2025-08-24 12:18:57
8 ᠰᠠᠷ᠎ᠠ ᠵᠢᠨ 23 ᠤ᠋ ᠡᠳᠦᠷ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠠᠢᠨ ᠲᠤᠷᠠᠴᠤᠳ ᠤ᠋ᠨ ᠲᠠᠩᠭᠠᠷᠢᠭ᠍ᠯᠠᠬᠤ ᠶᠡᠬᠡ ᠬᠤᠷᠠᠯ ᠵᠢᠴᠢ ᠠᠵᠢᠯ ᠤ᠋ᠨ ᠪᠠᠢᠷᠢᠨ ᠳ᠋ᠦ ᠭᠠᠷᠬᠤ ᠶᠣᠰᠣᠯᠠᠯ ᠬᠥᠬᠡᠬᠣᠲᠠ ᠳ᠋ᠦ ᠶᠠᠪᠤᠭ᠍ᠳᠠᠵᠤ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠭᠦᠶ᠋ᠴᠡᠳᠭᠡᠬᠦ᠌ ᠵᠥᠪᠯᠡᠯ ᠤ᠋ᠨ ᠬᠠᠮᠢᠶ᠎ᠠ ᠪᠥᠬᠥᠶ ᠰᠠᠯᠠᠭ᠎ᠠ ᠮᠥᠴᠢᠷ ᠵᠢᠴᠢ 320 ᠵᠠᠯᠠᠭᠤ ᠰᠠᠢᠨ ᠲᠤᠷᠠᠴᠤᠳ ᠠᠵᠢᠯ ᠤ᠋ᠨ ᠪᠠᠢᠷᠢᠨ ᠳ᠋ᠦ ᠭᠠᠷᠬᠤ ᠶᠣᠰᠣᠯᠠᠯ ᠳ᠋ᠦ ᠣᠷᠣᠯᠴᠠᠪᠠ᠃


ᠠᠵᠢᠯ ᠤ᠋ᠨ ᠪᠠᠢᠷᠢᠨ ᠳ᠋ᠦ ᠭᠠᠷᠬᠤ ᠶᠣᠰᠣᠯᠠᠯ ᠳᠡᠭᠡᠷ᠎ᠡ ᠪᠦᠬᠦ ᠰᠠᠢᠨ ᠲᠤᠷᠠᠴᠤᠳ ᠴᠤᠭ ᠪᠠᠳᠠᠷᠠᠩᠭᠤᠢ ᠳᠦᠷᠢ ᠳᠦᠷᠬᠦ ᠪᠡᠷ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠳ᠋ᠦ ᠦᠢᠯᠡᠴᠢᠯᠡᠵᠦ᠂ ᠳᠤᠮᠳᠠᠳᠤ ᠤᠯᠤᠰ ᠤ᠋ᠨ ᠵᠠᠯᠠᠭᠤᠴᠤᠳ ᠪᠣᠯᠤᠨ ᠥᠪᠥᠷ ᠮᠣᠩᠭᠣᠯ ᠤ᠋ᠨ ᠵᠠᠯᠠᠭᠤᠴᠤᠳ ᠤ᠋ᠨ ᠴᠤᠭ ᠵᠢᠪᠬᠤᠭ᠎ᠠ ᠵᠢ ᠢᠯᠡᠷᠡᠭᠦᠯᠦᠨ᠎ᠡ ᠭᠡᠵᠦ ᠲᠠᠩᠭᠠᠷᠢᠬᠯᠠᠪᠠ᠃ ᠥᠪᠡᠷᠲᠡᠭᠡᠨ ᠵᠠᠰᠠᠬᠤ ᠣᠷᠣᠨ ᠤ᠋ ᠡᠪᠯᠡᠯ ᠤ᠋ᠨ ᠬᠣᠷᠢᠶ᠎ᠡ ᠡᠴᠡ 《ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠠᠢᠨ ᠲᠤᠷᠠᠴᠤᠳ ᠤ᠋ᠨ ᠶᠡᠷᠦᠩᠬᠡᠶ ᠠᠩᠭᠢ》ᠳ᠋ᠤ ᠲᠣᠭ ᠣᠯᠭᠣᠪᠠ᠃


ᠣᠢᠯᠠᠭᠠᠭ᠍ᠰᠠᠨ ᠵᠢᠡᠷ᠂ ᠥᠪᠡᠷᠲᠡᠭᠡᠨ ᠵᠠᠰᠠᠬᠤ ᠣᠷᠣᠨ ᠤ᠋ ᠡᠪᠯᠡᠯ ᠤ᠋ᠨ ᠬᠣᠷᠢᠶ᠎ᠠ ᠲᠤᠰ ᠤᠳᠠᠭᠠᠨ ᠤ᠋ ᠰᠠᠢᠨ ᠳᠤᠷ᠎ᠠ ᠵᠢᠨ ᠦᠶ᠋ᠯᠡᠴᠢᠯᠡᠭᠡᠨᠦ ᠠᠵᠢᠯ ᠢ᠋ ᠳᠡᠭᠡᠳᠦ ᠬᠡᠮᠵᠢᠶ᠎ᠡᠪᠡᠷ ᠴᠢᠬᠤᠯᠠᠴᠢᠯᠠᠵᠤ᠂ ᠰᠠᠢᠨ ᠳᠤᠷᠠᠴᠢᠨ ᠡᠯᠰᠡᠬᠦ᠌᠂ ᠪᠣᠯᠪᠠᠰᠤᠷᠠᠭᠤᠯᠬᠤ ᠵᠡᠷᠭᠡ ᠠᠵᠢᠯ ᠢ᠋ ᠨᠢᠭᠡᠳᠦᠯᠲᠡᠶ ᠪᠠᠢᠷᠢᠯᠠᠭᠤᠯᠤᠯᠲᠠ ᠶᠤᠰᠤᠭᠠᠷ ᠪᠡᠶᠡᠯᠡᠬᠦᠯᠪᠡ᠃ ᠲᠣᠰ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨᠨᠢ ᠰᠢᠯᠭᠠᠷᠠᠭᠤᠯᠬᠤ ᠪᠠᠷᠢᠮᠵᠢᠶ᠎ᠠ ᠵᠢ ᠴᠢᠩᠭ᠎ᠠ ᠵᠢᠷᠤᠮᠯᠠᠨ᠂ ᠬᠥᠬᠡᠬᠣᠲᠠ ᠳ᠋ᠦ ᠪᠠᠢᠭ᠎ᠠ ᠶᠡᠬᠡ ᠳᠡᠭᠡᠳᠦ ᠰᠤᠷᠭᠠᠭᠤᠯᠢ ᠵᠢᠴᠢ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ ᠤ᠋ᠨ ᠨᠢᠭᠡᠴᠢ ᠵᠢᠨ ᠲᠣᠮᠣ ᠬᠡᠯᠪᠡᠷᠢ ᠵᠢᠨ ᠤᠷᠤᠯᠳᠤᠭᠠᠨ ᠴᠤᠭᠯᠠᠭᠠᠨ ᠤ᠋ ᠦᠶ᠋ᠯᠡᠴᠢᠯᠡᠭᠡᠨᠦ ᠲᠤᠷᠱᠢᠯᠭᠠᠲᠠᠶ ᠰᠠᠢᠨ ᠳᠤᠷᠠᠴᠤᠳ ᠤ᠋ᠨ ᠳᠣᠲᠣᠷᠠᠠᠴᠠ 320 ᠰᠠᠢᠨ ᠳᠤᠷᠠᠴᠢᠨ ᠢ᠋ ᠱᠢᠯᠢᠨ ᠰᠣᠩᠭᠣᠪᠠ᠃ ᠰᠣᠩᠭᠣᠭ᠍ᠳᠠᠭ᠍ᠰᠠᠳ ᠨᠢᠭᠡᠨᠲᠡ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠵᠢᠨ ᠲᠤᠰᠭᠠᠶ ᠰᠡᠳᠦᠪᠲᠦ ᠪᠣᠯᠪᠠᠰᠤᠷᠠᠯ ᠳ᠋ᠦ ᠤᠷᠤᠯᠴᠠᠵᠦ᠂ ᠠᠭᠤᠯᠭᠠᠨᠢ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠶᠡᠷᠦᠩᠬᠡᠶ ᠲᠣᠢᠮᠣ ᠪᠠᠢᠳᠠᠯ᠂ ᠲᠠᠪᠤᠨ ᠶᠡᠬᠡ ᠡᠭᠦᠷᠭᠡ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠤ᠋ ᠪᠥᠲᠥᠭᠡᠨ ᠪᠠᠢᠭᠤᠯᠤᠯᠲᠠ ᠵᠢᠨ ᠪᠠᠢᠷᠢᠯᠠᠭᠤᠯᠤᠯᠲᠠ᠂ ᠭᠠᠳᠠᠭᠠᠳᠤ ᠳ᠋ᠦ ᠬᠣᠯᠪᠣᠭ᠍ᠳᠠᠬᠤ ᠶᠣᠰᠣᠯᠠᠯ᠂ ᠪᠠᠴᠢᠮ ᠪᠠᠢᠳᠠᠯ ᠢ᠋ ᠠᠷᠭᠠᠴᠠᠭᠠᠨ ᠠᠪᠤᠷᠠᠨ ᠲᠤᠰᠠᠯᠠᠬᠤ ᠵᠢᠴᠢ ᠠᠵᠢᠯ ᠤ᠋ᠨ ᠪᠠᠢᠷᠢ ᠵᠢᠨ ᠰᠣᠷᠢᠯᠲᠠ ᠵᠡᠷᠭᠡ ᠭᠤᠤᠯᠳᠠᠯᠭᠠᠲᠠᠶ ᠬᠢᠴᠢᠶᠡᠯ ᠲᠥᠷᠥᠯ ᠢ᠋ ᠬᠠᠮᠤᠷᠴᠠᠶ᠃ ᠣᠳᠣᠬᠠᠨ ᠳ᠋ᠦ ᠡᠯᠰᠡᠵᠦ ᠪᠣᠯᠪᠠᠰᠤᠷᠠᠭᠤᠯᠬᠤ ᠡᠯ᠎ᠡ ᠵᠦᠶ᠋ᠯ ᠤ᠋ᠨ ᠡᠭᠦᠷᠭᠡ ᠵᠢ ᠨᠢᠭᠡᠨᠲᠡ ᠥᠨᠳᠥᠷ ᠪᠠᠷᠢᠮᠵᠢᠶᠠᠪᠠᠷ ᠪᠡᠶᠡᠯᠡᠭᠦᠯᠵᠦ᠍᠂ ᠪᠥᠬᠥ᠌ ᠵᠠᠯᠠᠭᠤ ᠰᠠᠢᠨ ᠲᠤᠷᠠᠴᠤᠳ ᠠᠵᠢᠯ ᠤ᠋ᠨ ᠪᠠᠢᠷᠢᠨ ᠳ᠋ᠦ ᠭᠠᠷᠬᠤ ᠪᠡᠷ ᠪᠡᠯᠡᠭᠡᠨ ᠪᠤᠯᠵᠦ᠂ ᠭᠠᠳᠠᠭᠠᠳᠤ ᠶᠠᠪᠤᠳᠠᠯ ᠤ᠋ᠨ ᠶᠤᠰᠤᠯᠠᠯ᠂ ᠳᠡᠯᠭᠡᠨ ᠦᠵᠡᠬᠦᠯᠭᠡ᠂ ᠠᠵᠤ ᠠᠬᠤᠶ ᠠᠷᠠᠯᠵᠢᠶᠠᠨ ᠤ᠋ ᠵᠥᠪᠳᠡᠯᠴᠡᠭᠡ᠂ ᠳᠠᠩᠰᠠᠯᠠᠭᠤᠯᠬᠤ ᠵᠥᠪᠯᠡᠯᠭᠡ ᠥᠭ᠌ᠬᠦ᠂ ᠠᠮᠤᠷ ᠲᠦᠪᠱᠢᠨᠦ ᠪᠠᠲᠤᠯᠠᠭ᠎ᠠ᠂ ᠭᠥᠯᠢᠶᠡᠨ ᠠᠪᠴᠤ᠌ ᠬᠠᠷᠢᠯᠴᠠᠬᠤ ᠵᠡᠷᠭᠡ ᠵᠠᠩᠭᠢᠯᠠᠭ᠎ᠠ ᠵᠢᠨ ᠬᠦᠷᠢᠶᠡᠨᠤ᠋ ᠦᠢᠯᠡᠴᠢᠯᠡᠭᠡ ᠵᠢ ᠡᠭᠦᠷᠭᠡᠯᠡᠬᠦ ᠪᠤᠯᠤᠨ᠎ᠠ᠃


- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃