ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-19 09:46:37

ᠵᠣᠬᠢᠶᠠᠭ᠍ᠴᠢ᠄ ᠭᠤᠤ ᠬᠤᠩ ᠯᠢᠶᠠᠨ ᠣᠩᠱᠢᠭ᠍ᠰᠠᠨ ᠣᠳᠠᠭ᠎ᠠ᠄ 3

— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ④


ᠡᠨᠡ ᠵᠢᠯ ᠤ᠋ᠨ ᠲᠦᠷᠤᠬᠦᠤ 7 ᠰᠠᠷ᠎ᠠ ᠳ᠋ᠤ ᠭᠠᠭ᠍ᠴᠠᠮᠤᠳᠤ ᠬᠢᠯᠢ ᠵᠢᠨ ᠪᠣᠭᠣᠮᠲᠠ ᠵᠢᠨ AGV ᠬᠢᠯᠢ ᠠᠯᠤᠰᠯᠠᠭ᠍ᠰᠠᠨ ᠲᠡᠭᠡᠭᠡᠪᠦᠷᠢ ᠵᠢᠨ ᠵᠠᠮ ᠵᠢᠡᠷ 13.5 ᠲᠦᠮᠡᠨ ᠲᠡᠷᠬᠡ ᠤᠳᠠᠭ᠎ᠠ ᠵᠢᠨ AGV ᠵᠢᠯᠤᠭᠤᠴᠢ ᠦᠬᠡᠢ ᠮᠠᠰᠢᠨ ᠲᠡᠷᠬᠡ ᠬᠢᠯᠢ ᠪᠡᠷ ᠤᠷᠤᠵᠤ ᠢᠷᠡᠨ᠂ ᠲᠠᠬᠡᠬᠡᠪᠤᠷᠢᠯᠡᠭᠰᠡᠨ ᠪᠠᠷᠠᠭᠠᠨ ᠤ᠋ ᠬᠡᠮᠵᠢᠶ᠎ᠡ ᠨᠢ 900 ᠲᠦᠮᠡᠨ ᠲᠣᠨ ᠢ᠋ ᠲᠠᠪᠠᠪᠠ᠃ 2022 ᠣᠨ ᠤ᠋ 7 ᠰᠠᠷ᠎ᠠ ᠳ᠋ᠤ ᠭᠠᠭ᠍ᠴᠠᠮᠤᠳᠤ ᠬᠢᠯᠢ ᠵᠢᠨ ᠪᠣᠭᠣᠮᠲᠠ ᠠᠩᠬ᠎ᠠ ᠤᠳᠠᠭ᠎ᠠ AGV ᠬᠢᠯᠢ ᠠᠯᠤᠰᠯᠠᠬᠰᠠᠨ ᠲᠡᠭᠡᠭᠡᠪᠤᠷᠢ ᠵᠢᠨ᠌ ᠵᠠᠭ᠍ᠪᠤᠷ ᠢ᠋ ᠬᠡᠷᠡᠭᠯᠡᠭᠰᠡᠨ ᠡᠴᠡ ᠤᠳᠤᠬᠠᠨ ᠪᠤᠯᠳᠠᠯ᠎ᠠ ᠨᠡᠢᠲᠡ 60 ᠰᠠᠭᠤᠷᠢ AGV ᠵᠢᠯᠤᠭᠤᠴᠢ ᠦᠬᠡᠢ ᠮᠠᠰᠢᠨ ᠲᠡᠷᠭᠡ ᠶ᠋ᠢ ᠠᠱᠢᠭ᠍ᠯᠠᠯᠲᠠ ᠳ᠋ᠤ ᠣᠷᠣᠭᠤᠯᠵᠤ᠂ ᠨᠢᠭᠡ ᠤᠳᠠᠭ᠎ᠠ ᠪᠠᠷᠠᠭ᠎ᠠ ᠵᠦᠭᠡᠭᠡᠪᠤᠷᠢᠯᠡᠬᠦ ᠳ᠋ᠤ 80 ᠮᠢᠨᠦ᠋ᠲ ᠬᠡᠷᠡᠭ᠌ᠰᠡᠨ᠂ ᠡᠳᠦᠷ ᠤ᠋ᠨ ᠲᠡᠭᠡᠭᠡᠪᠦᠷᠢ ᠵᠢᠨ ᠦᠷ᠎ᠡ ᠪᠦᠲᠦᠮᠵᠢ ᠨᠢ ᠤᠯᠠᠮᠵᠢᠯᠠᠯᠲᠤ ᠮᠠᠱᠢᠨ ᠲᠡᠷᠭᠡ ᠵᠢᠨ 5 ᠳᠠᠬᠢᠨ ᠡᠴᠡ ᠳᠡᠭᠡᠭ᠌ᠰᠢ ᠪᠠᠢᠵᠤ᠂ ᠡᠳᠦᠷ ᠤ᠋ᠨ ᠨᠡᠪᠲᠡᠷᠡᠬᠦ᠌ ᠬᠡᠮᠵᠢᠶ᠎ᠠ ᠨᠢ ᠬᠠᠮᠤᠭ ᠤ᠋ᠨ ᠶᠡᠬᠡ ᠳ᠋ᠡᠬᠡᠨ 500 ᠤᠳᠠᠭ᠎ᠠ ᠳ᠋ᠤ ᠬᠦᠷᠴᠠᠢ᠃

ᠡᠨᠡ ᠵᠢᠯ ᠤ᠋ᠨ 6 ᠰᠠᠷ᠎ᠠ ᠵᠢᠨ 1 ᠤ᠋ ᠡᠳᠦᠷ ᠳᠤᠮᠳᠠᠳᠤ ᠤᠯᠤᠰ — ᠮᠣᠩᠭᠣᠯ ᠤᠯᠤᠰ ᠤ᠋ᠨ ᠪᠣᠭᠣᠮᠲᠠ ᠵᠢᠨ AEO ᠲᠦᠷᠢᠮ ᠢ᠋ ᠬᠠᠷᠢᠯᠴᠠᠨ ᠮᠡᠳᠡᠷᠡᠬᠦ᠌ ᠲᠣᠬᠢᠷᠠᠭᠤᠯᠤᠯᠲᠠ ᠵᠢ ᠬᠡᠷᠡᠭ᠌ᠵᠢᠭᠦᠯᠵᠤ ᠡᠬᠢᠯᠡᠪᠡ᠃ ᠲᠤᠰ ᠲᠦᠷᠢᠮ ᠢ᠋ ᠬᠡᠷᠡᠭ᠌ᠵᠢᠭᠦᠯᠦᠭ᠌ᠰᠡᠨ ᠤ᠋ ᠳᠠᠷᠠᠭ᠎ᠠ᠂ ᠬᠣᠶᠠᠷ ᠤᠯᠤᠰ ᠤ᠋ᠨ AEO ᠠᠵᠤ ᠠᠬᠤᠢᠯᠠᠯ ᠤ᠋ᠨ ᠡᠳ᠋ ᠪᠠᠷᠠᠭ᠎ᠠ ᠨᠢ ᠬᠢᠯᠢ ᠵᠢᠨ ᠪᠣᠭᠣᠮᠲᠠ ᠪᠡᠷ ᠥᠩᠭᠡᠷᠡᠬᠦ᠌ ᠳ᠋ᠤ ᠨᠡᠡᠭ ᠲᠦᠷᠭᠡᠨ ᠪᠤᠯᠤᠬᠰᠠᠨ ᠪᠦᠭᠡᠳ ᠠᠵᠤ ᠠᠬᠤᠢᠯᠠᠯ ᠤ᠋ᠨ ᠬᠢᠯᠢ ᠠᠯᠤᠰᠯᠠᠭ᠍ᠰᠠᠨ ᠠᠷᠠᠯᠵᠢᠶᠠᠨ ᠤ᠋ ᠥᠪᠡᠷ ᠤ᠋ᠨ ᠥᠷᠲᠡᠭ ᠢ᠋ ᠢᠯᠡᠳᠲᠡ ᠪᠠᠭᠤᠷᠠᠭᠤᠯᠵᠤ᠂ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠬᠠᠩᠭᠠᠯᠭ᠎ᠠ ᠵᠢᠨ ᠬᠡᠯᠬᠢᠶ᠎ᠡ ᠵᠢᠨ ᠨᠠᠩ ᠠᠮᠤᠷ ᠲᠦᠪᠱᠢᠨ ᠪᠥᠭᠡᠳ ᠰᠠᠭᠠᠳ ᠥᠬᠡᠶ ᠨᠡᠪᠲᠡᠷᠡᠬᠦ᠌ ᠵᠢ ᠪᠠᠳᠤᠯᠠᠪᠠ᠃

ᠡᠨᠡ ᠪᠤᠯ ᠲᠤᠮᠳᠠᠳᠤ ᠮᠤᠩᠭᠤᠯ ᠬᠤᠶᠠᠷ ᠤᠯᠤᠰ᠂ ᠲᠤᠮᠳᠠᠳᠤ ᠤᠯᠤᠰ ᠤ᠋ᠨ ᠦᠪᠤᠷ ᠮᠤᠩᠭᠤᠯ ᠬᠢᠬᠡᠳ ᠮᠤᠩᠭᠤᠯ ᠤᠯᠤᠰ ᠬᠤᠶᠠᠷ ᠲᠠᠯ᠎ᠠ ᠵᠢᠨ ᠬᠠᠮᠳᠤᠷᠠᠯᠴᠠᠭᠠᠨ ᠤ᠋ ᠲᠤᠭᠳᠠᠴᠠ ᠵᠢᠨ ᠦᠷ᠎ᠠ ᠪᠦᠳᠦᠬᠡᠯ ᠶᠤᠮ᠃ ᠡᠨᠡ ᠵᠢᠯ ᠤ᠋ᠨ 2 ᠰᠠᠷ᠎ᠠ ᠵᠢᠨ 27 ᠤ᠋ ᠡᠳᠦᠷ᠂ ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠪᠣᠭᠣᠮᠲᠠ ᠵᠢᠨ ᠠᠯᠪᠠᠨ ᠬᠡᠷ ᠬᠢᠭᠡᠳ ᠮᠣᠩᠭᠣᠯ ᠤᠯᠤᠰ ᠤ᠋ᠨ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠬᠥᠯᠥᠨ ᠪᠣᠢᠷ ᠬᠣᠲᠠ ᠳ᠋ᠤ ᠨᠢᠭᠡᠳᠦᠭᠡᠷ ᠤᠯᠠᠷᠢᠯ ᠤ᠋ᠨ ᠠᠵᠢᠯ ᠤ᠋ᠨ ᠠᠭᠤᠯᠵᠠᠯᠲᠠ ᠬᠢᠵᠤ᠂ AGV ᠬᠢᠯᠢ ᠠᠯᠤᠰᠯᠠᠭ᠍ᠰᠠᠨ ᠵᠢᠯᠣᠭᠣᠴᠢ ᠥᠬᠡᠶ ᠲᠡᠭᠡᠭᠡᠪᠦᠷᠢ ᠵᠢᠨ ᠵᠠᠭ᠍ᠪᠤᠷ ᠵᠡᠷᠭᠡ ᠵᠢ ᠳᠡᠯᠭᠡᠷᠡᠭᠦᠯᠦᠨ ᠬᠡᠷᠡᠭ᠌ᠯᠡᠬᠦ᠌᠂ 《ᠭᠠᠭ᠍ᠴᠠ ᠴᠣᠩᠬᠤᠪᠴᠢ》 ᠶ᠋ᠢᠨ ᠬᠦᠷᠢᠶᠡᠨ ᠳ᠋ᠡᠬᠢ ᠬᠠᠮᠲᠤᠷᠠᠯᠴᠠᠭ᠎ᠠ ᠵᠢ ᠴᠢᠩᠭᠠᠳᠭᠠᠬᠤ ᠵᠡᠷᠬᠡ ᠲᠠᠯ᠎ᠠ ᠪᠡᠷ ᠠᠩᠬ᠎ᠠ ᠠᠯᠬᠤᠮ ᠤ᠋ᠨ ᠬᠠᠮᠲᠤ ᠵᠢᠨ ᠲᠠᠨᠢᠯᠲᠠ ᠲᠠᠶ ᠪᠣᠯᠪᠠ᠃ ᠤᠳᠤ ᠭᠠᠭ᠍ᠴᠠᠮᠤᠳᠤ ᠬᠢᠯᠢ ᠵᠢᠨ ᠪᠣᠭᠣᠮᠲᠠ ᠵᠢᠨ AGV ᠬᠢᠯᠢ ᠠᠯᠤᠰᠯᠠᠭ᠍ᠰᠠᠨ ᠵᠢᠯᠣᠭᠣᠴᠢ ᠥᠬᠡᠶ ᠲᠡᠭᠡᠭᠡᠪᠦᠷᠢ ᠵᠢᠨ ᠵᠠᠭ᠍ᠪᠤᠷ ᠢ᠋ ᠨᠢᠭᠡᠨᠲᠡ ᠪᠥᠬᠥ᠌ ᠱᠤᠭᠤᠮ ᠵᠢᠡᠷ ᠠᠱᠢᠭ᠍ᠯᠠᠯᠲᠠ ᠳ᠋ᠤ ᠤᠷᠤᠭᠤᠯᠵᠤ᠂ ᠮᠠᠨ ᠤ᠋ ᠤᠯᠤᠰ ᠤ᠋ᠨ ᠬᠢᠯᠢ ᠵᠢᠨ ᠪᠣᠭᠣᠮᠲᠠ ᠵᠢᠨ ᠬᠢᠯᠢ ᠠᠯᠤᠰᠯᠠᠭ᠍ᠰᠠᠨ ᠵᠢᠯᠣᠭᠣᠴᠢ ᠥᠬᠡᠶ ᠲᠡᠭᠡᠭᠡᠪᠦᠷᠢ ᠵᠢᠨ ᠠᠮᠵᠢᠯᠲᠠ ᠲᠠᠶ ᠥᠯᠢᠭᠡᠷ ᠵᠢᠱ᠌ᠢᠶ᠎ᠡ ᠪᠤᠯᠵᠠᠢ᠃

ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠪᠣᠭᠣᠮᠲᠠ ᠵᠢᠨ ᠠᠯᠪᠠᠨ ᠬᠡᠷ ᠬᠢᠭᠡᠳ ᠮᠣᠩᠭᠣᠯ ᠤᠯᠤᠰ ᠤ᠋ᠨ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ 2025 ᠤᠨ ᠤ᠋ ᠨᠢᠭᠡᠳᠦᠭᠡᠷ ᠤᠯᠠᠷᠢᠯ ᠤ᠋ᠨ ᠠᠵᠢᠯ ᠤ᠋ᠨ ᠠᠭᠤᠯᠵᠠᠯᠳᠠ ᠳ᠋ᠤ ᠲᠤᠮᠳᠠᠳᠤ ᠮᠤᠡᠭᠭᠤᠯ ᠤ᠋ᠨ ᠬᠢᠯᠢ ᠵᠢᠨ ᠪᠤᠭᠤᠮᠳᠠ ᠵᠢᠨ ᠪᠠᠷᠠᠭ᠎ᠠ ᠦᠡᠭᠭᠡᠷᠡᠬᠦᠯᠦᠭᠰᠡᠨ ᠬᠡᠮᠵᠢᠶ᠎ᠠ ᠲᠤᠬᠳᠠᠭᠤᠨ ᠨᠡᠮᠡᠭᠳᠡᠭᠰᠡᠨ᠂ ᠷᠠᠰᠢᠶᠠᠨ — ᠰᠦᠮᠪᠤᠷ ᠵᠠᠰᠠᠮᠠᠯ ᠵᠠᠮ ᠤ᠋ᠨ ᠬᠢᠯᠢ ᠵᠢᠨ ᠪᠤᠭᠤᠮᠳᠠ ᠵᠢ ᠵᠢᠯ ᠲᠤᠷᠰᠢ ᠨᠡᠭᠡᠭᠡᠯᠳᠡ ᠬᠢᠭᠰᠡᠨ ᠪᠠ ᠦᠯᠵᠠᠢ — ᠴᠠᠭᠠᠨ ᠳᠠᠯ ᠠᠭᠤᠯᠠ ᠬᠢᠯᠢ ᠵᠢᠨ ᠪᠤᠭᠤᠮᠳᠠ ᠵᠢ ᠲᠦᠷ ᠴᠠᠭ ᠨᠡᠭᠡᠭᠡᠯᠳᠡ ᠬᠢᠭᠰᠡᠨ ᠵᠢᠴᠢ ᠲᠤᠮᠳᠠᠳᠤ ᠮᠤᠡᠭᠭᠤᠯ ᠤ᠋ᠨ ᠬᠢᠯᠢ ᠵᠢᠨ ᠪᠤᠭᠤᠮᠳᠠ ᠵᠢᠨ 8 ᠰᠠᠭᠤᠳᠠᠯ ᠡᠴᠡ ᠲᠤᠷᠤᠬᠰᠢᠬᠢ ᠵᠢᠵᠢᠭ ᠬᠡᠯᠪᠡᠷᠢ ᠵᠢᠨ ᠮᠠᠰᠢᠨ ᠲᠡᠷᠭᠡ ᠵᠢ ᠰᠠᠭᠠᠳ ᠦᠬᠡᠢ ᠨᠡᠪᠳᠡᠷᠡᠬᠦᠯᠤᠬᠡᠳ ᠦᠨᠳᠤᠷ ᠦᠷ᠎ᠠ ᠪᠦᠳᠤᠮᠵᠢ ᠤᠯᠤᠬᠰᠠᠨ᠂ ᠬᠢᠯᠢ ᠠᠯᠤᠰᠯᠠᠬᠰᠠᠨ ᠲᠡᠮᠤᠷ ᠵᠠᠮ ᠤ᠋ᠨ ᠪᠦᠳᠤᠭᠡᠨ ᠪᠠᠢᠭᠤᠯᠤᠯᠳᠠ ᠵᠢ ᠦᠷᠬᠦᠯᠵᠢᠯᠡᠨ ᠠᠬᠢᠭᠤᠯᠤᠬᠰᠠᠨ᠂ ᠰᠢᠨ᠎ᠠ ᠪᠡᠷ ᠪᠠᠢᠭᠤᠯᠤᠬᠰᠠᠨ ᠪᠠᠷᠠᠭᠠᠨ ᠤ᠋ ᠲᠡᠭᠡᠭᠡᠪᠤᠷᠢ ᠵᠢᠨ ᠲᠤᠰᠬᠠᠢ ᠨᠡᠪᠳᠡᠷᠡᠬᠦ ᠵᠠᠮ ᠤ᠋ᠨ ᠬᠢᠯᠢ ᠦᠡᠭᠭᠡᠷᠡᠬᠦ ᠴᠡᠭ ᠤ᠋ᠨ ᠵᠦᠪᠯᠡᠯᠴᠡᠭᠡᠷ ᠲᠤᠬᠳᠠᠬᠰᠠᠨ ᠵᠡᠷᠭᠡ ᠲᠠᠯ᠎ᠠ ᠪᠡᠷ ᠬᠢ ᠲᠡᠭᠡᠷ᠎ᠠ ᠨᠢᠬᠡ ᠡᠭᠡᠯᠵᠢ ᠵᠢᠨ ᠠᠭᠤᠯᠵᠠᠯᠳᠠ ᠡᠴᠡ ᠨᠠᠭᠠᠰᠢᠬᠢ ᠠᠮᠵᠢᠯᠳᠠ ᠪᠦᠳᠤᠮᠵᠢ ᠵᠢ ᠬᠦᠢᠴᠡᠳ ᠨᠤᠳᠠᠯᠠᠪᠠ᠃ ᠬᠣᠶᠠᠷ ᠲᠠᠯ᠎ᠠ ᠪᠡᠷ ᠵᠢᠡᠨ ᠪᠠᠰᠠ ᠬᠢᠯᠢ ᠵᠢᠨ ᠪᠣᠭᠣᠮᠲᠠ ᠵᠢᠨ ᠰᠠᠭᠤᠷᠢ ᠲᠦᠬᠦᠭᠡᠷᠤᠮᠵᠢ ᠵᠢ ᠬᠤᠯᠪᠤᠯᠳᠤᠨ ᠨᠡᠪᠳᠡᠷᠡᠬᠦᠯᠬᠦ᠂ ᠬᠢᠯᠢ ᠵᠢᠨ ᠪᠣᠭᠣᠮᠲᠠ ᠵᠢᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠪᠠᠷᠠᠭ᠎ᠠ ᠲᠠᠸᠠᠷ ᠤ᠋ᠨ ᠲᠥᠷᠥᠯ ᠵᠦᠶ᠋ᠯ ᠢ᠋ ᠨᠡᠮᠡᠭᠳᠡᠬᠦᠯᠬᠦ᠂ ᠬᠢᠯᠢ ᠵᠢᠨ ᠪᠣᠭᠣᠮᠲᠠ ᠵᠢᠨ ᠠᠵᠢᠯ ᠤ᠋ᠨ ᠴᠠᠭ ᠢ᠋ ᠱᠢᠯᠢᠳᠡᠭ᠌ᠵᠢᠭᠦᠯᠬᠦ᠌᠂ ᠬᠢᠯᠢ ᠵᠢᠨ ᠪᠣᠭᠣᠮᠲᠠ ᠪᠡᠷ ᠥᠩᠭᠡᠷᠡᠬᠦᠯᠬᠦ ᠵᠢ ᠦᠷᠭᠦᠯᠵᠢᠯᠡᠨ ᠳᠥᠭᠥᠮᠴᠢᠯᠡᠬᠦ᠌᠂ ᠬᠢᠯᠢ ᠵᠢᠨ ᠪᠣᠭᠣᠮᠲᠠ ᠵᠢᠨ ᠣᠶᠤᠨᠴᠢᠯᠠᠭ᠍ᠰᠠᠨ ᠣᠳᠣᠬᠢᠴᠢᠯᠠᠬᠰᠠᠨ ᠬᠠᠮᠲᠤᠷᠠᠯᠴᠠᠭ᠎ᠠ ᠥᠷᠨᠢᠭᠦᠯᠬᠦ᠌᠂ ᠬᠢᠯᠢ ᠵᠢᠨ ᠪᠣᠭᠣᠮᠲᠠ ᠵᠢᠨ ᠠᠷᠠᠯᠵᠢᠶᠠᠨ ᠤ᠋ ᠬᠦᠭᠵᠢᠯ ᠴᠡᠴᠡᠭ᠌ᠯᠡᠯ ᠢ᠋ ᠠᠬᠢᠭᠤᠯᠬᠤ ᠵᠡᠷᠭᠡ 6 ᠶᠡᠬᠡ ᠲᠠᠯ᠎ᠠ ᠵᠢᠨ ᠨᠡᠢ᠌ᠳᠡ 20 ᠵᠥᠪᠯᠡᠬᠦ᠌ ᠰᠡᠳᠤᠪ ᠤ᠋ᠨ ᠲᠤᠭᠤᠷᠢᠨ ᠳ᠋ᠤ ᠭᠦᠨᠵᠡᠭᠡᠢ ᠰᠣᠯᠢᠯᠴᠠᠭ᠎ᠠ ᠬᠢᠵᠤ ᠵᠥᠪᠳᠡᠯᠴᠡᠭᠰᠡᠨ ᠪᠠᠢᠨ᠎ᠠ᠃

ᠡᠨᠡ ᠬᠦ᠌ ᠠᠭᠤᠯᠵᠠᠯᠳᠠ ᠪᠤᠯ ᠨᠢᠬᠡᠨᠳᠡ ᠲᠤᠭᠳᠠᠴᠠ ᠪᠤᠯᠵᠤ ᠪᠦᠷᠢᠯᠳᠦᠭᠰᠡᠨ ᠳᠤᠮᠳᠠᠳᠤ ᠮᠣᠩᠭᠣᠯ ᠤ᠋ᠨ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠵᠢᠨ ᠬᠠᠮᠲᠤᠷᠠᠯᠴᠠᠭᠠᠨ ᠤ᠋ ᠵᠥᠪᠯᠡᠯ ᠤ᠋ᠨ ᠲᠤᠭᠳᠠᠮᠠᠯ ᠬᠤᠭᠤᠴᠠᠭ᠎ᠠ ᠲᠠᠢ ᠠᠵᠢᠯ ᠤ᠋ᠨ ᠠᠭᠤᠯᠵᠠᠯᠳᠠ ᠪᠤᠯᠤᠨ᠎ᠠ᠃ ᠲᠤᠰ ᠵᠥᠪᠯᠡᠯ ᠪᠣᠯ ᠳᠤᠮᠳᠠᠳᠤ ᠮᠣᠩᠭᠣᠯ ᠬᠣᠶᠠᠷ ᠤᠯᠤᠰ ᠤ᠋ᠨ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠪᠠ ᠬᠠᠮᠲᠤᠷᠠᠯᠴᠠᠭ᠎ᠠ ᠵᠢ ᠴᠢᠩᠭᠠᠳᠭᠠᠬᠤ ᠴᠢᠬᠤᠯᠠ ᠲᠣᠭ᠍ᠲᠠᠴᠠ ᠪᠠᠢᠵᠤ᠂ ᠤᠯᠤᠰ ᠤ᠋ᠨ ᠪᠣᠭᠣᠮᠲᠠ ᠵᠢᠨ ᠠᠯᠪᠠᠨ ᠭᠡᠷ᠂ ᠦᠪᠤᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠪᠣᠭᠣᠮᠲᠠ ᠵᠢᠨ ᠠᠯᠪᠠᠨ ᠭᠡᠷ ᠨᠢ ᠲᠤᠰ ᠲᠤᠰ ᠮᠣᠩᠭᠣᠯ ᠤᠯᠤᠰ ᠤ᠋ᠨ ᠬᠢᠯᠢ ᠵᠢᠨ ᠪᠣᠭᠣᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠲᠠᠶ ᠲᠣᠭ᠍ᠲᠠᠮᠠᠯ ᠬᠤᠭᠤᠴᠠᠭ᠎ᠠ ᠲᠠᠶ ᠪᠡᠷ ᠠᠭᠤᠯᠵᠠᠯᠲᠠ ᠬᠢᠬᠦ᠌ ᠲᠣᠭ᠍ᠲᠠᠴᠠ ᠵᠢ ᠪᠠᠢᠭᠤᠯᠪᠠ᠃

ᠪᠤᠯᠤᠳ ᠮᠡᠳᠤ ᠭᠠᠩᠨᠠᠭᠰᠠᠨ ᠬᠠᠮᠳᠤᠷᠠᠯᠴᠠᠭᠠᠨ ᠤ᠋ ᠲᠤᠭᠳᠠᠴᠠ ᠵᠢ ᠪᠠᠢᠭᠤᠯᠵᠤ᠂ ᠲᠤᠮᠳᠠᠳᠤ ᠮᠤᠩᠭᠤᠯ ᠬᠤᠶᠠᠷ ᠲᠠᠯ᠎ᠠ ᠵᠢᠨ ᠠᠵᠤ ᠠᠬᠤᠢ ᠠᠷᠠᠯᠵᠢᠶᠠᠨ ᠤ᠋ ᠶᠠᠪᠤᠯᠴᠠᠭ᠎ᠠ᠂ ᠰᠤᠶᠤᠯ ᠢᠷᠭᠡᠨᠰᠢᠯ ᠤ᠋ᠨ ᠰᠤᠯᠢᠯᠴᠠᠭ᠎ᠠ ᠵᠡᠷᠭᠡ ᠳ᠋ᠤ ᠪᠡᠳᠤ ᠰᠠᠭᠤᠷᠢ ᠲᠠᠯᠪᠢᠬᠤ ᠵᠢᠨ ᠬᠠᠮᠳᠤ ᠮᠠᠨ ᠤ᠋ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠵᠢ ᠤᠯᠠᠮ ᠪᠡᠬᠢᠵᠢᠬᠦᠯᠦᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠬᠢᠭᠡᠳ ᠮᠣᠩᠭᠣᠯ ᠤᠯᠤᠰ ᠤ᠋ᠨ ᠭᠠᠳᠠᠭᠠᠳᠤ ᠶᠠᠪᠤᠳᠠᠯ ᠤ᠋ᠨ ᠶᠠᠮᠤᠨ ᠤ᠋ ᠪᠠᠢᠩᠭᠤ ᠵᠢᠨ ᠵᠥᠪᠳᠡᠯᠴᠡᠬᠦ᠌ ᠠᠵᠢᠯ ᠤ᠋ᠨ ᠳᠤᠭᠤᠢᠯᠠᠩ ᠨᠢ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠬᠢᠭᠡᠳ ᠮᠣᠩᠭᠣᠯ ᠤᠯᠤᠰ ᠤ᠋ᠨ ᠭᠠᠳᠠᠭᠠᠳᠤ ᠶᠠᠪᠤᠳᠠᠯ ᠤ᠋ᠨ ᠶᠠᠮᠤᠨ ᠵᠢᠡᠷ ᠲᠤᠯᠤᠭᠠᠢᠯᠠᠭᠤᠯᠤᠨ ᠲᠣᠭ᠍ᠲᠠᠮᠠᠯ ᠬᠤᠭᠤᠴᠠᠭ᠎ᠠ ᠲᠠᠶ ᠬᠤᠷᠠᠯ ᠬᠢᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠬᠢᠭᠡᠳ ᠮᠣᠩᠭᠣᠯ ᠤᠯᠤᠰ ᠤ᠋ᠨ ᠡᠯ᠎ᠡ ᠬᠦᠷᠢᠶᠡᠨ ᠳ᠋ᠡᠬᠢ ᠨᠥᠬᠥᠷᠰᠡᠭ ᠶᠠᠪᠤᠯᠴᠠᠭ᠎ᠠ ᠪᠡ ᠬᠠᠮᠳᠤᠷᠠᠯᠴᠠᠭᠠᠨ ᠤ᠋ ᠤᠴᠢᠷ ᠶᠠᠪᠤᠳᠠᠯ ᠢ᠋ ᠵᠥᠪᠳᠡᠵᠤ᠂ ᠣᠳᠣᠬᠠᠨ ᠪᠤᠯᠳᠠᠯ᠎ᠠ ᠨᠢᠭᠡᠨᠲᠡ 6 ᠤᠳᠠᠭ᠎ᠠ ᠵᠢᠨ ᠠᠵᠢᠯᠯᠠᠬᠤ ᠳᠤᠭᠤᠢᠯᠠᠩ ᠤ᠋ᠨ ᠬᠤᠷᠠᠯ ᠬᠢᠪᠡ᠃

2024 ᠣᠨ ᠤ᠋ 10 ᠰᠠᠷ᠎ᠠ ᠵᠢᠨ 16 ᠤ᠋ ᠡᠳᠦᠷ᠂ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠬᠢᠭᠡᠳ ᠮᠣᠩᠭᠣᠯ ᠤᠯᠤᠰ ᠤ᠋ᠨ ᠭᠠᠳᠠᠭᠠᠳᠤ ᠶᠠᠪᠤᠳᠠᠯ ᠤ᠋ᠨ ᠶᠠᠮᠤᠨ ᠤ᠋ ᠪᠠᠢᠩᠭᠤ ᠵᠢᠨ ᠵᠥᠪᠳᠡᠯᠴᠡᠬᠦ᠌ ᠠᠵᠢᠯ ᠤ᠋ᠨ ᠳᠤᠭᠤᠢᠯᠠᠩ ᠤ᠋ᠨ ᠵᠢᠷᠭᠤᠳᠤᠭᠠᠷ ᠤᠳᠠᠭ᠎ᠠ ᠵᠢᠨ ᠬᠤᠷᠠᠯ ᠬᠥᠬᠡᠬᠣᠲᠠ ᠳ᠋ᠤ ᠬᠤᠷᠠᠯᠳᠤᠵᠤ᠂ ᠬᠣᠶᠠᠷ ᠲᠠᠯ᠎ᠠ ᠪᠡᠷ ᠵᠢᠡᠨ ᠠᠵᠤ ᠠᠬᠤᠶ ᠠᠷᠠᠯᠵᠢᠶᠠᠨ ᠤ᠋ ᠰᠣᠯᠢᠯᠴᠠᠭ᠎ᠠ᠂ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ᠂ ᠡᠨᠧᠷᠭᠢ ᠵᠢᠨ ᠬᠠᠮᠲᠤᠷᠠᠯᠴᠠᠭ᠎ᠠ᠂ ᠰᠣᠶᠣᠯ ᠢᠷᠭᠡᠨᠱᠢᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠬᠣᠯᠪᠣᠯᠳᠤᠨ ᠨᠡᠪᠲᠡᠷᠡᠯᠴᠡᠬᠦ᠌ ᠵᠡᠷᠭᠡ ᠬᠠᠮᠲᠤᠷᠠᠯᠴᠠᠭᠠᠨ ᠤ᠋ ᠵᠥᠪᠳᠡᠬᠦ᠌ ᠰᠡᠳᠦᠪ ᠤ᠋ᠨ ᠲᠤᠬᠠᠶ ᠰᠠᠨᠠᠯ ᠨᠢᠭᠡᠳᠴᠦ᠍᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠬᠢᠭᠡᠳ ᠮᠣᠩᠭᠣᠯ ᠤᠯᠤᠰ ᠤ᠋ᠨ ᠭᠠᠳᠠᠭᠠᠳᠤ ᠶᠠᠪᠤᠳᠠᠯ ᠤ᠋ᠨ ᠶᠠᠮᠤᠨ ᠤ᠋ ᠪᠠᠢᠩᠭᠤ ᠵᠢᠨ ᠵᠥᠪᠳᠡᠯᠴᠡᠬᠦ᠌ ᠠᠵᠢᠯ ᠤ᠋ᠨ ᠳᠤᠭᠤᠢᠯᠠᠩ ᠤ᠋ᠨ ᠵᠢᠷᠭᠤᠳᠤᠭᠠᠷ ᠤᠳᠠᠭ᠎ᠠ ᠵᠢᠨ ᠬᠤᠷᠠᠯ ᠤ᠋ᠨ ᠲᠡᠮᠳᠡᠭ᠌ᠯᠡᠯ》 ᠳ᠋ᠤ ᠭᠠᠷ ᠤ᠋ᠨ ᠥᠰᠥᠭ ᠵᠢᠷᠤᠭᠰᠠᠨ ᠶᠤᠮ᠃

ᠳᠤᠮᠳᠠᠳᠤ ᠮᠣᠩᠭᠣᠯ ᠤ᠋ᠨ ᠠᠵᠤ ᠠᠬᠤᠶ ᠠᠷᠠᠯᠵᠢᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠠᠮᠲᠤᠷᠠᠭ᠍ᠰᠠᠨ ᠵᠥᠪᠯᠡᠯ ᠪᠣᠯ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ ᠤ᠋ ᠬᠣᠭᠣᠷᠣᠨᠳᠣᠬᠢ ᠠᠵᠤ ᠠᠬᠤᠶ ᠠᠷᠠᠯᠵᠢᠶ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ ᠳ᠋ᠡᠬᠢ ᠬᠠᠮᠲᠤᠷᠠᠯᠴᠠᠭ᠎ᠠ ᠵᠢ ᠠᠬᠢᠭᠤᠯᠬᠤ ᠴᠢᠬᠤᠯᠠ ᠲᠣᠭ᠍ᠲᠠᠴᠠ ᠪᠠᠢᠵᠤ᠂ ᠣᠲᠣᠬᠠᠨ ᠪᠣᠯᠲᠠᠯ᠎ᠠ ᠨᠢᠭᠡᠨᠲᠡ 17 ᠤᠳᠠᠭ᠎ᠠ ᠵᠢᠨ ᠬᠠᠮᠲᠤᠷᠠᠭ᠍ᠰᠠᠨ ᠬᠤᠷᠠᠯ ᠬᠢᠪᠡ᠃ ᠡᠨᠡ ᠵᠢᠯ ᠤ᠋ᠨ 7 ᠰᠠᠷ᠎ᠠ ᠵᠢᠨ 1 ᠤ᠋ ᠡᠳᠦᠷ᠂ ᠲᠤᠰ ᠵᠥᠪᠯᠡᠯ ᠤ᠋ᠨ ᠠᠵᠢᠯ ᠤ᠋ᠨ ᠳᠤᠭᠤᠢᠯᠠᠩ ᠮᠣᠩᠭᠣᠯ ᠤᠯᠤᠰ ᠤ᠋ᠨ ᠤᠯᠠᠭᠠᠨᠪᠠᠭᠠᠲᠤᠷ ᠬᠣᠲᠠ ᠳ᠋ᠤ ᠠᠵᠢᠯᠯᠠᠬᠤ ᠳᠤᠭᠤᠢᠯᠠᠩ ᠤ᠋ᠨ ᠬᠤᠷᠠᠯ ᠬᠢᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠳᠤᠮᠳᠠᠳᠤ ᠵᠢᠨ ᠲᠠᠯ᠎ᠠ ᠵᠢᠨ ᠣᠷᠣᠨ ᠨᠤᠲᠤᠭ ᠤ᠋ᠨ ᠲᠥᠯᠥᠭᠡᠯᠡᠭ᠌ᠴᠢ ᠵᠢᠨ ᠬᠤᠪᠢ ᠪᠡᠷ ᠬᠤᠷᠠᠯ ᠳ᠋ᠤ ᠣᠷᠣᠯᠴᠠᠪᠠ᠃ ᠠᠵᠢᠯᠯᠠᠬᠤ ᠳᠤᠭᠤᠢᠯᠠᠩ ᠤ᠋ᠨ ᠬᠤᠷᠠᠯ ᠡᠴᠡ 2026 ᠣᠨ ᠤ᠋ ᠨᠢᠭᠡᠳᠦᠭᠡᠷ ᠤᠯᠠᠷᠢᠯ ᠳ᠋ᠤ ᠳᠤᠮᠳᠠᠳᠤ ᠮᠣᠩᠭᠣᠯ ᠤ᠋ᠨ ᠠᠵᠤ ᠠᠬᠤᠶ ᠠᠷᠠᠯᠵᠢᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠠᠮᠳᠤᠷᠠᠬᠰᠠᠨ ᠵᠥᠪᠯᠡᠯ ᠤ᠋ᠨ 18 ᠤᠳᠠᠭ᠎ᠠ ᠵᠢᠨ ᠬᠤᠷᠠᠯ ᠵᠢᠡᠨ ᠬᠢᠬᠦ ᠪᠡᠷ ᠠᠩᠬ᠎ᠠ ᠠᠯᠬᠤᠮ ᠵᠥᠪᠳᠡᠨ ᠲᠣᠭ᠍ᠲᠠᠵᠠᠶ᠃

ᠵᠦᠪᠳᠡᠵᠤ ᠪᠠᠢᠭᠠᠳ ᠪᠦᠳᠦᠬᠡᠨ᠎ᠠ ᠬᠡᠬᠦ ᠪᠤᠯ ᠲᠤᠮᠳᠠᠳᠤ ᠮᠤᠩᠭᠤᠯ ᠬᠤᠶᠠᠷ ᠤᠯᠤᠰ᠂ ᠲᠤᠮᠳᠠᠳᠤ ᠤᠯᠤᠰ ᠤ᠋ᠨ ᠦᠪᠤᠷ ᠮᠤᠩᠭᠤᠯ ᠬᠢᠬᠡᠳ ᠮᠤᠩᠭᠤᠯ ᠤᠯᠤᠰ ᠬᠤᠶᠠᠷ ᠲᠠᠯ᠎ᠠ ᠵᠢᠨ ᠬᠠᠮᠳᠤᠷᠠᠯᠴᠠᠭᠠᠨ ᠤ᠋ ᠲᠤᠭᠳᠠᠴᠠ ᠵᠢᠨ ᠭᠤᠤᠯ ᠬᠠᠷᠠᠯᠳᠠ ᠵᠤᠷᠢᠯᠳᠠ ᠪᠤᠯᠬᠤ ᠨᠢ ᠭᠠᠷᠴᠠᠭ᠎ᠠ ᠦᠬᠡᠢ᠃ ᠦᠨᠤ ᠨᠢᠬᠡᠨᠳᠡ ᠰᠠᠢᠨ ᠰᠠᠢᠬᠠᠨ ᠬᠠᠮᠳᠤᠷᠠᠯᠴᠠᠭᠠᠨ ᠤ᠋ ᠲᠤᠬᠳᠠᠴᠠ ᠲᠠᠢ ᠪᠤᠯᠤᠭᠰᠠᠨ ᠪᠤᠯᠬᠤᠷ ᠢᠷᠡᠭᠡᠳᠤᠢ ᠳ᠋ᠤ ᠬᠤᠶᠠᠷ ᠲᠠᠯ᠎ᠠ ᠵᠢᠨ ᠬᠠᠮᠳᠤᠷᠠᠯᠴᠠᠭ᠎ᠠ ᠨᠡᠡᠭ ᠦᠷᠭᠡᠨ ᠠᠭᠤᠳᠠᠮ ᠬᠦᠭᠵᠢᠯᠳᠡ ᠵᠢᠨ ᠤᠷᠤᠨ ᠵᠠᠢ ᠲᠠᠢ ᠪᠤᠯᠬᠤ ᠨᠢ ᠯᠠᠪᠳᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面