2025-08-22 17:05:39
ᠰᠤᠷᠪᠤᠯᠵᠢᠯᠠᠭ᠍ᠴᠢᠬᠥᠬᠡᠬᠣᠲᠠ ᠪᠣᠭᠣᠮᠲᠠ᠎ᠠᠴᠠ ᠣᠢᠯᠠᠭᠠᠭᠰᠠᠨ᠎ᠢᠶᠠᠷ᠂8 ᠰᠠᠷ᠎ᠠ᠎ᠶᠢᠨ 21᠎ᠦ ᠡᠳᠦᠷᠦᠨᠦᠳᠡᠶᠢᠨ ᠡᠮᠦᠨᠡᠬᠢ 10 ᠴᠠᠭ 35 ᠮᠢᠨᠦ᠋ᠲ᠎ᠲᠦ᠂ 《2025 ᠣᠨ᠎ᠤ ᠲᠠᠪᠤᠳᠤᠭᠠᠷ ᠬᠤᠭᠤᠴᠠᠭᠠᠨ᠎ᠤ ᠳᠤᠮᠳᠠᠳᠤᠮᠣᠩᠭᠣᠯᠤᠨ ᠦᠵᠡᠰᠬᠦᠯᠡᠩ᠎ᠦᠨ ᠴᠤᠭᠯᠠᠭᠠᠨ》ᠭᠡᠬᠦ ᠥᠰᠥᠭ᠎ᠲᠠᠢ ᠴᠢᠩᠭᠡᠯᠢᠭᠲᠦᠪᠠᠷᠠᠭᠠᠨᠤ ᠮᠠᠰᠢᠨ ᠲᠡᠷᠭᠡ ᠡᠷᠢᠶᠡᠨ ᠬᠣᠲᠠ᠎ᠶᠢᠨ ᠵᠠᠰᠠᠮᠠᠯ ᠵᠠᠮ᠎ᠤᠨ ᠪᠣᠭᠣᠮᠲᠠ ᠪᠠᠷ ᠳᠡᠮᠵᠢᠨ ᠬᠢᠯᠢᠳᠦᠣᠷᠣᠵᠤ ᠢᠷᠡᠪᠡ᠂ ᠡᠨᠡ ᠨᠢ ᠲᠣᠰ ᠬᠤᠭᠤᠴᠠᠭᠠᠨ᠎ᠤ ᠦᠵᠡᠰᠬᠦᠯᠡᠩ ᠦᠨ ᠴᠤᠭᠯᠠᠭᠠᠨ᠎ᠤ ᠲᠦᠷᠦᠭᠦᠸ᠋ ᠪᠦᠯᠦᠭ ᠦᠵᠡᠰᠬᠦᠯᠡᠩᠦᠨᠪᠣᠳᠠᠰ ᠪᠣᠭᠣᠮᠲᠠ᠎ᠪᠠᠷ ᠨᠡᠪᠲᠡᠷᠡᠭᠰᠡᠨ ᠢ ᠬᠠᠷᠠᠭᠤᠯᠵᠤ ᠪᠠᠢᠨ᠎ᠠ᠃
ᠲᠣᠰ ᠪᠦᠯᠦᠭ ᠦᠵᠡᠰᠬᠦᠯᠡᠩ᠎ᠦᠨ ᠪᠣᠳᠠᠰ᠎ᠢ 8 ᠰᠠᠷ᠎ᠠ᠎ᠶᠢᠨ 20 ᠤ ᠡᠳᠦᠷ ᠮᠣᠩᠭᠣᠯ ᠤᠯᠤᠰ᠎ᠤᠨ ᠤᠯᠠᠭᠠᠨᠪᠠᠭᠠᠲᠤᠷ᠎ᠠᠴᠠ ᠶᠠᠪᠤᠭᠤᠯᠵᠤ᠂ᠪᠠᠷᠠᠭᠠᠨ᠎ᠤ ᠬᠡᠮᠵᠢᠶ᠎ᠡ 7 ᠲᠦᠮᠡ ᠤᠷᠴᠢᠮ᠂ ᠪᠠᠷᠠᠭᠠᠨᠤᠥᠷᠲᠡᠭ 600 ᠭᠠᠷᠤᠢ ᠲᠦᠮᠡᠨ ᠲᠥᠭᠥᠷᠢᠭ ᠬᠦᠷᠴᠡᠢ᠂ ᠡᠭᠦᠨ᠎ᠳᠦ ᠢᠮᠠᠭᠠᠨ ᠨᠣᠤᠯᠤᠭᠤᠷ᠎ᠤᠨ ᠨᠡᠬᠡᠮᠡᠯ᠂ ᠠᠷᠠᠰᠤᠨᠡᠳ᠋ᠯᠡᠯ᠂ ᠮᠥᠩᠭᠥᠨ ᠡᠳ᠋ᠯᠡᠯ᠂ ᠬᠤᠪᠴᠠᠰᠤ ᠬᠤᠨᠠᠷ᠂ ᠡᠳᠦᠷ ᠲᠤᠲᠤᠮ᠎ᠤᠨ ᠬᠡᠷᠡᠭᠰᠡᠯ ᠵᠡᠷᠭᠡ ᠪᠠᠭᠲᠠᠨ᠎ᠠ᠃
ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ ᠤᠨᠦᠵᠡᠰᠬᠦᠯᠡᠩ᠎ᠦᠨ ᠴᠤᠭᠯᠠᠭᠠᠨ᠎ᠤ ᠦᠵᠡᠰᠬᠦᠯᠡᠩ᠎ᠦᠨ ᠪᠤᠳᠠᠰ᠎ᠤᠨ ᠪᠣᠭᠣᠮᠲᠠ ᠪᠠᠷ ᠤᠷᠤᠭᠰᠢᠲᠠᠢ ᠥᠩᠭᠡᠷᠡᠬᠦᠶᠢᠦᠨᠡᠨᠬᠦ ᠪᠠᠲᠤᠯᠠᠬᠤ᠎ᠶᠢᠨ ᠲᠤᠰᠠᠳᠠ᠂ ᠬᠥᠬᠡᠬᠣᠲᠠ ᠪᠣᠭᠣᠮᠲᠠ ᠨᠢ ᠪᠣᠭᠣᠮᠲᠠ᠎ᠪᠠᠷ ᠥᠩᠭᠡᠷᠡᠬᠦ᠎ᠳᠦ ᠠᠩᠬᠠᠷᠬᠤᠵᠦᠢᠯᠡᠰᠢ ᠤᠷᠢᠳᠴᠢᠯᠠᠨ ᠨᠡᠢᠲᠡᠯᠡᠵᠦ᠂ ᠬᠢᠨᠠᠯᠲᠠ ᠬᠠᠮᠢᠶᠠᠷᠤᠯᠲᠠ ᠵᠢᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢᠬᠢᠵᠦ᠂ ᠦᠵᠡᠰᠬᠦᠯᠡᠩ᠎ᠦᠨ ᠪᠤᠳᠠᠰ᠎ᠤᠨ ᠨᠠᠷᠢᠨ ᠲᠠᠨᠭᠰᠠ ᠵᠢ ᠤᠷᠢᠳᠴᠢᠯᠠᠨ ᠬᠢᠨᠠᠨ ᠬᠠᠷᠭᠤᠭᠤᠯᠬᠤ ᠦᠢᠯᠡᠴᠢᠯᠡᠭᠡᠬᠠᠩᠭᠠᠵᠦ ᠪᠤᠢ; ᠪᠣᠭᠣᠮᠲᠠ᠎ᠳᠤ ᠲᠤᠰᠬᠠᠢ ᠴᠣᠩᠬᠣ᠌ ᠵᠢᠴᠢ ᠲᠤᠰᠬᠠᠢ ᠨᠡᠪᠲᠡᠷᠡᠬᠦ ᠵᠠᠮ ᠭᠠᠷᠭᠠᠵᠤ ᠳᠠᠭᠠᠭᠠᠴᠢᠯᠠᠨᠲᠡᠭᠡᠭᠡᠪᠦᠷᠢᠯᠡᠬᠦ ᠠᠵᠤ ᠠᠬᠤᠢᠯᠠᠯ᠎ᠢ ᠵᠣᠯᠭᠠᠭᠤᠯᠵᠤ᠂ ᠲᠤᠰᠬᠠᠢ ᠬᠥᠮᠥᠨ ᠲᠤᠰᠬᠠᠢ ᠠᠵᠢᠯ᠎ᠤᠨ ᠪᠠᠢᠷᠢ ᠭᠠᠷᠭᠠᠨ24 ᠴᠠᠭ᠎ᠢᠶᠠᠷ ᠪᠣᠭᠣᠮᠲᠠ ᠪᠠᠷ ᠥᠩᠭᠡᠷᠡᠬᠦ᠎ᠶᠢ ᠪᠣᠯᠵᠣᠬᠤ ᠵᠡᠷᠭᠡ ᠦᠢᠯᠡᠴᠢᠯᠡᠭᠡᠬᠠᠨᠭᠭᠠᠵᠦ᠂ ᠦᠵᠡᠰᠬᠦᠯᠡᠩ ᠦᠨᠪᠤᠳᠠᠰ ᠢ ᠪᠣᠭᠣᠮᠲᠠ ᠪᠡᠷ ᠲᠦᠷᠭᠡᠨ ᠥᠩᠭᠡᠷᠡᠭᠦᠯᠬᠦ᠂ ᠦᠵᠡᠰᠭᠦᠯᠡᠩᠳᠦ ᠴᠠᠭ᠎ᠲᠠᠭᠠᠨ ᠣᠷᠣᠯᠴᠠᠬᠤ᠎ᠳᠤ ᠬᠦᠴᠦᠲᠡᠢᠪᠠᠲᠤᠯᠠᠭᠠ ᠬᠠᠩᠭᠠᠭᠰᠠᠨ ᠪᠥᠭᠡᠳ ᠪᠠᠷᠠᠭᠠᠨ᠎ᠤ ᠲᠡᠭᠡᠭᠡᠪᠦᠷᠢ᠎ᠶᠢᠨ ᠠᠵᠤ ᠠᠬᠤᠢᠯᠠᠯ᠎ᠳᠤ ᠴᠤ᠌ ᠲᠥᠬᠥᠮ ᠦᠵᠡᠭᠦᠯᠪᠡ᠃
ᠢᠷᠡᠯᠲᠡ᠄ ᠲᠠᠯ᠎ᠠ ᠨᠤᠲᠤᠭᠤᠨᠡᠭᠦᠯᠡ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃