2025-08-20 10:09:42
— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ⑤
6 ᠰᠠᠷ᠎ᠠ ᠵᠢᠨ 20 ᠤ᠋ ᠡᠳᠦᠷ᠂ ᠮᠣᠩᠭᠣᠯ ᠤᠯᠤᠰ ᠤ᠋ᠨ ᠴᠠᠭᠠᠨ ᠬᠠᠷᠠᠩ ᠲᠠᠢ 121 ᠡᠪᠡᠳᠴᠢᠲᠡᠨ ᠡᠷᠢᠶᠡᠨ ᠬᠢᠯᠢ ᠵᠢᠨ ᠪᠣᠭᠣᠮᠲᠠ ᠪᠠᠷ ᠦᠪᠤᠷ ᠮᠤᠩᠭᠤᠯ ᠳ᠋ᠤ ᠢᠷᠡᠵᠤ᠂ ᠥᠪᠡᠷᠲᠡᠭᠡᠨ ᠵᠠᠰᠠᠬᠤ ᠣᠷᠣᠨ ᠤ᠋ ᠤᠯᠠᠭᠠᠨ ᠵᠠᠭᠠᠯᠮᠠᠶ᠋ᠢᠳᠠᠨ ᠤ᠋ ᠨᠠᠶ᠋ᠢᠭᠡᠮᠯᠢᠭ ᠪᠣᠯᠤᠨ ᠡᠷᠢᠶᠡᠨ ᠬᠣᠲᠠ ᠵᠢᠨ ᠤᠯᠠᠭᠠᠨ ᠵᠠᠭᠠᠯᠮᠠᠢᠳᠠᠨ ᠤ᠋ ᠨᠠᠶ᠋ᠢᠭᠡᠮᠯᠢᠭ ᠡᠮ ᠡᠮᠨᠡᠯᠭᠡ ᠵᠢᠨ ᠪᠠᠶ᠋ᠢᠭᠤᠯᠥᠮᠵᠢ ᠯᠤᠭ᠎ᠠ ᠬᠠᠮᠵᠢᠯᠴᠠᠵᠤ ᠲᠡᠳᠡᠨ ᠳ᠋ᠤ ᠬᠠᠷᠠᠭ᠎ᠠ ᠤᠷᠤᠭᠤᠯᠬᠤ ᠮᠡᠰᠡ ᠵᠠᠰᠠᠯ ᠬᠢᠭᠰᠡᠨ ᠶᠤᠮ᠃ ᠮᠠᠨ ᠤ᠋ ᠤᠷᠤᠨ 《ᠨᠢᠭᠡ ᠪᠦᠰᠡ ᠨᠢᠭᠡ ᠵᠠᠮ·ᠬᠡᠷᠡᠯ ᠬᠡᠭᠡ ᠵᠢᠨ ᠠᠶᠠᠯᠠᠯ》 ᠵᠢᠡᠷ ᠲᠠᠮᠵᠢᠨ ᠤᠳᠤᠬᠠᠨ ᠪᠤᠯᠳᠠᠯ᠎ᠠ ᠨᠢᠬᠡᠨᠳᠡ ᠮᠣᠩᠭᠣᠯ ᠤᠯᠤᠰ ᠤ᠋ᠨ ᠬᠠᠷᠠᠭᠠᠨ ᠤ᠋ ᠭᠡᠮ ᠲᠠᠢ 3500 ᠭᠠᠷᠤᠢ ᠡᠪᠡᠳᠴᠢᠲᠡᠨ ᠢ᠋ ᠰᠢᠭᠰᠢᠨ ᠪᠠᠢᠴᠠᠭᠠᠵᠤ ᠭᠠᠷᠭᠠᠨ᠂ 600 ᠭᠠᠷᠤᠢ ᠡᠪᠡᠳᠴᠢᠲᠡᠨ ᠳ᠋ᠦ᠍ ᠮᠠᠰᠠ ᠵᠠᠰᠠᠯ ᠬᠢᠵᠤ ᠳᠠᠬᠢᠨ ᠬᠠᠷᠠᠭ᠎ᠠ ᠤᠷᠤᠭᠤᠯᠪᠠ᠃
ᠬᠠᠢᠷ᠎ᠠ ᠳ᠋ᠤ ᠬᠢᠵᠠᠭᠠᠷ ᠦᠭᠡᠢ ᠶᠤᠮ᠃ 2025 ᠣᠨ ᠳ᠋ᠤ᠌ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠭᠠᠨ ᠵᠠᠭᠠᠯᠮᠠᠢᠳᠠᠨ ᠤ᠋ ᠨᠡᠢᠭᠡᠮᠯᠢᠭ ᠪᠣᠯᠤᠨ ᠮᠣᠩᠭᠣᠯ ᠤᠯᠤᠰ ᠤ᠋ᠨ ᠤᠯᠠᠭᠠᠨ ᠵᠠᠭᠠᠯᠮᠠᠢᠳᠠᠨ ᠤ᠋ ᠨᠡᠢᠭᠡᠮᠯᠢᠭ᠂ ᠴᠤᠤ ᠵᠢᠦᠢ (ᠥᠪᠥᠷ ᠮᠣᠩᠭᠣᠯ) ᠨᠢᠳᠦᠨ ᠡᠮᠨᠡᠯᠭᠡ ᠵᠢᠨ ᠬᠣᠷᠢᠶ᠎ᠠ ᠵᠢᠨ ᠬᠢᠵᠠᠭᠠᠷᠲᠤ ᠺᠣᠮᠫᠠᠨᠢ᠂ ᠮᠣᠩᠭᠣᠯ ᠤᠯᠤᠰ ᠤ᠋ᠨ ᠬᠣᠶᠠᠳᠤᠭᠠᠷ ᠲᠦᠪ ᠡᠮᠨᠡᠯᠭᠡ ᠵᠢᠨ ᠬᠤᠷᠢᠶ᠎ᠠ ᠬᠠᠮᠳᠤ ᠪᠡᠷ 《ᠳᠤᠮᠳᠠᠳᠤ ᠮᠣᠩᠭᠣᠯ ᠤ᠋ᠨ 〈ᠨᠢᠭᠡ ᠪᠦᠰᠡ ᠨᠢᠭᠡ ᠵᠠᠮ·ᠭᠡᠷᠡᠯ ᠭᠡᠭᠡ ᠵᠢᠨ ᠠᠶᠠᠯᠠᠯ〉 ᠴᠠᠭᠠᠨ ᠬᠠᠷᠠᠩ ᠡᠪᠡᠳᠴᠢᠳᠡᠨ ᠳ᠋ᠤ ᠬᠠᠷᠠᠭ᠎ᠠ ᠤᠷᠤᠭᠤᠯᠬᠤ ᠮᠡᠰᠡ ᠵᠠᠰᠠᠯ ᠤ᠋ᠨ ᠠᠵᠢᠯᠯᠠᠭᠠᠨ ᠤ᠋ ᠳᠥᠷᠪᠡᠨ ᠲᠠᠯ᠎ᠠ ᠵᠢᠨ ᠵᠥᠪᠯᠡᠯᠴᠡᠬᠡᠷ》 ᠲᠦ᠍ ᠳᠠᠬᠢᠨᠳᠠ ᠭᠠᠷ ᠤ᠋ᠨ ᠦᠰᠦᠭ ᠵᠢᠷᠤᠪᠠ᠃ ᠵᠥᠪᠯᠡᠯᠴᠡᠬᠡᠷ ᠤ᠋ᠨ ᠲᠣᠬᠢᠷᠠᠭᠤᠯᠤᠯᠲᠠ ᠶᠤᠰᠤᠭᠠᠷ ᠦᠪᠦᠷ ᠮᠤᠩᠭᠤᠯ ᠤ᠋ᠨ ᠡᠮᠴᠢᠯᠡᠭᠡᠨ ᠤ᠋ ᠠᠩᠭᠢ 5 ᠰᠠᠷ᠎ᠠ ᠵᠢᠨ 20 ᠡᠴᠨ 24 ᠤ᠋ ᠡᠳᠦᠷ ᠪᠣᠯᠲᠠᠯ᠎ᠠ ᠮᠣᠩᠭᠣᠯ ᠤᠯᠤᠰ ᠲᠤ᠌ ᠬᠦᠷᠴᠦ ᠪᠠᠢᠴᠠᠭᠠᠯᠲᠠ ᠵᠢᠨ ᠠᠵᠢᠯ ᠥᠷᠨᠢᠭᠦᠯᠵᠦ᠂ 414 ᠡᠪᠡᠳᠴᠢᠲᠡᠨ ᠢ᠋ ᠰᠢᠭᠰᠢᠨ ᠭᠠᠷᠭᠠᠪᠡ᠃ 6 ᠰᠠᠷ᠎ᠠ ᠵᠢᠨ 20 ᠤ᠋ ᠡᠳᠤᠷ ᠡᠷᠢᠶᠠᠨ ᠬᠢᠯᠢ ᠵᠢᠨ ᠪᠤᠭᠤᠮᠳᠠ ᠪᠡᠷ ᠤᠷᠤᠵᠤ ᠢᠷᠡᠭᠰᠡᠨ ᠴᠠᠭᠠᠨ ᠬᠠᠷᠠᠩ ᠲᠠᠢ 121 ᠡᠪᠡᠳᠴᠢᠳᠡᠨ ᠪᠤᠯ ᠶᠠᠭ ᠡᠨᠡ ᠬᠦ᠌ 414 ᠡᠪᠡᠳᠴᠢᠲᠡᠨ ᠤ᠋ ᠳᠤᠳᠤᠷᠠᠬᠢ ᠨᠢᠬᠡ ᠪᠦᠯᠦᠭ ᠨᠢ ᠪᠤᠯᠤᠨ᠎ᠠ᠃
ᠮᠣᠩᠭᠣᠯ ᠤᠯᠤᠰ ᠤ᠋ᠨ ᠡᠪᠡᠳᠴᠢᠲᠡᠨ ᠦᠪᠦᠷ ᠮᠤᠩᠭᠤᠯ ᠳ᠋ᠤ ᠢᠷᠡᠵᠤ ᠡᠪᠡᠳᠴᠢᠨ ᠵᠢᠡᠨ ᠤᠨᠤᠰᠢᠯᠠᠨ ᠡᠮᠨᠡᠭᠦᠯᠵᠤ᠂ ᠦᠪᠦᠷ ᠮᠤᠩᠭᠤᠯ ᠤ᠋ᠨ ᠡᠮᠴᠢᠯᠡᠭᠡᠨ ᠤ᠋ ᠠᠩᠬᠢ ᠮᠣᠩᠭᠣᠯ ᠤᠯᠤᠰ ᠲᠤ᠌ ᠬᠦᠷᠴᠦ ᠠᠯᠪᠠᠨ ᠵᠢᠷᠤᠮ ᠤ᠋ᠨ ᠡᠮᠴᠢᠯᠡᠭᠡ ᠬᠢᠵᠦ᠂ ᠦᠪᠦᠷ ᠮᠤᠩᠭᠤᠯ ᠬᠢᠭᠡᠳ ᠮᠣᠩᠭᠣᠯ ᠤᠯᠤᠰ ᠬᠤᠶᠠᠷ ᠳᠠᠯ᠎ᠠ ᠪᠡᠷ ᠵᠢᠡᠨ ᠬᠠᠮᠲᠤᠷᠠᠨ ᠡᠮᠴᠢᠯᠡᠭᠡᠨ ᠤ᠋ ᠡᠷᠳᠡᠮ ᠰᠢᠨᠵᠢᠯᠡᠭᠡᠨ ᠤ᠋ ᠠᠵᠢᠯᠯᠠᠭ᠎ᠠ ᠦᠷᠨᠢᠭᠦᠯᠦᠨ᠎ᠠ ᠁ 《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ ᠳᠣᠣᠷ᠎ᠠ ᠳᠤᠮᠳᠠᠳᠤ ᠮᠣᠩᠭᠣᠯ ᠬᠣᠶᠠᠷ ᠤᠯᠤᠰ ᠤ᠋ᠨ ᠡᠯ᠎ᠡ ᠬᠦᠷᠢᠶ᠎ᠡ ᠴᠠᠷᠠᠭ᠎ᠠ ᠵᠢᠨ ᠬᠠᠮᠲᠤᠷᠠᠯᠴᠠᠭ᠎ᠠ ᠤᠯᠠᠮ ᠨᠢᠭᠳᠠᠷᠠᠪᠠ᠃ ᠡᠭᠦᠨ ᠳ᠋ᠦ᠍ ᠡᠮ ᠡᠮᠨᠡᠯᠬᠡ ᠵᠢᠨ ᠬᠠᠮᠲᠤᠷᠠᠯᠴᠠᠭ᠎ᠠ ᠠᠷᠠᠳ ᠤ᠋ᠨ ᠰᠡᠳᠬᠢᠯ ᠢ᠋ ᠬᠤᠯᠪᠤᠬᠤ ᠨᠥᠬᠥᠷᠯᠡᠯ ᠤ᠋ᠨ ᠬᠥᠭᠥᠷᠭᠡ ᠪᠤᠯᠤᠭᠰᠠᠨ ᠶᠤᠮ᠃
《ᠮᠠᠨ ᠤ᠋ ᠡᠮᠨᠡᠯᠭᠡ ᠵᠢᠨ ᠬᠤᠷᠢᠶ᠎ᠠ ᠵᠢᠨ 75% ᠵᠢᠨ ᠡᠮᠴᠢ ᠰᠤᠪᠢᠯᠠᠭᠴᠢ ᠪᠦᠷ ᠮᠣᠩᠭᠣᠯ ᠬᠢᠲᠠᠳ ᠬᠣᠶᠠᠷ ᠬᠡᠯᠡᠨ ᠳ᠋ᠦ᠍ ᠨᠡᠪᠲᠡᠷᠡᠳᠡᠭ ᠪᠣᠯᠬᠣᠷ ᠮᠣᠩᠭᠣᠯ ᠤᠯᠤᠰ ᠤ᠋ᠨ ᠡᠪᠡᠳᠴᠢᠲᠡᠳ ᠲᠡᠢ ᠪᠤᠳᠤᠯ ᠰᠠᠨᠠᠯ ᠵᠢᠡᠨ ᠰᠢᠭᠤᠳ ᠰᠤᠯᠢᠯᠴᠠᠵᠤ ᠴᠢᠳᠠᠨ᠎ᠠ》 ᠬᠡᠵᠤ ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ ᠤ᠋ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠵᠢᠨ ᠨᠠᠮ ᠤ᠋ᠨ ᠬᠣᠷᠢᠶ᠎ᠠ ᠵᠢᠨ ᠳᠡᠳ᠋ ᠱᠦᠵᠢ ᠪᠠᠳᠤᠵᠢᠨ ᠳᠠᠨᠢᠯᠴᠠᠭᠤᠯᠤᠨ᠎ᠠ᠃ ᠳᠤᠰ ᠡᠮᠨᠡᠯᠭᠡ ᠵᠢᠨ ᠬᠣᠷᠢᠶ᠎ᠠ ᠳ᠋ᠤ ᠪᠠᠰᠠ ᠮᠣᠩᠭᠣᠯ ᠤᠯᠤᠰ ᠤ᠋ᠨ ᠡᠪᠡᠳᠴᠢᠲᠡᠨ ᠤ᠋ ᠠᠰᠠᠭᠤᠨ ᠯᠠᠪᠯᠠᠬᠤ ᠤᠲᠠᠰᠤ᠂ ᠡᠭᠦᠳᠡᠨ ᠡᠮᠨᠡᠯᠭᠡ ᠵᠢᠨ ᠠᠰᠠᠭᠤᠨ ᠯᠠᠪᠯᠠᠬᠤ ᠲᠠᠪᠴᠠᠩ᠂ ᠮᠣᠩᠭᠣᠯ ᠬᠡᠯᠡᠨ ᠤ᠋ ᠨᠡᠭᠦᠳᠡᠯ ᠦᠢᠯᠡᠴᠢᠯᠡᠭᠡᠨ ᠤ᠋ ᠴᠤᠩᠬᠤᠪᠴᠢ ᠵᠡᠷᠭᠡ ᠵᠢ ᠳᠤᠬᠢᠷᠠᠭᠤᠯᠵᠤ᠂ ᠮᠣᠩᠭᠣᠯ ᠤᠯᠤᠰ ᠤ᠋ᠨ ᠡᠪᠡᠳᠴᠢᠲᠡᠨ ᠳ᠋ᠦ᠍ ᠳᠥᠭᠥᠮ ᠲᠦᠳᠡ ᠦᠢᠯᠡᠴᠢᠯᠡᠭᠡ ᠬᠠᠩᠭᠠᠬᠤ ᠵᠢᠨ ᠬᠠᠮᠳᠤ ᠪᠠᠰᠠ ᠣᠳᠣ ᠦᠶ᠎ᠡ ᠵᠢᠨ ᠠᠨᠠᠭᠠᠬᠤ ᠤᠬᠠᠭᠠᠨ ᠤ᠋ ᠮᠡᠷᠭᠡᠵᠢᠯ ᠪᠣᠯᠤᠨ ᠬᠢᠲᠠᠳ ᠮᠣᠩᠭᠣᠯ ᠡᠮ ᠡᠮᠨᠡᠯᠭᠡ ᠵᠢᠨ ᠦᠪᠡᠷᠮᠢᠴᠡ ᠤᠨᠴᠠᠯᠢᠭ ᠲᠠᠢ ᠡᠷᠡᠭᠦᠯᠵᠢᠯ ᠵᠠᠰᠠᠯᠭ᠎ᠠ ᠵᠢ ᠤᠶᠠᠯᠳᠤᠭᠤᠯᠵᠤ᠂ ᠮᠣᠩᠭᠣᠯ ᠤᠯᠤᠰ ᠤ᠋ᠨ ᠡᠪᠡᠳᠴᠢᠲᠡᠨ ᠳ᠋ᠦ᠍ 《ᠳᠤᠮᠳᠠᠳᠤ ᠤᠯᠤᠰ ᠤ᠋ᠨ ᠮᠡᠷᠭᠡᠵᠢᠯ + ᠬᠢᠲᠠᠳ ᠡᠮᠨᠡᠯᠭᠡ ᠵᠢᠨ ᠦᠢᠯᠡᠴᠢᠯᠡᠭᠡ》 ᠬᠠᠩᠭᠠᠵᠤ ᠪᠤᠢ᠃ ᠤᠢᠷ᠎ᠠ ᠵᠢᠨ ᠵᠢᠯ ᠳ᠋ᠤ ᠳᠤᠰ ᠡᠮᠨᠡᠯᠭᠡ ᠵᠢᠨ ᠬᠤᠷᠢᠶ᠎ᠠ ᠳ᠋ᠤ ᠢᠷᠡᠭᠰᠡᠨ ᠭᠠᠳᠠᠭᠠᠳᠤ ᠵᠢᠨ ᠡᠪᠡᠳᠴᠢᠳᠡᠨ ᠤᠯᠠᠮ ᠡᠴᠡ ᠤᠯᠠᠮ ᠨᠡᠮᠡᠭᠳᠡᠵᠦ᠂ 2024 ᠣᠨ ᠳ᠋ᠤ᠌ ᠬᠦᠯᠢᠶᠡᠨ ᠠᠪᠤᠭᠰᠠᠨ ᠭᠠᠳᠠᠭᠠᠳᠤ ᠵᠢᠨ ᠡᠪᠡᠳᠴᠢᠲᠡᠨ 2.4 ᠲᠦᠮᠡ ᠵᠢ ᠳᠠᠪᠠᠨ᠂ ᠣᠯᠠᠩᠬᠢ ᠮᠣᠩᠭᠣᠯ ᠤᠯᠤᠰ ᠡᠴᠡ ᠢᠷᠡᠵᠡᠢ᠃ ᠡᠨᠡ ᠵᠢᠯ ᠤ᠋ᠨ ᠲᠦᠷᠦᠬᠦᠤ ᠬᠣᠶᠠᠷ ᠰᠠᠷ᠎ᠠ ᠳ᠋ᠤ ᠬᠦᠯᠢᠶᠡᠨ ᠠᠪᠴᠤ ᠡᠮᠨᠡᠨ ᠵᠠᠰᠠᠭᠰᠠᠨ ᠭᠠᠳᠠᠭᠠᠳᠤ ᠵᠢᠨ ᠡᠪᠡᠳᠴᠢᠲᠡᠨ ᠨᠢᠭᠡᠨᠲᠡ 2023 ᠣᠨ ᠤ᠋ ᠪᠦᠬᠦ ᠵᠢᠯ ᠤ᠋ᠨ ᠬᠦᠯᠢᠶᠡᠨ ᠠᠪᠴᠤ ᠡᠮᠨᠡᠨ ᠵᠠᠰᠠᠭᠰᠠᠨ ᠭᠠᠳᠠᠭᠠᠳᠤ ᠵᠢᠨ ᠡᠪᠡᠳᠴᠢᠲᠡᠨ ᠤ᠋ ᠬᠡᠮᠵᠢᠶ᠎ᠡ ᠲᠡᠢ ᠣᠢᠷᠠᠲᠤᠪᠠ᠃
ᠦᠪᠦᠷ ᠮᠤᠩᠭᠤᠯ ᠤ᠋ᠨ ᠲᠡᠷᠢᠭᠦᠨ ᠤ᠋ ᠡᠮᠴᠢᠯᠡᠭᠡᠨ ᠤ᠋ ᠠᠷᠭ᠎ᠠ ᠪᠠᠷᠢᠯ᠂ ᠳᠥᠭᠥᠮ ᠲᠦᠳᠡ ᠡᠮᠴᠢᠯᠡᠭᠡᠨ ᠤ᠋ ᠦᠢᠯᠡᠴᠢᠯᠡᠭᠡ ᠨᠢ ᠮᠣᠩᠭᠣᠯ ᠤᠯᠤᠰ ᠤ᠋ᠨ ᠡᠪᠡᠳᠴᠢᠲᠡᠨ ᠳ᠋ᠤ ᠶᠡᠬᠡ ᠪᠡᠷ ᠲᠠᠭᠠᠰᠢᠶᠠᠬᠳᠠᠵᠤ ᠪᠤᠢ᠃ 《ᠡᠢᠮᠦ ᠰᠠᠢᠬᠠᠨ ᠡᠳᠡᠭᠡᠷᠡᠴᠢᠬᠡᠨ᠎ᠡ ᠭᠡᠵᠦ ᠶᠡᠷᠦ ᠪᠣᠳᠣᠵᠤ ᠣᠯᠤᠭᠰᠠᠨ ᠦᠭᠡᠢ᠂ ᠣᠳᠣ ᠪᠦᠷ ᠥᠪᠡᠷ ᠵᠢᠡᠨ ᠠᠯᠬᠤᠵᠤ ᠴᠢᠳᠠᠬᠤ ᠪᠤᠯᠤᠭᠰᠨᠨ ᠰᠢᠤ!》 ᠭᠡᠵᠤ ᠡᠷᠢᠶᠡᠨ ᠬᠣᠲᠠ ᠵᠢᠨ ᠮᠣᠩᠭᠣᠯ ᠬᠢᠲᠠᠳ ᠡᠮᠨᠡᠯᠭᠡ ᠵᠢᠨ ᠬᠣᠷᠢᠶ᠎ᠠ ᠳ᠋ᠤ᠌ ᠳᠠᠬᠢᠨᠲᠠ ᠢᠷᠡᠵᠤ ᠵᠡᠭᠦᠦ ᠲᠥᠭᠡᠨᠡᠯᠭᠡ ᠵᠢᠨ ᠵᠠᠰᠠᠯ ᠬᠢᠵᠤ ᠡᠮᠨᠡᠭᠦᠯᠦᠭᠰᠡᠨ ᠮᠣᠩᠭᠣᠯ ᠤᠯᠤᠰ ᠤ᠋ᠨ ᠡᠪᠡᠳᠴᠢᠲᠡᠨ ᠪᠠᠭᠠᠲᠤᠷ ᠬᠦᠭᠰᠡᠨ ᠶᠠᠷᠢᠨ᠎ᠠ᠃
ᠡᠷᠢᠶᠠᠨ ᠬᠤᠳᠠ ᠳᠤᠮᠳᠠᠳᠤ ᠮᠣᠩᠭᠣᠯ ᠤ᠋ᠨ ᠬᠠᠮᠤᠭ ᠤ᠋ᠨ ᠶᠡᠬᠡ ᠡᠬᠡ ᠬᠠᠭᠤᠷᠠᠢ ᠵᠢᠨ ᠬᠢᠯᠢ ᠵᠢᠨ ᠪᠣᠭᠣᠮᠲᠠ ᠲᠠᠢ ᠪᠠᠢᠬᠤ ᠳᠠᠪᠠᠭᠤᠯᠢᠭ ᠵᠢᠡᠨ ᠪᠠᠳᠠᠷᠠᠭᠤᠯᠤᠨ ᠮᠣᠩᠭᠣᠯ ᠤᠯᠤᠰ ᠤ᠋ᠨ ᠡᠪᠡᠳᠴᠢᠲᠡᠨ ᠢ᠋ ᠰᠢᠯᠵᠢᠭᠦᠯᠦᠨ ᠠᠪᠴᠢᠷᠠᠵᠤ ᠡᠮᠨᠡᠭᠦ ᠪᠠ ᠲᠦᠷᠭᠡᠨ ᠠᠪᠤᠷᠠᠬᠤ ᠰᠠᠭᠠᠳ ᠦᠭᠡᠢ ᠵᠠᠮ ᠢ᠋ ᠨᠡᠭᠡᠭᠡᠵᠦ᠂ ᠤᠯᠠᠨ ᠡᠰᠢᠴᠢᠯᠡᠭᠰᠡᠨ ᠴᠢᠨᠠᠷ ᠰᠠᠢᠳᠠᠢ ᠡᠮᠴᠢᠯᠡᠭᠡᠨ ᠤ᠋ ᠦᠢᠯᠡᠴᠢᠯᠡᠭᠡ ᠵᠢ ᠮᠤᠩᠭᠤᠯ ᠤᠯᠤᠰ ᠤ᠋ᠨ ᠤᠯᠠᠨ ᠡᠪᠡᠳᠴᠢᠳᠡᠨ ᠳ᠋ᠤ ᠬᠦᠷᠳᠡᠬᠡᠪᠡ᠃ 2024 ᠣᠨ ᠳ᠋ᠤ᠌ ᠡᠷᠢᠶᠡᠨ ᠬᠣᠲᠠ ᠵᠢᠨ ᠮᠣᠩᠭᠣᠯ ᠬᠢᠲᠠᠳ ᠡᠮᠨᠡᠯᠭᠡ ᠵᠢᠨ ᠬᠣᠷᠢᠶ᠎ᠠ ᠵᠢᠨ ᠬᠦᠯᠢᠶᠡᠨ ᠠᠪᠤᠭᠰᠠᠨ ᠮᠣᠩᠭᠣᠯ ᠤᠯᠤᠰ ᠤ᠋ᠨ ᠡᠪᠡᠳᠴᠢᠲᠡᠨ 2.9 ᠲᠦᠮᠡᠨ ᠬᠦᠮᠦᠨ ᠤᠳᠠᠭ᠎ᠠ ᠵᠢ ᠳᠠᠪᠠᠵᠠᠢ᠃
ᠮᠠᠨ ᠤ᠋ ᠤᠷᠤᠨ ᠮᠣᠩᠭᠣᠯ ᠤᠯᠤᠰ ᠤ᠋ᠨ ᠡᠪᠡᠳᠴᠢᠲᠡᠨ ᠤ᠋ ᠦᠪᠦᠷ ᠮᠤᠩᠭᠤᠯ ᠳ᠋ᠤ ᠢᠷᠡᠵᠦ ᠡᠪᠡᠳᠴᠢᠨ ᠵᠢᠡᠨ ᠦᠵᠡᠭᠦᠯᠬᠦ ᠳ᠋ᠤ ᠳᠥᠭᠥᠮ ᠬᠠᠩᠭᠠᠭᠰᠠᠨ ᠵᠢᠠᠷ ᠪᠠᠷᠠᠬᠤ ᠦᠭᠡᠢ ᠪᠠᠰᠠ ᠮᠤᠩᠭᠤᠯ ᠡᠮᠴᠢ ᠨᠠᠷ ᠢ᠋ ᠮᠣᠩᠭᠣᠯ ᠤᠯᠤᠰ ᠤ᠋ᠨ ᠡᠮᠨᠡᠯᠭᠡ ᠵᠢᠨ ᠬᠤᠷᠢᠶ᠎ᠠ ᠳ᠋ᠦ᠍ ᠲᠤᠮᠢᠯᠠᠨ ᠴᠢᠨᠠᠷ ᠰᠠᠢᠳᠠᠢ ᠡᠮᠴᠢᠯᠡᠭᠡᠨ ᠤ᠋ ᠦᠢᠯᠡᠴᠢᠯᠡᠭᠡ ᠬᠠᠩᠭᠠᠵᠤ ᠪᠤᠢ᠃ ᠤᠢᠯᠠᠭᠠᠭᠰᠠᠨ ᠵᠢᠡᠷ᠂ ᠵᠥᠪᠭᠡᠨ ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ ᠤ᠋ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠤᠷᠢᠳ ᠬᠤᠵᠢᠳ 21 ᠪᠦᠯᠦᠭ ᠡᠮᠴᠢᠯᠡᠭᠡᠨ ᠤ᠋ ᠪᠦᠯᠬᠦᠮ ᠢ᠋ ᠮᠣᠩᠭᠣᠯ ᠤᠯᠤᠰ ᠲᠤ᠌ ᠲᠣᠮᠢᠯᠠᠨ ᠡᠷᠡᠭᠦᠯ ᠮᠡᠨᠳᠦ ᠵᠢᠨ ᠠᠯᠪᠠᠨ ᠵᠢᠷᠤᠮ ᠤ᠋ᠨ ᠡᠮᠴᠢᠯᠡᠭᠡᠨ ᠥᠷᠨᠢᠭᠦᠯᠵᠦ᠂ ᠮᠣᠩᠭᠣᠯ ᠤᠯᠤᠰ ᠤ᠋ᠨ 3.5 ᠲᠦᠮᠡᠨ ᠬᠦᠮᠦᠨ (ᠤᠳᠠᠭ᠎ᠠ) ᠳ᠋ᠤ ᠠᠰᠢᠭ ᠬᠦᠷᠳᠡᠭᠡᠪᠡ᠃ ᠤᠢᠷ᠎ᠠ ᠵᠢᠨ ᠬᠣᠶᠠᠷ ᠵᠢᠯ ᠳ᠋ᠦ᠍ ᠲᠤᠰ ᠡᠮᠨᠡᠯᠭᠡ ᠵᠢᠨ ᠬᠣᠷᠢᠶ᠎ᠠ ᠪᠠᠰᠠ ᠮᠣᠩᠭᠣᠯ ᠤᠯᠤᠰ ᠤ᠋ᠨ ᠡᠷᠡᠭᠦᠯ ᠮᠡᠨᠳᠦ ᠵᠢᠨ ᠶᠠᠮᠤᠨ ᠤ᠋ ᠡᠷᠡᠭᠦᠯ ᠮᠡᠨᠳᠦ ᠵᠢᠨ ᠬᠥᠭᠵᠢᠯ ᠤ᠋ᠨ ᠲᠥᠪ ᠲᠠᠢ ᠬᠠᠮᠳᠤᠷᠠᠨ 《ᠳᠤᠮᠳᠠᠳᠤ ᠤᠯᠤᠰ — ᠮᠣᠩᠭᠣᠯ ᠤᠯᠤᠰ ᠤ᠋ᠨ ᠮᠣᠩᠭᠣᠯ ᠠᠨᠠᠭᠠᠬᠤ ᠤᠬᠠᠭᠠᠨ ᠤ᠋ ᠳᠤᠰᠬᠠᠢ ᠮᠡᠷᠭᠡᠵᠢᠯ ᠤ᠋ᠨ ᠴᠢᠳᠠᠪᠤᠷᠢᠳᠠᠨ ᠤ᠋ ᠪᠣᠯᠪᠠᠰᠤᠷᠠᠯ ᠤ᠋ᠨ ᠠᠩᠬᠢ》᠂ 《ᠮᠣᠩᠭᠣᠯ ᠤᠯᠤᠰ ᠤ᠋ᠨ ᠦᠨᠳᠦᠰᠤᠨ ᠱᠠᠲᠤᠨ ᠤ᠋ ᠡᠮᠴᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠩᠬᠢ》 ᠵᠡᠷᠭᠡ ᠬᠦᠮᠦᠵᠢᠯ ᠪᠤᠯᠪᠠᠰᠤᠷᠠᠯ ᠢ᠋ ᠡᠷᠬᠢᠯᠡᠵᠦ᠂ ᠮᠣᠩᠭᠣᠯ ᠤᠯᠤᠰ ᠤ᠋ᠨ 400 ᠭᠠᠷᠤᠢ ᠡᠮᠴᠢᠳᠤ ᠪᠤᠯᠪᠠᠰᠤᠷᠠᠯ ᠬᠥᠷᠳᠡᠭᠡᠪᠡ᠃
— ᠪᠤᠭᠤᠲᠤ ᠵᠢᠨ ᠪᠣᠯᠣᠳ ᠲᠡᠮᠦᠷ ᠤ᠋ᠨ ᠦᠢᠯᠡᠳᠪᠦᠷᠢ ᠵᠢᠨ ᠡᠮᠨᠡᠯᠭᠡ ᠵᠢᠨ ᠬᠣᠷᠢᠶ᠎ᠠ ᠪᠣᠯᠤᠨ ᠮᠣᠩᠭᠣᠯ ᠤᠯᠤᠰ ᠤ᠋ᠨ ᠡᠮᠴᠢᠯᠡᠭᠡᠨ ᠤ᠋ ᠬᠠᠮᠲᠤᠷᠠᠯᠴᠠᠭ᠎ᠠ ᠵᠢ 2017 ᠣᠨ ᠤ᠋ 8 ᠰᠠᠷ᠎ᠠ ᠳ᠋ᠤ᠌ ᠡᠬᠢᠯᠡᠬᠦᠯᠦᠭᠰᠡᠨᠦ ᠰᠠᠭᠤᠷᠢᠨ ᠲᠠᠬᠡᠷ᠎ᠠ᠂ ᠨᠢᠳᠤᠨᠤᠨ ᠤ᠋ 5 ᠰᠠᠷ᠎ᠠ ᠳ᠋ᠤ᠌ ᠬᠤᠶᠠᠷ ᠳᠠᠯ᠎ᠠ ᠪᠡᠷ ᠵᠢᠡᠨ ᠪᠠᠰᠠ ᠪᠠᠢᠯᠳᠤᠬᠤ ᠪᠣᠳᠣᠯᠭ᠎ᠠ ᠵᠢᠨ ᠬᠠᠮᠳᠤᠷᠠᠯᠴᠠᠭᠠᠨ ᠤ᠋ ᠵᠦᠪᠯᠡᠯᠴᠡᠭᠡᠷ ᠲᠦ᠍ ᠭᠠᠷ ᠤ᠋ᠨ ᠦᠰᠦᠭ ᠵᠢᠷᠤᠵᠤ᠂ ᠬᠣᠶᠠᠷ ᠲᠠᠯ᠎ᠠ ᠵᠢᠨ ᠬᠠᠮᠲᠤᠷᠠᠯᠴᠠᠭᠠᠨ ᠤ᠋ ᠬᠠᠷᠢᠴᠠᠭ᠎ᠠ ᠵᠢ ᠰᠢᠨ᠎ᠡ ᠳᠡᠭᠲᠡᠷ ᠲᠦ᠍ ᠬᠦᠷᠭᠡᠵᠠᠢ᠃
— ᠡᠨᠡ ᠵᠢᠯ ᠤ᠋ᠨ 4 ᠰᠠᠷ᠎ᠠ ᠵᠢᠨ 15 ᠤ᠋ ᠡᠳᠦᠷ᠂ ᠬᠥᠬᠡᠬᠣᠲᠠ ᠪᠣᠯᠤᠨ ᠮᠣᠩᠭᠣᠯ ᠤᠯᠤᠰ ᠤ᠋ᠨ ᠲᠥᠪ ᠠᠢᠮᠠᠭ ᠤ᠋ᠨ ᠬᠢᠨ ᠵᠢᠩᠬᠢᠨᠢ ᠪᠡᠷ ᠨᠥᠬᠥᠷᠰᠡᠭ ᠬᠣᠲᠠ ᠵᠢᠨ ᠬᠠᠷᠢᠴᠠᠭ᠎ᠠ ᠪᠠᠢᠭᠤᠯᠤᠭᠰᠠᠨ ᠠᠬᠤᠢ ᠪᠠᠢᠳᠠᠯ ᠳᠣᠣᠷ᠎ᠠ᠂ ᠬᠥᠬᠡᠬᠣᠲᠠ ᠵᠢᠨ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ ᠬᠢᠭᠡᠳ ᠮᠣᠩᠭᠣᠯ ᠤᠯᠤᠰ ᠤ᠋ᠨ ᠲᠥᠪ ᠠᠢᠮᠠᠭ ᠤ᠋ᠨ ᠶᠡᠷᠦᠩᠬᠡᠢᠯᠡᠭᠰᠡᠨ ᠡᠮᠨᠡᠯᠭᠡ ᠵᠢᠨ ᠬᠤᠷᠢᠶ᠎ᠠ 《ᠡᠮᠴᠢᠯᠡᠭᠡᠨ ᠤ᠋ ᠬᠠᠮᠲᠤᠷᠠᠯᠴᠠᠭ᠎ᠠ ᠵᠢᠨ ᠪᠦᠳᠦᠭᠦᠪᠴᠢ ᠵᠥᠪᠯᠡᠯᠴᠡᠬᠡᠷ》 ᠲᠦ᠍ ᠭᠠᠷ ᠤ᠋ᠨ ᠦᠰᠦᠭ ᠵᠢᠷᠤᠪᠠ᠃
ᠮᠤᠩᠭᠤᠯ ᠤᠯᠤᠰ ᠤ᠋ᠨ ᠡᠪᠡᠳᠴᠢᠳᠡᠨ ᠢ᠋ ᠬᠦᠯᠢᠶᠡᠨ ᠠᠪᠴᠤ ᠡᠮᠨᠡᠬᠦ ᠡᠴᠡ ᠠᠪᠤᠭᠠᠳ ᠮᠤᠩᠭᠤᠯ ᠤᠯᠤᠰ ᠲᠦ᠍ ᠬᠦᠷᠴᠦ ᠡᠮᠴᠢᠯᠡᠬᠡᠨ ᠦᠷᠨᠢᠬᠦᠯᠬᠦ ᠬᠦᠷᠳᠡᠯ᠎ᠠ᠂ ᠴᠢᠰᠤᠨ ᠤ᠋ ᠥᠭᠡᠬᠦ ᠵᠢ ᠪᠠᠭᠤᠷᠠᠭᠤᠯᠬᠤ ᠪᠠᠺᠲ᠋ᠧᠷᠢ ᠪᠣᠢᠵᠢᠭᠤᠯᠬᠤ ᠡᠴᠡ ᠠᠪᠤᠭᠠᠳ ᠶᠡᠬᠡ ᠬᠡᠮᠵᠢᠶᠡᠨ ᠤ᠋ ᠡᠮ ᠤ᠋ᠨ ᠮᠠᠲ᠋ᠧᠷᠢᠶᠠᠯ ᠬᠠᠮᠳᠤᠷᠠᠵᠦ ᠲᠠᠷᠢᠬᠤ ᠬᠦᠷᠲᠡᠯ᠎ᠡ᠂ ᠴᠡᠬᠡ ᠵᠢᠨ ᠪᠦᠲᠦᠭᠡᠭᠳᠡᠬᠦᠨ ᠢ᠋ ᠨᠡᠭᠡᠭᠡᠨ ᠬᠥᠭᠵᠢᠭᠦᠯᠬᠦ ᠡᠴᠡ ᠠᠪᠤᠭᠠᠳ ᠴᠠᠭᠠᠨ ᠭᠣᠶᠣᠣ ᠲᠠᠢ ᠬᠣᠨᠢᠨ ᠮᠢᠬ᠎ᠠ ᠵᠢᠨ ᠡᠮᠳᠤ ᠢᠳᠡᠭᠡᠨ ᠪᠤᠯᠪᠠᠰᠤᠷᠠᠭᠤᠯᠬᠤ ᠬᠦᠷᠲᠡᠯ᠎ᠡ ᠁ ᠦᠪᠦᠷ ᠮᠤᠩᠭᠤᠯ ᠬᠢᠭᠡᠳ ᠮᠣᠩᠭᠣᠯ ᠤᠯᠤᠰ ᠤ᠋ᠨ ᠡᠮ ᠡᠮᠨᠡᠯᠬᠡ ᠵᠢᠨ ᠬᠠᠮᠲᠤᠷᠠᠯᠴᠠᠭ᠎ᠠ ᠡᠪᠡᠳᠴᠢᠨ ᠢ᠋ ᠤᠨᠤᠰᠢᠯᠠᠵᠤ ᠡᠪᠡᠳᠴᠢᠨ ᠵᠠᠰᠠᠵᠤ ᠪᠠᠢᠭᠰᠠᠨ ᠡᠴᠡ ᠪᠠᠨ ᠡᠮᠨᠡᠯᠭᠡ ᠵᠢᠨ ᠤᠬᠠᠭᠠᠨ ᠤ᠋ ᠰᠤᠳᠤᠯᠭᠠᠨ ᠬᠦᠷᠲᠡᠯ᠎ᠡ ᠥᠷᠭᠡᠳᠤᠨ᠂ ᠬᠥᠮᠦᠨ ᠲᠥᠷᠥᠯᠬᠢᠲᠡᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠬᠠᠮᠲᠤ ᠵᠢᠨ ᠴᠣᠭᠴᠠ ᠵᠢ ᠪᠠᠢᠭᠤᠯᠬᠤ ᠳ᠋ᠤ᠌ ᠨᠡᠩ ᠥᠷᠭᠡᠨ ᠠᠭᠤᠳᠠᠮ ᠣᠷᠣᠨ ᠵᠠᠢ ᠵᠢ ᠨᠡᠭᠡᠭᠡᠵᠦ᠂ ᠤᠷᠤᠨ ᠪᠦᠰᠡ ᠵᠢᠨ ᠠᠷᠠᠳ ᠲᠦᠮᠡᠨ ᠤ᠋ ᠡᠷᠡᠭᠦᠯ ᠡᠩᠬᠡ ᠵᠢᠨ ᠲᠥᠯᠤᠭᠡ ᠲᠡᠮᠡᠤᠯᠦᠭᠰᠡᠬᠡᠷ ᠬᠦᠨᠵᠡᠭᠡᠢᠷᠡᠭᠰᠡᠭᠡᠷ ᠁
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃