠤᠯᠤᠰ ᠪᠠ ᠭᠠᠵᠠᠷ ᠤᠷᠤᠨ᠂ ᠲᠤᠮᠳᠠᠳᠤ ᠤᠯᠤᠰ ᠤ᠋ᠨ 27 ᠮᠤᠵᠢ ᠬᠤᠳᠠ ᠤᠷᠤᠨ ᠪᠠ 3 ᠭᠤᠤᠯ ᠵᠤᠴᠢᠨ ᠮᠤᠵᠢ ᠤᠷᠤᠯᠴᠠᠵᠤ᠂ ᠶᠡᠷᠦᠩᠬᠡᠢ ᠬᠡᠪᠴᠢᠶ᠎ᠡ ᠪᠡᠷ ᠢ᠋ᠢᠡᠨ ᠲᠡᠤᠬᠡᠨ ᠰᠢᠨ᠎ᠡ ᠲᠡᠮᠳᠡᠭᠯᠡᠯ ᠢ᠋ ᠡᠬᠦᠳᠴᠠᠢ᠃

ᠲᠦᠷᠪᠡᠳᠤᠬᠡᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠬᠤᠭᠤᠴᠠᠭᠠᠨ ᠳ᠋ᠤ ᠬᠠᠮᠢᠶ᠎ᠠ ᠪᠥᠬᠥᠶ ᠤᠯᠤᠰ ᠭᠠᠵᠠᠷ ᠣᠷᠣᠨ᠂ ᠮᠤᠵᠢ ᠬᠤᠳᠠ ᠤᠷᠤᠨ ᠪᠠ ᠠᠢᠮᠠᠭ ᠬᠣᠲᠠ ᠵᠢᠨ ᠬᠢᠨ 20 ᠭᠠᠷᠤᠶ ᠲᠠᠯᠠᠪᠠᠢ ᠡᠯ᠎ᠡ ᠲᠥᠷᠥᠯ ᠤ᠋ᠨ ᠠᠵᠤ ᠠᠬᠤᠶ ᠠᠷᠠᠯᠵᠢᠶᠠᠨ ᠤ᠋ ᠠᠵᠢᠯᠯᠠᠭ᠎ᠠ ᠦᠷᠨᠢᠬᠦᠯᠵᠤ᠂ ᠭᠡᠷ᠎ᠡ ᠲᠤᠭᠳᠠᠭᠰᠠᠨ ᠲᠥᠷᠥᠯ ᠵᠦᠢᠯ ᠨᠢ 200 ᠵᠢ ᠳᠠᠪᠠᠨ᠂ ᠭᠡᠷ᠎ᠡ ᠲᠤᠭᠳᠠᠭᠰᠠᠨ ᠵᠣᠭᠣᠰ ᠤ᠋ᠨ ᠲᠣᠭ᠎ᠠ 3853.38 ᠳ᠋ᠦᠨᠭᠰᠢᠭᠤᠷ ᠲᠥᠭᠥᠷᠢᠭ ᠲᠦ᠍ ᠬᠦᠷᠴᠡᠶ᠃ ᠭᠤᠤᠯ ᠦᠵᠡᠰᠭᠦᠯᠠᠡᠭ ᠤ᠋ᠨ ᠲᠤᠭᠤᠷᠢᠭ ᠪᠤᠯᠬᠤ ᠴᠡᠯᠡᠭᠡᠷ ᠲᠠᠯ᠎ᠠ ᠤᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠠᠷᠠᠯᠵᠢᠶᠡᠴᠢᠨ ᠪᠠ ᠵᠢᠭᠤᠯᠴᠢᠯᠠᠬ᠍ᠴᠢ ᠵᠢ ᠨᠡᠢᠳᠡ 75 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠌᠂ ᠲᠤᠬᠠᠢ ᠵᠢᠨ ᠲᠠᠯᠠᠪᠤᠷ ᠲᠦ᠍ ᠠᠷᠠᠯᠵᠢᠶ᠎ᠠ ᠪᠦᠳᠦᠭᠰᠡᠨ ᠬᠡᠮᠵᠢᠶ᠎ᠡ ᠨᠢ 2.5 ᠳ᠋ᠦᠨᠭᠰᠢᠭᠤᠷ ᠲᠥᠭᠥᠷᠢᠭ ᠲᠦ᠍ ᠬᠦᠷᠦᠭᠰᠡᠨ ᠠᠵᠢ᠃

ᠲᠤᠭ᠎ᠠ ᠨᠤᠷᠮ᠎ᠠ ᠲᠠᠩ ᠴᠤᠯᠭᠤᠢ ᠪᠤᠯᠪᠠᠴᠦ ᠬᠠᠮᠤᠭ ᠡᠴᠡ ᠬᠡᠷᠡᠴᠢᠯᠡᠬᠦ ᠬᠦᠴᠦᠨ ᠲᠠᠢ ᠶᠤᠮ᠃ ᠡᠨᠡ ᠤᠯᠠᠨ ᠲᠣᠭ᠎ᠠ ᠪᠠᠷᠢᠮᠲᠠ᠂ ᠡᠨᠡ ᠤᠯᠠᠨ ᠦᠷ᠎ᠡ ᠪᠦᠲᠦᠭᠡᠯ ᠪᠤᠯ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠪᠤᠳᠠᠳᠤ ᠲᠡᠮᠳᠡᠭᠯᠡᠯ ᠪᠤᠯᠤᠨ᠎ᠠ᠃

ᠠᠷᠪᠠᠨ ᠵᠢᠯ ᠤ᠋ᠨ ᠲᠤᠷᠰᠢ᠂ ᠦᠵᠡᠰᠭᠦᠯᠡᠩ ᠤ᠋ᠨ ᠴᠤᠭ᠍ᠯᠠᠭᠠᠨ ᠳᠤᠮᠳᠠᠳᠤ ᠮᠣᠩᠭᠣᠯ ᠤ᠋ᠨ ᠬᠠᠮᠲᠤᠷᠠᠯᠴᠠᠭ᠎ᠠ ᠳ᠋ᠤ ᠰᠠᠭᠤᠷᠢᠯᠠᠨ ᠲᠠᠰᠤᠷᠠᠯᠳᠠ ᠦᠬᠡᠢ ᠦᠷᠬᠡᠵᠢᠵᠤ᠂ ᠦᠵᠡᠰᠬᠦᠯᠡᠩ ᠤ᠋ᠨ ᠴᠤᠭᠯᠠᠭᠠᠨ ᠳ᠋ᠤ ᠣᠷᠣᠯᠴᠠᠭ᠍ᠰᠠᠨ ᠤᠯᠤᠰ ᠪᠠ ᠬᠥᠮᠦᠨ ᠤ᠋ ᠲᠤᠭ᠎ᠠ ᠨᠢ ᠬᠤᠭᠤᠴᠠᠭ᠎ᠠ ᠳᠠᠷᠠᠭᠠᠯᠠᠨ ᠨᠡᠮᠡᠭ᠌ᠳᠡᠵᠦ᠍᠂ ᠳᠤᠮᠳᠠᠳᠤ ᠮᠣᠩᠭᠣᠯ ᠬᠣᠶᠠᠷ ᠤᠯᠤᠰ ᠤ᠋ᠨ ᠲᠥᠯᠥᠭᠡᠯᠡᠭ᠌ᠴᠢ ᠣᠷᠣᠯᠴᠠᠭ᠍ᠰᠠᠨ ᠵᠢᠡᠷ ᠪᠠᠷᠠᠬᠤ ᠥᠬᠡᠶ ᠣᠷᠣᠰ᠂ ᠶᠠᠫᠣᠨ᠂ ᠺᠣᠷᠢᠶᠠ᠂ ᠵᠡᠭᠦᠨ ᠡᠮᠦᠨᠡᠲᠦ ᠠᠽᠢᠶ᠎ᠠ ᠵᠢᠨ ᠤᠯᠤᠰ ᠤ᠋ᠳ ᠤ᠋ᠨ ᠬᠣᠯᠪᠣᠭ᠎ᠠ᠂ ᠴᠢᠨᠠᠭ᠍ᠰᠢᠯᠠᠪᠠᠯ ᠡᠮᠦᠨᠡᠲᠦ ᠠᠮᠧᠷᠢᠺᠠ ᠲᠢᠪ᠂ ᠠᠹᠷᠢᠺᠠ ᠲᠢᠪ ᠵᠡᠷᠭᠡ ᠭᠠᠵᠠᠷ ᠤ᠋ᠨ 40 ᠭᠠᠷᠤᠶ ᠤᠯᠤᠰ ᠪᠠ ᠭᠠᠵᠠᠷ ᠣᠷᠣᠨ ᠡᠴᠡ ᠢᠷᠡᠭᠰᠡᠨ ᠲᠥᠯᠥᠭᠡᠯᠡᠭ᠌ᠴᠢ ᠤᠷᠤᠯᠴᠠᠵᠤ᠂ ᠡᠯ᠎ᠠ ᠤᠯᠤᠰ ᠤ᠋ᠳ ᠤ᠋ᠨ ᠬᠤᠭᠤᠷᠤᠨᠳᠤᠬᠢ ᠠᠷᠠᠳ ᠲᠦᠮᠡᠨ ᠤ᠋ ᠨᠦᠬᠦᠷᠰᠡᠭ ᠶᠠᠪᠤᠯᠴᠠᠭ᠎ᠠ ᠢ᠋ᠢ ᠠᠬᠢᠭᠤᠯᠤᠭᠰᠠᠨ ᠵᠢᠡᠷ ᠪᠠᠷᠠᠬᠤ ᠦᠬᠡᠢ᠂ ᠣᠷᠣᠨ ᠪᠦᠰᠡ ᠵᠢᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠶ᠋ᠢ ᠴᠦ᠍ ᠶᠡᠬᠡᠬᠡᠨ ᠠᠬᠢᠭᠤᠯᠪᠠ᠃

ᠲᠦᠷᠪᠡᠳᠤᠬᠡᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠴᠢᠬᠤᠯᠠ ᠠᠵᠢᠯᠯᠠᠭ᠎ᠠ ᠢ᠋ᠢᠨ ᠨᠢᠬᠡ ᠪᠤᠯᠤᠭᠰᠠᠨ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠬᠡᠷ ᠤ᠋ᠨ ᠬᠤᠷᠠᠯ ᠳ᠋ᠤ᠌ ᠤᠯᠤᠰ ᠤ᠋ᠨ ᠳᠣᠲᠣᠭᠠᠳᠤ ᠭᠠᠳᠠᠭᠠᠳᠤ ᠡᠴᠡ ᠬᠦᠷᠦᠯᠴᠠᠨ ᠢᠷᠡᠭ᠌ᠰᠡᠨ ᠡᠯ᠎ᠡ ᠡᠲᠡᠭᠡᠳ ᠤ᠋ᠨ 700 ᠭᠠᠷᠤᠢ ᠬᠥᠮᠦᠨ ᠤᠷᠤᠯᠴᠠᠵᠤ᠂ ᠬᠠᠮᠲᠤᠷᠠᠯᠴᠠᠭ᠎ᠠ ᠵᠢ ᠬᠠᠮᠲᠤ ᠪᠠᠷ ᠰᠦᠪᠡᠭᠴᠢᠯᠡᠨ ᠬᠦᠭᠵᠢᠯᠳᠡ ᠢ᠋ᠢ ᠬᠠᠮᠲᠤ ᠪᠠᠷ ᠡᠷᠢᠯᠬᠢᠯᠡᠪᠡ᠃ ᠠᠵᠢᠯᠯᠠᠭ᠎ᠠ ᠳ᠋ᠤ᠌ ᠨᠡᠢᠳᠡ 138 ᠲᠥᠷᠥᠯ ᠵᠦᠢᠯ ᠤ᠋ᠨ ᠭᠡᠷ᠎ᠡ ᠲᠤᠭᠳᠠᠵᠤ᠂ ᠭᠡᠷ᠎ᠡ ᠲᠤᠭᠳᠠᠭᠰᠠᠨ ᠪᠥᠬᠥ᠌ ᠵᠣᠭᠣᠰ ᠤ᠋ᠨ ᠲᠣᠭ᠎ᠠ 3343 ᠳ᠋ᠦᠨᠭᠰᠢᠭᠤᠷ ᠲᠥᠭᠥᠷᠢᠭ ᠲᠦ᠍ ᠬᠦᠷᠴᠦ᠍᠂ ᠰᠢᠨ᠎ᠡ ᠮᠠᠲ᠋ᠧᠷᠢᠶᠠᠯ᠂ ᠬᠢᠮᠢ ᠵᠢᠨ ᠠᠵᠤ ᠤᠢᠯᠡᠳᠪᠤᠷᠢ᠂ ᠲᠣᠨᠣᠭᠯᠠᠯ ᠤᠢᠯᠡᠳᠬᠦ᠂ ᠡᠨᠧᠷᠭᠢ᠂ ᠪᠣᠬᠢᠷᠲᠤᠯ ᠥᠬᠡᠶ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠢ᠋ ᠤᠢᠯᠡᠳᠪᠤᠷᠢᠯᠡᠵᠤ ᠪᠤᠯᠪᠠᠰᠤᠷᠠᠭᠤᠯᠬᠤ ᠵᠡᠷᠬᠡ ᠬᠦᠷᠢᠶᠡᠨ ᠳ᠋ᠤ᠌ ᠬᠤᠯᠪᠤᠭᠳᠠᠵᠠᠢ᠃ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠬᠠᠮᠳᠤᠷᠠᠯᠴᠠᠭ᠎ᠠ ᠨᠢ ᠠᠵᠤ ᠠᠬᠤᠢ ᠲᠸᠭᠨᠢᠭ ᠮᠡᠷᠬᠡᠵᠢᠯ ᠤ᠋ᠨ ᠬᠦᠷᠢᠶ᠎ᠡ ᠪᠡᠷ ᠵᠤᠭᠰᠤᠬᠤ ᠦᠬᠡᠢ᠂ ᠰᠤᠶᠤᠯ ᠢᠷᠬᠡᠨᠰᠢᠯ᠂ ᠰᠤᠷᠭᠠᠨ ᠬᠦᠮᠦᠵᠢᠯ᠂ ᠠᠮᠢ ᠠᠬᠤᠢ ᠢ᠋ᠢᠨ ᠵᠠᠰᠠᠯᠳᠡ ᠵᠡᠷᠬᠡ ᠤᠯᠠᠨ ᠬᠦᠷᠢᠶ᠎ᠠ ᠵᠢ ᠬᠠᠮᠤᠷᠴᠦ᠂ ᠡᠯ᠎ᠡ ᠤᠯᠤᠰ ᠡᠯ᠎ᠡ ᠭᠠᠵᠠᠷ ᠡᠴᠡ ᠬᠦᠷᠦᠯᠴᠠᠨ ᠢᠷᠡᠭᠰᠡᠨ ᠬᠠᠷᠢᠭᠤᠴᠠᠯᠭᠠᠳᠠᠨ᠂ ᠡᠷᠳᠡᠮᠲᠡᠨ ᠪᠠ ᠠᠵᠤ ᠠᠬᠤᠢᠯᠠᠯᠳᠠᠨ ᠨᠢᠭᠡ ᠲᠠᠩᠬᠢᠮ ᠳ᠋ᠤ ᠴᠤᠭᠯᠠᠷᠠᠵᠤ ᠪᠤᠳᠤᠭᠰᠠᠨ ᠰᠠᠨᠠᠭᠰᠠᠨ ᠵᠢᠡᠨ ᠴᠢᠯᠦᠬᠡᠳᠠᠢ ᠰᠣᠯᠢᠯᠴᠠᠨ᠂ ᠬᠦᠭᠵᠢᠯᠳᠡ ᠢ᠋ᠢᠨ ᠲᠤᠬᠠᠢ ᠬᠠᠮᠲᠤ ᠪᠠᠷ ᠶᠠᠷᠢᠯᠴᠠᠵᠤ᠂ ᠬᠠᠮᠳᠤ ᠪᠠᠷ ᠡᠳ᠋ᠯᠡᠬᠦ᠌ ᠢᠷᠡᠭᠡᠳᠤᠢ ᠵᠢᠨ ᠬᠦᠰᠡᠯ ᠵᠢᠡᠨ ᠲᠡᠯᠬᠡᠭᠰᠡᠨ ᠶᠤᠮ᠃

《ᠮᠤᠨᠭᠭᠤᠯ ᠤᠯᠤᠰ ᠤ᠋ᠨ ᠪᠦᠷᠢᠳᠬᠡᠯ ᠢ᠋ᠢᠡᠷ 2024 ᠣᠨ ᠳ᠋ᠤ ᠳᠤᠮᠳᠠᠳᠤ ᠮᠣᠩᠭᠣᠯ᠎ᠬᠤᠶᠠᠷ ᠤᠯᠤᠰ ᠤ᠋ᠨ ᠠᠷᠠᠯᠵᠢᠶᠠᠨ ᠤ᠋ ᠬᠡᠮᠵᠢᠶ᠎ᠡ ᠨᠢᠭᠡᠨᠲᠡ 190.5 ᠳ᠋ᠦᠩᠱᠢᠭᠤᠷ ᠳ᠋ᠣᠯᠯᠠᠷ ᠲᠦ᠍ ᠬᠦᠷᠴᠡᠶ᠃ ᠡᠨᠡ ᠨᠢ ᠬᠣᠶᠠᠷ ᠤᠯᠤᠰ ᠤ᠋ᠨ ᠲᠤᠭᠳᠠᠭᠠᠭᠰᠠᠨ ᠠᠷᠠᠯᠵᠢᠶᠠᠨ ᠤ᠋ ᠬᠡᠮᠵᠢᠶ᠎ᠡ ᠢ᠋ᠢ 200 ᠳ᠋ᠦᠨᠭᠰᠢᠭᠤᠷ ᠳ᠋ᠤᠯᠯᠠᠷ ᠪᠤᠯᠭᠠᠨ ᠨᠡᠮᠡᠭᠳᠡᠬᠦᠯᠬᠦ ᠬᠠᠷᠠᠯᠲᠠ ᠲᠡᠢᠰᠢ ᠯᠠᠪᠳᠠᠭᠤᠨ ᠤᠷᠤᠭ᠍ᠰᠢᠯᠠᠵᠤ ᠪᠠᠢᠬᠤ ᠶ᠋ᠢ ᠬᠠᠷᠠᠭᠤᠯᠵᠤ ᠪᠠᠢᠨ᠎ᠠ᠃ ᠣᠨᠴᠠᠯᠠᠨ ᠳᠤᠷᠠᠳᠤᠭᠤᠱᠢᠲᠠᠢ ᠨᠢ᠂ ᠬᠣᠶᠠᠷ ᠤᠯᠤᠰ ᠤ᠋ᠨ ᠬᠠᠮᠳᠤᠷᠡᠨ ᠡᠷᠬᠢᠯᠡᠭ᠌ᠰᠡᠨ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭᠯᠠᠭᠠᠨ ᠨᠢ ᠡᠨᠡ ᠬᠦ᠌ ᠬᠠᠷᠠᠯᠲᠠ ᠶ᠋ᠢ ᠪᠡᠶᠡᠯᠡᠭᠦᠯᠬᠦ᠌ ᠳ᠋ᠤ ᠴᠢᠬᠤᠯᠠ ᠦᠢᠯᠡᠳᠦᠯ ᠦᠵᠡᠬᠦᠯᠵᠤ ᠪᠠᠢᠬᠤ ᠶᠤᠮ》 ᠬᠡᠵᠤ ᠮᠣᠩᠭᠣᠯ ᠤᠯᠤᠰ ᠤ᠋ᠨ ᠬᠦᠨᠡᠰᠤ ᠬᠦᠳᠡᠬᠡ ᠠᠵᠤ ᠠᠬᠤᠢ ᠬᠥᠩᠭᠡᠨ ᠦᠶ᠋ᠯᠡᠳᠪᠦᠷᠢ ᠵᠢᠨ ᠶᠠᠮᠤᠨ ᠤ᠋ ᠲᠥᠷᠥ ᠵᠢᠨ ᠶᠠᠪᠤᠳᠠᠯ ᠤ᠋ᠨ ᠨᠠᠷᠢᠨ ᠪᠢᠴᠢᠭᠡᠴᠢ ᠵᠠᠮᠪᠠᠯᠰᠡᠷᠡᠩ ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ ᠤ᠋ᠨ ᠴᠤᠭᠯᠠᠭᠠᠨ ᠤ᠋ ᠰᠤᠨᠢᠨ ᠮᠡᠳᠡᠬᠡ ᠨᠡᠢᠳᠡᠯᠡᠬᠦ ᠬᠤᠷᠡᠯ ᠲᠠᠬᠡᠷ᠎ᠠ ᠲᠠᠨᠢᠯᠴᠠᠭᠤᠯᠪᠠ᠃ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ 《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ ᠪᠣᠯᠤᠨ ᠮᠣᠩᠭᠣᠯ ᠤᠯᠤᠰ ᠤ᠋ᠨ 《ᠲᠠᠯ᠎ᠠ ᠨᠤᠲᠤᠭ ᠤ᠋ᠨ ᠲᠤᠷᠭᠠᠨ ᠵᠠᠮ》 ᠤ᠋ᠨ ᠰᠠᠨᠠᠭᠠᠴᠢᠯᠠᠭ᠎ᠠ ᠶ᠋ᠢ ᠵᠣᠯᠭᠠᠭᠤᠯᠵᠤ᠂ ᠬᠠᠮᠢᠶ᠎ᠠ ᠪᠦᠬᠦᠢ ᠤᠯᠤᠰ ᠤ᠋ᠳ ᠤ᠋ᠨ ᠬᠣᠭᠣᠷᠣᠨᠳᠣᠬᠢ ᠬᠥᠭ᠌ᠵᠢᠯᠲᠡ ᠵᠢᠨ ᠪᠠᠢᠯᠳᠤᠬᠤ ᠪᠣᠳᠣᠯᠭ᠎ᠠ ᠵᠢᠨ ᠣᠯᠣᠯᠴᠠᠭ᠎ᠠ ᠶ᠋ᠢ ᠴᠢᠩᠭᠠᠳᠭᠠᠨ᠂ ᠣᠷᠣᠨ ᠪᠦᠰᠡ ᠵᠢᠨ ᠠᠵᠤ ᠦᠶ᠋ᠯᠡᠰ ᠤ᠋ᠨ ᠬᠠᠩᠭᠠᠯᠭ᠎ᠠ᠎ᠵᠢᠨ ᠬᠡᠯᠬᠢᠶ᠎ᠡ ᠵᠢᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠵᠦ᠍᠂ ᠰᠠᠭᠤᠷᠢ ᠲᠥᠬᠥᠭᠡᠷᠦᠮᠵᠢ ᠵᠢᠨ ᠬᠣᠯᠪᠣᠯᠳᠤᠨ ᠨᠡᠪᠲᠡᠷᠡᠯᠴᠡᠬᠦ᠌ ᠶ᠋ᠢ ᠠᠬᠢᠭᠤᠯᠤᠨ᠂ ᠤᠷᠤᠨ ᠪᠦᠰᠡ ᠵᠢᠨ ᠤᠯᠤᠰ ᠤ᠋ᠳ ᠤ᠋ᠨ ᠬᠣᠭᠣᠷᠣᠨᠳᠣᠬᠢ ᠬᠠᠮᠲᠤᠷᠠᠯᠴᠠᠭ᠎ᠠ ᠳ᠋ᠤ ᠨᠠᠩ ᠣᠯᠠᠨ ᠠᠵᠠ ᠲᠣᠬᠢᠶᠠᠯ ᠢ᠋ ᠡᠬᠦᠳᠴᠠᠢ᠃

ᠤᠳᠠᠯ ᠦᠬᠡᠢ ᠶᠠᠪᠤᠭᠳᠠᠬᠤ ᠪᠡᠷ ᠪᠠᠢᠭ᠎ᠠ ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ 《ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠵᠤ ᠬᠠᠮᠳᠤᠷᠠᠯᠴᠠᠨ ᠬᠠᠮᠲᠤ ᠪᠠᠷ ᠠᠱᠢᠭ ᠬᠦᠷᠳᠡᠬᠦ᠌ ᠶ᠋ᠢ ᠠᠬᠢᠭᠤᠯᠤᠶ᠎ᠠ》 ᠪᠡᠷ ᠭᠤᠤᠯ ᠰᠡᠳᠤᠪ ᠪᠤᠯᠭᠠᠨ᠂ ᠣᠷᠣᠨ ᠪᠦᠰᠡ ᠵᠢᠨ ᠴᠢᠨᠠᠷ᠂ ᠨᠡᠭᠡᠭᠡᠯᠲᠡᠲᠦ ᠴᠢᠨᠠᠷ ᠪᠠ ᠣᠯᠠᠨ ᠡᠱᠢᠲᠦ ᠴᠢᠨᠠᠷ ᠢ᠋ ᠳᠣᠪᠣᠢᠯᠭᠠᠵᠤ᠂ ᠲᠤᠮᠳᠠᠳᠤ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠲᠠᠪᠴᠠᠩ᠂ ᠲᠠᠯᠠᠬᠡᠢ ᠵᠢᠨ ᠣᠷᠣᠨ ᠪᠦᠰᠡ ᠵᠢᠨ ᠠᠵᠤ ᠦᠶ᠋ᠯᠡᠰ ᠤ᠋ᠨ ᠬᠠᠩᠭᠠᠯᠭ᠎ᠠ ᠵᠢᠨ ᠬᠡᠯᠬᠢᠶ᠎ᠡ ᠵᠢᠨ ᠬᠠᠮᠲᠤᠷᠠᠯᠴᠠᠭᠠᠨ ᠤ᠋ ᠱᠢᠨ᠎ᠡ ᠬᠣᠯᠪᠣᠭᠠᠰᠤ᠂ ᠵᠡᠭᠦᠨ ᠬᠣᠢᠲᠤ ᠠᠽᠢᠶ᠎ᠠ ᠵᠢᠨ ᠣᠷᠣᠨ ᠪᠦᠰᠡ ᠵᠢᠨ ᠬᠠᠮᠲᠤᠷᠠᠯᠴᠠᠭᠠᠨ ᠤ᠋ ᠱᠢᠨ᠎ᠡ ᠲᠤᠯᠬᠤ ᠴᠡᠭ ᠢ᠋ ᠬᠦᠴᠦᠯᠡᠨ ᠪᠠᠢᠭᠤᠯᠬᠤ ᠪᠡᠷ ᠬᠠᠮᠳᠤ ᠳ᠋ᠠᠭᠠᠨ ᠲᠡᠮᠡᠤᠯᠬᠦ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面