ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-17 10:28:25

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ②


ᠦᠪᠦᠷ ᠮᠤᠨᠭᠭᠤᠯ ᠪᠤᠯ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠮᠦᠨ᠃ ᠳᠤᠮᠳᠠᠳᠤ ᠮᠣᠩᠭᠣᠯ ᠪᠣᠯ ᠠᠭᠤᠯᠠ ᠤᠰᠤ ᠪᠡᠷ ᠢ᠋ᠶ᠋ᠡᠨ ᠵᠠᠯᠭᠠᠯᠳᠤᠭ᠍ᠰᠠᠨ ᠰᠠᠢᠨ ᠬᠥᠷᠰᠢ᠂ ᠰᠠᠢᠨ ᠨᠠᠢᠵᠠ᠂ ᠰᠠᠢᠨ ᠬᠠᠨᠢᠲᠠᠨ ᠮᠦᠨ᠂ ᠬᠣᠶᠠᠷ ᠤᠯᠤᠰ ᠠᠵᠤ ᠦᠢᠯᠡᠰ ᠤ᠋ᠨ ᠪᠦᠲᠦᠴᠡ ᠪᠠ ᠡᠬᠢ ᠪᠠᠶᠠᠯᠢᠭ ᠵᠡᠷᠭᠡ ᠲᠠᠯ᠎ᠠ ᠪᠡᠷ ᠲᠤᠰ ᠲᠤᠰ ᠤ᠋ᠨ ᠳᠠᠪᠠᠭᠤᠯᠢᠭ ᠲᠠᠢ ᠪᠠᠢᠵᠤ᠂ ᠠᠵᠤ ᠠᠬᠤᠢ ᠶ᠋ᠢᠨ ᠬᠠᠷᠢᠯᠴᠠᠨ ᠨᠥᠬᠥᠪᠥᠷᠢᠯᠡᠬᠦ᠌ ᠴᠢᠨᠠᠷ ᠴᠢᠩᠭ᠎ᠠ᠂ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭᠠᠨ ᠤ᠋ ᠳᠠᠯᠳᠠ ᠬᠦᠴᠦᠨ ᠯᠤᠲᠤ ᠶᠡᠬᠡ ᠶᠤᠮ᠃ ᠤᠯᠠᠨ ᠵᠢᠯ ᠤ᠋ᠨ ᠲᠤᠷᠰᠢ᠂ ᠮᠠᠨ ᠤ᠋ ᠤᠯᠤᠰ ᠶᠠᠷᠤ ᠨᠢ ᠮᠣᠩᠭᠣᠯ ᠤᠯᠤᠰ ᠤ᠋ᠨ ᠬᠠᠮᠤᠭ ᠤ᠋ᠨ ᠲᠤᠮᠤ ᠠᠷᠠᠯᠵᠢᠶᠠᠨ ᠤ᠋ ᠬᠠᠨᠢᠲᠠᠨ᠂ ᠬᠠᠮᠤᠭ ᠤ᠋ᠨ ᠲᠣᠮᠣ ᠭᠠᠳᠠᠭᠠᠳᠤ ᠭᠠᠷᠭᠠᠯᠲᠠ ᠶ᠋ᠢᠨ ᠵᠠᠬ᠎ᠠ ᠳᠡᠯᠭᠡᠭᠦᠷ ᠪᠣᠯᠤᠨ ᠬᠠᠮᠤᠭ᠎ᠤᠨ ᠲᠣᠮᠣ ᠭᠠᠳᠠᠭᠠᠳᠤ ᠤᠷᠤᠭᠤᠯᠤᠯᠲᠠ ᠶ᠋ᠢᠨ ᠵᠠᠬ᠎ᠠ ᠳᠡᠯᠭᠡᠭᠦᠷ ᠪᠤᠯᠤᠬᠰᠠᠭᠠᠷ ᠢᠷᠡᠵᠡᠢ᠃

ᠣᠢᠷ᠎ᠠ ᠶ᠋ᠢᠨ ᠵᠢᠯ ᠳ᠋ᠤ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠰᠠᠨᠠᠭᠠᠴᠢᠯᠠᠭ᠎ᠠ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠪᠥᠲᠥᠭᠡᠨ ᠪᠠᠢᠭᠤᠯᠤᠯᠲᠠ ᠶ᠋ᠢᠨ ᠬᠦᠴᠦᠲᠡᠶ ᠠᠬᠢᠭᠤᠯᠤᠯ ᠳᠤᠤᠷ᠎ᠠ᠂ ᠮᠠᠨ ᠤ᠋ ᠤᠷᠤᠨ ᠥᠪᠡᠷᠮᠢᠴᠡ ᠤᠷᠤᠨ ᠪᠠᠢᠷᠢ ᠶ᠋ᠢᠨ ᠳᠠᠪᠠᠭᠤᠯᠢᠭ ᠢ᠋ᠶ᠋ᠡᠷ ᠢ᠋ᠶ᠋ᠡᠨ ᠮᠣᠩᠭᠣᠯ ᠤᠯᠤᠰ ᠯᠤᠭ᠎ᠠ ᠶ᠋ᠢᠨ ᠠᠵᠤ ᠠᠬᠤᠶ ᠠᠷᠠᠯᠵᠢᠶᠠᠨ ᠤ᠋ ᠬᠦᠷᠢᠶᠡᠨ ᠳ᠋ᠡᠬᠢ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ ᠭᠦᠨᠵᠡᠭᠡᠢᠷᠡᠭᠦᠯᠤᠨ ᠡᠯᠪᠡᠭ ᠲᠡᠯᠪᠡᠭ ᠦᠷ᠎ᠡ ᠪᠦᠲᠦᠭᠡᠯ ᠣᠯᠵᠤ᠂ ᠬᠣᠶᠠᠷ ᠲᠠᠯ᠎ᠠ ᠶ᠋ᠢᠨ ᠠᠵᠤ ᠠᠬᠤᠶ ᠶ᠋ᠢᠨ ᠬᠥᠭ᠌ᠵᠢᠯᠲᠡ ᠪᠠ ᠠᠷᠠᠳ ᠤ᠋ᠨ ᠠᠮᠢᠳᠤᠷᠠᠯ ᠤ᠋ᠨ ᠰᠠᠢᠵᠢᠷᠠᠯᠲᠠ ᠳ᠋ᠤ ᠴᠢᠩᠭ᠎ᠠ ᠬᠦᠴᠦᠳᠠᠢ ᠬᠥᠳᠡᠯᠭᠡᠬᠦ᠌ ᠬᠦᠴᠦᠨ ᠨᠡᠮᠡᠷᠢᠯᠡᠪᠡ᠃

ᠭᠠᠷᠠᠭ ᠪᠦᠷᠢ ᠵᠢᠨ ᠭᠠᠷᠠᠭ ᠤ᠋ᠨ ᠨᠢᠭᠡᠨ ᠤ᠋ ᠥᠷᠯᠥᠭᠡ᠂ ᠮᠣᠩᠭᠣᠯ ᠤᠯᠤᠰ ᠤ᠋ᠨ ᠬᠦᠢᠳᠡᠨ ᠬᠠᠳᠠᠭᠠᠯᠠᠯᠲᠠ ᠶ᠋ᠢᠨ ᠲᠡᠷᠭᠡ ᠶ᠋ᠢᠨ ᠵᠢᠯᠣᠭᠣᠴᠢ ᠪᠢᠳᠤᠷᠶ᠎ᠠ ᠮᠠᠰᠢᠨ ᠵᠢᠡᠨ ᠵᠢᠯᠣᠭᠣᠳᠤᠨ ᠤᠯᠠᠭᠠᠨᠪᠠᠭᠠᠲᠤᠷ ᠡᠴᠡ ᠮᠣᠷᠳᠠᠵᠤ᠂ ᠦᠳᠡᠰᠢ ᠶ᠋ᠢᠨ ᠦᠶ᠎ᠡ ᠪᠡᠷ ᠡᠷᠢᠶᠡᠨ ᠬᠤᠳᠠ ᠶ᠋ᠢᠨ ᠵᠢᠮᠢᠰ ᠢᠳᠡᠰᠢᠨ ᠨᠣᠭᠣᠭ᠎ᠠ ᠠᠮᠤ ᠲᠤᠰᠤ ᠣᠷᠣᠭᠤᠯᠵᠤ ᠭᠠᠷᠭᠠᠬᠤ ᠬᠦᠷᠢᠶᠡᠯᠡᠩ ᠲᠣᠭᠣᠷᠢᠭ ᠲᠦ᠍ ᠬᠦᠷᠴᠦ ᠢᠷᠡᠳᠡᠭ᠃ ᠲᠡᠷᠡ ᠡᠷᠢᠶᠡᠨ ᠬᠣᠲᠠ ᠳ᠋ᠤ ᠵᠠᠬᠢᠶᠠᠯᠠᠭ᠎ᠠ ᠶ᠋ᠢᠨ ᠬᠠᠭᠤᠳᠠᠰᠤ ᠪᠡᠷ ᠳᠤᠮᠳᠠᠳᠤ ᠤᠯᠤᠰ ᠤ᠋ᠨ ᠡᠯ᠎ᠡ ᠭᠠᠵᠠᠷ ᠡᠴᠡ ᠢᠷᠡᠭ᠌ᠰᠡᠨ ᠵᠢᠮᠢᠰ ᠢᠳᠡᠰᠢᠨ ᠨᠣᠭᠣᠭ᠎ᠠ ᠵᠢ ᠮᠠᠰᠢᠨ ᠳ᠋ᠠᠭᠠᠨ ᠳᠦᠭᠦᠷᠲᠡᠯ᠎ᠡ ᠠᠴᠢᠭᠠᠳ ᠭᠠᠷᠠᠭ᠎ᠤᠨ ᠭᠤᠷᠪᠠᠨ ᠤ᠋ ᠥᠷᠯᠥᠭᠡᠬᠦᠷ ᠪᠤᠴᠠᠵᠤ᠂ ᠤᠷᠤᠢ ᠨᠢ ᠱᠢᠨ᠎ᠡ ᠰᠣᠷᠭᠣᠭ ᠵᠢᠮᠢᠰ ᠢᠳᠡᠰᠢᠨ ᠨᠣᠭᠣᠭ᠎ᠠ ᠪᠠᠨ ᠤᠯᠠᠭᠠᠨᠪᠠᠭᠠᠲᠤᠷ ᠤ᠋ᠨ ᠬᠡᠲᠦ ᠳᠡᠯᠭᠡᠭᠦᠷ ᠲᠦ᠍ ᠬᠦᠷᠬᠡᠴᠢᠬᠡᠳᠡᠭ ᠶᠤᠮ᠃ ᠲᠡᠷᠡ ᠡᠨᠡ ᠬᠦ᠌ ᠠᠵᠢᠯ ᠢ᠋ ᠨᠢᠭᠡᠨᠲᠡ ᠣᠯᠠᠨ ᠵᠢᠯ ᠪᠠᠷᠢᠮᠲᠠᠯᠠᠪᠠ᠃ 《ᠳᠤᠮᠳᠠᠳᠤ ᠤᠯᠤᠰ ᠤ᠋ᠨ ᠵᠢᠮᠢᠰ ᠢᠳᠡᠱᠢᠨ ᠨᠣᠭᠣᠭ᠎ᠠ ᠮᠠᠨ ᠤ᠋ ᠮᠣᠩᠭᠣᠯ ᠤᠯᠤᠰ ᠤ᠋ᠨ ᠬᠥᠮᠦᠰ ᠤ᠋ᠨ ᠬᠣᠭᠣᠯᠠᠨ ᠱᠢᠷᠡᠭᠡ ᠵᠢ ᠪᠠᠶᠠᠯᠢᠭ᠍ᠵᠢᠭᠤᠯᠵᠤ᠂ ᠪᠡᠶ᠎ᠡ ᠮᠠᠬᠠᠪᠤᠳ ᠤ᠋ᠨ ᠡᠷᠡᠭᠦᠯ ᠮᠡᠨᠳᠤ ᠳ᠋ᠤ ᠲᠤᠰᠠᠯᠠᠮᠵᠢ ᠪᠤᠯᠵᠤ ᠪᠠᠢᠨ᠎ᠠ》 ᠭᠡᠵᠦ ᠪᠢᠳᠤᠷᠶ᠎ᠠ ᠬᠡᠯᠡᠨ᠎ᠠ᠃

ᠡᠷᠢᠶᠡᠨ ᠪᠣᠯ ᠳᠤᠮᠳᠠᠳᠤ ᠮᠣᠩᠭᠣᠯ ᠬᠣᠶᠠᠷ ᠤᠯᠤᠰ ᠤ᠋ᠨ ᠬᠣᠭᠣᠷᠣᠨᠳᠣᠬᠢ ᠬᠠᠮᠤᠭ ᠤ᠋ᠨ ᠶᠡᠬᠡ ᠬᠠᠭᠤᠷᠠᠢ ᠵᠠᠮ ᠤ᠋ᠨ ᠬᠢᠯᠢ ᠵᠢᠨ ᠪᠣᠭᠣᠮᠲᠠ ᠪᠠᠢᠵᠤ᠂ ᠮᠣᠩᠭᠣᠯ ᠤᠯᠤᠰ ᠤ᠋ᠨ 《ᠪᠡᠯᠡᠳᠭᠡᠯ ᠲᠤᠮᠤ ᠭᠡᠳᠦ ᠳᠡᠯᠭᠡᠭᠦᠷ》 ᠬᠡᠮᠡᠭ᠌ᠳᠡᠨ᠂ ᠮᠣᠩᠭᠣᠯ ᠤᠯᠤᠰ ᠤ᠋ᠨ ᠭᠠᠳᠠᠭᠠᠳᠤ ᠡᠴᠡ ᠤᠷᠤᠭᠤᠯᠬᠤ 70% ᠡᠴᠡ ᠳᠡᠭᠡᠭ᠌ᠰᠢᠬᠢ ᠡᠳᠦᠷ ᠲᠤᠲᠤᠮ ᠤ᠋ᠨ ᠬᠡᠷᠡᠭ᠌ᠰᠡᠯ ᠪᠣᠯᠤᠨ 80% ᠶ᠋ᠢᠨ ᠵᠢᠮᠢᠰ ᠢᠳᠡᠰᠢᠨ ᠨᠣᠭᠣᠭ᠎ᠠ ᠵᠢᠨ ᠵᠥᠭᠡᠭᠡᠪᠦᠷᠢ ᠴᠥᠮ ᠡᠨᠡᠭᠦᠷ ᠥᠩᠭᠡᠷᠡᠵᠦ ᠪᠠᠢᠳᠠᠭ᠃ 2018 ᠣᠨ ᠳ᠋ᠤ ᠡᠷᠢᠶᠡᠨ ᠬᠢᠯᠢ ᠵᠢᠨ ᠪᠣᠭᠣᠮᠲᠠ ᠳᠤᠮᠳᠠᠳᠤ ᠮᠣᠩᠭᠣᠯ ᠤ᠋ᠨ ᠲᠠᠷᠢᠶᠠᠯᠠᠩ ᠤ᠋ᠨ ᠪᠦᠲᠦᠭᠡᠭ᠌ᠳᠡᠬᠦᠨ ᠤ᠋《ᠰᠠᠭᠠᠳ ᠥᠬᠡᠶ ᠨᠡᠪᠲᠡᠷᠡᠬᠦ᠌ ᠵᠠᠮ》 ᠢ᠋ ᠨᠡᠭᠡᠭᠡᠭ᠌ᠰᠡᠨ ᠤ᠋ ᠳᠠᠷᠠᠭ᠎ᠠ᠂ ᠡᠯ᠎ᠡ ᠲᠥᠷᠥᠯ ᠤ᠋ᠨ ᠵᠢᠮᠢᠰ ᠢᠳᠡᠱᠢᠨ ᠨᠣᠭᠣᠭ᠎ᠠ ᠵᠢ ᠮᠣᠩᠭᠣᠯ ᠤᠯᠤᠰ ᠤ᠋ᠨ ᠠᠷᠠᠳ ᠣᠯᠠᠨ ᠤ᠋ ᠬᠣᠭᠣᠯᠠᠨ ᠱᠢᠷᠡᠭᠡᠨ ᠳ᠋ᠤ ᠲᠠᠰᠤᠷᠠᠯᠲᠠ ᠥᠬᠡᠶ ᠬᠦᠷᠭᠡᠬᠦ ᠪᠤᠯᠵᠠᠢ᠃ 2024 ᠣᠨ ᠳ᠋ᠤ ᠡᠷᠢᠶᠡᠨ ᠬᠢᠯᠢ ᠶ᠋ᠢᠨ ᠪᠤᠭᠤᠮᠲᠠ ᠪᠠᠷ ᠮᠣᠩᠭᠣᠯ ᠤᠯᠤᠰ ᠲᠦ᠍ ᠭᠠᠷᠭᠠᠬᠰᠠᠨ ᠵᠢᠮᠢᠰ ᠢᠳᠡᠱᠢᠨ ᠨᠣᠭᠣᠭ᠎ᠠ 14.9 ᠲᠦᠮᠡᠨ ᠲᠣᠨ ᠳ᠋ᠤ ᠬᠦᠷᠴᠦ᠂ ᠮᠣᠩᠭᠣᠯ ᠤᠯᠤᠰ ᠤ᠋ᠨ ᠵᠢᠮᠢᠰ ᠢᠳᠡᠱᠢᠨ ᠨᠣᠭᠣᠭ᠎ᠠ ᠶ᠋ᠢᠨ ᠬᠠᠩᠭᠠᠯᠭ᠎ᠠ ᠶ᠋ᠢᠨ 80% ᠵᠢ ᠡᠵᠡᠯᠡᠪᠡ᠃ ᠡᠨᠡ ᠵᠢᠯ ᠤ᠋ᠨ ᠲᠦᠷᠦᠭᠦᠦ 7 ᠰᠠᠷ᠎ᠠ ᠳ᠋ᠤ ᠡᠷᠢᠶᠡᠨ ᠵᠠᠰᠠᠮᠠᠯ ᠵᠠᠮ ᠤ᠋ᠨ ᠬᠢᠯᠢ ᠵᠢᠨ ᠪᠤᠭᠤᠮᠲᠠ ᠪᠡᠷ ᠭᠠᠳᠠᠭᠠᠳᠤ ᠳ᠋ᠤ ᠭᠠᠷᠭᠠᠭᠰᠠᠨ ᠵᠢᠮᠢᠰ ᠢᠳᠡᠰᠢᠨ ᠨᠣᠭᠣᠭ᠎ᠠ 10.5 ᠲᠦᠮᠡᠨ ᠲᠣᠨ ᠳ᠋ᠤ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 17.9% ᠪᠡᠷ ᠨᠡᠮᠡᠭᠳᠡᠨ᠂ ᠪᠠᠷᠠᠭ᠎ᠠ ᠶ᠋ᠢᠨ ᠥᠷᠲᠡᠭ ᠨᠢ 1.96 ᠳ᠋ᠦᠩᠰᠢᠭᠤᠷ ᠲᠥᠭᠥᠷᠢᠭ ᠲᠦ᠍ ᠬᠦᠷᠪᠡ᠃ ᠡᠳᠡᠭᠡᠷ ᠲᠣᠭ᠎ᠠ ᠪᠠᠷᠢᠮᠲᠠ ᠨᠢ ᠡᠷᠢᠶᠡᠨ ᠬᠣᠲᠠ ᠶ᠋ᠢᠨ ᠳᠤᠮᠳᠠᠳᠤ ᠮᠣᠩᠭᠣᠯ ᠤ᠋ᠨ ᠵᠢᠮᠢᠰ ᠢᠳᠡᠰᠢᠨ ᠨᠤᠭᠤᠭ᠎ᠠ ᠵᠢᠨ ᠠᠷᠠᠯᠵᠢᠶ᠎ᠠ ᠳ᠋ᠡᠬᠢ ᠵᠠᠩᠭᠢᠯᠠᠭ᠎ᠠ ᠶ᠋ᠢᠨ ᠪᠠᠢᠷᠢ ᠰᠠᠭᠤᠷᠢ ᠵᠢ ᠬᠠᠷᠠᠭᠤᠯᠵᠤ ᠪᠠᠢᠬᠤ ᠪᠡᠷ ᠪᠠᠷᠠᠬᠤ ᠦᠭᠡᠶ᠂ ᠪᠠᠰᠠ ᠳᠤᠮᠳᠠᠳᠤ ᠮᠣᠩᠭᠣᠯ ᠤ᠋ᠨ ᠠᠷᠠᠯᠵᠢᠶ᠎ᠠ ᠳ᠋ᠡᠬᠢ ᠥᠪᠥᠷ ᠮᠣᠩᠭᠣᠯ ᠤ᠋ᠨ ᠴᠢᠬᠤᠯᠠ ᠲᠤᠯᠭᠠᠭᠤᠷᠢᠯᠠᠬᠤ ᠦᠢᠯᠡᠳᠦᠯ ᠢ᠋ ᠬᠠᠷᠠᠭᠤᠯᠵᠤ ᠪᠠᠢᠨ᠎ᠠ᠃

ᠡᠷᠢᠶᠡᠨ ᠬᠢᠯᠢ ᠵᠢᠨ ᠪᠤᠭᠤᠮᠲᠠ ᠶ᠋ᠢᠨ ᠵᠢᠮᠢᠰ ᠢᠳᠡᠰᠢᠨ ᠨᠤᠭᠤᠭ᠎ᠠ ᠶ᠋ᠢᠨ ᠭᠠᠳᠠᠭᠠᠳᠤ ᠭᠠᠷᠭᠠᠯᠲᠠ ᠪᠤᠯ ᠮᠠᠨ ᠤ᠋ ᠤᠷᠤᠨ ᠪᠠ ᠮᠤᠨᠭᠭᠤᠯ ᠤᠯᠤᠰ ᠤ᠋ᠨ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭᠠᠨ ᠤ᠋ ᠬᠦᠭᠵᠢᠯᠲᠡ ᠶ᠋ᠢᠨ ᠨᠢᠭᠡᠨ ᠬᠤᠷᠢᠶᠠᠨᠭᠭᠤᠢ ᠳᠦᠷᠰᠦ ᠪᠤᠯᠬᠤ ᠶᠤᠮ᠃

ᠮᠠᠨ ᠤ᠋ ᠤᠷᠤᠨ ᠬᠢᠬᠡᠳ ᠮᠤᠩᠭᠤᠯ ᠤᠯᠤᠰ ᠤ᠋ᠨ ᠠᠷᠠᠯᠵᠢᠶᠠᠨ ᠤ᠋ ᠬᠡᠪᠴᠢᠶ᠎ᠡ ᠦᠷᠬᠦᠯᠵᠢᠯᠡᠨ ᠦᠷᠭᠡᠵᠢᠵᠦ᠂ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠪᠡ᠃ 2012 ᠣᠨ ᠡᠴᠡ ᠨᠠᠭᠠᠰᠢ᠂ ᠮᠠᠨ ᠤ᠋ ᠤᠷᠤᠨ ᠮᠣᠩᠭᠣᠯ ᠤᠯᠤᠰ ᠤ᠋ᠨ ᠬᠠᠮᠤᠭ ᠤ᠋ᠨ ᠲᠣᠮᠣ ᠠᠷᠠᠯᠵᠢᠶᠠᠨ ᠤ᠋ ᠬᠠᠨᠢᠲᠠᠨ ᠤ᠋ ᠪᠠᠢᠷᠢ ᠰᠠᠭᠤᠷᠢ ᠵᠢ ᠪᠠᠲᠤᠯᠠᠬᠰᠠᠭᠠᠷ ᠢᠷᠡᠵᠦ᠂ ᠮᠠᠨ ᠤ᠋ ᠤᠷᠤᠨ ᠤ᠋ ᠮᠣᠩᠭᠣᠯ ᠤᠯᠤᠰ᠎ᠯᠤᠭ᠎ᠠ ᠶ᠋ᠢᠨ ᠠᠷᠠᠯᠵᠢᠶᠠᠨ ᠤ᠋ ᠬᠡᠮᠵᠢᠶ᠎ᠡ ᠨᠢ ᠪᠥᠬᠥ᠌ ᠤᠯᠤᠰ ᠤ᠋ᠨ ᠮᠣᠩᠭᠣᠯ ᠤᠯᠤᠰ᠎ᠯᠤᠭ᠎ᠠ ᠶ᠋ᠢᠨ ᠠᠷᠠᠯᠵᠢᠶᠠᠨ ᠤ᠋ ᠶᠡᠷᠦᠩᠬᠡᠶ ᠬᠡᠮᠵᠢᠶᠡᠨ ᠤ᠋ 60% ᠵᠢ ᠡᠵᠡᠯᠡᠵᠦ᠍᠂ ᠮᠣᠩᠭᠣᠯ ᠤᠯᠤᠰ ᠤ᠋ᠨ ᠭᠠᠳᠠᠭᠠᠳᠤ ᠠᠷᠠᠯᠵᠢᠶᠠᠨ ᠤ᠋ ᠶᠡᠷᠦᠩᠬᠡᠶ ᠬᠡᠮᠵᠢᠶᠡᠨ ᠤ᠋ 40% ᠵᠢ ᠡᠵᠡᠯᠡᠪᠡ᠃ 2024 ᠣᠨ ᠳ᠋ᠤ ᠮᠠᠨ ᠤ᠋ ᠣᠷᠣᠨ ᠤ᠋ ᠮᠣᠩᠭᠣᠯ ᠤᠯᠤᠰ ᠯᠤᠭ᠎ᠠ ᠶ᠋ᠢᠨ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠠᠷᠠᠯᠵᠢᠶᠠᠨ ᠤ᠋ ᠬᠡᠮᠵᠢᠶ᠎ᠡ 740.5 ᠳ᠋ᠦᠩᠱᠢᠭᠤᠷ ᠲᠥᠭᠥᠷᠢᠭ ᠲᠦ᠍ ᠬᠦᠷᠴᠦ᠍᠂ 2023 ᠤᠨ ᠤ᠋ ᠬᠢ ᠡᠴᠡ 5.9% ᠪᠡᠷ ᠨᠡᠮᠡᠭ᠌ᠳᠡᠵᠦ᠍᠂ 2023 ᠤᠨ ᠤ᠋ ᠪᠥᠬᠥ᠌ ᠣᠷᠣᠨ ᠤ᠋ ᠭᠠᠳᠠᠭᠠᠳᠤ ᠠᠷᠠᠯᠵᠢᠶᠠᠨ ᠤ᠋ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠶᠡᠷᠦᠩᠬᠡᠶ ᠬᠡᠮᠵᠢᠶ᠎ᠡ ᠶ᠋ᠢᠨ 35.7% ᠵᠢ ᠡᠵᠡᠯᠡᠵᠦ᠍᠂ ᠲᠤᠬᠠᠶ ᠶ᠋ᠢᠨ ᠵᠢᠯ ᠤ᠋ᠨ ᠪᠥᠬᠥ᠌ ᠤᠯᠤᠰ ᠤ᠋ᠨ ᠮᠣᠩᠭᠣᠯ ᠤᠯᠤᠰ᠎ᠯᠤᠭ᠎ᠠ ᠶ᠋ᠢᠨ ᠠᠷᠠᠯᠵᠢᠶᠠᠨ ᠤ᠋ ᠬᠡᠮᠵᠢᠶ᠎ᠡ ᠶ᠋ᠢᠨ 57% ᠵᠢ ᠡᠵᠡᠯᠡᠪᠡ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ᠂ ᠮᠠᠨ ᠤ᠋ ᠣᠷᠣᠨ ᠤ᠋ ᠮᠣᠩᠭᠣᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠠᠷᠠᠯᠵᠢᠶᠡᠨ ᠤ᠋ ᠬᠡᠮᠵᠢᠶ᠎ᠡ 346.5 ᠳ᠋ᠦᠩᠱᠢᠭᠤᠷ ᠲᠥᠭᠥᠷᠢᠭ ᠲᠦ᠍ ᠬᠦᠷᠴᠦ᠍᠂ ᠪᠥᠬᠥ᠌ ᠤᠯᠤᠰ ᠤ᠋ᠨ ᠮᠣᠩᠭᠣᠯ ᠤᠯᠤᠰ ᠲᠡᠬᠢ ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠠᠷᠠᠯᠵᠢᠶᠠᠨ ᠤ᠋ ᠶᠡᠷᠦᠨᠭᠬᠡᠢ ᠬᠡᠮᠵᠢᠶ᠎ᠡ ᠶ᠋ᠢᠨ 62.9% ᠵᠢ ᠡᠵᠡᠯᠡᠪᠡ᠃

ᠠᠷᠠᠯᠵᠢᠶᠠᠨ ᠤ᠋ ᠪᠦᠲᠦᠴᠡ ᠶ᠋ᠢᠨ ᠲᠠᠯ᠎ᠠ ᠪᠠᠷ᠂ ᠦᠪᠤᠷ ᠮᠤᠩᠭᠤᠯ ᠬᠢᠬᠡᠳ ᠮᠤᠩᠭᠤᠯ ᠤᠯᠤᠰ ᠬᠣᠶᠠᠷ ᠲᠠᠯ᠎ᠠ ᠪᠡᠷ ᠢ᠋ᠶ᠋ᠡᠨ ᠮᠠᠰᠢ ᠴᠢᠨᠭᠭ᠎ᠠ ᠬᠠᠷᠢᠯᠴᠠᠨ ᠨᠥᠬᠥᠪᠥᠷᠢᠯᠡᠬᠦ᠌ ᠴᠢᠨᠠᠷ ᠲᠠᠢ ᠶᠤᠮ᠃ ᠮᠠᠨ ᠤ᠋ ᠤᠷᠤᠨ ᠤ᠋ ᠮᠣᠩᠭᠣᠯ ᠤᠯᠤᠰ ᠡᠴᠡ ᠣᠷᠣᠭᠤᠯᠬᠤ ᠲᠠᠸᠠᠷ ᠨᠢ ᠡᠷᠦᠳᠡᠰᠦ᠂ ᠨᠡᠭᠦᠷᠡᠰᠦ ᠵᠡᠷᠭᠡ ᠦᠷᠭᠡᠨ ᠬᠡᠷᠡᠭᠯᠡᠭᠡᠨ ᠤ᠋ ᠡᠬᠢ ᠪᠠᠶᠠᠯᠢᠭ᠂ ᠡᠨᠧᠷᠭᠢ ᠶ᠋ᠢᠨ ᠬᠡᠯᠪᠡᠷᠢ ᠶ᠋ᠢᠨ ᠲᠠᠸᠠᠷ ᠢ᠋ᠶ᠋ᠡᠷ ᠭᠤᠤᠯ ᠪᠣᠯᠭᠠᠵᠤ᠂ ᠮᠣᠩᠭᠣᠯ ᠤᠯᠤᠰ ᠲᠦ᠍ ᠭᠠᠷᠭᠠᠬᠤ ᠲᠠᠸᠠᠷ ᠨᠢ ᠮᠠᠱᠢᠨ ᠲᠡᠷᠭᠡ᠂ ᠪᠣᠯᠣᠳ ᠮᠠᠲ᠋ᠧᠷᠢᠶᠠᠯ᠂ ᠴᠠᠬᠢᠯᠭᠠᠨ ᠬᠦᠴᠦ᠂ ᠲᠠᠷᠢᠶᠠᠯᠠᠩ ᠤ᠋ᠨ ᠪᠦᠲᠦᠭᠡᠭ᠌ᠳᠡᠬᠦᠨ ᠵᠡᠷᠭᠡ ᠪᠡᠷ ᠭᠤᠤᠯᠯᠠᠪᠠ᠃ ᠤᠯᠠᠮᠵᠢᠯᠠᠯᠲᠤ ᠬᠦᠷᠢᠶ᠎ᠡ ᠡᠴᠡ ᠭᠠᠳᠠᠨ᠎ᠠ᠂ ᠬᠤᠶᠠᠷ ᠲᠠᠯ᠎ᠠ ᠪᠠᠷ ᠢ᠋ᠶ᠋ᠡᠨ ᠪᠠᠰᠠ ᠲᠤᠭᠠᠴᠢᠯᠠᠬᠰᠠᠨ ᠠᠵᠤ ᠠᠬᠤᠢ᠂ ᠪᠤᠬᠢᠷᠲᠤᠯ ᠦᠭᠡᠢ ᠡᠨ᠋ᠸᠷᠬᠢ ᠵᠡᠷᠭᠡ ᠰᠢᠨ᠎ᠡ ᠪᠡᠷ ᠮᠠᠨᠳᠤᠬᠰᠠᠨ ᠬᠦᠷᠢᠶᠡᠨ ᠤ᠋ ᠬᠠᠮᠲᠤᠷᠠᠯᠴᠠᠭ᠎ᠠ ᠵᠢ ᠠᠯᠬᠤᠮ ᠠᠯᠬᠤᠮ ᠢ᠋ᠶ᠋ᠡᠷ ᠦᠷᠨᠢᠭᠦᠯᠵᠦ᠂ ᠳᠤᠮᠳᠠᠳᠤ ᠮᠤᠨᠭᠭᠤᠯ ᠤ᠋ᠨ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭᠠᠨ ᠤ᠋ ᠰᠢᠨ᠎ᠡ ᠠᠮᠢᠵᠢᠷᠠᠯ ᠤ᠋ᠨ ᠬᠦᠴᠦᠨ ᠢ᠋ ᠬᠦᠭᠵᠢᠭᠡᠭᠰᠡᠨ ᠪᠠᠢᠨ᠎ᠠ᠃

ᠮᠠᠨ ᠤ᠋ ᠤᠷᠤᠨ ᠬᠢᠬᠡᠳ ᠮᠤᠩᠭᠤᠯ ᠤᠯᠤᠰ ᠤ᠋ᠨ ᠪᠡᠯᠡ ᠣᠷᠣᠭᠤᠯᠤᠯᠲᠠ ᠶ᠋ᠢᠨ ᠬᠠᠮᠲᠤᠷᠠᠯᠴᠠᠭᠠᠨ ᠤ᠋ ᠬᠦᠷᠢᠶ᠎ᠡ ᠴᠠᠷᠠᠭ᠎ᠠ ᠲᠠᠰᠤᠷᠠᠯᠳᠠ ᠦᠬᠡᠢ ᠥᠷᠭᠡᠵᠢᠵᠦ᠍᠂ ᠳᠡᠰ ᠳᠠᠪᠬᠤᠷᠭ᠎ᠠ ᠨᠢ ᠴᠦ᠍ ᠤᠯᠠᠮ ᠵᠢᠡᠷ ᠭᠦᠨᠵᠡᠭᠡᠢᠷᠡᠪᠡ᠃ ᠡᠨᠡ ᠵᠢᠯ ᠤ᠋ᠨ 6 ᠰᠠᠷ᠎ᠠ ᠵᠢᠨ ᠰᠡᠬᠦᠯᠴᠢ ᠪᠣᠯᠲᠠᠯ᠎ᠠ᠂ ᠮᠠᠨ ᠤ᠋ ᠤᠷᠤᠨ ᠮᠣᠩᠭᠣᠯ ᠤᠯᠤᠰ ᠲᠦ᠍ 316 ᠠᠵᠤ ᠠᠬᠤᠢᠯᠠᠯ ᠪᠠᠢᠭᠤᠯᠤᠨ᠂ ᠪᠦᠬᠦ ᠤᠷᠤᠨ ᠤ᠋ ᠭᠠᠳᠠᠭᠠᠳᠤ ᠪᠠᠯᠠ ᠣᠷᠣᠭᠤᠯᠤᠯᠲᠠ ᠶ᠋ᠢᠨ ᠠᠵᠤ ᠠᠬᠤᠢᠯᠠᠯ ᠤ᠋ᠨ ᠶᠡᠷᠦᠩᠬᠡᠶ ᠲᠣᠭᠠᠨ ᠤ᠋ 37.2% ᠢ᠋ ᠡᠵᠡᠯᠡᠨ᠂ ᠨᠡᠢᠲᠡ 3.56 ᠳ᠋ᠦᠩᠱᠢᠭᠤᠷ ᠳ᠋ᠣᠯᠯᠠᠷ ᠤ᠋ᠨ ᠪᠠᠯᠠ ᠣᠷᠣᠭᠤᠯᠵᠦ᠂ ᠦᠶ᠋ᠯᠡᠳᠬᠦ᠌ ᠦᠶ᠋ᠯᠡᠰ᠂ ᠠᠭᠤᠷᠬᠠᠶ ᠮᠠᠯᠲᠠᠬᠤ ᠦᠶ᠋ᠯᠡᠰ᠂ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠦᠶ᠋ᠯᠡᠰ᠂ ᠪᠥᠭᠡᠮ ᠢ᠋ᠶ᠋ᠡᠷ ᠪᠤᠷᠤᠯᠠᠭᠤᠯᠬᠤ ᠪᠠ ᠵᠢᠵᠢᠭ᠌ᠯᠡᠨ ᠬᠤᠳᠠᠯᠳᠤᠬᠤ ᠦᠶ᠋ᠯᠡᠰ᠂ ᠬᠦᠳᠡᠭᠡ ᠠᠵᠤ ᠠᠬᠤᠢ ᠵᠡᠷᠭᠡ ᠶ᠋ᠢ ᠬᠠᠮᠤᠷᠴᠠᠶ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ᠂ ᠮᠠᠨ ᠤ᠋ ᠤᠷᠤᠨ ᠤ᠋ ᠮᠣᠩᠭᠣᠯ ᠤᠯᠤᠰ ᠲᠦ᠍ ᠰᠢᠨ᠎ᠡ ᠪᠡᠷ ᠪᠠᠢᠭᠤᠯᠤᠬᠰᠠᠨ ᠭᠠᠳᠠᠭᠠᠳᠤ ᠪᠠᠯᠠ ᠣᠷᠣᠭᠤᠯᠤᠯᠲᠠ ᠶ᠋ᠢᠨ ᠠᠵᠤ ᠠᠬᠤᠢᠯᠠᠯ 11 ᠪᠠᠢᠵᠤ᠂ ᠪᠥᠬᠥ᠌ ᠤᠷᠤᠨ ᠤ᠋ ᠱᠢᠨ᠎ᠡ ᠪᠡᠷ ᠨᠡᠮᠡᠭ᠌ᠳᠡᠭ᠌ᠰᠡᠨ ᠭᠠᠳᠠᠭᠠᠳᠤ ᠪᠠᠯᠠ ᠣᠷᠣᠭᠤᠯᠤᠯᠲᠠ ᠶ᠋ᠢᠨ ᠠᠵᠤ ᠠᠬᠤᠢᠯᠠᠯ ᠤ᠋ᠨ ᠶᠡᠷᠦᠩᠬᠡᠶ ᠲᠣᠭᠠᠨ ᠤ᠋ 44% ᠵᠢ ᠡᠵᠡᠯᠡᠪᠡ; ᠮᠣᠩᠭᠣᠯ ᠤᠯᠤᠰ ᠲᠦ᠍ ᠬᠠᠨᠳᠤᠭᠤᠯᠤᠭ᠍ᠰᠠᠨ ᠪᠣᠳᠠᠲᠠᠶ ᠪᠠᠯᠠ ᠣᠷᠣᠭᠤᠯᠤᠯᠲᠠ ᠶ᠋ᠢᠨ ᠬᠡᠮᠵᠢᠶ᠎ᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 378% ᠪᠡᠷ ᠨᠡᠮᠡᠭ᠌ᠳᠡᠵᠦ᠍᠂ ᠪᠠᠯᠠ ᠣᠷᠣᠭᠤᠯᠤᠯᠲᠠ ᠨᠢ ᠠᠭᠤᠷᠬᠠᠶ ᠶ᠋ᠢᠨ ᠭᠠᠷᠤᠯᠲᠠ ᠶ᠋ᠢᠨ ᠡᠬᠢ ᠪᠠᠶᠠᠯᠢᠭ ᠢ᠋ ᠨᠡᠭᠡᠭᠡᠨ ᠬᠥᠭ᠌ᠵᠢᠭᠦᠯᠬᠦ᠌᠂ ᠮᠠᠯ ᠠᠵᠤ ᠠᠬᠤᠶ ᠲᠠᠷᠢᠶᠠᠯᠠᠩ ᠂ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠦᠶ᠋ᠯᠡᠰ᠂ ᠦᠶ᠋ᠯᠡᠳᠬᠦ᠌ ᠦᠶ᠋ᠯᠡᠰ ᠪᠠ ᠦᠶ᠋ᠯᠡᠴᠢᠯᠡᠭᠡᠨ ᠤ᠋ ᠦᠶ᠋ᠯᠡᠰ ᠵᠡᠷᠭᠡ ᠣᠯᠠᠨ ᠬᠦᠷᠢᠶ᠎ᠡ ᠳᠠᠢᠰᠢ ᠤᠯᠠᠮ ᠥᠷᠭᠡᠵᠢᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面