2025-07-31 16:43:38
7 ᠰᠠᠷ᠎ᠠ᠎ᠶ᠋ᠢᠨ 30 ᠤ᠋ ᠡᠳᠦᠷ᠂ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ (ᠳᠤᠷᠤᠭᠰᠢ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠤᠩᠭᠤᠯ ᠤ᠋ᠨ ᠦᠵᠡᠰᠭᠦᠯᠡᠩ ᠤ᠋ᠨᠴᠤᠭᠯᠠᠭᠠᠨ ᠭᠡᠵᠤ ᠳᠦᠭᠦᠮᠴᠢᠯᠡᠨ᠎ᠠ) ᠤ᠋ ᠲᠤᠰᠭᠠᠢ ᠰᠡᠳᠦᠪᠲᠦ ᠰᠣᠨᠢᠨᠮᠡᠳᠡᠭᠡ ᠨᠡᠢᠲᠡᠯᠡᠬᠦ᠌ ᠬᠤᠷᠠᠯ ᠪᠡᠭᠡᠵᠢᠩ᠎ᠳᠦ ᠶᠠᠪᠤᠭ᠍ᠳᠠᠪᠠ᠃
ᠬᠤᠳᠠᠯᠳᠤᠭᠠᠨ᠎ᠤ ᠶᠠᠪᠤᠳᠠᠯᠤᠨᠶᠠᠮᠤᠨᠤ ᠳᠡᠳ᠋ ᠰᠠᠢᠳ ᠶᠠᠨ ᠳ᠋ᠦᠩ᠂ ᠮᠣᠩᠭᠣᠯ ᠤᠯᠤᠰ᠎ᠤᠨ ᠬᠦᠨᠡᠰᠤ ᠬᠦᠳᠡᠬᠡ ᠠᠵᠦ ᠠᠬᠤᠢ ᠬᠥᠩᠭᠡᠨ ᠠᠵᠤ ᠦᠶ᠋ᠯᠡᠳᠪᠦᠷᠢᠶ᠋ᠢᠨᠶᠠᠮᠤᠨᠤ ᠲᠥᠷᠥ᠎ᠶ᠋ᠢᠨ ᠶᠠᠪᠤᠳᠠᠯ᠎ᠤᠨ ᠨᠠᠷᠢᠨ ᠪᠢᠴᠢᠭᠡᠴᠢ ᠵᠠᠮᠪᠠᠯᠰᠡᠷᠡᠩ᠂ ᠥᠪᠥᠷ ᠮᠣᠩᠭᠣᠯ᠎ᠤᠨ ᠥᠪᠡᠷᠲᠡᠭᠡᠨᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ ᠵᠢᠨ ᠲᠠᠪᠤᠳᠤᠭᠠᠷ ᠬᠤᠭᠤᠴᠠᠭᠠᠨ᠎ᠤᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠬᠣᠯᠪᠣᠭ᠍ᠳᠠᠯ ᠪᠥᠬᠥᠶ ᠪᠠᠢᠳᠠᠯ᠎ᠢ ᠲᠠᠨᠢᠯᠴᠠᠭᠤᠯᠤᠭ᠍ᠰᠠᠨᠪᠥᠭᠡᠳ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃

ᠲᠠᠪᠤᠳᠤᠭᠠᠷ ᠬᠤᠭᠤᠴᠠᠭᠠᠨ᠎ᠤᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ 8 ᠰᠠᠷ᠎ᠠ᠎ᠶ᠋ᠢᠨ25 ᠡᠴᠡ 29 ᠤ᠋ ᠡᠳᠦᠷᠪᠣᠯᠲᠠᠯᠠ ᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭ᠍ᠳᠠᠨ᠎ᠠ᠂ 《ᠬᠠᠷᠢᠯᠴᠠᠨ ᠠᠱᠢᠭ᠍ᠲᠠᠶᠬᠠᠮᠲᠤᠷᠠᠯᠴᠠᠭᠠᠶ᠋ᠢ ᠭᠦᠨᠵᠡᠭᠡᠢᠷᠡᠭᠦᠯᠤᠨ ᠬᠠᠮᠲᠤᠷᠠᠯᠴᠠᠵᠤ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠤᠶ᠎ᠠ》 ᠪᠡᠷ ᠭᠤᠤᠯᠰᠡᠳᠦᠪ ᠪᠤᠯᠭᠠᠪᠠ᠃ ᠲᠣᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠤ ᠲᠠᠲᠠᠬᠤ ᠬᠦᠴᠦᠨ ᠴᠢᠩᠭ᠎ᠠ ᠪᠠᠢᠵᠤ᠂ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠣᠴᠢᠳ ᠪᠠ ᠦᠵᠡᠰᠭᠦᠯᠡᠩᠳᠦ ᠣᠷᠣᠯᠴᠠᠬᠤ ᠠᠷᠠᠯᠵᠢᠶᠠᠴᠢᠳ ᠢ᠋ 6000 ᠱᠢᠬᠠᠮ ᠤᠷᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ1500 ᠭᠠᠷᠤᠶ ᠠᠵᠤ ᠠᠬᠤᠢᠯᠠᠯ᠎ᠤᠨ᠎ᠬᠢᠨ ᠢ ᠴᠤᠭ᠍ᠯᠠᠷᠠᠭᠤᠯᠬᠤ ᠪᠤᠯᠤᠨ᠎ᠠ᠃ ᠦᠵᠡᠰᠭᠦᠯᠡᠩ ᠤ᠋ᠨ ᠴᠤᠭᠯᠠᠭᠠᠨ ᠳ᠋ᠤ ᠣᠯᠠᠨ ᠠᠵᠢᠯ ᠲᠥᠷᠥᠯ᠎ᠦᠨ ᠲᠤᠰᠭᠠᠶᠣᠷᠳᠣᠨ ᠲᠤᠬᠢᠷᠠᠭᠤᠯᠵᠤ᠂ 《ᠳᠤᠮᠳᠠᠳᠤ ᠮᠣᠩᠭᠣᠯ᠎ᠤᠨ ᠠᠭᠤᠷᠬᠠᠶᠶ᠋ᠢᠨᠦᠶ᠋ᠯᠡᠰᠦᠨ ᠬᠠᠮᠲᠤᠷᠠᠯᠴᠠᠭ᠎ᠠ᠎ᠶ᠋ᠢ ᠵᠣᠯᠭᠠᠭᠤᠯᠬᠤ ᠬᠤᠷᠠᠯ》᠂ 《ᠴᠡᠪᠡᠷ ᠡᠨᠧᠷᠭᠢ᠎ᠶ᠋ᠢᠨ ᠠᠵᠤ ᠦᠶ᠋ᠯᠡᠰ᠎ᠦᠨ ᠱᠢᠨᠵᠢᠯᠡᠨ ᠪᠠᠢᠴᠠᠭᠠᠯᠲᠠ》 ᠵᠡᠷᠭᠡ ᠣᠯᠠᠨ ᠲᠠᠯᠠᠪᠠᠢ ᠵᠣᠯᠭᠠᠭᠤᠯᠬᠤᠠᠵᠢᠯᠯᠠᠭᠠᠶ᠋ᠢ ᠨᠠᠷᠢᠨ ᠨᠢᠮᠪᠠᠶ ᠲᠥᠰᠦᠪᠯᠡᠵᠦ᠍᠂ᠦᠵᠡᠰᠭᠦᠯᠡᠩ ᠳᠡᠭᠡᠷ᠎ᠠ 《ᠳᠡᠯᠡᠬᠡᠢᠵᠢᠭᠦᠯᠬᠦ᠂ ᠲᠤᠰᠭᠠᠢᠵᠢᠭᠤᠯᠬᠤ᠂ ᠲᠣᠭᠠᠴᠢᠯᠠᠬᠤ᠂ᠴᠢᠨᠠᠷᠵᠢᠭᠤᠯᠬᠤ》 ᠳᠥᠷᠪᠡᠨ ᠶᠡᠬᠡ ᠱᠢᠪᠲᠤᠯᠤᠯᠲᠠ᠎ᠶ᠋ᠢ ᠪᠡᠶᠡᠯᠡᠭᠦᠯᠵᠦ᠍᠂ᠨᠠᠩ ᠪᠣᠳᠠᠲᠤ ᠦᠷ᠎ᠡ ᠪᠦᠲᠦᠮᠵᠢᠲᠡᠶ ᠪᠥᠬᠥ᠌ ᠲᠠᠯ᠎ᠠ᠎ᠶ᠋ᠢᠨ ᠣᠯᠠᠨ ᠤᠯᠤᠰ᠎ᠤᠨ ᠬᠠᠮᠲᠤᠷᠠᠯᠴᠠᠭᠠᠨ᠎ᠤ ᠲᠠᠪᠴᠠᠩᠢᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃