ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-23 11:03:24

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠬᠤᠭᠤᠴᠠᠭᠠᠨ ᠳ᠋ᠡᠬᠢ ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠵᠢᠷᠤᠮᠵᠢᠭᠤᠨ ᠪᠥᠭᠡᠳ ᠡᠮᠬᠢ ᠲᠢᠭᠯᠢᠮ ᠲᠠᠢ ᠪᠠᠢᠬᠤ ᠵᠢ ᠦᠨᠡᠨ ᠬᠦ᠌ ᠪᠠᠲᠤᠯᠠᠬᠤ ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠬᠢᠭᠡᠳ ᠬᠥᠬᠡᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠳᠡᠭᠡᠳᠦ ᠳᠤᠤᠷᠠᠳᠤ ᠱᠠᠲᠤ ᠪᠡᠷ ᠬᠣᠯᠪᠣᠭᠠᠯᠠᠨ ᠬᠥᠳᠡᠯᠦᠯᠴᠡᠵᠦ᠍᠂ ᠪᠠᠲᠤᠯᠠᠭ᠎ᠠ ᠶ᠋ᠢᠨ ᠠᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ ᠪᠠᠢᠨ᠎ᠠ᠃

ᠲᠣᠰ ᠬᠤᠭᠤᠴᠠᠭᠠᠨ ᠤ᠋ ᠦᠵᠡᠰᠭᠦᠯᠡᠩ ᠳ᠋ᠤ ᠣᠷᠣᠯᠴᠠᠬᠤ ᠲᠠᠸᠠᠷ ᠤ᠋ᠨ ᠣᠨᠴᠠᠯᠢᠭ ᠲᠦ᠍ ᠴᠢᠭ᠌ᠯᠡᠭᠦᠯᠦᠨ᠂ ᠢᠳᠡᠭᠡᠨ ᠤ᠋ ᠠᠮᠤᠷ ᠲᠦᠪᠱᠢᠨ᠂ ᠭᠤᠶᠤᠯᠠᠯ ᠤ᠋ᠨ ᠡᠳ᠋ ᠤ᠋ᠨ ᠠᠮᠤᠷ ᠲᠦᠪᠱᠢᠨ᠂ ᠦᠶ᠋ᠯᠡᠳᠬᠦᠨ ᠤ᠋ ᠶᠠᠰᠤ ᠴᠢᠨᠠᠷ ᠤ᠋ᠨ ᠠᠮᠤᠷ ᠲᠦᠪᠱᠢᠨ ᠵᠡᠷᠭᠡ ᠵᠠᠩᠭᠢᠯᠠᠭ᠎ᠠ ᠶ᠋ᠢᠨ ᠬᠦᠷᠢᠶᠡᠨ ᠤ᠋ ᠲᠣᠭᠣᠷᠢᠨ ᠳ᠋ᠤ ᠬᠢᠨᠠᠯᠲᠠ ᠬᠠᠮᠢᠶᠠᠷᠤᠯᠲᠠ ᠵᠢ ᠴᠢᠩᠭᠠᠷᠠᠭᠤᠯᠵᠤ᠂ ᠪᠠᠴᠢᠮ ᠪᠠᠢᠳᠠᠯ ᠢ᠋ ᠠᠷᠭᠠᠴᠠᠭᠠᠬᠤ ᠪᠡᠯᠡᠳᠭᠡᠯ ᠲᠥᠰᠦᠯ ᠢ᠋ ᠲᠣᠭ᠍ᠲᠠᠭᠠᠨ ᠲᠡᠭᠦᠯᠳᠡᠷᠵᠢᠭᠦᠯᠵᠦ᠍ ᠭᠡᠨᠡᠳᠲᠡ ᠶ᠋ᠢᠨ ᠬᠡᠷᠡᠭ ᠢ᠋ ᠲᠦᠷᠭᠡᠨ ᠱᠢᠶ᠋ᠳᠪᠦᠷᠢᠯᠡᠬᠦ᠌ ᠵᠢ ᠦᠨᠡᠨ ᠬᠦ᠌ ᠪᠠᠳᠤᠯᠠᠬᠤ ᠪᠤᠯᠤᠨ᠎ᠠ᠃ ᠦᠵᠡᠰᠭᠦᠯᠡᠩ ᠳ᠋ᠤ ᠣᠷᠣᠯᠴᠠᠬᠤ ᠬᠤᠳᠠᠯᠳᠤᠭᠠᠴᠢᠨ ᠵᠢᠴᠢ ᠦᠶ᠋ᠯᠡᠳᠬᠦᠨ ᠤ᠋ ᠮᠡᠳᠡᠭᠡ ᠵᠠᠩᠭᠢ ᠵᠢ ᠪᠥᠬᠥ᠌ ᠲᠠᠯ᠎ᠠ ᠪᠡᠷ ᠴᠤᠭ᠍ᠯᠠᠭᠤᠯᠤᠨ᠂ ᠬᠢᠨᠠᠨ ᠬᠠᠷᠭᠤᠭᠤᠯᠵᠤ᠂ 《ᠰᠠᠨᠠᠭ᠎ᠠ ᠠᠮᠤᠷ ᠬᠡᠷᠡᠭ᠌ᠯᠡᠭᠡ ᠶ᠋ᠢᠨ ᠠᠮᠠᠯᠠᠯᠲᠠ ᠶ᠋ᠢᠨ ᠪᠢᠴᠢᠭ》 ᠲᠦ᠍ ᠭᠠᠷ ᠤ᠋ᠨ ᠥᠰᠥᠭ ᠵᠢᠷᠤᠬᠤ ᠵᠢ ᠵᠢᠯᠣᠭᠣᠳᠴᠤ᠌ ᠪᠠᠢᠭᠠᠳ ᠡᠵᠡᠩᠨᠡᠭ᠌ᠴᠢ ᠶ᠋ᠢᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ ᠵᠢ ᠪᠣᠳᠠᠲᠠᠢᠵᠢᠭᠤᠯᠪᠠ᠃ ᠲᠣᠭᠣᠷᠢᠨ ᠴᠠᠭ᠍ᠳᠠᠬᠤ ᠲᠦᠷᠢᠮ ᠢ᠋ ᠪᠠᠢᠭᠤᠯᠵᠤ᠂ ᠲᠤᠬᠠᠶ ᠶ᠋ᠢᠨ ᠲᠠᠯᠠᠪᠠᠶ᠎ᠳᠤ ᠲᠦᠷᠭᠡᠨ ᠪᠠᠢᠴᠠᠭᠠᠯᠲᠠ ᠬᠢᠬᠦ ᠴᠡᠭ ᠪᠠᠢᠭᠤᠯᠤᠨ ᠠᠰᠠᠭᠤᠳᠠᠯ ᠲᠠᠢ ᠢᠳᠡᠭᠡᠨ ᠢ᠋ ᠴᠠᠭ ᠲᠤᠬᠠᠶ ᠳ᠋ᠤᠨᠢ ᠱᠢᠭ᠌ᠰᠢᠨ ᠪᠠᠢᠴᠠᠭᠠᠬᠤ ᠵᠢ ᠪᠠᠲᠤᠯᠠᠵᠤ᠂ ᠲᠦᠭ᠌ᠰᠢᠭᠦᠷᠢ ᠶᠡᠬᠡᠲᠡᠶ ᠢᠳᠡᠭᠡᠨ ᠤ᠋ ᠲᠤᠬᠠᠶ ᠶ᠋ᠢᠨ ᠲᠠᠯᠠᠪᠠᠶ ᠳ᠋ᠤ ᠦᠶ᠋ᠯᠡᠳᠴᠦ᠍ ᠪᠣᠷᠣᠯᠠᠭᠤᠯᠬᠤ ᠵᠢ ᠴᠠᠭᠠᠵᠠᠯᠠᠬᠤ ᠵᠢ ᠲᠣᠳᠣᠷᠬᠠᠢᠯᠠᠵᠤ᠂ ᠭᠤᠶᠤᠯᠠᠯ ᠤ᠋ᠨ ᠡᠳ᠋ ᠎ᠢ ᠬᠤᠳᠠᠯ ᠬᠠᠭᠤᠷᠮᠠᠭ ᠢ᠋ᠶ᠋ᠡᠷ ᠥᠰᠭᠡᠨ ᠤᠬᠠᠭᠤᠯᠬᠤ ᠵᠢ ᠴᠢᠩᠭ᠎ᠠ ᠪᠠᠢᠴᠠᠭᠠᠪᠠ ᠃

ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠬᠯᠠᠭᠠᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠠᠵᠢᠯ ᠨᠢ ᠬᠡᠮᠵᠢᠯᠲᠡ᠂ ᠦᠨ᠎ᠡ ᠬᠠᠩᠰᠢ᠂ ᠵᠠᠷ ᠮᠡᠳᠡᠭᠡ᠂ ᠮᠡᠳᠡᠯᠭᠡ ᠶ᠋ᠢᠨ ᠦᠮᠴᠢᠯᠡᠯ ᠤ᠋ᠨ ᠡᠷᠬᠡ ᠪᠠ ᠬᠡᠷᠡᠭ᠌ᠯᠡᠭ᠌ᠴᠢᠳ ᠤ᠋ᠨ ᠡᠷᠬᠡ ᠠᠱᠢᠭ ᠢ᠋ ᠬᠠᠮᠠᠭᠠᠯᠠᠬᠤ ᠵᠡᠷᠭᠡ ᠬᠦᠷᠢᠶᠡᠨ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠬᠡᠮᠵᠢᠯᠲᠡ ᠶ᠋ᠢᠨ ᠯᠠᠪᠯᠠᠭ᠎ᠠ ᠵᠠᠭᠠᠯᠳᠤᠯᠭ᠎ᠠ ᠶ᠋ᠢᠨ ᠲᠠᠪᠴᠠᠩ ᠪᠠ 《ᠲᠥᠪ ᠭᠤᠤᠯᠴᠢ ᠪᠡᠷ ᠵᠢᠨᠭᠯᠡᠬᠦ ᠲᠠᠪᠴᠠᠩ》 ᠢ᠋ ᠪᠠᠢᠭᠤᠯᠤᠨ᠎ᠠ᠃ ᠬᠤᠷᠠᠯ ᠤ᠋ᠨ ᠲᠠᠯᠠᠪᠠᠶ ᠵᠢᠴᠢ ᠡᠷᠬᠢᠨ ᠲᠣᠭᠣᠷᠢᠨ ᠤ᠋ ᠪᠠᠭᠤᠳᠠᠯ᠂ ᠢᠳᠡᠭᠡᠨ ᠤᠮᠳᠠᠭᠠᠨ᠂ ᠵᠠᠮ ᠬᠠᠷᠢᠯᠴᠠᠭᠠᠨ ᠤ᠋ ᠬᠦᠶ᠋ᠰᠦ ᠵᠡᠷᠭᠡ ᠭᠤᠤᠯᠳᠠᠯᠭ᠎ᠠ ᠲᠠᠢ ᠣᠷᠣᠨ ᠪᠦᠰᠡ ᠳ᠋ᠤ ᠲᠣᠭ᠍ᠲᠠᠭᠠᠯ ᠶᠣᠰᠣᠭᠠᠷ ᠦᠨ᠎ᠡ ᠬᠠᠩᠰᠢ ᠵᠢ ᠢᠯᠡ ᠬᠠᠳᠠᠬᠤ ᠥᠬᠡᠶ ᠪᠠ ᠦᠨ᠎ᠡ ᠬᠠᠩᠰᠢ ᠶ᠋ᠢᠨ ᠮᠡᠬᠡᠯᠡᠯ ᠬᠢᠬᠦ᠌ ᠵᠡᠷᠭᠡ ᠬᠠᠤᠯᠢ ᠡᠴᠡ ᠵᠥᠷᠢᠴᠡᠭ᠌ᠰᠡᠨ ᠠᠵᠢᠯᠯᠠᠭ᠎ᠠ ᠵᠢ ᠴᠢᠩᠭ᠎ᠠ ᠪᠠᠢᠴᠠᠭᠠᠵᠤ᠂ ᠬᠤᠳᠠᠯ ᠬᠠᠭᠤᠷᠮᠠᠭ ᠬᠠᠤᠯᠢ ᠡᠴᠡ ᠵᠥᠷᠢᠴᠡᠭ᠌ᠰᠡᠨ ᠵᠠᠷ ᠲᠦ᠍ ᠴᠣᠬᠢᠯᠲᠠ ᠥᠭ᠌ᠬᠦᠨ᠎ᠡ᠃ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠢᠯᠡᠴᠢᠯᠡᠨ ᠮᠡᠳᠡᠭᠦᠯᠵᠦ᠍ ᠵᠠᠭᠠᠯᠳᠤᠬᠤ ᠦᠶ᠋ᠯᠡᠴᠢᠯᠡᠭᠡᠨ ᠤ᠋ ᠥᠷᠲᠡᠭᠡ ᠵᠢ ᠲᠤᠬᠠᠶ ᠶ᠋ᠢᠨ ᠲᠠᠯᠠᠪᠤᠷ ᠲᠦ᠍ ᠪᠠᠢᠭᠤᠯᠵᠤ ᠂ ᠡᠷᠬᠡ᠎ᠳᠦ ᠬᠠᠯᠳᠠᠵᠤ ᠬᠤᠳᠠᠯ ᠬᠠᠭᠤᠷᠮᠠᠭ ᠦᠶ᠋ᠯᠡᠳᠬᠦ᠌ ᠠᠵᠢᠯᠯᠠᠭ᠎ᠠ ᠵᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃ 12315 ᠬᠠᠯᠠᠮᠱᠢᠯ ᠤᠲᠠᠰᠤᠨ ᠤ᠋ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠬᠡᠷᠡᠭ᠌ᠯᠡᠭᠡᠨ ᠤ᠋ ᠵᠠᠭᠤᠷᠠᠯᠳᠤᠭᠠᠨ ᠢ᠋ ᠥᠨᠳᠥᠷ ᠪᠦᠲᠦᠮᠵᠢᠲᠡᠶ ᠰᠢᠢᠳᠪᠦᠷᠢᠯᠡᠨ᠎ᠡ᠃ ᠡᠭᠦᠨ ᠡᠴᠡ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠪᠠᠰᠠ ᠲᠤᠬᠠᠢ ᠶ᠋ᠢᠨ ᠲᠠᠯᠠᠪᠠᠢ ᠳ᠋ᠤ ᠢᠳᠡᠭᠡᠨ᠂ ᠠᠮᠢᠳᠤᠷᠠᠯ ᠤ᠋ᠨ ᠬᠡᠷᠡᠭ᠌ᠰᠡᠯ᠂ ᠬᠦᠨᠳᠦ ᠲᠡᠮᠦᠷᠯᠢᠭ᠂ ᠦᠨᠡᠲᠦ ᠲᠡᠮᠦᠷᠯᠢᠭ᠂ ᠰᠤᠪᠤᠳ ᠡᠷᠳᠡᠨᠢ᠂ ᠱᠢᠷᠬᠡᠭ᠌ᠯᠢᠭ ᠨᠡᠬᠡᠮᠡᠯ ᠤ᠋ᠨ ᠪᠦᠲᠦᠭᠡᠭ᠌ᠳᠡᠬᠦᠨ ᠵᠡᠷᠭᠡ ᠦᠢᠯᠡᠳᠬᠦᠨ ᠤ᠋ ᠶᠠᠰᠤ ᠴᠢᠨᠠᠷ ᠢ᠋ ᠲᠦᠷᠭᠡᠨ ᠪᠠᠢᠴᠠᠭᠠᠬᠤ ᠵᠢᠴᠢ ᠠᠰᠠᠭᠤᠨ ᠯᠠᠪᠯᠠᠬᠤ ᠦᠢᠯᠡᠴᠢᠯᠡᠭᠡᠨ ᠤ᠋ ᠲᠠᠪᠴᠠᠩ ᠢ᠋ ᠪᠠᠬᠲᠠᠭᠠᠬᠰᠠᠨ ᠤᠯᠠᠨ ᠡᠰᠢᠴᠢᠯᠡᠭᠰᠡᠨ ᠮᠡᠷᠭᠡᠵᠢᠯ ᠤ᠋ᠨ ᠦᠢᠯᠡᠴᠢᠯᠡᠭᠡᠨ ᠤ᠋ ᠲᠠᠪᠴᠠᠩ ᠢ᠋ ᠪᠠᠢᠭᠤᠯᠵᠤ᠂ ᠬᠡᠷᠡᠭ᠌ᠯᠡᠭ᠌ᠴᠢᠳ ᠲᠦ᠍ ᠴᠠᠭ ᠲᠤᠬᠠᠢ ᠳ᠋ᠤᠨᠢ ᠱᠢᠯᠭᠠᠨ ᠪᠠᠢᠴᠠᠭᠠᠬᠤ ᠪᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面