ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-23 10:50:38

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

— ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠳ᠋ᠤ ᠵᠤᠷᠢᠭᠤᠯᠤᠭᠰᠠᠨ ᠤᠨᠴᠠ ᠮᠡᠳᠡᠬᠡᠯᠡᠯ ⑦


VR ᠲᠦᠬᠦᠬᠡᠷᠤᠮᠵᠢ ᠪᠡᠷ ᠤᠷᠤᠨ ᠵᠠᠢ ᠵᠢ ᠲᠤᠭᠤᠯᠤᠨ ᠳᠤᠮᠳᠠᠳᠤ ᠮᠣᠩᠭᠣᠯ ᠤ᠋ᠨ ᠬᠢᠯᠢ ᠳ᠋ᠡᠬᠢ ᠰᠠᠯᠬᠢᠨ ᠬᠦᠴᠦᠨ ᠤ᠋ ᠴᠠᠬᠢᠯᠭᠠᠨ ᠭᠠᠷᠭᠠᠬᠤ ᠰᠠᠭᠤᠷᠢᠨ ᠢ᠋ᠢᠡᠷ ᠲᠤᠭᠤᠷᠢᠨ ᠦᠵᠡᠵᠤ ᠪᠤᠯᠤᠨ᠎ᠠ᠃ ᠡᠯ᠎ᠠ ᠤᠯᠤᠰ ᠤ᠋ᠨ ᠬᠤᠳᠠᠯᠳᠤᠭᠠᠴᠢᠳ ᠤ᠋ᠨ ᠠᠪᠴᠢᠷᠠᠭᠰᠠᠨ ᠪᠦᠬᠦ ᠪᠦᠮᠪᠤᠷᠴᠡᠭ ᠤ᠋ᠨ ᠰᠤᠳᠤᠨ ᠪᠠᠷᠠᠭ᠎ᠠ ᠢ᠋ᠢ ᠰᠤᠨᠭᠭᠤᠨ ᠠᠪᠴᠦ ᠪᠤᠯᠤᠨ᠎ᠠ᠃ ᠡᠯ᠎ᠠ ᠲᠦᠷᠦᠯ ᠤ᠋ᠨ ᠮᠠᠰᠢᠨ ᠲᠤᠨᠤᠭᠯᠠᠯ ᠤ᠋ᠨ ᠰᠢᠨ᠎ᠡ ᠴᠢᠳᠠᠮᠵᠢ ᠵᠢ ᠰᠤᠨᠢᠷᠬᠠᠵᠤ ᠪᠤᠯᠤᠨ᠎ᠠ᠃ ᠤᠯᠤᠰ ᠤ᠋ᠨ ᠲᠤᠳᠤᠭᠠᠳᠤ ᠭᠠᠳᠠᠭᠠᠳᠤ ᠵᠢᠨ ᠠᠷᠠᠯᠵᠢᠶᠠᠴᠢᠳ ᠠᠵᠠ ᠲᠤᠬᠢᠶᠠᠯ ᠢ᠋ ᠬᠠᠢᠵᠤ ᠰᠤᠯᠢᠯᠴᠠᠭ᠎ᠠ ᠶᠠᠪᠤᠯᠴᠠᠭ᠎ᠠ ᠪᠠᠨ ᠦᠷᠬᠡᠵᠢᠬᠦᠯᠵᠤ ᠪᠤᠯᠤᠨ᠎ᠠ ᠁ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠬᠢᠯᠢ ᠠᠯᠤᠰᠯᠠᠭᠰᠠᠨ ᠠᠷᠠᠯᠵᠢᠶ᠎ᠠ ᠵᠡᠷᠭᠡ ᠡᠯᠪᠡᠭ ᠪᠠᠶᠠᠯᠢᠭ ᠠᠭᠤᠯᠭ᠎ᠠ ᠵᠢ ᠬᠠᠮᠤᠷᠤᠭᠰᠠᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠬᠦᠬᠡᠬᠤᠳᠠ ᠳ᠋ᠤ ᠡᠬᠢᠯᠡᠬᠦ ᠪᠡᠷ ᠪᠡᠯᠡᠬᠡᠨ ᠪᠤᠯᠪᠠ᠃

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠳ᠋ᠤ 《ᠲᠡᠯᠡᠬᠡᠢᠴᠢᠯᠡᠭᠰᠡᠨ᠂ ᠲᠤᠰᠬᠠᠢᠵᠢᠭᠰᠠᠨ᠂ ᠲᠤᠭᠠᠴᠢᠯᠠᠭᠰᠠᠨ᠂ ᠴᠢᠨᠠᠷᠵᠢᠭᠰᠠᠨ 》 ᠬᠡᠬᠦ ᠲᠦᠷᠪᠡᠨ ᠶᠡᠬᠡ ᠰᠢᠪᠲᠤᠯᠤᠯᠲᠠ ᠲᠠᠢ ᠪᠠᠢᠵᠤ᠂ ᠨᠠᠩ ᠪᠣᠳᠠᠲᠤ ᠦᠷ᠎ᠡ ᠪᠦᠲᠦᠮᠵᠢᠲᠡᠶ ᠪᠥᠬᠥ᠌ ᠲᠠᠯ᠎ᠠ ᠵᠢᠨ ᠣᠯᠠᠨ ᠤᠯᠤᠰ ᠤ᠋ᠨ ᠬᠠᠮᠲᠤᠷᠠᠯᠴᠠᠭᠠᠨ ᠤ᠋ ᠲᠠᠪᠴᠠᠩ ᠢ᠋ ᠪᠥᠬᠥ᠌ ᠬᠦᠴᠦᠨ ᠵᠢᠡᠷ ᠵᠢᠡᠨ ᠴᠤᠭᠴᠠᠯᠠᠬᠤ ᠪᠤᠯᠤᠨ᠎ᠡ᠃

— ᠲᠡᠯᠡᠬᠡᠢᠴᠢᠯᠡᠭᠰᠡᠨ ᠲᠦᠪᠰᠢᠨ ᠢ᠋ ᠲᠠᠬᠡᠭᠰᠢᠯᠡᠬᠦᠯᠵᠤ᠂ ᠤᠯᠠᠨ ᠤᠯᠤᠰ ᠤ᠋ᠨ 《ᠨᠠᠢᠵᠠ ᠢ᠋ᠢᠨ ᠲᠤᠭᠤᠷᠢᠭ》 ᠢ᠋ ᠤᠯᠠᠮ ᠦᠷᠬᠡᠳᠬᠡᠨ᠎ᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠳ᠋ᠤ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ 6000 ᠱᠢᠬᠠᠮ ᠵᠣᠴᠢᠨ ᠪᠠ ᠠᠷᠠᠯᠵᠢᠶᠠᠴᠢᠨ ᠢ᠋ ᠤᠷᠢᠨ ᠤᠷᠤᠯᠴᠠᠭᠤᠯᠵᠤ᠂ ᠤᠯᠤᠰ ᠤ᠋ᠨ ᠳᠣᠲᠣᠭᠠᠳᠤ ᠭᠠᠳᠠᠭᠠᠳᠤ ᠵᠢᠨ 1500 ᠭᠠᠷᠤᠢ ᠠᠵᠤ ᠠᠬᠤᠢᠯᠠᠯ ᠢ᠋ ᠤᠷᠤᠯᠴᠠᠭᠤᠯᠬᠤ ᠪᠡᠷ ᠪᠤᠢ ᠃ ᠲᠤᠬᠠᠢ ᠵᠢᠨ ᠦᠶ᠎ᠠ ᠳ᠋ᠤ ᠮᠣᠩᠭᠣᠯ ᠤᠯᠤᠰ᠂ ᠤᠷᠤᠰ᠂ ᠵᠡᠭᠦᠨ ᠬᠣᠢᠲᠤ ᠠᠽᠢᠶ᠎ᠠ ᠵᠢᠨ ᠬᠠᠮᠢᠶ᠎ᠡ ᠪᠦᠬᠦᠢ ᠤᠯᠤᠰ᠂ ᠳᠤᠮᠳᠠᠳᠤ ᠠᠽᠢᠶ᠎ᠠ ᠪᠠ ᠵᠡᠭᠦᠨ ᠡᠮᠦᠨᠡᠲᠦ ᠠᠽᠢᠶ᠎ᠠ ᠵᠡᠷᠭᠡ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠦᠳᠦᠭᠡᠨ ᠪᠠᠢᠭᠤᠯᠬᠤ ᠤᠯᠤᠰ ᠵᠢᠴᠢ ᠪᠷᠠᠽᠢᠯ᠂ ᠦᠷᠦᠭᠤᠸᠠᠢ᠂ ᠺᠸᠨᠢᠶᠠ᠂ ᠮᠣᠽᠠᠮᠪᠢᠺ ᠵᠡᠷᠭᠡ ᠡᠮᠦᠨᠡᠲᠦ ᠠᠮᠧᠷᠢᠺᠠ ᠲᠢᠪ ᠪᠣᠯᠤᠨ ᠠᠹᠷᠢᠺᠠ ᠲᠢᠪ ᠤ᠋ᠨ ᠤᠯᠤᠰ ᠤ᠋ᠳ ᠤ᠋ᠨ ᠨᠠᠢᠵᠠ ᠨᠠᠷ ᠲᠦᠷᠪᠡᠨ ᠵᠦᠭ ᠨᠠᠢ᠍ᠮᠠᠨ ᠵᠤᠪᠬᠢᠰ ᠡᠴᠡ ᠬᠦᠬᠡᠬᠤᠳᠠ ᠳ᠋ᠤ ᠮᠤᠷᠢᠯᠠᠨ ᠰᠠᠭᠠᠳᠠᠬᠤ ᠶᠤᠮ᠃

ᠲᠤᠰᠬᠠᠢᠵᠢᠭᠰᠠᠨ ᠪᠠᠢᠷᠢᠰᠢᠭᠤᠯᠤᠯᠳᠠ ᠵᠢ ᠠᠬᠢᠭᠤᠯᠵᠤ᠂ ᠬᠦᠨᠴᠡ ᠵᠢᠨ ᠬᠡᠮᠵᠢᠶ᠎ᠠ ᠵᠢ ᠤᠯᠠᠮ ᠵᠤᠵᠠᠭᠠᠳᠬᠠᠨ᠎ᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭ᠍ᠯᠠᠭᠠᠨ ᠳ᠋ᠤ 《ᠠᠵᠤ ᠦᠢᠯᠡᠰ ᠵᠢᠡᠷ ᠭᠣᠣᠯ ᠪᠣᠯᠭᠠᠵᠤ ᠂ ᠲᠤᠰᠭᠠᠢ ᠰᠡᠳᠦᠪ ᠵᠢᠡᠷ ᠱᠢᠪᠲᠤᠯᠤᠯᠲᠠ ᠬᠢᠬᠦ᠌》 ᠵᠠᠭ᠍ᠪᠤᠷ ᠢ᠋ ᠭᠦᠨᠵᠡᠭᠡᠢᠷᠡᠭᠦᠯᠵᠦ᠍᠂ ᠤᠯᠠᠨ ᠠᠵᠢᠯ ᠲᠦᠷᠦᠯ ᠤ᠋ᠨ ᠲᠤᠰᠭᠠᠢ ᠮᠡᠷᠭᠡᠵᠢᠯ ᠤ᠋ᠨ ᠣᠷᠳᠣᠨ ᠢ᠋ ᠲᠤᠬᠢᠷᠠᠭᠤᠯᠪᠠ᠃ ᠱᠢᠨ᠎ᠡ ᠡᠨᠧᠷᠭᠢ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠬᠦᠷᠢᠶᠡᠨ ᠳ᠋ᠤ ᠳᠤᠮᠳᠠᠳᠤ ᠮᠣᠩᠭᠣᠯ ᠤ᠋ᠨ ᠴᠠᠬᠢᠯᠭᠠᠨ ᠢ᠋ ᠬᠢᠯᠢ ᠠᠯᠤᠰᠯᠠᠨ ᠬᠦᠷᠬᠡᠬᠦ ᠵᠢᠴᠢ ᠬᠠᠮᠢᠶ᠎ᠠ ᠪᠥᠬᠥᠶ ᠮᠡᠷᠭᠡᠵᠢᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ 30 ᠭᠠᠷᠤᠶ ᠵᠦᠶ᠋ᠯ ᠤ᠋ᠨ ᠠᠵᠢᠯ ᠲᠥᠷᠥᠯ ᠤ᠋ᠨ ᠲᠡᠷᠢᠭᠦᠨ ᠤ᠋ ᠦᠷ᠎ᠡ ᠪᠦᠲᠦᠭᠡᠯ ᠢ᠋ ᠲᠥᠪᠯᠡᠷᠡᠭᠦᠯᠦᠨ ᠳᠡᠯᠭᠡᠨ ᠦᠵᠡᠭᠦᠯᠤᠨ᠎ᠡ᠃ ᠪᠠᠰᠠ 《ᠬᠢᠯᠢ ᠠᠯᠤᠰᠯᠠᠭᠰᠠᠨ ᠠᠵᠤ ᠦᠢᠯᠡᠰ ᠤ᠋ᠨ ᠬᠡᠯᠬᠢᠶ᠎ᠡ ᠵᠢᠨ ᠵᠢᠷᠤᠭ》 ᠵᠢᠡᠷ ᠲᠠᠮᠵᠢᠨ ᠣᠷᠣᠨ ᠪᠦᠰᠡ ᠵᠢᠨ ᠠᠵᠤ ᠦᠢᠯᠡᠰ ᠤ᠋ᠨ ᠬᠠᠮᠵᠢᠯᠴᠠᠬᠤ ᠠᠷᠭ᠎ᠠ ᠵᠠᠮ ᠢ᠋ ᠰᠢᠭᠤᠳ ᠦᠵᠡᠭᠦᠯᠵᠦ᠍᠂ 《ᠳᠤᠮᠳᠠᠳᠤ ᠮᠣᠩᠭᠣᠯ ᠤ᠋ᠨ ᠠᠭᠤᠷᠬᠠᠶ ᠵᠢᠨ ᠦᠢᠯᠡᠰ ᠤ᠋ᠨ ᠬᠠᠮᠲᠤᠷᠠᠯᠴᠠᠭ᠎ᠠ ᠶ᠋ᠢ ᠵᠣᠯᠭᠠᠭᠤᠯᠬᠤ ᠬᠤᠷᠠᠯ》᠂《ᠴᠡᠪᠡᠷ ᠡᠨᠧᠷᠭᠢ ᠵᠢᠨ ᠠᠵᠤ ᠦᠶ᠋ᠯᠡᠰ ᠤ᠋ᠨ ᠱᠢᠨᠵᠢᠯᠡᠨ ᠪᠠᠢᠴᠠᠭᠠᠯᠲᠠ》 ᠵᠡᠷᠭᠡ ᠣᠯᠠᠨ ᠲᠠᠯᠠᠪᠤᠷ ᠵᠤᠯᠭᠠᠭᠤᠯᠬᠤ ᠠᠵᠢᠯᠯᠠᠭ᠎ᠠ ᠲᠤᠬᠢᠷᠠᠭᠤᠯᠵᠤ᠂ ᠠᠵᠤ ᠦᠢᠯᠡᠰ ᠤ᠋ᠨ ᠭᠦᠨᠵᠡᠭᠡᠶ ᠵᠣᠯᠭᠠᠯᠴᠠᠭ᠎ᠠ ᠶ᠋ᠢ ᠴᠢᠩᠭᠠᠳᠬᠠᠨ᠎ᠠ᠃ ᠤᠨᠴᠠᠯᠠᠨ ᠲᠤᠷᠠᠳᠤᠭᠤᠰᠢᠳᠡᠢ ᠨᠢ᠂ ᠨᠢᠩ ᠳᠧ ᠱᠢ ᠳ᠋ᠠᠢ᠂ ᠯᠦᠩ ᠵᠢᠶ ᠪᠤᠬᠢᠷᠳᠤᠯ ᠦᠬᠡᠢ ᠡᠨ᠋ᠸᠷᠬᠢ ᠵᠡᠷᠭᠡ 20 ᠭᠠᠷᠤᠢ 《ᠲᠠᠯᠡᠬᠡᠢ ᠵᠢᠨ 500 ᠬᠦᠴᠦᠷᠬᠡᠭ ᠠᠵᠤ ᠠᠬᠤᠢᠯᠠᠯ》 ᠤ᠋ᠨ ᠬᠢᠨ ᠣᠯᠠᠨ ᠵᠦᠶ᠋ᠯ ᠤ᠋ᠨ ᠬᠤᠰᠢᠭᠤᠷᠠᠯ ᠮᠡᠷᠭᠡᠵᠢᠯ ᠢ᠋ ᠲᠡᠯᠬᠡᠨ ᠦᠵᠡᠬᠦᠯᠬᠦ ᠪᠤᠯᠤᠨ᠎ᠡ᠃

— ᠲᠤᠭᠠᠴᠢᠯᠠᠭᠰᠠᠨ ᠮᠡᠷᠬᠡᠵᠢᠯ ᠢ᠋ᠢᠡᠷ ᠬᠦᠴᠦᠨ ᠨᠡᠮᠡᠷᠢᠯᠡᠵᠤ᠂ ᠦᠷᠬᠡᠴᠡ ᠵᠢᠨ ᠬᠡᠮᠵᠢᠶ᠎ᠠ ᠵᠢ ᠤᠯᠠᠮ ᠶᠡᠬᠡᠰᠬᠡᠨ᠎ᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠳ᠋ᠤ᠌ ᠲᠤᠰᠬᠠᠢᠯᠠᠨ ᠪᠣᠬᠢᠷᠲᠤᠯ ᠦᠭᠡᠢ ᠪᠤᠳᠤᠯᠳᠡ ᠢ᠋ᠢᠨ ᠬᠦᠴᠦᠨ ᠪᠣᠯᠤᠨ ᠵᠣᠬᠢᠶᠠᠮᠠᠯ ᠤᠶᠤᠨ ᠴᠢᠳᠠᠪᠤᠷᠢ ᠵᠢᠨ ᠦᠵᠡᠭᠦᠯᠭᠡ ᠵᠢᠨ ᠲᠣᠭᠣᠷᠢᠭ ᠢ᠋ ᠲᠤᠬᠢᠷᠠᠭᠤᠯᠵᠤ᠂ ᠮᠠᠨ ᠤ᠋ ᠤᠯᠤᠰ ᠤ᠋ᠨ 《ᠵᠡᠭᠦᠨᠳᠡᠭᠢ ᠲᠤᠭ᠎ᠠ ᠪᠠᠷᠢᠮᠳᠠ ᠵᠢ ᠪᠠᠷᠠᠭᠤᠨᠳᠡᠭᠢ ᠪᠤᠳᠤᠯᠳᠠ ᠵᠢᠨ ᠭᠦᠴᠦᠨ ᠵᠢᠠᠷ ᠳᠤᠯᠭᠠᠭᠤᠷᠢᠯᠠᠬᠤ》ᠠᠵᠢᠯ ᠤ᠋ᠨ ᠱᠢᠢᠳᠪᠦᠷᠢᠯᠡᠬᠦ᠌ ᠲᠥᠰᠦᠯ᠂ ᠮᠣᠩᠭᠣᠯ ᠤᠯᠤᠰ ᠤ᠋ᠨ ᠱᠢᠨ᠎ᠡ ᠡᠨᠧᠷᠭᠢ ᠵᠢᠨ ᠳ᠋ᠠᠢᠲ᠋ᠠ ᠵᠢᠨ ᠲᠥᠪ ᠤ᠋ᠨ ᠲᠥᠯᠥᠪᠵᠢᠭᠦᠯᠭᠡ ᠵᠡᠷᠭᠡ ᠠᠭᠤᠯᠭ᠎ᠠ ᠶ᠋ᠢ ᠭᠣᠣᠯᠳᠠᠯᠭ᠎ᠠ ᠲᠠᠶ ᠲᠡᠯᠬᠡᠨ ᠦᠵᠡᠬᠦᠯᠦᠨ᠎ᠡ᠃ ᠡᠭᠦᠨ ᠤ᠋ ᠬᠠᠮᠲᠤ VR ᠮᠡᠷᠭᠡᠵᠢᠯ ᠢ᠋ ᠠᠱᠢᠭ᠍ᠯᠠᠨ ᠬᠦᠨᠵᠡᠬᠡᠢ ᠤᠢᠯᠠᠭᠠᠭᠤᠯᠬᠤ ᠲᠠᠯᠠᠪᠤᠷ ᠪᠠᠢᠳᠠᠯ ᠢ᠋ ᠪᠤᠢ ᠪᠤᠯᠭᠠᠵᠤ᠂ ᠬᠦᠮᠦᠰ VR ᠲᠦᠬᠦᠬᠡᠷᠤᠮᠵᠢ ᠪᠡᠷ ᠤᠷᠤᠨ ᠵᠠᠢ ᠵᠢ ᠲᠤᠭᠤᠯᠤᠨ ᠳᠤᠮᠳᠠᠳᠤ ᠮᠣᠩᠭᠣᠯ ᠤ᠋ᠨ ᠬᠢᠯᠢ ᠳ᠋ᠡᠬᠢ ᠰᠠᠯᠬᠢᠨ ᠬᠦᠴᠦᠨ ᠤ᠋ ᠴᠠᠬᠢᠯᠭᠠᠨ ᠭᠠᠷᠭᠠᠬᠤ ᠰᠠᠭᠤᠷᠢᠨ᠂ ᠣᠶᠤᠨᠴᠢ ᠪᠤᠳᠤᠯᠳᠡ ᠵᠢᠨ ᠲᠥᠪ ᠤ᠋ᠨ 《ᠲᠣᠭᠠᠴᠢᠯᠠᠭ᠍ᠰᠠᠨ ᠢᠷᠡᠭᠡᠳᠦᠶ》 ᠢ᠋ᠢ ᠪᠡᠶᠡᠴᠢᠯᠡᠨ ᠮᠡᠳᠡᠷᠡᠵᠤ ᠪᠣᠯᠤᠨ᠎ᠠ᠃

— ᠴᠢᠨᠠᠷᠵᠢᠭᠰᠠᠨ ᠦᠶ᠋ᠯᠡᠴᠢᠯᠡᠭᠡ ᠬᠠᠩᠭᠠᠵᠤ᠂ ᠬᠦᠷᠤᠯᠴᠡᠨ ᠢᠷᠡᠭᠰᠡᠳ ᠲᠦ᠍ ᠤᠯᠠᠮ ᠲᠦᠬᠦᠮ ᠦᠵᠡᠬᠦᠯᠦᠨ᠎ᠠ᠃ ᠲᠡᠯᠬᠡᠨ ᠦᠵᠡᠭᠦᠯᠭᠡ ᠳ᠋ᠤ ᠣᠷᠣᠯᠴᠠᠬᠤ ᠠᠷᠠᠯᠵᠢᠶᠠᠴᠢᠨ ᠳ᠋ᠤ ᠬᠠᠨᠳᠤᠭᠤᠯᠤᠨ 《ᠪᠦᠬᠦ᠌ ᠶᠠᠪᠤᠴᠠ ᠵᠢᠨ ᠤᠢᠯᠡᠴᠢᠯᠡᠬᠡ》 ᠬᠠᠩᠭᠠᠵᠤ᠂ ᠳᠡᠯᠭᠡᠨ ᠦᠵᠡᠭᠦᠯᠬᠦ᠌ ᠪᠠᠶ᠋ᠢᠷᠢ ᠵᠢᠨ ᠵᠢᠷᠤᠭ ᠲᠥᠯᠥᠪᠯᠡᠭᠡ᠂ ᠳᠡᠯᠭᠡᠨ ᠦᠵᠡᠭᠦᠯᠬᠦ᠌ ᠪᠣᠳᠠᠰ ᠢ᠋ ᠲᠡᠬᠡᠬᠡᠪᠤᠷᠢᠯᠡᠬᠦ ᠡᠴᠡ ᠠᠪᠤᠭᠠᠳ ᠪᠣᠭᠣᠮᠲᠠ ᠳ᠋ᠤ ᠲᠠᠨᠭᠰᠠᠯᠠᠭᠤᠯᠬᠤ ᠬᠦᠷᠳᠡᠯᠡᠬᠢ ᠭᠠᠷ ᠬᠦᠢᠴᠡᠳᠭᠡᠯ ᠢ᠋ ᠪᠦᠬᠦ᠌ ᠶᠠᠪᠤᠴᠠ ᠪᠡᠷ ᠨᠢ ᠣᠷᠣᠯᠠᠨ ᠬᠦᠢᠴᠡᠳᠬᠡᠵᠤ ᠦᠭᠬᠦᠨ᠎ᠠ᠃ ᠲᠤᠰᠬᠠᠢ ᠮᠡᠷᠬᠡᠵᠢᠯ ᠤ᠋ᠨ ᠦᠵᠡᠭᠴᠢᠳ ᠲᠦ᠍ ᠬᠠᠨᠳᠤᠭᠤᠯᠤᠨ 《ᠬᠤᠳᠠᠯᠳᠤᠭᠠᠨ ᠤ᠋ ᠶᠠᠪᠤᠳᠡᠯ ᠢ᠋ ᠨᠢᠬᠡ ᠨᠢᠬᠡ ᠪᠡᠷ ᠵᠤᠬᠢᠴᠠᠭᠤᠯᠬᠤ ᠦᠢᠯᠡᠴᠢᠯᠡᠭᠡ》 ᠬᠠᠩᠭᠠᠵᠤ᠂ ᠲᠠᠳᠠᠨ ᠤ᠋ ᠬᠤᠳᠠᠯᠳᠤᠨ ᠠᠪᠬᠤ ᠬᠡᠷᠡᠭᠴᠡᠭᠡ᠎ᠱᠠᠭᠠᠷᠳᠠᠯᠭ᠎ᠠ ᠢ᠋ᠢ ᠦᠨᠳᠦᠰᠦᠯᠡᠨ ᠳᠡᠯᠭᠡᠨ ᠦᠵᠡᠭᠦᠯᠬᠦ᠌ ᠠᠷᠠᠯᠵᠢᠶᠠᠴᠢᠨ ᠢ᠋ ᠣᠨᠣᠴᠠᠲᠠᠢ ᠪᠡᠷ ᠬᠠᠪᠰᠤᠷᠤᠨ ᠵᠢᠯᠣᠭᠣᠳᠴᠤ᠌ ᠵᠣᠯᠭᠠᠭᠤᠯᠤᠨ᠎ᠠ᠃ ᠨᠡᠶ᠋ᠢᠭᠡᠮ ᠤ᠋ᠨ ᠣᠯᠠᠨ ᠨᠡᠶ᠋ᠢᠲᠡ ᠳ᠋ᠤ ᠬᠠᠨᠳᠤᠭᠤᠯᠤᠨ ᠦᠵᠡᠭᠦᠯᠭᠡ ᠵᠢᠨ ᠲᠣᠭᠣᠷᠢᠭ ᠤ᠋ᠨ ᠬᠥᠳᠡᠯᠦᠩᠭᠦᠶ ᠱᠤᠭᠤᠮ ᠤ᠋ᠨ ᠵᠢᠷᠤᠭ ᠲᠥᠯᠥᠪᠯᠡᠭᠡ ᠵᠢ ᠰᠢᠯᠢᠳᠡᠭᠵᠢᠭᠦᠯᠵᠦ᠍᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠷ᠎ᠠ ᠮᠡᠷᠭᠡᠵᠢᠯ ᠤ᠋ᠨ ᠦᠵᠡᠭᠦᠯᠭᠡ ᠵᠢᠨ ᠲᠣᠭᠯᠠᠯᠲᠠ᠂ ᠤᠨᠴᠠᠯᠢᠭᠲᠤ᠌ ᠠᠮᠲᠠᠲᠤ᠌ ᠢᠳᠡᠭᠡᠨ ᠡᠴᠡ ᠠᠮᠳᠠᠯᠠᠬᠤ ᠵᠡᠷᠭᠡ ᠢ᠋ᠢ ᠪᠠᠶᠡᠴᠢᠯᠡᠨ ᠤᠢᠯᠠᠭᠠᠭᠤᠯᠬᠤ ᠦᠢᠯᠡᠴᠢᠯᠡᠭᠡ ᠬᠠᠩᠭᠠᠨ᠎ᠠ᠃

《ᠲᠡᠯᠡᠬᠡᠢᠴᠢᠯᠡᠭᠰᠡᠨ᠂ ᠲᠤᠰᠬᠠᠢᠵᠢᠭᠰᠠᠨ᠂ ᠲᠤᠭᠠᠴᠢᠯᠠᠭᠰᠠᠨ᠂ ᠴᠢᠨᠠᠷᠵᠢᠭᠰᠠᠨ》 ᠲᠦᠷᠪᠡᠨ ᠶᠡᠬᠡ ᠰᠢᠪᠲᠤᠯᠤᠯᠲᠠ ᠨᠢ ᠦᠵᠡᠰᠬᠦᠯᠡᠨᠭ᠌ ᠡᠷᠬᠢᠯᠡᠬᠦ ᠲᠦᠪᠰᠢᠨ ᠢ᠋ ᠲᠡᠰ ᠲᠡᠪᠰᠢᠬᠦᠯᠦᠭᠰᠡᠨ ᠢ᠋ᠢᠡᠷ ᠪᠠᠷᠠᠬᠤ ᠦᠬᠡᠢ ᠨᠡᠨᠭ ᠴᠦ᠍ ᠲᠤᠮᠳᠠᠳᠤ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠪᠠᠢᠯᠳᠤᠬᠤ ᠪᠤᠳᠤᠯᠭ᠎ᠠ ᠢ᠋ᠢ ᠤᠯᠠᠮ ᠴᠢᠨᠠᠭᠰᠢᠳᠠ ᠬᠦᠨᠵᠡᠬᠡᠢᠷᠡᠬᠦᠯᠪᠠ᠃

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ 8 ᠰᠠᠷ᠎ᠡ ᠢ᠋ᠢᠨ 25 — 29 ᠤ᠋ ᠡᠳᠤᠷ ᠪᠤᠯᠳᠠᠯ᠎ᠡ ᠬᠥᠬᠡᠬᠣᠲᠠ ᠵᠢᠨ ᠴᠡᠯᠡᠭᠡᠷ ᠲᠠᠯ᠎ᠠ ᠤᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠶᠠᠪᠤᠭᠳᠠᠵᠤ᠂ ᠡᠬᠦᠨ ᠳ᠋ᠤ ᠦᠵᠡᠰᠬᠦᠯᠡᠩ ᠲᠠᠯᠬᠡᠨ ᠦᠵᠡᠬᠦᠯᠬᠡ ᠨᠢ 8 ᠰᠠᠷ᠎ᠠ ᠵᠢᠨ 31 ᠤ᠋ ᠡᠳᠤᠷ ᠪᠤᠯᠳᠠᠯ᠎ᠠ ᠦᠷᠬᠦᠯᠵᠢᠯᠡᠨ᠎ᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠤ᠋ ᠶᠡᠷᠦᠩᠬᠡᠢ ᠲᠠᠯᠠᠪᠠᠢ 4 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ ᠦᠪᠤᠷ ᠮᠤᠨᠭᠭᠤᠯ ᠤ᠋ᠨ ᠰᠢᠨ᠎ᠡ ᠢ᠋ᠢ ᠡᠬᠦᠳᠦᠭᠰᠡᠨ ᠠᠮᠢᠵᠢᠷᠡᠯ ᠤ᠋ᠨ ᠬᠦᠴᠦᠨ ᠡᠴᠡ ᠠᠪᠤᠭᠠᠳ ᠪᠦᠬᠦ ᠪᠦᠮᠪᠤᠷᠴᠡᠭ ᠤ᠋ᠨ ᠤᠨᠴᠠᠯᠢᠭᠳᠤ ᠵᠠᠨᠭ᠌ ᠦᠢᠯᠡ ᠬᠦᠷᠳᠡᠯᠡᠬᠢ ᠦᠷᠬᠡᠨ ᠲᠡᠯᠬᠡᠷ ᠠᠭᠤᠯᠭ᠎ᠠ ᠢ᠋ᠢ ᠤᠯᠠᠨ ᠲᠦᠮᠡᠨ ᠳ᠋ᠤ᠌ ᠬᠦᠷᠳᠡᠭᠡᠬᠦ ᠪᠡᠷ ᠪᠤᠢ᠃ ᠭᠤᠤᠯ ᠲᠡᠯᠬᠡᠨ ᠦᠵᠡᠭᠦᠯᠭᠡ ᠵᠢᠨ ᠲᠣᠭᠣᠷᠢᠭ ᠪᠣᠯᠤᠭ᠍ᠰᠠᠨ ᠥᠪᠥᠷ ᠮᠣᠩᠭᠣᠯ ᠤ᠋ᠨ ᠳᠦᠷᠢ ᠲᠥᠷᠬᠦ᠌ ᠵᠢᠨ ᠣᠷᠳᠣᠨ ᠨᠢ 《ᠬᠦᠭᠵᠢᠯᠳᠡ ᠲᠠᠢ ᠥᠪᠥᠷ ᠮᠣᠩᠭᠣᠯ》 ᠂ 《ᠨᠡᠭᠡᠭᠡᠯᠲᠡ ᠲᠠᠢ ᠥᠪᠥᠷ ᠮᠣᠩᠭᠣᠯ》᠂ 《ᠪᠣᠬᠢᠷᠲᠤᠯ ᠦᠭᠡᠢ ᠥᠪᠥᠷ ᠮᠣᠩᠭᠣᠯ》 ᠂ 《ᠰᠣᠶᠣᠯ ᠤ᠋ᠨ ᠥᠪᠥᠷ ᠮᠣᠩᠭᠣᠯ》 ᠵᠡᠷᠭᠡ 4 ᠶᠡᠬᠡ ᠭᠣᠣᠯ ᠰᠡᠳᠦᠪ ᠵᠢᠡᠷ ᠳᠠᠮᠵᠢᠨ ᠤᠮᠠᠷᠠᠲᠤ ᠬᠢᠯᠢ ᠵᠢᠨ ᠠᠮᠢᠵᠢᠷᠠᠯ ᠤ᠋ᠨ ᠬᠦᠴᠦᠨ ᠢ᠋ ᠢᠯᠡᠷᠡᠭᠦᠯᠵᠤ᠂ 12 ᠠᠢᠮᠠᠭ ᠬᠣᠲᠠ ᠢ᠋ᠢᠨ ᠤᠨᠴᠠᠯᠢᠭᠳᠤ ᠲᠡᠯᠬᠡᠨ ᠦᠵᠡᠬᠦᠯᠬᠡ ᠢ᠋ᠢᠨ ᠲᠤᠭᠤᠷᠢᠭ ᠲᠦ᠍ ᠤᠷᠤᠨ ᠨᠤᠳᠤᠭ ᠤ᠋ᠨ ᠤᠨᠴᠠ ᠭᠠᠷᠤᠯᠳᠡ ᠢ᠋ᠢ ᠲᠡᠯᠬᠡᠨ ᠦᠵᠡᠬᠦᠯᠦᠨ᠎ᠡ᠃ ᠡᠬᠦᠨ ᠡᠴᠡ ᠭᠠᠳᠠᠨ᠎ᠠ᠂ ᠠᠵᠢᠯ ᠲᠥᠷᠥᠯ ᠤ᠋ᠨ ᠲᠡᠯᠬᠡᠨ ᠦᠵᠡᠭᠦᠯᠭᠡ ᠵᠢᠨ ᠲᠣᠭᠣᠷᠢᠭ ᠲᠦ᠍ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠪᠠ ᠠᠮᠢᠳᠤᠷᠡᠯ ᠤ᠋ᠨ ᠠᠭᠤᠰᠤᠯᠴᠡᠯ ᠢ᠋ ᠬᠠᠷᠠᠭᠤᠯᠵᠤ᠂ ᠬᠡᠷᠡᠭ᠌ᠯᠡᠭᠡᠨ ᠤ᠋ ᠬᠥᠭ᠌ᠵᠢᠶᠡᠨᠲᠦ ᠲᠣᠭᠣᠷᠢᠭ ᠲᠦ᠍ ᠮᠤᠵᠢ ᠬᠤᠳᠡ ᠢ᠋ᠢᠨ ᠤᠨᠴᠠᠯᠢᠭᠳᠤ ᠤᠬᠢ ᠰᠤᠳᠤᠨ ᠪᠦᠳᠦᠭᠡᠭᠳᠡᠬᠦᠨ ᠢ᠋ ᠲᠡᠯᠬᠡᠨ ᠦᠵᠡᠬᠦᠯᠵᠤ᠂ ᠣᠯᠠᠨ ᠤᠯᠤᠰ ᠤ᠋ᠨ ᠲᠡᠯᠬᠡᠨ ᠦᠵᠡᠭᠦᠯᠭᠡ ᠵᠢᠨ ᠲᠣᠭᠣᠷᠢᠭ ᠲᠦ᠍ ᠭᠠᠳᠠᠭᠠᠳᠤ ᠢ᠋ᠢᠨ ᠰᠢᠯᠢᠳᠡᠭ ᠰᠤᠳᠤᠨ ᠪᠠᠷᠠᠭ᠎ᠠ ᠢ᠋ᠢ ᠲᠡᠯᠬᠡᠨ ᠦᠵᠡᠬᠦᠯᠬᠦ ᠪᠤᠯᠤᠨ᠎ᠠ᠃

ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠨᠭᠭᠤᠯ ᠤ᠋ᠨ ᠦᠵᠡᠰᠬᠦᠯᠡᠨᠭ᠌ ᠤ᠋ᠨ ᠴᠤᠭᠯᠠᠭᠠᠨ ᠲᠦᠷᠪᠡᠨ ᠵᠦᠭ ᠨᠠᠢ᠍ᠮᠠᠨ ᠵᠤᠪᠬᠢᠰ᠂ ᠲᠠᠯᠡᠬᠡᠢ ᠵᠢᠨ ᠡᠯ᠎ᠠ ᠤᠯᠤᠰ ᠤ᠋ᠨ ᠬᠡᠢᠴᠢᠨ ᠵᠤᠴᠢᠨ ᠢ᠋ᠢᠡᠨ ᠤᠭᠳᠤᠬᠤ ᠪᠡᠷ ᠪᠡᠯᠡᠬᠡᠨ ᠪᠤᠯᠪᠠ᠃ ᠪᠢᠳᠡ ᠲᠤᠭᠳᠠᠭᠰᠠᠨ ᠡᠳᠤᠷ ᠪᠤᠯᠵᠤᠭᠰᠠᠨ ᠴᠠᠭ ᠲᠠᠭᠠᠨ ᠦᠵᠡᠰᠬᠦᠯᠡᠩᠳᠤ ᠰᠠᠢᠬᠠᠨ ᠬᠦᠬᠡᠬᠤᠳᠡ ᠳ᠋ᠤ᠌ ᠬᠠᠮᠳᠤ ᠳ᠋ᠠᠭᠠᠨ ᠠᠭᠤᠯᠵᠠᠨ ᠵᠤᠯᠭᠠᠶ᠎ᠠ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面