ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-18 10:09:38

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ③


2025 ᠣᠨ ᠤ᠋ 7 ᠰᠠᠷ᠎ᠠ ᠶ᠋ᠢᠨ 13 ᠤ᠋ ᠡᠳᠦᠷ᠂ ᠳᠤᠮᠳᠠᠳᠤ ᠮᠣᠩᠭᠣᠯ ᠤ᠋ᠨ ᠵᠠᠯᠠᠭᠤᠴᠤᠳ ᠤ᠋ᠨ ᠰᠣᠶᠣᠯ ᠤ᠋ᠨ ᠰᠣᠯᠢᠯᠴᠠᠭᠠᠨ ᠤ᠋ ᠤᠷᠠᠨ ᠰᠠᠢᠬᠠᠨ ᠤ᠋ ᠲᠣᠭ᠍ᠯᠠᠯᠲᠠ ᠬᠦᠬᠡᠬᠤᠳᠠ ᠳ᠋ᠦ ᠨᠢᠵᠢᠬᠢᠷ ᠰᠠᠢᠬᠠᠨ ᠶᠠᠪᠤᠭᠳᠠᠵᠦ᠂ 《ᠳᠤᠮᠳᠠᠳᠤ ᠳ᠋ᠦ ᠪᠣᠯᠵᠣᠶ᠎ᠠ》 ᠳᠤᠮᠳᠠᠳᠤ ᠮᠣᠩᠭᠣᠯ ᠤ᠋ᠨ Z ᠦᠶ᠎ᠡ ᠶ᠋ᠢᠨ ᠵᠠᠯᠠᠭᠤᠰ ᠤ᠋ᠨ ᠵᠤᠰᠠᠯᠠᠩ ᠤ᠋ᠨ ᠰᠢᠷᠢᠰ ᠠᠵᠢᠯᠯᠠᠭ᠎ᠠ ᠳ᠋ᠦ ᠮᠤᠨᠭᠭᠤᠯ ᠤᠯᠤᠰ ᠡᠴᠡ 16 ᠬᠦᠮᠦᠨ᠂ ᠦᠪᠦᠷ ᠮᠤᠨᠭᠭᠤᠯ ᠤ᠋ᠨ 20 ᠭᠠᠷᠤᠢ ᠬᠦᠮᠦᠨ ᠤᠷᠤᠯᠴᠠᠵᠦ᠂ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠯᠠᠭᠤᠴᠤᠳ ᠤ᠋ᠨ ᠬᠣᠭᠣᠷᠣᠨᠳᠣᠬᠢ ᠨᠥᠬᠥᠷᠰᠡᠭ ᠰᠣᠯᠢᠯᠴᠠᠭ᠎ᠠ ᠵᠢ ᠭᠦᠨᠵᠡᠭᠡᠢᠷᠡᠭᠦᠯᠤᠨ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠣᠶᠣᠯ ᠢᠷᠭᠡᠨᠱᠢᠯ ᠤ᠋ᠨ ᠰᠣᠯᠢᠯᠴᠠᠭᠠᠨ ᠤ᠋ ᠬᠦᠰᠢᠭᠡ ᠵᠢ ᠰᠡᠬᠦᠭᠰᠡᠨ ᠶᠤᠮ᠃

ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ ᠠᠵᠤ ᠠᠬᠤᠶ ᠠᠷᠠᠯᠵᠢᠶ᠎ᠠ ᠬᠤᠳᠠᠯᠳᠤᠭ᠎ᠠ ᠵᠢᠨ ᠬᠠᠮᠲᠤᠷᠠᠯᠴᠠᠭ᠎ᠠ ᠪᠣᠯᠬᠤ ᠪᠡᠷ ᠪᠠᠷᠠᠬᠤ ᠦᠬᠡᠢ᠂ ᠪᠠᠰᠠ ᠰᠤᠶᠤᠯ ᠤᠷᠠᠯᠢᠭ ᠤ᠋ᠨ ᠰᠣᠯᠢᠯᠴᠠᠭ᠎ᠠ ᠲᠤᠯᠢᠳᠠᠯ ᠪᠤᠯᠵᠤ᠂ ᠬᠠᠮᠢᠶ᠎ᠠ ᠪᠦᠬᠦᠢ ᠤᠯᠤᠰ ᠪᠠ ᠡᠯ᠎ᠠ ᠡᠳᠡᠬᠡᠳ ᠤ᠋ᠨ ᠠᠨᠳᠠ ᠨᠦᠬᠦᠷᠯᠡᠯ ᠢ᠋ ᠤᠯᠠᠮ ᠵᠤᠵᠠᠭᠠᠳᠬᠠᠭᠰᠠᠨ ᠪᠠᠢᠨ᠎ᠠ᠃

2015 ᠣᠨ ᠤ᠋ 10 ᠰᠠᠷ᠎ᠠ ᠶ᠋ᠢᠨ 23 ᠤ᠋ ᠡᠳᠦᠷ᠂ ᠳᠤᠮᠳᠠᠳᠤ ᠮᠣᠩᠭᠣᠯ ᠤ᠋ᠨ ᠬᠡᠷᠡᠯ ᠵᠢᠷᠤᠭ ᠲᠣᠰᠣᠨ ᠵᠢᠷᠤᠭ ᠤ᠋ᠨ ᠦᠵᠡᠰᠭᠦᠯᠡᠩ ᠳ᠋ᠦ 60 ᠭᠠᠷᠤᠶ ᠪᠦᠲᠦᠭᠡᠯ ᠢ᠋ ᠳᠡᠯᠭᠡᠨ ᠦᠵᠡᠭᠦᠯᠵᠦ᠂ ᠰᠦᠷ ᠵᠢᠪᠬᠤᠯᠠᠩᠲᠤ ᠪᠠᠢᠭᠠᠯᠢ ᠶ᠋ᠢᠨ ᠦᠵᠡᠮᠵᠢ᠂ ᠲᠡᠦᠬᠡ ᠶ᠋ᠢᠨ ᠢᠮ ᠳᠠᠮᠠᠭ᠎ᠠ᠂ ᠪᠣᠷᠣᠭ᠍ᠵᠢᠭᠤᠨ ᠲᠥᠪᠯᠡᠭᠦᠨ ᠦᠨᠳᠦᠰᠦᠲᠡᠨ ᠤ᠋ ᠳᠦᠷᠰᠦ ᠪᠠᠢᠳᠠᠯ᠂ ᠠᠮᠤᠭᠤᠯᠠᠩ ᠳᠠᠢᠪᠤᠩ ᠠᠮᠢᠳᠤᠷᠠᠯ ᠠᠬᠤᠢ ᠵᠢ ᠳᠡᠯᠭᠡᠨ ᠦᠵᠡᠭᠦᠯᠵᠦ᠂ ᠰᠢᠯᠢᠳᠡᠭ ᠤᠳᠬ᠎ᠠ ᠤᠷᠠᠯᠢᠭ ᠤ᠋ᠨ ᠪᠦᠳᠦᠭᠡᠯ ᠢ᠋ᠶ᠋ᠡᠷ ᠲᠤᠮᠳᠠᠳᠦ ᠮᠤᠨᠭᠭᠤᠯ ᠬᠤᠶᠠᠷ ᠤᠯᠤᠰ ᠤ᠋ᠨ ᠠᠷᠠᠳ ᠲᠦᠮᠡᠨ ᠤ᠋ ᠤᠢᠯᠠᠭᠠᠯᠴᠠᠭ᠎ᠠ ᠰᠤᠯᠢᠯᠴᠠᠭ᠎ᠠ ᠵᠢ ᠨᠡᠮᠡᠭᠳᠡᠬᠦᠯᠵᠦ᠂ ᠰᠤᠶᠤᠯ ᠤᠷᠠᠯᠢᠭ ᠤ᠋ᠨ ᠬᠦᠷᠢᠶ᠎ᠠ ᠴᠠᠷᠠᠭ᠎ᠠ ᠵᠢᠨ ᠰᠤᠯᠢᠯᠴᠠᠭ᠎ᠠ ᠲᠤᠯᠢᠳᠠᠯ ᠢ᠋ ᠠᠬᠢᠭᠤᠯᠪᠠ᠃ ᠠᠩᠬᠠᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠡᠢᠨ ᠬᠦ᠌ ᠬᠦᠬᠡᠬᠤᠳᠠ ᠳ᠋ᠦ ᠨᠢᠵᠢᠬᠢᠷ ᠶᠠᠪᠤᠭ᠍ᠳᠠᠵᠤ᠂ ᠳᠤᠮᠳᠠᠳᠤ ᠮᠣᠩᠭᠣᠯ ᠤ᠋ᠨ ᠰᠣᠶᠣᠯ ᠤ᠋ᠨ ᠰᠣᠯᠢᠯᠴᠠᠭᠠᠨ ᠤ᠋ ᠭᠠᠷᠠᠭ ᠤ᠋ᠨ ᠡᠬᠢᠯᠡᠯᠲᠡ ᠶ᠋ᠢᠨ ᠦᠳᠡᠱᠢᠯᠡᠭᠡ ᠳ᠋ᠦ ᠬᠣᠶᠠᠷ ᠤᠯᠤᠰ ᠤ᠋ᠨ ᠤᠷᠠᠯᠢᠭ᠍ᠴᠢᠳ ᠬᠠᠮᠳᠤᠷᠠᠭᠰᠠᠨ ᠲᠣᠭ᠍ᠯᠠᠯᠲᠠ ᠭᠠᠷᠭᠠᠨ᠂ ᠦᠵᠡᠰᠭᠦᠯᠡᠩ ᠤ᠋ᠨ ᠴᠤᠭ᠍ᠯᠠᠭᠠᠨ ᠤ᠋ ᠬᠤᠭᠤᠴᠠᠭᠠᠨ ᠳ᠋ᠦ ᠳᠤᠮᠳᠠᠳᠤ ᠮᠣᠩᠭᠣᠯ ᠤ᠋ᠨ ᠭᠡᠷᠡᠯ ᠵᠢᠷᠤᠭ ᠲᠤᠰᠤᠨ ᠪᠤᠳᠤᠭ ᠤ᠋ᠨ ᠵᠢᠷᠤᠭ ᠤ᠋ᠨ ᠦᠵᠡᠭᠦᠯᠭᠡ ᠵᠢ ᠰᠤᠨᠢᠷᠬᠠᠭᠰᠠᠨ ᠬᠦᠮᠦᠨ 20 ᠲᠦᠮᠡᠨ ᠬᠥᠮᠦᠨ ᠤᠳᠠᠭ᠎ᠠ ᠵᠢ ᠲᠠᠪᠠᠭᠰᠠᠨ ᠪᠢᠯᠡ᠃

ᠠᠩᠬᠠᠳᠤᠭᠠᠷ ᠬᠤᠭᠤᠴᠠᠭᠠᠨ ᠤ᠋ 《ᠲᠠᠯ᠎ᠠ ᠨᠤᠲᠤᠭ ᠤ᠋ᠨ ᠪᠣᠯᠵᠣᠭ᠎ᠠ》 ᠣᠯᠠᠨ ᠤᠯᠤᠰ ᠤ᠋ᠨ ᠨᠡᠭᠦᠳᠡᠯ ᠮᠠᠯᠵᠢᠯ ᠤ᠋ᠨ ᠳᠠᠭᠤᠤ ᠬᠥᠭ᠌ᠵᠢᠮ ᠤ᠋ᠨ ᠨᠠᠢᠷ 2017 ᠣᠨ ᠤ᠋ 9 ᠰᠠᠷ᠎ᠠ ᠶ᠋ᠢᠨ 27 ᠤ᠋ ᠡᠳᠦᠷ ᠬᠦᠬᠡᠬᠤᠳᠠ ᠳ᠋ᠦ ᠶᠠᠪᠤᠭᠳᠠᠵᠦ᠂ ᠮᠣᠩᠭᠣᠯ᠂ ᠣᠷᠣᠰ᠂ ᠺᠠᠽᠠᠭ᠍ᠰᠲ᠋ᠠᠨ ᠤ᠋ ᠤᠷᠠᠯᠢᠭᠴᠢᠳ ᠪᠤᠯᠤᠨ ᠳᠤᠮᠳᠠᠳᠤ ᠤᠯᠤᠰ ᠤ᠋ᠨ ᠱᠢᠯᠢᠳᠡᠭ ᠤᠷᠠᠯᠢᠭ᠍ᠴᠢᠳ ᠬᠠᠮᠲᠤ ᠪᠠᠷ ᠲᠣᠭ᠍ᠯᠠᠯᠲᠠ ᠭᠠᠷᠭᠠᠵᠤ᠂ ᠬᠤᠶᠠᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠬᠢᠯᠠᠰ ᠴᠡᠭ ᠪᠤᠯᠵᠠᠢ᠃

2019 ᠣᠨ ᠳ᠋ᠦ᠂ ᠮᠣᠩᠭᠣᠯ ᠤᠯᠤᠰ ᠤ᠋ᠨ ᠳᠠᠭᠤᠯᠠᠯᠳᠦ ᠵᠦᠴᠦᠭᠡ 《ᠤᠴᠢᠷᠳᠠᠢ ᠭᠤᠷᠪᠠᠨ ᠲᠤᠯᠤᠭᠠᠢ》᠂ ᠲᠣᠷᠭᠠᠨ ᠵᠠᠮ ᠪᠣᠯᠤᠨ ᠶᠤᠸᠠᠨ ᠤᠯᠤᠰ ᠤ᠋ᠨ ᠬᠥᠬᠡ ᠬᠤᠸᠠᠷᠲᠤ ᠱᠠᠭᠠᠵᠠᠩ ᠤ᠋ᠨ ᠣᠯᠠᠨ ᠤᠯᠤᠰ ᠤ᠋ᠨ ᠡᠷᠳᠡᠮ ᠱᠢᠨᠵᠢᠯᠡᠭᠡᠨ ᠤ᠋ ᠰᠤᠳᠤᠯᠤᠨ ᠶᠠᠷᠢᠯᠴᠠᠬᠤ ᠬᠤᠷᠠᠯ᠂ ᠵᠡᠭᠦᠨ ᠬᠣᠢᠲᠤ ᠠᠽᠢᠶ᠎ᠠ ᠶ᠋ᠢᠨ ᠤᠯᠤᠰ ᠤ᠋ᠳ ᠤ᠋ᠨ ᠲᠣᠰᠣᠨ ᠪᠤᠳᠤᠭ ᠤ᠋ᠨ ᠵᠢᠷᠤᠭ ᠤ᠋ᠨ ᠦᠵᠡᠰᠭᠦᠯᠡᠩ ᠵᠡᠷᠭᠡ ᠣᠯᠠᠨ ᠵᠦᠶ᠋ᠯ ᠤ᠋ᠨ ᠰᠤᠶᠤᠯ ᠤᠷᠠᠯᠢᠭ ᠤ᠋ᠨ ᠠᠵᠢᠯᠯᠠᠭ᠎ᠠ ᠶᠠᠪᠤᠭᠳᠠᠵᠦ᠂ ᠭᠤᠷᠪᠠᠳᠤᠭᠠᠷ ᠬᠤᠭᠤᠴᠠᠭᠠᠨ ᠤ᠋ ᠲᠤᠮᠳᠠᠳᠤ ᠮᠤᠩᠭᠤᠯ ᠤ᠋ᠨ ᠦᠵᠡᠰᠭᠦᠯᠡᠩ ᠤ᠋ᠨ ᠴᠤᠭᠯᠠᠭᠠᠨ ᠤ᠋ ᠰᠠᠢᠬᠠᠨ ᠲᠤᠷᠠᠳᠬᠠᠯ ᠪᠣᠯᠵᠠᠢ᠃

2023 ᠤᠨ ᠳ᠋ᠦ᠂ 《ᠦᠪᠦᠷ ᠮᠤᠨᠭᠭᠤᠯ ᠤ᠋ᠨ ᠦᠨᠦᠷ ᠠᠮᠳᠠ》 ᠵᠢᠴᠢ ᠤᠯᠠᠨ ᠤᠯᠤᠰ ᠤ᠋ᠨ ᠠᠮᠳᠠᠳᠦ ᠢᠳᠡᠭᠡᠨ ᠤ᠋ ᠰᠤᠶᠤᠯ ᠤ᠋ᠨ ᠰᠤᠯᠢᠯᠴᠠᠭᠠᠨ ᠤ᠋ ᠠᠵᠢᠯᠯᠠᠭ᠎ᠠ ᠵᠢ ᠠᠩᠬ᠎ᠠ ᠤᠳᠠᠭ᠎ᠠ ᠲᠤᠮᠳᠠᠳᠦ ᠮᠤᠨᠭᠭᠤᠯ ᠤ᠋ᠨ ᠦᠵᠡᠰᠬᠦᠯᠡᠩ ᠤ᠋ᠨ ᠴᠤᠭᠯᠠᠭᠠᠨ ᠳ᠋ᠦ ᠤᠷᠤᠭᠤᠯᠵᠦ᠂ ᠰᠢᠨᠡᠴᠢᠯᠠᠯᠳᠠ ᠲᠠᠢ᠂ ᠳᠠᠪᠰᠢᠯᠳᠠ ᠲᠠᠢ ᠦᠵᠡᠰᠬᠦᠯᠡᠩ ᠤ᠋ᠨ ᠴᠤᠭᠯᠠᠭᠠᠨ ᠨᠢ ᠬᠦᠮᠦᠰ ᠤ᠋ᠨ ᠬᠦᠷᠢᠶᠡᠯᠡᠯ ᠢ᠋ ᠤᠯᠵᠦ᠂ ᠨᠡᠩ ᠦᠷᠭᠡᠨ ᠬᠦᠷᠢᠶ᠎ᠠ ᠴᠠᠷᠠᠭ᠎ᠠ᠂ ᠨᠡᠩ ᠬᠦᠨ ᠳᠠᠪᠬᠤᠷᠭ᠎ᠠ ᠡᠴᠡ ᠰᠤᠶᠤᠯ ᠤ᠋ᠨ ᠬᠠᠷᠢᠯᠴᠠᠭ᠎ᠠ ᠰᠤᠯᠢᠯᠴᠠᠭ᠎ᠠ ᠲᠤᠯᠢᠳᠠᠯ ᠬᠢᠵᠦ᠂ ᠲᠤᠮᠳᠠᠳᠦ ᠮᠤᠨᠭᠭᠤᠯ ᠬᠤᠶᠠᠷ ᠤᠯᠤᠰ ᠤ᠋ᠨ ᠬᠠᠷᠢᠯᠴᠠᠭ᠎ᠠ ᠨᠦᠬᠦᠷᠯᠡᠯ ᠳ᠋ᠦ ᠴᠢᠮᠡᠭ ᠨᠡᠮᠡᠵᠡᠢ᠃

ᠲᠣᠷᠭᠠᠨ ᠵᠠᠮ ᠰᠤᠨᠤᠯᠵᠠᠵᠦ᠂ ᠰᠣᠶᠣᠯ ᠤᠷᠠᠯᠢᠭ ᠤ᠋ᠨ ᠰᠣᠯᠢᠯᠴᠠᠭ᠎ᠠ ᠨᠢᠭᠳᠠᠷᠠᠨ᠂ ᠨᠠᠢᠵᠠ ᠵᠢᠨ ᠬᠠᠷᠢᠴᠠᠭ᠎ᠠ ᠵᠤᠵᠠᠭᠠᠷᠠᠨ᠎ᠠ᠃ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠨᠢ ᠳᠤᠮᠳᠠᠳᠤ ᠮᠣᠩᠭᠣᠯ ᠤ᠋ᠨ ᠬᠣᠭᠣᠷᠣᠨᠳᠣᠬᠢ ᠠᠵᠤ ᠠᠬᠤᠶ ᠶ᠋ᠢᠨ ᠬᠠᠷᠢᠴᠠᠭ᠎ᠠ ᠬᠣᠯᠪᠣᠭ᠎ᠠ ᠵᠢ ᠡᠳᠦᠷ ᠢᠷᠡᠬᠦᠶ᠎ᠡ ᠨᠢᠭ᠍ᠲᠠᠷᠠᠭᠤᠯᠤᠭᠰᠠᠨ ᠪᠤᠯ ᠰᠣᠶᠣᠯ ᠤᠷᠠᠯᠢᠭ ᠤ᠋ᠨ ᠰᠤᠯᠢᠯᠴᠠᠭ᠎ᠠ ᠨᠢ ᠬᠣᠶᠠᠷ ᠤᠯᠤᠰ ᠤ᠋ᠨ ᠠᠷᠠᠳ ᠲᠦᠮᠡᠨ ᠤ᠋ ᠨᠦᠬᠦᠷᠯᠡᠯ ᠢ᠋ ᠲᠠᠰᠤᠷᠠᠯᠲᠠ ᠥᠬᠡᠶ ᠭᠦᠨᠵᠡᠭᠡᠢᠷᠡᠭᠦᠯᠪᠠ᠃

2019 ᠣᠨ ᠳ᠋ᠦ ᠳᠤᠮᠳᠠᠳᠤ ᠮᠣᠩᠭᠣᠯ ᠬᠣᠶᠠᠷ ᠤᠯᠤᠰ ᠤ᠋ᠨ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 70 ᠵᠢᠯ ᠤ᠋ᠨ ᠤᠢ ᠲᠤᠬᠢᠶᠠᠵᠦ᠂ 《ᠳᠤᠮᠳᠠᠳᠤ ᠤᠯᠤᠰ ᠢ᠋ ᠮᠡᠳᠡᠷᠡᠬᠦᠢ》 ᠳᠤᠮᠳᠠᠳᠤ ᠮᠣᠩᠭᠣᠯ ᠤ᠋ᠨ ᠬᠠᠷᠢᠯᠴᠠᠭ᠎ᠠ ᠪᠠᠢᠭᠤᠯᠤᠭ᠍ᠰᠠᠨ 70 ᠵᠢᠯ ᠤ᠋ᠨ ᠤᠢ ᠵᠢ ᠳᠤᠷᠠᠰᠭᠠᠬᠤ ᠱᠢᠷᠢᠰ ᠰᠣᠶᠣᠯ ᠤ᠋ᠨ ᠠᠵᠢᠯᠯᠠᠭ᠎ᠠ ᠮᠣᠩᠭᠣᠯ ᠤᠯᠤᠰ ᠤ᠋ᠨ ᠨᠡᠢᠰᠯᠡᠯ ᠤᠯᠠᠭᠠᠨᠪᠠᠭᠠᠲᠤᠷ ᠲᠦ᠍ ᠶᠠᠪᠤᠭᠳᠠᠨ᠂ ᠦᠵᠡᠰᠬᠦᠯᠡᠩ ᠦᠵᠡᠭᠦᠯᠭᠡ᠂ ᠤᠷᠠᠨ ᠰᠠᠢᠬᠠᠨ ᠤ᠋ ᠲᠣᠭ᠍ᠯᠠᠯᠲᠠ᠂ ᠺᠢᠨᠣ᠋ ᠶ᠋ᠢᠨ ᠦᠵᠡᠭᠦᠯᠭᠡ᠂ ᠮᠣᠩᠭᠣᠯ ᠡᠮᠨᠡᠯᠭᠡ ᠶ᠋ᠢᠨ ᠠᠯᠪᠠᠨ ᠵᠢᠷᠤᠮ ᠤ᠋ᠨ ᠡᠮᠴᠢᠯᠡᠭᠡ᠂ ᠪᠡᠶ᠎ᠡ ᠶ᠋ᠢᠨ ᠲᠠᠮᠢᠷ ᠤ᠋ᠨ ᠰᠣᠯᠢᠯᠴᠠᠭ᠎ᠠ᠂ ᠵᠢᠭᠤᠯᠴᠢᠯᠠᠯ ᠤ᠋ᠨ ᠲᠠᠨᠢᠯᠴᠠᠭᠤᠯᠭ᠎ᠠ ᠵᠡᠷᠭᠡ ᠵᠢ ᠪᠠᠭ᠍ᠲᠠᠭᠠᠭ᠍ᠰᠠᠨ 20 ᠭᠠᠷᠤᠶ ᠵᠦᠢᠯ ᠤ᠋ᠨ ᠠᠵᠢᠯᠯᠠᠭ᠎ᠠ ᠶᠠᠪᠤᠭᠳᠠᠵᠠᠢ᠃ 《ᠮᠠᠨ ᠤ᠋ ᠨᠥᠬᠥᠷᠯᠡᠯ ᠬᠡᠷᠡᠯ ᠵᠢᠷᠤᠭ ᠤ᠋ᠨ ᠦᠵᠡᠰᠭᠦᠯᠡᠩ》᠂ 《ᠳᠤᠮᠳᠠᠳᠤ ᠤᠯᠤᠰ ᠤ᠋ᠨ ᠬᠠᠳᠭᠤᠮᠠᠯ ᠤᠷᠠᠯᠢᠭ ᠤ᠋ᠨ ᠦᠵᠡᠰᠭᠦᠯᠡᠩ》᠂ 《ᠲᠦᠮᠡᠨ ᠭᠠᠵᠠᠷ ᠤ᠋ᠨ ᠴᠠᠶ ᠶ᠋ᠢᠨ ᠵᠠᠮ ᠤ᠋ᠨ ᠦᠵᠡᠰᠭᠦᠯᠡᠩ》᠂ 《ᠮᠣᠩᠭᠣᠯ ᠮᠣᠷᠢᠨ ᠤ᠋ ᠤᠷᠠᠨ ᠵᠢᠷᠤᠭ ᠤ᠋ᠨ ᠪᠦᠲᠦᠭᠡᠯ ᠤ᠋ᠨ ᠦᠵᠡᠰᠭᠦᠯᠡᠩ》 ᠨᠢ ᠮᠣᠩᠭᠣᠯ ᠤᠯᠤᠰ ᠤ᠋ᠨ ᠦᠵᠡᠭ᠌ᠴᠢᠳ ᠲᠦ᠍ ᠳᠤᠮᠳᠠᠳᠤ ᠤᠯᠤᠰ ᠤ᠋ᠨ ᠤᠯᠠᠮᠵᠢᠯᠠᠯᠲᠤ ᠰᠣᠶᠣᠯ ᠢ᠋ ᠨᠠᠩ ᠭᠦᠨᠵᠡᠭᠡᠶ ᠣᠢᠯᠠᠭᠠᠭᠤᠯᠤᠭᠰᠠᠨ ᠠᠵᠢ᠃

ᠺᠢᠨᠣ᠋ ᠵᠦᠴᠦᠭᠡ ᠪᠤᠯ ᠰᠣᠶᠣᠯ ᠤᠷᠠᠯᠢᠭ ᠤ᠋ᠨ ᠰᠤᠯᠢᠯᠴᠠᠭ᠎ᠠ ᠵᠢᠨ ᠴᠢᠬᠤᠯᠠ ᠠᠴᠢᠶᠠᠯᠠᠪᠤᠷᠢ ᠶᠤᠮᠰᠠᠨ᠃ 2018 ᠣᠨ ᠡᠴᠡ ᠡᠬᠢᠯᠡᠨ᠂ ᠥᠪᠥᠷ ᠮᠣᠩᠭᠣᠯ ᠤ᠋ᠨ ᠦᠨᠳᠦᠰᠦᠲᠡᠨ ᠤ᠋ ᠬᠡᠯᠡᠨ ᠤ᠋ ᠺᠢᠨᠣ᠋ ᠣᠷᠴᠢᠭᠤᠯᠤᠨ ᠦᠶ᠋ᠯᠡᠳᠬᠦ᠌ ᠲᠥᠪ 4 ᠵᠢᠯ ᠳᠠᠷᠠᠭᠠᠯᠠᠨ ᠮᠣᠩᠭᠣᠯ ᠤᠯᠤᠰ ᠲᠦ᠍ 《ᠳᠤᠮᠳᠠᠳᠤ ᠤᠯᠤᠰ ᠤ᠋ᠨ ᠺᠢᠨᠣ᠋ ᠶ᠋ᠢᠨ ᠳᠡᠯᠭᠡᠨ ᠦᠵᠡᠭᠦᠯᠭᠡ》 ᠶ᠋ᠢᠨ ᠠᠵᠢᠯᠯᠠᠭ᠎ᠠ ᠶᠠᠪᠤᠭᠤᠯᠵᠦ᠍᠂ ᠠᠳᠠᠯᠢ ᠪᠤᠰᠤ ᠰᠡᠳᠦᠪ᠂ ᠠᠳᠠᠯᠢ ᠪᠤᠰᠤ ᠲᠥᠷᠥᠯ ᠬᠡᠯᠪᠡᠷᠢ ᠶ᠋ᠢᠨ ᠱᠢᠯᠢᠳᠡᠭ ᠺᠢᠨᠣ᠋ ᠵᠢ ᠣᠷᠴᠢᠭᠤᠯᠤᠨ ᠬᠦᠷᠭᠡᠵᠦ᠂ ᠠᠳᠠᠯᠢ ᠪᠤᠰᠤ ᠬᠠᠷᠠᠭᠠᠰᠤ ᠡᠴᠡ ᠳᠤᠮᠳᠠᠳᠤ ᠤᠯᠤᠰ ᠤ᠋ᠨ ᠨᠡᠢᠭᠡᠮ ᠪᠠ ᠳᠤᠮᠳᠠᠳᠤ ᠤᠯᠤᠰ ᠤ᠋ᠨ ᠠᠷᠠᠳ ᠲᠦᠮᠡᠨ ᠤ᠋ ᠠᠮᠢᠳᠤᠷᠠᠯ ᠤ᠋ᠨ ᠬᠤᠪᠢᠷᠠᠯᠲᠠ ᠬᠦᠭᠵᠢᠯᠳᠡ ᠵᠢ ᠳᠡᠯᠭᠡᠨ ᠦᠵᠡᠭᠦᠯᠵᠦ᠍᠂ ᠺᠢᠨᠣ᠋ ᠵᠦᠴᠦᠭᠡ ᠵᠢᠨ ᠬᠡᠯᠪᠡᠷᠢ ᠪᠡᠷ ᠰᠣᠶᠣᠯ ᠤᠷᠠᠯᠢᠭ ᠤ᠋ᠨ ᠰᠣᠯᠢᠯᠴᠠᠭ᠎ᠠ ᠪᠠ ᠪᠣᠯᠪᠠᠰᠤᠨ ᠢ᠋ ᠬᠠᠷᠢᠯᠴᠠᠨ ᠲᠣᠯᠢᠳᠠᠵᠤ᠂ ᠭᠤᠤ᠎ᠠ ᠰᠠᠢᠬᠠᠨ ᠢ᠋ ᠬᠠᠮᠲᠤ ᠪᠠᠷ ᠡᠳ᠋ᠯᠡᠪᠡ᠃

ᠰᠤᠶᠤᠯ ᠪᠣᠯᠪᠠᠰᠤᠨ ᠶᠡᠷᠤ ᠨᠢ ᠰᠣᠯᠢᠯᠴᠠᠭ᠎ᠠ ᠪᠠᠷ ᠲᠠᠮᠵᠢᠨ ᠳᠡᠯᠭᠡᠷᠡᠵᠦ᠂ ᠬᠠᠷᠢᠯᠴᠠᠨ ᠲᠣᠯᠢᠯᠠᠬᠤ ᠪᠠᠷ ᠳᠠᠮᠵᠢᠨ ᠪᠠᠶᠠᠯᠢᠭᠵᠢᠳᠠᠭ᠃ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ ᠤ᠋ ᠬᠤᠪᠢ ᠳ᠋ᠦ᠂ ᠮᠠᠨ ᠤ᠋ ᠤᠷᠤᠨ ᠣᠯᠠᠨ ᠵᠦᠶ᠋ᠯ ᠤ᠋ᠨ ᠰᠣᠶᠣᠯ ᠤᠷᠠᠯᠢᠭ ᠤ᠋ᠨ ᠰᠣᠯᠢᠯᠴᠠᠭᠠᠨ ᠤ᠋ ᠠᠵᠢᠯᠯᠠᠭ᠎ᠠ ᠦᠷᠨᠢᠬᠦᠯᠵᠤ ᠳᠤᠮᠳᠠᠳᠤ ᠮᠣᠩᠭᠣᠯ ᠤ᠋ᠨ ᠠᠵᠤ ᠠᠬᠤᠶ ᠶ᠋ᠢᠨ ᠬᠣᠩᠭᠢᠯ ᠢ᠋ ᠴᠢᠮᠡᠭ᠌ᠯᠡᠭᠰᠡᠨ ᠶᠤᠮ᠃

2023 ᠤᠨ ᠤ᠋ 8 ᠰᠠᠷ᠎ᠠ ᠶ᠋ᠢᠨ 15 ᠤ᠋ ᠡᠳᠦᠷ᠂ ᠥᠪᠥᠷ ᠮᠣᠩᠭᠣᠯ ᠤ᠋ᠨ ᠦᠪᠡᠷᠳᠡᠬᠡᠨ ᠵᠠᠰᠠᠬᠤ ᠤᠷᠤᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠡᠷᠭᠢᠯᠡᠭ᠌ᠰᠡᠨ 《ᠨᠥᠬᠥᠷᠯᠡᠯ ᠡᠩᠬᠡ ᠲᠠᠢᠪᠤᠩ ᠵᠠᠯᠠᠭᠤ ᠡᠯᠴᠢ》 ᠳᠤᠮᠳᠠᠳᠤ ᠣᠷᠣᠰ ᠮᠣᠩᠭᠣᠯ ᠤ᠋ᠨ ᠲᠦᠮᠡᠨ ᠭᠠᠵᠠᠷ ᠤ᠋ᠨ ᠴᠠᠶ ᠶ᠋ᠢᠨ ᠵᠠᠮ ᠤ᠋ᠨ ᠵᠠᠯᠠᠭᠤᠴᠤᠳ ᠪᠠᠭᠠᠴᠤᠳ ᠤ᠋ᠨ ᠵᠢᠭᠤᠯᠴᠢᠯᠠᠯ ᠤ᠋ᠨ ᠵᠤᠰᠠᠯᠠᠩ ᠤ᠋ᠨ ᠠᠩᠬᠠᠨ ᠤ᠋ ᠥᠷᠲᠡᠭᠡ ᠮᠠᠨᠵᠤᠤᠷ ᠬᠣᠲᠠ ᠳ᠋ᠦ ᠬᠥᠷᠴᠠᠢ᠃ ᠳᠤᠮᠳᠠᠳᠤ ᠤᠷᠤᠰ ᠮᠣᠩᠭᠣᠯ ᠭᠤᠷᠪᠠᠨ ᠤᠯᠤᠰ ᠤ᠋ᠨ 70 ᠭᠠᠷᠤᠢ ᠵᠠᠯᠠᠭᠤᠴᠤᠳ ᠪᠠᠭᠠᠴᠤᠳ ᠨᠥᠬᠥᠷᠯᠡᠯ ᠤ᠋ᠨ 《ᠪᠢᠴᠢᠬᠠᠨ ᠡᠯᠴᠢ》 ᠵᠢᠨ ᠬᠤᠪᠢ ᠪᠡᠷ ᠳᠤᠮᠳᠠᠳᠤ ᠤᠯᠤᠰ ᠤ᠋ᠨ ᠤᠯᠠᠮᠵᠢᠯᠠᠯᠲᠤ ᠰᠣᠶᠣᠯ ᠢ᠋ ᠣᠢᠯᠠᠭᠠᠪᠠ᠃ ᠳᠤᠮᠳᠠᠳᠤ ᠣᠷᠣᠰ ᠮᠣᠩᠭᠣᠯ ᠭᠤᠷᠪᠠᠨ ᠤᠯᠤᠰ ᠲᠦ᠍ ᠡᠭᠡᠯᠵᠢᠯᠡᠨ ᠶᠠᠪᠤᠭᠳᠠᠬᠤ 《ᠨᠥᠬᠥᠷᠯᠡᠯ ᠡᠩᠬᠡ ᠲᠠᠢᠪᠤᠩ ᠵᠠᠯᠠᠭᠤ ᠡᠯᠴᠢ》 ᠵᠠᠯᠠᠭᠤᠴᠤᠳ ᠪᠠᠭᠠᠴᠤᠳ ᠤ᠋ᠨ ᠰᠣᠯᠢᠯᠴᠠᠭᠠᠨ ᠤ᠋ ᠠᠵᠢᠯᠯᠠᠭ᠎ᠠ ᠦᠨᠤ ᠨᠢᠬᠡᠨᠳᠡ ᠣᠯᠠᠨ ᠤᠯᠤᠰ ᠤ᠋ᠨ ᠰᠤᠶᠤᠯ ᠵᠢᠭᠤᠯᠴᠢᠯᠠᠯ ᠤ᠋ᠨ ᠲᠦᠷᠦᠯ ᠲᠡᠮᠳᠡᠭ ᠪᠣᠯᠤᠭᠰᠠᠨ ᠪᠢᠯᠡ᠃

2019 ᠣᠨ ᠳ᠋ᠦ᠂ ᠮᠣᠩᠭᠣᠯ ᠤᠯᠤᠰ ᠲᠦ᠍ ᠶᠠᠪᠤᠭ᠍ᠳᠠᠭ᠍ᠰᠠᠨ 《ᠶᠡᠬᠡ ᠯᠢᠶᠣᠤ ᠤᠯᠤᠰ ᠤ᠋ᠨ ᠬᠢᠳᠠᠨ — ᠳᠤᠮᠳᠠᠳᠤ ᠤᠯᠤᠰ ᠤ᠋ᠨ ᠥᠪᠥᠷ ᠮᠣᠩᠭᠣᠯ ᠤ᠋ᠨ ᠯᠢᠶᠣᠤ ᠤᠯᠤᠰ ᠤ᠋ᠨ ᠦᠶ᠎ᠡ ᠶ᠋ᠢᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠤ᠋ᠨ ᠰᠣᠳᠣᠨ ᠪᠦᠲᠦᠭᠡᠯ ᠤ᠋ᠨ ᠦᠵᠡᠰᠭᠦᠯᠡᠩ》 ᠳ᠋ᠦ 450 ᠬᠤᠪᠢ ᠰᠣᠳᠣᠨ ᠲᠡᠦᠬᠡ ᠶ᠋ᠢᠨ ᠳᠤᠷᠠᠰᠭᠠᠯᠲᠤ ᠵᠦᠶ᠋ᠯ ᠨᠢ ᠮᠣᠩᠭᠣᠯ ᠤᠯᠤᠰ ᠤ᠋ᠨ ᠦᠵᠡᠭ᠌ᠴᠢᠳ ᠲᠦ᠍ ᠳᠤᠮᠳᠠᠳᠤ ᠤᠯᠤᠰ ᠤ᠋ᠨ ᠰᠣᠶᠣᠯ ᠤ᠋ᠨ ᠪᠠᠶᠠᠯᠢᠭ ᠰᠠᠢᠬᠠᠨ ᠢ᠋ ᠮᠡᠳᠡᠷᠡᠭᠦᠯᠪᠡ᠃ ᠮᠠᠨ ᠤ᠋ ᠤᠯᠤᠰ ᠤ᠋ᠨ ᠬᠠᠭᠤᠴᠢ ᠰᠤᠳᠤᠯᠤᠯ ᠤ᠋ᠨ ᠠᠵᠢᠯᠲᠠᠳ ᠪᠠᠰᠠ ᠮᠣᠩᠭᠣᠯ ᠤᠯᠤᠰ ᠤ᠋ᠨ ᠬᠠᠮᠢᠶ᠎ᠠ ᠪᠦᠬᠦᠢ ᠪᠠᠢᠭᠤᠯᠭ᠎ᠠ ᠨᠢᠭᠡᠴᠢ ᠲᠠᠢ ᠬᠠᠮᠳᠤᠷᠠᠨ ᠬᠠᠭᠤᠴᠢ ᠰᠤᠳᠤᠯᠤᠯ ᠤ᠋ᠨ ᠬᠣᠯᠪᠣᠭᠠᠲᠤ ᠠᠩᠭᠢ ᠵᠢ ᠪᠠᠢᠭᠤᠯᠵᠤ᠂ 《ᠲᠠᠯ᠎ᠠ ᠨᠤᠲᠤᠭ ᠤ᠋ᠨ ᠲᠣᠷᠭᠠᠨ ᠵᠠᠮ ᠤ᠋ᠨ ᠬᠠᠭᠤᠴᠢ ᠰᠤᠳᠤᠯᠤᠯ ᠬᠢᠭᠡᠳ ᠲᠦᠮᠡᠨ ᠭᠠᠵᠠᠷ ᠤ᠋ᠨ ᠴᠠᠶ ᠶ᠋ᠢᠨ ᠵᠠᠮ ᠤ᠋ᠨ ᠰᠣᠶᠣᠯ ᠤ᠋ᠨ ᠥᠪ ᠤ᠋ᠨ ᠪᠠᠢᠴᠠᠭᠠᠯᠲᠠ》 ᠶ᠋ᠢᠨ ᠲᠥᠷᠥᠯ ᠵᠦᠶ᠋ᠯ ᠢ᠋ ᠬᠢᠭᠰᠡᠨ ᠪᠠᠢᠨ᠎ᠠ᠃

ᠪᠠᠶᠠᠯᠢᠭ ᠠᠭᠤᠯᠭ᠎ᠠ ᠲᠠᠶ ᠰᠣᠶᠣᠯ ᠤᠷᠠᠯᠢᠭ ᠤ᠋ᠨ ᠰᠣᠯᠢᠯᠴᠠᠭᠠᠨ ᠤ᠋ ᠠᠵᠢᠯᠯᠠᠭ᠎ᠠ ᠨᠢ ᠲᠤᠮᠳᠠᠳᠤ ᠮᠤᠩᠭᠤᠯ ᠬᠣᠶᠠᠷ ᠤᠯᠤᠰ ᠤ᠋ᠨ ᠠᠷᠠᠳ ᠲᠦᠮᠡᠨ ᠤ᠋ ᠰᠡᠳᠭᠢᠯ ᠢ᠋ ᠣᠢᠷᠠᠲᠤᠭᠤᠯᠵᠤ᠂ ᠲᠤᠮᠳᠠᠳᠤ ᠮᠤᠩᠭᠤᠯ ᠬᠣᠶᠠᠷ ᠤᠯᠤᠰ ᠤ᠋ᠨ ᠠᠷᠠᠳ ᠲᠦᠮᠡᠨ ᠤ᠋ ᠨᠥᠬᠥᠷᠯᠡᠯ ᠢ᠋ ᠭᠦᠨᠵᠡᠭᠡᠢᠷᠡᠭᠦᠯᠤᠨ᠂ ᠮᠣᠩᠭᠣᠯ ᠤᠯᠤᠰ ᠤ᠋ᠨ ᠠᠷᠠᠳ ᠲᠦᠮᠡᠨ ᠪᠣᠯᠤᠨ ᠡᠯ᠎ᠡ ᠡᠲᠡᠭᠡᠳ ᠤ᠋ᠨ ᠬᠥᠮᠦᠰ ᠲᠦ᠍ ᠳᠤᠮᠳᠠᠳᠤ ᠤᠯᠤᠰ ᠢ᠋ ᠣᠢᠯᠠᠭᠠᠭᠤᠯᠵᠤ᠂ ᠥᠪᠥᠷ ᠮᠣᠩᠭᠣᠯ ᠤ᠋ᠨ ᠬᠥᠭ᠌ᠵᠢᠯᠲᠡ ᠵᠢ ᠣᠢᠯᠠᠭᠠᠭᠤᠯᠤᠭ᠍ᠰᠠᠨ ᠵᠢᠡᠷ ᠳᠤᠮᠳᠠᠳᠤ ᠮᠣᠩᠭᠣᠯ ᠬᠤᠶᠠᠷ ᠤᠯᠤᠰ ᠤ᠋ᠨ ᠪᠦᠬᠦ ᠲᠠᠯ᠎ᠠ ᠵᠢᠨ ᠬᠠᠮᠳᠤᠷᠠᠯᠴᠠᠭ᠎ᠠ ᠵᠢ ᠠᠬᠢᠭᠤᠯᠬᠤ ᠠᠯᠳᠠᠨ ᠬᠦᠬᠦᠷᠬᠡ ᠪᠤᠯᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面