ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-25 10:23:19

ᠵᠣᠬᠢᠶᠠᠭ᠍ᠴᠢ᠄ ᠼᠠᠢ ᠬᠤᠡᠭ ᠨᠠᠮᠤᠭ ᠣᠩᠱᠢᠭ᠍ᠰᠠᠨ ᠣᠳᠠᠭ᠎ᠠ᠄ 3

8 ᠰᠠᠷ᠎ᠠ ᠶ᠋ᠢᠨ 24᠎ᠤ᠋ ᠦᠳᠡ ᠶ᠋ᠢᠨ ᠬᠣᠢᠨ᠎ᠠ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠤ᠋ ᠲᠦᠷᠦ ᠦᠢᠯᠡᠳᠪᠦᠷᠢᠯᠡᠯ ᠪᠤᠯᠪᠠᠰᠤᠷᠠᠯ ᠰᠤᠳᠤᠯᠭᠠᠨ ᠤ᠋ ᠰᠤᠯᠢᠯᠴᠠᠭᠠᠨ ᠤ᠋ ᠠᠵᠢᠯᠯᠠᠭ᠎ᠠ ᠵᠢ ᠠᠩᠬ᠎ᠠ ᠤᠳᠠᠭ᠎ᠠ ᠬᠦᠬᠡᠬᠤᠲᠠ ᠳ᠋ᠦ ᠠᠮᠵᠢᠯᠲᠠ ᠲᠠᠢ ᠡᠷᠬᠢᠯᠡᠪᠡ᠃

ᠲᠤᠰ ᠤᠳᠠᠭᠠᠨ ᠤ᠋ ᠠᠵᠢᠯᠯᠠᠭ᠎ᠠ ᠵᠢ ᠳᠤᠮᠳᠠᠳᠤ ᠤᠯᠤᠰ ᠤ᠋ᠨ ᠬᠤᠳᠠᠯᠳᠤᠭᠠᠨ ᠤ᠋ ᠶᠠᠪᠤᠳᠠᠯ ᠤ᠋ᠨ ᠶᠠᠮᠤᠨ ᠤ᠋ ᠠᠽᠢᠶ᠎ᠠ ᠲᠢᠪ ᠤ᠋ᠨ ᠵᠤᠷᠭᠠᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ᠂ ᠮᠣᠩᠭᠣᠯ ᠤᠯᠤᠰ ᠤ᠋ᠨ ᠡᠳ᠋ ᠤ᠋ᠨ ᠵᠠᠰᠠᠭ ᠬᠦᠭᠵᠢᠯ ᠤ᠋ᠨ ᠶᠠᠮᠤᠨ ᠤ᠋ ᠬᠤᠳᠠᠯᠳᠤᠭ᠎ᠠ ᠡᠳ᠋ ᠤ᠋ᠨ ᠵᠠᠰᠠᠭ ᠬᠠᠮᠲᠤ ᠶ᠋ᠢᠨ ᠠᠵᠢᠯᠯᠠᠭᠠᠨ ᠤ᠋ ᠪᠤᠳᠤᠯᠭ᠎ᠠ ᠶ᠋ᠢᠨ ᠭᠠᠵᠠᠷ᠂ ᠮᠤᠡᠭᠭᠤᠯ ᠤᠯᠤᠰ ᠤ᠋ᠨ ᠬᠦᠨᠡᠰᠦ ᠬᠦᠳᠡᠭᠡ ᠠᠵᠤ ᠠᠬᠤᠢ ᠬᠦᠡᠭᠭᠡᠨ ᠦᠢᠯᠡᠳᠪᠦᠷᠢ ᠶ᠋ᠢᠨ ᠶᠠᠮᠤᠨ ᠤ᠋ ᠮᠠᠯ ᠠᠵᠤ ᠠᠬᠤᠢ ᠶ᠋ᠢᠨ ᠭᠠᠵᠠᠷ ᠡᠴᠡ ᠬᠠᠮᠲᠤᠷᠠᠨ ᠡᠷᠬᠢᠯᠡᠪᠡ᠃ ᠠᠵᠢᠯᠯᠠᠭ᠎ᠠ ᠨᠢ 《 ᠳᠤᠮᠳᠠᠳᠤ ᠮᠣᠩᠭᠣᠯ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ ᠠᠵᠤ ᠦᠢᠯᠡᠰ ᠤ᠋ᠨ ᠱᠢᠨ᠎ᠡ ᠵᠢ ᠡᠭᠦᠳᠬᠦ᠌ ᠵᠢ ᠬᠠᠮᠲᠤ ᠎ᠪᠠᠷ ᠠᠬᠢᠭᠤᠯᠤᠶ᠎ᠠ》 ᠭᠡᠬᠦ ᠭᠣᠣᠯ ᠰᠡᠳᠦᠪ ᠤ᠋ᠨ ᠲᠤᠭᠤᠷᠢᠨ ᠳ᠋ᠦ ᠶᠠᠪᠤᠭᠳᠠᠵᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ ᠤ᠋ ᠠᠯᠪᠠᠨ ᠲᠤᠱᠢᠶᠠᠯᠲᠠᠨ᠂ ᠬᠤᠳᠠᠯᠳᠤᠭᠠᠨ ᠤ᠋ ᠡᠲᠡᠭᠡᠳ ᠤ᠋ᠨ ᠲᠥᠯᠥᠭᠡᠯᠡᠭ᠌ᠴᠢ᠂ ᠲᠤᠰᠭᠠᠢ ᠮᠡᠷᠭᠡᠵᠢᠯᠲᠡᠨ ᠡᠷᠳᠡᠮᠲᠡᠨ ᠵᠡᠷᠭᠡ 100 ᠭᠠᠷᠤᠢ ᠬᠥᠮᠦᠨ ᠣᠷᠣᠯᠴᠠᠪᠠ᠃

ᠬᠤᠷᠠᠯ ᠳᠡᠭᠡᠷ᠎ᠡ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ᠂ ᠠᠵᠤ ᠦᠶ᠋ᠯᠡᠰ ᠬᠤᠳᠠᠯᠳᠤᠭᠠᠨ ᠤ᠋ ᠡᠲᠡᠭᠡᠳ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠶ᠋ᠢᠨ ᠬᠠᠷᠢᠭᠤᠴᠠᠯᠭᠠᠲᠠᠨ ᠠᠭᠤᠷᠬᠠᠶ ᠶ᠋ᠢᠨ ᠭᠠᠷᠤᠯᠲᠠ ᠡᠨᠧᠷᠭᠢ ᠶ᠋ᠢᠨ ᠰᠤᠷᠪᠤᠯᠵᠢ᠂ ᠰᠠᠭᠤᠷᠢ ᠲᠥᠬᠥᠭᠡᠷᠦᠮᠵᠢ᠂ ᠮᠠᠯ ᠠᠵᠤ ᠠᠬᠤᠢ ᠲᠠᠷᠢᠶᠠᠯᠠᠡᠭ ᠵᠡᠷᠭᠡ ᠬᠣᠶᠠᠷ ᠲᠠᠯ᠎ᠠ ᠶ᠋ᠢᠨ ᠬᠠᠮᠲᠤ᠎ᠪᠠᠷ ᠠᠩᠬᠠᠷᠴᠤ᠌ ᠪᠠᠢᠭ᠎ᠠ ᠬᠦᠷᠢᠶ᠎ᠡ ᠶ᠋ᠢᠨ ᠲᠤᠭᠤᠷᠢᠨ ᠳ᠋ᠦ ᠭᠤᠤᠯ ᠰᠡᠳᠦᠪᠲᠦ ᠶᠠᠷᠢᠶ᠎ᠠ ᠲᠠᠯᠪᠢᠵᠠᠢ᠃ ᠰᠣᠯᠢᠯᠴᠠᠭ᠎ᠠ ᠵᠣᠯᠭᠠᠯᠴᠠᠭ᠎ᠠ ᠶ᠋ᠢᠨ ᠭᠣᠭ᠍ᠴᠣᠭ᠎ᠠ ᠳ᠋ᠦ ᠬᠣᠶᠠᠷ ᠲᠠᠯ᠎ᠠ ᠶ᠋ᠢᠨ ᠡᠯ᠎ᠡ ᠬᠦᠷᠢᠶᠡᠨ ᠤ᠋ ᠬᠤᠷᠠᠯ ᠳ᠋ᠦ ᠤᠷᠤᠯᠴᠠᠭᠰᠠᠳ ᠭᠦᠨᠵᠡᠭᠡᠶ ᠶᠠᠷᠢᠯᠴᠠᠭ᠎ᠠ ᠰᠤᠯᠢᠯᠴᠠᠭ᠎ᠠ ᠦᠷᠨᠢᠭᠦᠯᠵᠦ᠂ ᠬᠠᠮᠲᠤᠷᠠᠯᠴᠠᠭ᠎ᠠ᠂ ᠬᠥᠭ᠌ᠵᠢᠯᠲᠡ ᠶ᠋ᠢᠨ ᠲᠤᠬᠠᠶ ᠨᠢᠭᠤᠷᠳᠠᠨ ᠶᠠᠷᠢᠯᠴᠠᠵᠤ᠂ ᠢᠷᠡᠭᠡᠳᠦᠶ ᠶ᠋ᠢᠨ ᠳᠤᠮᠳᠠᠳᠤ ᠮᠣᠩᠭᠣᠯ ᠬᠣᠶᠠᠷ ᠤᠯᠤᠰ ᠤ᠋ᠨ ᠬᠠᠮᠲᠤᠷᠠᠯᠴᠠᠭᠠᠨ ᠤ᠋ ᠱᠢᠨ᠎ᠡ ᠵᠠᠮ᠎ᠢ ᠨᠡᠭᠡᠭᠡᠬᠦ᠌᠂ ᠠᠵᠤ ᠠᠬᠤᠶ ᠠᠷᠠᠯᠵᠢᠶᠠᠨ ᠤ᠋ ᠱᠢᠨ᠎ᠡ ᠬᠥᠭ᠌ᠵᠢᠯᠲᠡ ᠵᠢ ᠬᠠᠮᠲᠤ᠎ᠪᠠᠷ ᠠᠬᠢᠭᠤᠯᠬᠤ ᠳ᠋ᠦ ᠰᠡᠳᠭᠢᠴᠡ ᠪᠠ ᠰᠠᠨᠠᠭᠤᠯᠭ᠎ᠠ ᠬᠠᠩᠭᠠᠪᠠ ᠃

ᠥᠪᠥᠷ ᠮᠣᠩᠭᠣᠯ ᠳᠣᠲᠣᠭᠠᠳᠤ᠎ᠳᠠᠭᠠᠨ ᠨᠠᠶ᠋ᠮᠠᠨ ᠮᠤᠵᠢ᠎ᠲᠠᠶ ᠵᠠᠯᠭᠠᠯᠳᠤᠵᠤ᠂ ᠭᠠᠳᠠᠭ᠍ᠰᠢ᠎ᠪᠠᠨ ᠣᠷᠣᠰ ᠪᠠ ᠮᠣᠩᠭᠣᠯ ᠤᠯᠤᠰ᠎ᠲᠠᠶ ᠬᠦᠷᠰᠢᠯᠡᠵᠦ᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠶ᠋ᠢᠨ ᠬᠣᠩᠭᠢᠯ ᠤ᠋ᠨ ᠴᠢᠬᠤᠯᠠ ᠵᠠᠩᠭᠢᠯᠠᠭ᠎ᠠ ᠶ᠋ᠢᠨ ᠴᠡᠭ ᠪᠦᠭᠡᠳ ᠤᠯᠤᠰ ᠤ᠋ᠨ ᠪᠠᠷᠠᠭᠤᠨ ᠬᠡᠰᠡᠭ ᠤ᠋ᠨ ᠡᠬᠡ ᠬᠠᠭᠤᠷᠠᠶ ᠪᠠ ᠲᠡᠯᠡᠶ᠎ᠲᠠᠡᠭᠬᠢᠰ ᠤ᠋ᠨ ᠱᠢᠨ᠎ᠡ ᠪᠡᠷ ᠨᠡᠪᠲᠡᠷᠡᠬᠦ᠌ ᠵᠠᠮ ᠤ᠋ᠨ ᠴᠢᠬᠤᠯᠠ ᠬᠠᠭᠠᠯᠭ᠎ᠠ ᠪᠠᠢᠵᠤ᠂ ᠭᠠᠵᠠᠷ ᠵᠦᠢ ᠶ᠋ᠢᠨ ᠲᠠᠯ᠎ᠠ ᠪᠡᠷ ᠥᠪᠡᠷᠮᠢᠴᠡ ᠣᠷᠣᠨ ᠪᠠᠢᠷᠢ ᠶ᠋ᠢᠨ ᠳᠠᠪᠠᠭᠤᠯᠢᠭ᠎ᠲᠠᠶ ᠶᠤᠮ᠃ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠢᠵᠢ ᠪᠥᠷᠢᠳᠦᠭᠦᠯᠬᠦ᠌ ᠠᠵᠢᠯᠯᠠᠭ᠎ᠠ ᠶ᠋ᠢᠨ ᠨᠢᠭᠡ ᠪᠣᠯᠤᠭ᠍ᠰᠠᠨ ᠤ᠋ ᠬᠤᠪᠢ ᠳ᠋ᠦ ᠲᠣᠰ ᠤᠳᠠᠭᠠᠨ ᠤ᠋ ᠲᠦᠷᠦ ᠦᠢᠯᠡᠳᠪᠦᠷᠢᠯᠡᠯ ᠪᠤᠯᠪᠠᠰᠤᠷᠠᠯ ᠰᠤᠳᠤᠯᠭᠠᠨ ᠤ᠋ ᠰᠣᠯᠢᠯᠴᠠᠭᠠᠨ ᠤ᠋ ᠠᠵᠢᠯᠯᠠᠭ᠎ᠠ ᠵᠢ ᠠᠩᠬ᠎ᠠ ᠤᠳᠠᠭ᠎ᠠ ᠡᠷᠭᠢᠯᠡᠵᠦ᠍ ᠪᠠᠢᠨ᠎ᠠ᠃ ᠲᠣᠰ ᠤᠳᠠᠭᠠᠨ ᠤ᠋ ᠠᠵᠢᠯᠯᠠᠭ᠎ᠠ᠎ᠪᠠᠷ ᠳᠡᠮᠵᠢᠨ ᠳᠤᠮᠳᠠᠳᠤ ᠮᠣᠩᠭᠣᠯ ᠬᠣᠶᠠᠷ ᠤᠯᠤᠰ ᠤ᠋ᠨ ᠬᠢᠨ ᠠᠭᠤᠷᠬᠠᠶ ᠶ᠋ᠢᠨ ᠭᠠᠷᠤᠯᠲᠠ ᠡᠨᠧᠷᠭᠢ᠂ ᠰᠠᠭᠤᠷᠢ ᠲᠥᠬᠥᠭᠡᠷᠦᠮᠵᠢ᠂ ᠮᠠᠯ ᠠᠵᠤ ᠠᠬᠤᠢ ᠲᠠᠷᠢᠶᠠᠯᠠᠡᠭ ᠵᠡᠷᠭᠡ ᠬᠦᠷᠢᠶᠡᠨ᠎ᠳᠡᠬᠢ ᠬᠠᠮᠲᠤᠷᠠᠯᠴᠠᠭ᠎ᠠ ᠪᠠ ᠰᠣᠯᠢᠯᠴᠠᠭ᠎ᠠ᠎ᠪᠠᠨ ᠤᠯᠠᠮ ᠨᠢᠭᠡ ᠠᠯᠬᠤᠮ ᠥᠷᠭᠡᠳᠭᠡᠵᠦ᠍᠂ ᠳᠤᠮᠳᠠᠳᠤ ᠮᠣᠩᠭᠣᠯ ᠬᠤᠶᠠᠷ ᠤᠯᠤᠰ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭᠠᠨ ᠤ᠋ ᠴᠢᠨᠠᠷ ᠰᠠᠢᠲᠠᠶ ᠬᠥᠭ᠌ᠵᠢᠯᠲᠡ ᠵᠢ ᠬᠠᠮᠲᠤ᠎ᠪᠠᠷ ᠠᠬᠢᠭᠤᠯᠬᠤ ᠳ᠋ᠦ ᠴᠢᠬᠤᠯᠠ ᠲᠠᠪᠴᠠᠩ ᠬᠠᠡᠭᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面