ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-22 10:09:56

ᠵᠣᠬᠢᠶᠠᠭ᠍ᠴᠢ᠄ ​ ᠦᠨᠢᠷ ᠣᠩᠱᠢᠭ᠍ᠰᠠᠨ ᠣᠳᠠᠭ᠎ᠠ᠄ 3

— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ⑥


2013 ᠣᠨ ᠤ᠋ 9 ᠰᠠᠷ᠎ᠠ ᠢ᠋ᠢᠨ 3 ᠤ᠋ ᠡᠳᠦᠷ᠂ ᠴᠸᠡᠭᠳᠦ᠋ ᠡᠴᠡ ᠫᠤᠯᠠᠨᠳ᠋ ᠬᠦᠷᠬᠦ ᠠᠡᠭᠬᠠᠨ ᠤ᠋ ᠴᠤᠪᠤᠭ᠎ᠠ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠡᠷᠢᠶᠠᠨ ᠲᠡᠮᠦᠷ ᠵᠠᠮ ᠤ᠋ᠨ ᠬᠢᠯᠢ ᠢ᠋ᠢᠨ ᠪᠣᠭᠣᠮᠲᠠ ᠪᠡᠷ ᠳᠤᠮᠳᠠᠳᠤ ᠤᠯᠤᠰ ᠡᠴᠡ ᠭᠠᠷᠤᠭᠰᠠᠨ ᠶᠤᠮ᠃

2022 ᠤᠨ ᠤ᠋ 8 ᠰᠠᠷ᠎ᠠ ᠢ᠋ᠢᠨ 6 ᠤ᠋ ᠡᠳᠦᠷ᠂ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠡᠷᠢᠶᠡᠨ ᠲᠡᠮᠦᠷ ᠵᠠᠮ ᠤ᠋ᠨ ᠬᠢᠯᠢ ᠢ᠋ᠢᠨ ᠪᠣᠭᠣᠮᠲᠠ ᠪᠡᠷ ᠭᠠᠷᠤᠨ ᠫᠤᠯᠠᠨᠳ᠋ ᠤ᠋ᠨ ᠮᠠᠯᠠᠱᠸ᠋ᠸᠢᠴ ᠢ᠋ ᠴᠢᠭᠯᠡᠵᠤ᠂ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠳᠤᠮᠳᠠ ᠱᠤᠭᠤᠮ ᠵᠢᠡᠷ ᠠᠶᠠᠯᠠᠭᠰᠠᠨ ᠭᠠᠯᠲᠤ ᠲᠡᠷᠭᠡ ᠲᠦᠮᠡᠨ ᠴᠤᠪᠤᠭ᠎ᠠ ᠢ᠋ᠢ ᠳᠠᠪᠠᠪᠠ᠃

2025 ᠤᠨ ᠤ᠋ 8 ᠰᠠᠷ᠎ᠠ ᠢ᠋ᠢᠨ 3 ᠤ᠋ ᠡᠳᠦᠷ᠂ 55 ᠴᠢᠩᠭᠡᠯᠢᠭ ᠢ᠋ ᠠᠴᠢᠭᠰᠠᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠡᠷᠢᠶᠡᠨ ᠲᠡᠮᠤᠷ ᠵᠠᠮ ᠤ᠋ᠨ ᠬᠢᠯᠢ ᠢ᠋ᠢᠨ ᠪᠣᠭᠣᠮᠲᠠ ᠪᠡᠷ ᠦᠡᠭᠭᠡᠷᠡᠵᠤ᠂ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠳᠤᠮᠳᠠ ᠱᠤᠭᠤᠮ ᠵᠢᠡᠷ ᠠᠶᠠᠯᠠᠭᠰᠠᠨ ᠭᠠᠯᠲᠤ ᠲᠡᠷᠭᠡ 2 ᠲᠦᠮᠡᠨ ᠴᠤᠪᠤᠭ᠎ᠠ ᠢ᠋ᠢ ᠳᠠᠪᠠᠯ᠎ᠠ ᠁

ᠳᠤᠮᠳᠠᠳᠤ ᠤᠯᠤᠰ ᠬᠢᠭᠡᠳ ᠮᠤᠡᠭᠭᠤᠯ ᠤᠯᠤᠰ ᠤ᠋ᠨ ᠠᠵᠤ ᠠᠬᠤᠢ ᠠᠷᠠᠯᠵᠢᠶ᠎ᠠ ᠢ᠋ᠢᠨ ᠬᠠᠮᠲᠤᠷᠠᠯᠴᠠᠭᠠᠨ ᠤ᠋ ᠴᠢᠬᠤᠯᠠ ᠬᠤᠯᠪᠤᠭᠠᠰᠤ᠂ 《ᠨᠢᠭᠡ ᠪᠦᠰᠡ ᠨᠢᠭᠡ ᠵᠠᠮ》 ᠳᠠᠭᠠᠤ ᠢ᠋ᠢᠨ ᠤᠯᠤᠰ ᠤᠷᠤᠨ ᠤ᠋ ᠶᠠᠪᠤᠯᠴᠠᠭ᠎ᠠ ᠰᠤᠯᠢᠯᠴᠠᠭ᠎ᠠ ᠢ᠋ᠢᠨ ᠬᠦᠬᠦᠷᠭᠡ ᠪᠤᠯᠤᠬᠰᠠᠨ ᠡᠨᠡ ᠬᠦ᠌ ᠡᠳ᠋ ᠪᠠᠷᠠᠭᠠᠨ ᠤ᠋ ᠭᠦᠶ᠋ᠯᠭᠡᠭᠡ ᠵᠢᠨ 《ᠠᠮᠢᠨ ᠰᠤᠳᠠᠰᠤ》 ᠨᠢ ᠤᠨ ᠴᠠᠭ ᠤ᠋ᠨ ᠬᠠᠭᠤᠳᠠᠰᠤᠨ ᠳ᠋ᠤ ᠲᠡᠮᠳᠡᠭᠯᠡᠭᠳᠡᠨ ᠬᠦᠭᠵᠢᠨ ᠤᠷᠤᠭᠰᠢᠯᠠᠵᠤ ᠪᠠᠢᠨ᠎ᠠ᠃

ᠡᠷᠢᠶᠡᠨ ᠲᠡᠮᠦᠷ ᠵᠠᠮ ᠤ᠋ᠨ ᠬᠢᠯᠢ ᠢ᠋ᠢᠨ ᠪᠣᠭᠣᠮᠲᠠ ᠪᠣᠯ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠵᠢᠨ ᠳᠤᠮᠳᠠ ᠱᠤᠭᠤᠮ ᠤ᠋ᠨ ᠵᠠᠩᠭᠢᠯᠠᠭ᠎ᠠ ᠢ᠋ᠢᠨ ᠴᠡᠭ ᠪᠣᠯᠬᠤ ᠪᠥᠭᠡᠳ ᠳᠤᠮᠳᠠᠳᠤ ᠮᠣᠩᠭᠣᠯ ᠤ᠋ᠨ ᠬᠢᠯᠢ ᠳ᠋ᠡᠬᠢ ᠬᠠᠮᠤᠭ ᠤ᠋ᠨ ᠶᠡᠬᠡ ᠬᠠᠭᠤᠷᠠᠢ ᠵᠠᠮ ᠤ᠋ᠨ ᠬᠢᠯᠢ ᠢ᠋ᠢᠨ ᠪᠣᠭᠣᠮᠲᠠ ᠪᠠᠢᠵᠤ᠂ ᠤᠯᠤᠰ ᠤ᠋ᠨ 《ᠨᠢᠭᠡ ᠪᠦᠰᠡ ᠨᠢᠭᠡ ᠵᠠᠮ》 ᠂ 《ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠢ᠋ᠢᠨ ᠬᠣᠩᠭᠢᠯ》 ᠤ᠋ᠨ ᠪᠦᠲᠦᠭᠡᠨ ᠪᠠᠢᠭᠤᠯᠤᠯᠲᠠ ᠢ᠋ᠢᠨ ᠴᠢᠬᠤᠯᠠ ᠬᠦᠢᠰᠤ ᠪᠤᠯᠤᠨ᠎ᠠ᠃ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠡᠷᠢᠶᠡᠨ ᠲᠡᠮᠦᠷ ᠵᠠᠮ ᠤ᠋ᠨ ᠬᠢᠯᠢ ᠢ᠋ᠢᠨ ᠪᠣᠭᠣᠮᠲᠠ ᠪᠡᠷ ᠬᠢᠯᠢ ᠡᠴᠡ ᠭᠠᠷᠴᠤ᠂ ᠮᠣᠩᠭᠣᠯ ᠤᠯᠤᠰ ᠤ᠋ᠨ ᠤᠯᠠᠭᠠᠨᠪᠠᠭᠠᠲᠤᠷ ᠤ᠋ᠨ ᠲᠡᠮᠦᠷ ᠵᠠᠮ ᠢ᠋ᠢᠡᠷ ᠥᠩᠭᠡᠷᠡᠨ ᠣᠷᠣᠰ ᠤ᠋ᠨ ᠱᠢᠪᠸᠷᠢᠶ᠎ᠠ ᠲᠡᠮᠦᠷ ᠵᠠᠮ ᠳ᠋ᠤ ᠣᠷᠣᠵᠤ᠂ ᠧᠦ᠋ᠷᠣᠫᠠ ᠢ᠋ᠢᠨ ᠤᠯᠤᠰ ᠤᠷᠤᠨ ᠳ᠋ᠤ ᠬᠦᠷᠳᠡᠭ᠃ ᠤᠳᠤ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠳᠤᠮᠳᠠ ᠱᠤᠭᠤᠮ ᠤ᠋ᠨ ᠡᠵᠡᠡᠭᠨᠡᠯᠲᠡ ᠢ᠋ᠢᠨ ᠱᠤᠭᠤᠮ 73 ᠪᠤᠯᠵᠤ ᠨᠡᠮᠡᠭᠳᠡᠨ ᠭᠸᠷᠮᠠᠨ᠂ ᠫᠤᠯᠠᠨᠳ᠋ ᠵᠡᠷᠭᠡ 10 ᠭᠠᠷᠤᠢ ᠤᠯᠤᠰ ᠤ᠋ᠨ 70 ᠭᠠᠷᠤᠢ ᠬᠦᠢᠰᠦ ᠦᠷᠲᠡᠭᠡ ᠳ᠋ᠤ ᠨᠡᠪᠳᠡᠷᠡᠵᠤ᠂ ᠤᠯᠤᠰ ᠤ᠋ᠨ ᠳᠣᠲᠣᠭᠠᠳᠤ ᠢ᠋ᠢᠨ 24 ᠮᠤᠵᠢ᠂ ᠦᠪᠡᠷᠳᠡᠬᠡᠨ ᠵᠠᠰᠬᠠᠤ ᠣᠷᠣᠨ ᠪᠠ ᠰᠢᠭᠤᠳ ᠬᠠᠷᠢᠶ᠎ᠠ ᠬᠤᠳᠠ ᠵᠢᠨ 60 ᠭᠠᠷᠤᠢ ᠬᠤᠳᠠ ᠢ᠋ᠢ ᠬᠠᠮᠤᠷᠴᠤ᠂ 《ᠳᠣᠲᠣᠭᠠᠳᠤ ᠭᠠᠳᠠᠭᠠᠳᠤ ᠢ᠋ᠢ ᠬᠣᠯᠪᠣᠵᠤ᠂ ᠣᠯᠠᠨ ᠴᠡᠭ ᠢ᠋ ᠨᠥᠯᠥᠭᠡᠯᠡᠭ᠌ᠰᠡᠨ》 ᠲᠡᠭᠡᠭᠡᠪᠦᠷᠢ ᠢ᠋ᠢᠨ ᠲᠤᠤᠷ ᠢ᠋ ᠪᠦᠷᠢᠯᠳᠦᠭᠦᠯᠪᠡ᠃ ᠲᠡᠭᠡᠭᠡᠪᠦᠷᠢ ᠢ᠋ᠢᠨ ᠡᠳ᠋ ᠪᠠᠷᠠᠭ᠎ᠠ ᠴᠤ᠌ ᠬᠠᠮᠤᠭ ᠤ᠋ᠨ ᠠᠩᠬᠠᠨ ᠤ᠋ ᠲᠡᠮᠦᠷᠯᠢᠭ᠂ ᠬᠢᠮᠢ ᠢ᠋ᠢᠨ ᠠᠵᠤ ᠦᠢᠯᠡᠳᠪᠦᠷᠢ ᠵᠢᠨ ᠦᠢᠯᠡᠳᠬᠦᠨ᠂ ᠬᠤᠪᠴᠠᠰᠤ ᠬᠤᠨᠠᠷ ᠱᠠᠬᠠᠢ ᠮᠠᠯᠠᠭᠠᠢ ᠵᠡᠷᠬᠡ ᠡᠴᠡ ᠪᠡᠨ ᠠᠯᠬᠤᠮ ᠠᠯᠬᠤᠮ ᠢ᠋ᠢᠡᠷ ᠱᠢᠨ᠎ᠡ ᠡᠨᠧᠷᠭᠢ ᠢ᠋ᠢᠨ ᠮᠠᠱᠢᠨ ᠲᠡᠷᠭᠡ᠂ ᠡᠯᠧᠺᠲ᠋ᠷᠣᠨ ᠦᠢᠯᠡᠳᠬᠦᠨ᠂ ᠭᠡᠷ ᠤ᠋ᠨ ᠴᠠᠬᠢᠯᠭᠠᠨ ᠬᠡᠷᠡᠭ᠌ᠰᠡᠯ᠂ ᠪᠠᠷᠢᠯᠭ᠎ᠠ ᠢ᠋ᠢᠨ ᠮᠠᠲ᠋ᠧᠷᠢᠶᠠᠯ ᠵᠡᠷᠭᠡ ᠥᠨᠳᠥᠷ ᠨᠡᠮᠡᠯᠲᠡ ᠦᠷᠳᠡᠭ ᠪᠦᠬᠦᠢ ᠲᠦᠮᠡ ᠭᠠᠷᠤᠶ ᠵᠦᠶ᠋ᠯ ᠤ᠋ᠨ ᠦᠢᠯᠡᠳᠬᠦᠨ ᠪᠤᠯᠵᠤ ᠨᠡᠮᠡᠭᠳᠡᠨ᠂ 《ᠲᠣᠭ᠎ᠠ ᠬᠡᠮᠵᠢᠶ᠎ᠠ》 ᠵᠢᠨ ᠬᠤᠷᠠᠮᠳᠤᠯ ᠡᠴᠡ 《ᠶᠠᠰᠤ ᠴᠢᠨᠠᠷ》 ᠤ᠋ᠨ ᠱᠢᠪᠲᠤᠯᠤᠯᠲᠠ᠎ᠵᠦᠭ ᠰᠢᠯᠵᠢᠯ᠎ᠠ᠃

ᠤᠢᠷ᠎ᠠ ᠢ᠋ᠢᠨ ᠵᠢᠯ ᠳ᠋ᠤ ᠡᠷᠢᠶᠡᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠢ᠋ᠢᠨ ᠬᠢᠨ ᠰᠠᠭᠤᠷᠢ ᠲᠥᠬᠥᠭᠡᠷᠦᠮᠵᠢ ᠢ᠋ᠢᠨ ᠪᠥᠲᠥᠭᠡᠨ ᠪᠠᠢᠭᠤᠯᠤᠯᠲᠠ ᠪᠡᠨ ᠴᠢᠩᠭᠠᠳᠭᠠᠵᠤ᠂ ᠲᠣᠭᠠᠴᠢᠯᠠᠭ᠍ᠰᠠᠨ ᠪᠣᠭᠣᠮᠲᠠ ᠢ᠋ᠢᠨ ᠪᠥᠲᠥᠭᠡᠨ ᠪᠠᠢᠭᠤᠯᠤᠯᠲᠠ ᠢ᠋ᠢ ᠬᠦᠴᠦᠲᠠᠢ ᠠᠬᠢᠭᠤᠯᠤᠨ᠂ ᠪᠣᠰᠣᠭ᠎ᠠ ᠴᠣᠭ᠍ᠴᠠᠲᠤ ᠤᠶᠤᠨᠴᠢᠯᠠᠭ᠍ᠰᠠᠨ ᠬᠠᠮᠢᠶᠠᠷᠤᠯᠲᠠ ᠢ᠋ᠢᠨ ᠱᠢᠰᠲ᠋ᠧᠮ ᠢ᠋ ᠪᠠᠢᠭᠤᠯᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ + ᠵᠠᠭ᠍ᠪᠤᠷ》 ᠤ᠋ᠨ ᠱᠢᠨ᠎ᠡ ᠡᠭᠦᠳᠦᠯᠲᠡ ᠪᠡᠷ ᠮᠡᠳᠡᠭᠡ ᠵᠠᠩᠭᠢ ᠢ᠋ᠢᠨ ᠲᠣᠭ᠎ᠠ ᠪᠠᠷᠢᠮᠲᠠ ᠢ᠋ᠢ ᠬᠠᠷᠢᠯᠴᠠᠨ ᠨᠡᠪᠲᠡᠷᠡᠯᠴᠠᠵᠦ᠍ ᠬᠠᠮᠲᠤ ᠪᠠᠷ ᠡᠳ᠋ᠯᠡᠵᠤ᠂ ᠳᠡᠭᠡᠳᠦ ᠬᠡᠮᠵᠢᠶ᠎ᠡ ᠪᠡᠷ ᠬᠠᠮᠵᠢᠯᠴᠠᠬᠤ ᠢ᠋ᠢ ᠪᠡᠶᠡᠯᠡᠭᠦᠯᠪᠠ; ᠮᠣᠩᠭᠣᠯ ᠤᠯᠤᠰ ᠤ᠋ᠨ ᠵᠠᠮ ᠤ᠋ᠨ ᠡᠭᠦᠳᠡ ᠥᠷᠲᠡᠭᠡ ᠲᠠᠢ ᠬᠠᠮᠲᠤᠷᠠᠨ 《ᠬᠣᠶᠠᠷ ᠥᠷᠲᠡᠭᠡ ᠢ᠋ᠢ ᠨᠢᠭᠡ ᠴᠣᠭᠴᠠᠵᠢᠭᠤᠯᠬᠤ》 ᠲᠡᠭᠡᠭᠡᠪᠦᠷᠢ ᠢ᠋ᠢᠨ ᠵᠠᠭᠪᠤᠷ ᠢ᠋ ᠬᠡᠷᠡᠭᠵᠢᠭᠦᠯᠵᠦ᠍᠂ 《ᠡᠳᠦᠷ ᠪᠦᠷᠢ ᠬᠠᠷᠢᠯᠴᠠᠬᠤ᠂ ᠰᠠᠷ᠎ᠠ᠎ᠪᠤᠯᠭᠠᠨ ᠠᠭᠤᠯᠵᠠᠬᠤ》 ᠲᠣᠭᠲᠠᠴᠠ ᠢ᠋ᠢ ᠬᠡᠷᠡᠭᠵᠢᠭᠦᠯᠤᠨ᠂ ᠵᠢᠱᠢᠶᠡᠨ ᠤ᠋ ᠭᠠᠯᠲᠤ᠌ ᠲᠡᠷᠭᠡ ᠢ᠋ᠢᠨ ᠤᠷᠤᠵᠤ ᠭᠠᠷᠬᠤ ᠵᠢ ᠣᠨᠣᠴᠠᠲᠠᠶ ᠵᠢᠯᠣᠭᠣᠳᠴᠤ᠂ ᠪᠣᠭᠣᠮᠲᠠ ᠪᠡᠷ ᠥᠩᠭᠡᠷᠡᠬᠦ ᠴᠠᠭ ᠢ᠋ 1 — 2 ᠡᠳᠦᠷ ᠪᠠᠭᠠᠰᠭᠠᠵᠤ᠂ ᠵᠢᠱᠢᠶᠡᠨ ᠤ᠋ ᠭᠠᠯᠲᠤ ᠲᠡᠷᠭᠡ ᠢ᠋ᠢᠨ 《ᠲᠦᠷᠭᠡᠨ ᠣᠷᠣᠵᠤ ᠲᠦᠷᠭᠡᠨ ᠭᠠᠷᠬᠤ》 ᠢ᠋ᠢ ᠪᠠᠳᠤᠯᠠᠪᠠ᠃

ᠲᠡᠭᠡᠭᠡᠪᠦᠷᠢ ᠢ᠋ᠢᠨ ᠬᠦᠴᠦᠨ ᠤ᠋ ᠨᠡᠮᠡᠭ᠌ᠳᠡᠯ᠂ ᠵᠠᠮ ᠤ᠋ᠨ ᠲᠤᠤᠷ ᠤ᠋ᠨ ᠦᠷᠭᠡᠵᠢᠯ᠂ ᠪᠠᠷᠠᠭᠠᠨ ᠤ᠋ ᠪᠦᠲᠦᠴᠡ ᠢ᠋ᠢᠨ ᠳᠡᠰ ᠳᠡᠪᠰᠢᠯᠲᠠ ᠨᠢ ᠡᠯ᠎ᠠ ᠰᠠᠯᠠᠭ᠎ᠠ ᠮᠥᠴᠢᠷ ᠤ᠋ᠨ ᠵᠢᠳᠬᠦᠯ ᠴᠢᠷᠮᠠᠢᠯᠭ᠎ᠠ᠎ᠪᠤᠯᠤᠨ ᠬᠠᠮᠵᠢᠯᠴᠠᠭ᠎ᠠ ᠡᠴᠡ ᠰᠠᠯᠵᠤ ᠴᠢᠳᠠᠬᠤ ᠥᠬᠡᠶ ᠶᠤᠮ᠃ 《ᠪᠢᠳᠡ 〈ᠲᠣᠭᠠᠴᠢᠯᠠᠭᠰᠠᠨ ᠬᠢᠯᠢ ᠵᠢᠨ ᠪᠣᠭᠣᠮᠲᠠ〉 ᠵᠢᠨ ᠰᠢᠰᠲ᠋ᠧᠮ ᠳ᠋ᠤ ᠲᠦᠰᠢᠭᠯᠡᠨ ᠬᠠᠭᠤᠳᠠᠰᠤ ᠴᠠᠭᠠᠰᠤ ᠬᠡᠷᠡᠭᠯᠡᠬᠦ᠌ ᠥᠬᠡᠶ ᠪᠡᠷ ᠪᠣᠭᠣᠮᠲᠠ ᠥᠩᠭᠡᠷᠡᠭᠦᠯᠬᠦ᠌ ᠢ᠋ᠢ ᠠᠬᠢᠭᠤᠯᠵᠤ᠂ ᠲᠡᠷᠭᠡ ᠶᠠᠪᠤᠭᠤᠯᠬᠤ᠂ ᠪᠠᠷᠠᠭ᠎ᠠ ᠲᠡᠭᠡᠭᠡᠪᠦᠷᠢᠯᠡᠬᠦ᠂ ᠠᠴᠢᠶᠠᠯᠠᠵᠤ ᠪᠠᠭᠤᠯᠭᠠᠬᠤ ᠢ᠋ᠢ ᠨᠢᠭᠡ ᠴᠣᠭᠴᠠᠵᠢᠭᠤᠯᠤᠭᠰᠠᠨ ᠥᠨᠳᠥᠷ ᠪᠦᠲᠦᠮᠵᠢᠲᠡᠶ ᠬᠣᠯᠪᠤᠭᠠᠯᠠᠨ ᠬᠥᠳᠡᠯᠦᠯᠴᠡᠬᠦ ᠲᠣᠭᠲᠠᠴᠠ ᠢ᠋ᠢ ᠪᠠᠢᠭᠤᠯᠤᠨ᠂ ᠬᠢᠯᠢ ᠢ᠋ᠢᠨ ᠪᠠᠢᠴᠠᠭᠠᠯᠲᠠ᠂ ᠪᠣᠭᠣᠮᠲᠠ ᠢ᠋ᠢᠨ ᠰᠠᠯᠠᠭ᠎ᠠ ᠮᠥᠴᠢᠷ ᠪᠣᠯᠣᠨ ᠮᠣᠩᠭᠣᠯ ᠤᠯᠤᠰ ᠤ᠋ᠨ ᠲᠡᠮᠦᠷ ᠵᠠᠮ ᠤ᠋ᠨ ᠰᠠᠯᠠᠭ᠎ᠠ ᠮᠦᠴᠢᠷ ᠯᠤᠭ᠎ᠠ ᠢ᠋ᠢᠨ ᠬᠠᠮᠵᠢᠯᠴᠠᠭ᠎ᠠ ᠪᠡᠨ ᠴᠢᠩᠭᠠᠳᠬᠠᠵᠤ᠂ ᠬᠢᠨᠠᠨ ᠬᠠᠷᠭᠤᠭᠤᠯᠬᠤ᠂ ᠪᠠᠢᠴᠠᠭᠠᠨ ᠰᠢᠯᠭᠠᠬᠤ᠂ ᠰᠣᠯᠢᠵᠤ ᠠᠴᠢᠶᠠᠯᠠᠬᠤ᠂ ᠵᠦᠪᠰᠢᠶᠡᠷᠡᠨ ᠶᠠᠪᠤᠭᠤᠯᠬᠤ ᠵᠡᠷᠭᠡ ᠭᠣᠭᠴᠣᠭ᠎ᠠ ᠢ᠋ᠢ ᠴᠦᠮ ᠥᠨᠳᠥᠷ ᠪᠦᠲᠦᠮᠵᠢᠲᠡᠶ ᠵᠣᠯᠭᠠᠭᠤᠯᠪᠠ᠃ ᠤᠳᠤ ᠳᠤᠮᠳᠠᠳᠤ ᠧᠦ᠋ᠷᠣᠫᠠ ᠢ᠋ᠢᠨ ᠵᠢᠰᠢᠶᠠᠨ ᠤ᠋ ᠭᠠᠯᠲᠤ᠌ ᠲᠡᠷᠭᠡ ᠵᠢᠨ ᠪᠠᠶ᠋ᠢᠴᠠᠭᠠᠨ ᠰᠢᠯᠭᠠᠬᠤ ᠴᠠᠭ ᠢ᠋ ᠪᠤᠭᠤᠨᠢᠰᠬᠠᠭᠠᠳ 30 ᠮᠢᠨᠦ᠋ᠲ ᠤ᠋ᠨ ᠳᠣᠲᠣᠷ᠎ᠠ ᠲᠠᠭᠤᠰᠬᠠᠵᠤ ᠲᠠᠢᠯᠬᠦ ᠪᠤᠯᠤᠭᠰᠠᠨ ᠶᠤᠮ》 ᠭᠡᠵᠦ ᠬᠦᠬᠡᠬᠤᠲᠠ ᠢ᠋ᠢᠨ ᠲᠡᠮᠦᠷ ᠵᠠᠮ ᠤ᠋ᠨ ᠲᠣᠪᠴᠢᠶ᠎ᠠ ᠢ᠋ᠢᠨ ᠡᠷᠢᠶᠡᠨ ᠥᠷᠲᠡᠭᠡ ᠢ᠋ᠢᠨ ᠲᠣᠬᠢᠷᠠᠭᠤᠯᠬᠤ ᠲᠠᠰᠤᠭ ᠤ᠋ᠨ ᠡᠷᠬᠢᠯᠡᠭᠴᠢ ᠶᠦᠨ ᡁᠢ ᠵᠢᠶᠦ᠋ᠨ ᠲᠠᠨᠢᠯᠴᠠᠭᠤᠯᠤᠨ᠎ᠠ᠃

ᠠᠵᠠ ᠲᠤᠬᠢᠶᠠᠯ᠂ ᠬᠦᠰᠡᠯ ᠡᠷᠡᠮᠡᠯᠵᠡᠯ᠂ ᠬᠠᠮᠲᠤ ᠢ᠋ᠢᠨ ᠠᠰᠢᠭ ᠲᠤᠰᠠ ᠢ᠋ᠢ ᠠᠴᠢᠶᠠᠯᠠᠭᠰᠠᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠦᠴᠦᠭᠡᠳᠦᠷ ᠡᠴᠡ ᠦᠨᠦᠳᠦᠷ᠂ ᠦᠡᠭᠭᠡᠷᠡᠭᠰᠡᠨ ᠡᠴᠡ ᠢᠷᠡᠭᠡᠳᠦᠢ ᠵᠦᠭ ᠤᠭᠤᠬᠢᠯᠠᠨ ᠲᠠᠪᠬᠢᠭᠰᠠᠭᠠᠷ᠃ ᠡᠨᠡ ᠵᠢᠯ ᠤ᠋ᠨ 1 — 7 ᠰᠠᠷ᠎ᠠ ᠳ᠋ᠤ᠂ ᠡᠷᠢᠶᠡᠨ ᠲᠡᠮᠤᠷ ᠵᠠᠮ ᠤ᠋ᠨ ᠬᠢᠯᠢ ᠢ᠋ᠢᠨ ᠪᠣᠭᠣᠮᠲᠠ ᠪᠡᠷ ᠬᠢᠯᠢ ᠪᠡᠷ ᠦᠡᠭᠭᠡᠷᠡᠭᠰᠡᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ 2199 ᠴᠤᠪᠤᠭ᠎ᠠ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 8.2% ᠵᠢᠡᠷ ᠨᠡᠮᠡᠭ᠌ᠳᠡᠨ᠂ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠭ᠍ᠰᠠᠨ ᠪᠠᠷᠠᠭᠠᠨ ᠤ᠋ ᠲᠡᠭᠡᠭᠡᠪᠦᠷᠢ ᠢ᠋ᠢᠨ ᠶᠡᠷᠦᠩᠬᠡᠶ ᠬᠡᠮᠵᠢᠶ᠎ᠡ 283.1 ᠲᠦᠮᠡᠨ ᠲᠣᠨ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 11.4% ᠪᠡᠷ ᠨᠡᠮᠡᠭ᠌ᠳᠡᠵᠤ᠂ ᠤᠯᠠᠨ ᠤᠯᠤᠰ ᠤ᠋ᠨ ᠠᠵᠤ ᠦᠢᠯᠡᠰ ᠤ᠋ᠨ ᠬᠡᠯᠬᠢᠶ᠎ᠠ ᠬᠠᠩᠭᠠᠯᠭ᠎ᠠ ᠶ᠋ᠢᠨ ᠬᠡᠯᠬᠢᠶ᠎ᠠ ᠶ᠋ᠢᠨ ᠳᠤᠭᠳᠠᠪᠤᠷᠢᠳᠠᠢ ᠪᠦᠬᠡᠳ ᠰᠢᠭᠤᠳ ᠰᠢᠯᠤᠭᠤᠨ ᠨᠡᠪᠳᠡᠷᠡᠬᠦ ᠳ᠋ᠤ ᠳᠦᠭᠦᠮ ᠳᠦᠳᠡ ᠪᠦᠭᠡᠳ ᠬᠤᠷᠳᠤᠨ᠂ ᠠᠮᠦᠷ ᠲᠦᠪᠰᠢᠨ ᠪᠦᠭᠡᠳ ᠳᠤᠭᠳᠠᠪᠤᠷᠢᠳᠠᠢ᠂ ᠪᠤᠬᠢᠷᠳᠦᠯ ᠦᠭᠡᠢ ᠪᠦᠭᠡᠳ ᠬᠢᠮᠳᠠ ᠲᠡᠭᠡᠭᠡᠪᠦᠷᠢ ᠢ᠋ᠢᠨ ᠪᠠᠲᠤᠯᠠᠭ᠎ᠠ ᠢ᠋ᠢ ᠦᠷᠭᠦᠯᠵᠢᠯᠡᠨ ᠬᠠᠡᠭᠭᠠᠪᠠ᠃

ᠡᠳᠡᠭᠡᠷ ᠵᠢᠯ ᠤ᠋ᠨ ᠲᠤᠷᠰᠢ᠂ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠳᠤᠮᠳᠠ ᠱᠤᠭᠤᠮ 《ᠡᠳ᠋ ᠪᠠᠷᠠᠭ᠎ᠠ ᠵᠢ ᠲᠡᠭᠡᠭᠡᠪᠦᠷᠢᠯᠡᠬᠦ᠌》 ᠡᠴᠡ 《ᠠᠵᠤ ᠦᠢᠯᠡᠰ ᠢ᠋ ᠬᠤᠯᠪᠤᠬᠤ》 ᠬᠦᠷᠲᠡᠯ᠎ᠡ᠂ ᠳᠤᠮᠳᠠᠳᠤ ᠠᠽᠢᠶ᠎ᠠ ᠢ᠋ᠢᠨ 《ᠡᠬᠢ ᠪᠠᠶᠠᠯᠢᠭ ᠢ᠋ ᠭᠠᠳᠠᠭ᠍ᠰᠢ ᠭᠠᠷᠭᠠᠬᠤ》ᠡᠴᠡ ᠧᠦ᠋ᠷᠣᠫᠠ ᠲᠢᠪ ᠤ᠋ᠨ 《ᠲᠸᠭᠨᠢᠭ ᠮᠡᠷᠭᠡᠵᠢᠯ ᠢ᠋ ᠣᠷᠣᠭᠤᠯᠬᠤ》 ᠬᠦᠷᠲᠡᠯ᠎ᠡ᠂ ᠥᠪᠡᠷᠮᠢᠴᠡ ᠭᠠᠵᠠᠷ ᠵᠦᠶ ᠢ᠋ᠢᠨ ᠪᠠᠢᠷᠢᠯᠠᠯ ᠪᠣᠯᠤᠨ ᠱᠢᠯᠢᠳᠡᠭ᠌ᠵᠢᠭᠦᠯᠦᠭ᠌ᠰᠡᠨ ᠡᠵᠡᠩᠨᠡᠯᠲᠡ ᠢ᠋ᠢᠨ ᠬᠡᠯᠪᠡᠷᠢ ᠪᠠᠷ ᠵᠢᠡᠨ ᠠᠽᠢᠶ᠎ᠠ ᠧᠦ᠋ᠷᠣᠫᠠ ᠢ᠋ᠢᠨ ᠡᠬᠡ ᠬᠠᠭᠤᠷᠠᠶ ᠢ᠋ᠢᠨ ᠡᠳ᠋ ᠪᠠᠷᠠᠭᠠᠨ ᠤ᠋ ᠭᠦᠶ᠋ᠯᠭᠡᠭᠡ ᠵᠢᠨ ᠱᠢᠰᠲ᠋ᠧᠮ ᠤ᠋ᠨ ᠵᠠᠩᠭᠢᠯᠠᠭ᠎ᠠ ᠢ᠋ᠢᠨ ᠰᠤᠳᠠᠰᠤ ᠪᠤᠯᠤᠨ ᠰᠤᠨᠤᠯᠵᠠᠵᠤ᠂ ᠮᠠᠨ ᠤ᠋ ᠤᠷᠤᠨ ᠤ᠋ 《ᠨᠢᠭᠡ ᠪᠦᠰᠡ ᠨᠢᠭᠡ ᠵᠠᠮ》 ᠪᠤᠯᠤᠨ 《ᠳᠤᠮᠳᠠᠳᠤ ᠮᠤᠩᠭᠤᠯ ᠤᠷᠤᠰ ᠤ᠋ᠨ ᠠᠵᠤ ᠠᠬᠤᠢ ᠶ᠋ᠢᠨ ᠬᠤᠩᠬᠢᠯ》 ᠤ᠋ᠨ ᠪᠦᠲᠦᠭᠡᠨ ᠪᠠᠢᠭᠤᠯᠤᠯᠳᠠ ᠳ᠋ᠤ ᠤᠷᠤᠯᠴᠠᠬᠤ ᠵᠢᠴᠢ ᠤᠯᠤᠰ ᠤ᠋ᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠡᠬᠢᠯᠡᠯᠳᠡ ᠶ᠋ᠢ ᠪᠠᠳᠤ ᠴᠤᠭᠴᠠᠯᠠᠬᠤ ᠳ᠋ᠤ ᠴᠢᠬᠤᠯᠠ ᠦᠢᠯᠡᠳᠦᠯ ᠦᠵᠡᠭᠦᠯᠪᠠ᠃ ᠢᠷᠡᠭᠡᠳᠦᠢ ᠳ᠋ᠤ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠢ᠋ᠢᠨ ᠳᠤᠮᠳᠠ ᠱᠤᠭᠤᠮ ᠳᠣᠲᠣᠭᠠᠳᠤ ᠭᠠᠳᠠᠭᠠᠳᠤ ᠢ᠋ᠢ ᠬᠣᠯᠪᠣᠬᠤ᠂ ᠳᠡᠯᠡᠬᠡᠶ ᠳ᠋ᠠᠬᠢᠨ ᠲᠠᠶ ᠨᠡᠪᠲᠡᠷᠡᠯᠴᠡᠬᠦ᠌᠂ ᠱᠢᠨ᠎ᠡ ᠬᠥᠭ᠌ᠵᠢᠯᠲᠡ ᠢ᠋ᠢᠨ ᠪᠠᠢᠷᠢᠱᠢᠯ ᠢ᠋ ᠪᠠᠢᠭᠤᠯᠬᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠢ᠋ᠢ ᠠᠬᠢᠭᠤᠯᠬᠤ ᠳ᠋ᠤ ᠨᠠᠩ ᠶᠡᠬᠡ ᠬᠤᠪᠢ ᠨᠡᠮᠡᠷᠢ ᠦᠵᠡᠭᠦᠯᠬᠦ᠌ ᠨᠢ ᠯᠠᠪᠲᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面