ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-24 12:45:15

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠬᠠᠮᠲᠤ ᠪᠠᠷ ᠠᠱᠢᠭ ᠬᠦᠷᠳᠡᠬᠦ᠌᠎ᠶ᠋ᠢ ᠠᠬᠢᠭᠤᠯᠤᠶ᠎ᠠ


ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ (《ᠳᠤᠮᠳᠠᠳᠤ ᠮᠣᠩᠭᠣᠯ᠎ᠤᠨ ᠦᠵᠡᠰᠭᠦᠯᠡᠩ ᠤ᠋ᠨ ᠴᠤᠬᠯᠠᠭᠠᠨ》 ᠭᠡᠵᠦ᠍ ᠲᠦᠬᠦᠮᠴᠢᠯᠡᠨ᠎ᠠ) ᠪᠣᠯ ᠳᠤᠮᠳᠠᠳᠤ ᠤᠯᠤᠰ᠂ ᠮᠣᠩᠭᠣᠯ ᠤᠯᠤᠰ ᠬᠣᠶᠠᠷ ᠤᠯᠤᠰ᠎ᠤᠨ ᠵᠠᠰᠠᠭ᠎ᠤᠨ ᠣᠷᠳᠣᠨ᠎ᠡᠴᠡ ᠬᠠᠮᠲᠤ ᠪᠡᠷ ᠭᠤᠤᠯᠯᠠᠨ ᠡᠷᠭᠢᠯᠡᠭ᠌ᠰᠡᠨ᠂ ᠪᠥᠬᠥ᠌ ᠪᠥᠮᠪᠥᠷᠴᠡᠭ᠎ᠲᠦ ᠬᠠᠨᠳᠤᠭᠤᠯᠤᠭ᠍ᠰᠠᠨ ᠣᠯᠠᠨ ᠤᠯᠤᠰ᠎ᠤᠨ ᠴᠢᠨᠠᠷᠲᠠᠶ ᠦᠵᠡᠰᠭᠦᠯᠡᠩ ᠪᠣᠯᠤᠨ᠎ᠠ᠂ 2015 ᠣᠨ᠎ᠳᠤ ᠠᠩᠬ᠎ᠠ ᠤᠳᠠᠭ᠎ᠠ ᠡᠷᠬᠢᠯᠡᠭᠰᠡᠨ᠎ᠡᠴᠡ ᠨᠠᠭᠠᠰᠢ ᠨᠢᠭᠡᠨᠲᠡ 4 ᠬᠤᠭᠤᠴᠠᠭ᠎ᠠ ᠠᠮᠵᠢᠯᠲᠠ᠎ᠲᠠᠶ ᠡᠷᠭᠢᠯᠡᠪᠡ᠃ ᠣᠯᠠᠨ ᠵᠢᠯ᠎ᠦᠨ ᠨᠠᠷᠢᠨ ᠨᠢᠮᠪᠠᠶ ᠲᠦᠰᠦᠪᠯᠠᠯᠳᠠ ᠪᠡᠷ ᠳᠡᠮᠵᠢᠨ᠂ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ ᠨᠢᠭᠡᠨᠲᠡ ᠬᠣᠶᠠᠷ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌᠎ᠳᠦ ᠦᠶ᠋ᠯᠡᠴᠢᠯᠡᠬᠦ᠌ ᠣᠯᠠᠨ ᠤᠯᠤᠰ᠎ᠤᠨ ᠴᠢᠬᠤᠯᠠ ᠲᠠᠪᠴᠠᠩ ᠪᠣᠯᠵᠣ᠂ ᠳᠤᠮᠳᠠᠳᠤ ᠮᠣᠩᠭᠣᠯ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠪᠣᠳᠠᠲᠠᠶ᠎ᠶ᠋ᠢ ᠡᠷᠬᠢᠮᠯᠡᠨ ᠠᠬᠢᠭᠤᠯᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ ᠵᠢ ᠠᠬᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ ᠤᠯᠤᠰ ᠤ᠋ᠳ᠎ᠯᠤᠭ᠎ᠠ᠎ᠶ᠋ᠢᠨ ᠠᠷᠠᠳ᠎ᠤᠨ ᠰᠡᠳᠭᠢᠯ᠎ᠦᠨ ᠨᠡᠪᠲᠡᠷᠡᠯᠴᠡᠭᠡ ᠵᠢ ᠨᠡᠮᠡᠭᠳᠡᠬᠦᠯᠬᠦ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠪᠡ᠃


QQ截图20240904155222.png


ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ 2025 ᠣᠨ᠎ᠤ 8 ᠰᠠᠷ᠎ᠠ᠎ᠶ᠋ᠢᠨ 25 ᠎ᠡᠴᠡ 29᠎ᠤ᠋ ᠡᠳᠦᠷ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠳᠤ ᠶᠠᠪᠤᠭ᠍ᠳᠠᠨ᠎ᠠ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠂ ᠮᠣᠩᠭᠣᠯ ᠤᠯᠤᠰ᠎ᠤᠨ ᠢᠳᠡᠭᠡᠨ ᠮᠠᠯ ᠠᠵᠤ ᠠᠬᠤᠶ ᠲᠠᠷᠢᠶᠠᠯᠠᠩ ᠪᠠ ᠬᠥᠩᠭᠡᠨ ᠠᠵᠤ ᠦᠶ᠋ᠯᠡᠳᠪᠦᠷᠢ᠎ᠶ᠋ᠢᠨ ᠶᠠᠮᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠴᠡ ᠬᠠᠮᠲᠤ ᠪᠡᠷ ᠭᠤᠤᠯᠯᠠᠨ ᠡᠷᠭᠢᠯᠡᠨ᠎ᠡ᠃ ᠲᠣᠰ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠨᠢ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠬᠠᠮᠲᠤ᠎ᠪᠠᠷ ᠠᠱᠢᠭ ᠭᠥᠷᠳᠡᠬᠦ᠌᠎ᠶ᠋ᠢ ᠠᠬᠢᠭᠤᠯᠤᠶ᠎ᠠ》 ᠪᠠᠷ ᠭᠤᠤᠯ ᠰᠡᠳᠦᠪ ᠪᠣᠯᠭᠠᠵᠤ᠂ ᠳᠡᠭᠡᠳᠦ ᠳᠠᠪᠬᠤᠷᠭ᠎ᠠ᠎ᠶ᠋ᠢᠨ ᠰᠣᠯᠢᠯᠴᠠᠭ᠎ᠠ᠂ ᠠᠵᠤ ᠠᠬᠤᠶ ᠠᠷᠠᠯᠵᠢᠶᠠᠨ᠎ᠤ ᠵᠥᠪᠳᠡᠯᠴᠡᠬᠡᠷ᠂ ᠰᠣᠶᠣᠯ ᠢᠷᠭᠡᠨᠱᠢᠯ᠎ᠦᠨ ᠰᠣᠯᠢᠯᠴᠠᠭ᠎ᠠ᠂ ᠦᠵᠡᠰᠭᠦᠯᠡᠩ ᠦᠵᠡᠭᠦᠯᠭᠡ ᠵᠡᠷᠭᠡ ᠳᠥᠷᠪᠡᠨ ᠶᠡᠬᠡ ᠬᠡᠰᠡᠭ᠎ᠦᠨ ᠠᠭᠤᠯᠭ᠎ᠠ᠎ᠶ᠋ᠢ ᠳᠣᠭᠢᠷᠠᠭᠤᠯᠵᠤ᠂ ᠣᠷᠣᠨ ᠪᠦᠰᠡ᠎ᠶ᠋ᠢᠨ ᠴᠢᠨᠠᠷ᠂ ᠨᠡᠭᠡᠭᠡᠯᠲᠡᠲᠦ ᠴᠢᠨᠠᠷ ᠪᠠ ᠣᠯᠠᠨ ᠡᠱᠢᠲᠦ ᠴᠢᠨᠠᠷ᠎ᠢ ᠳᠣᠪᠣᠢᠯᠭᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠱᠢᠨ᠎ᠡ ᠲᠠᠪᠴᠠᠩ᠂ ᠣᠷᠣᠨ ᠪᠦᠰᠡ᠎ᠶ᠋ᠢᠨ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠬᠠᠮᠲᠤᠷᠠᠯᠴᠠᠭᠠᠨ᠎ᠤ ᠱᠢᠨ᠎ᠡ ᠬᠣᠯᠪᠣᠭᠠᠰᠤ᠂ ᠵᠡᠭᠦᠨ ᠬᠣᠢᠲᠤ ᠠᠽᠢᠶ᠎ᠠ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭᠠᠨ᠎ᠤ ᠱᠢᠨ᠎ᠡ ᠲᠤᠯᠬᠤ ᠴᠡᠭ᠎ᠢ ᠬᠦᠴᠦᠯᠡᠨ ᠪᠠᠢᠭᠤᠯᠤᠨ᠎ᠠ᠃

ᠲᠤᠰ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠦᠵᠡᠭᠦᠯᠭᠡ ᠨᠢ 《ᠳᠡᠯᠡᠬᠡᠢᠴᠢᠯᠡᠯᠲᠡ᠂ ᠲᠤᠰᠭᠠᠢᠵᠢᠯᠲᠠ᠂ ᠲᠣᠭᠠᠴᠢᠯᠠᠯᠲᠠ᠂ ᠴᠢᠨᠠᠷᠵᠢᠯᠲᠠ》 ᠲᠦᠷᠪᠡᠨ ᠶᠡᠬᠡ ᠱᠢᠪᠲᠤᠯᠤᠯᠲᠠ᠎ᠶ᠋ᠢ ᠪᠡᠶᠡᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠭᠦᠯᠭᠡ᠎ᠶ᠋ᠢᠨ ᠲᠣᠭᠣᠷᠢᠭ᠎ᠢ ᠥᠪᠥᠷ ᠮᠣᠩᠭᠣᠯ᠎ᠤᠨ ᠴᠡᠯᠡᠭᠡᠷ ᠲᠠᠯ᠎ᠠ᠎ᠶ᠋ᠢᠨ ᠤᠯᠠᠨ ᠤᠯᠤᠰ᠎ᠤᠨ ᠬᠤᠷᠠᠯ ᠦᠵᠡᠰᠭᠦᠯᠡᠩ᠎ᠦᠨ ᠲᠥᠪ᠎ᠲᠦ ᠪᠠᠢᠷᠢᠯᠠᠭᠤᠯᠵᠤ᠂ ᠶᠡᠷᠦᠩᠬᠡᠢ ᠲᠠᠯᠠᠪᠠᠢ ᠨᠢ 43200 ᠲᠡᠭ᠌ᠰᠢ ᠳᠥᠷᠪᠡᠯᠵᠢᠨ ᠮᠸᠲᠷ ᠲᠦ᠍ ᠬᠦᠷᠴᠦ᠍᠂ ᠭᠣᠣᠯ ᠰᠡᠳᠦᠪᠲᠦ ᠦᠵᠡᠭᠦᠯᠭᠡ᠂ ᠲᠠᠸᠠᠷ᠎ᠤᠨ ᠦᠵᠡᠭᠦᠯᠭᠡ ᠵᠡᠷᠭᠡ᠎ᠶ᠋ᠢ ᠲᠤᠬᠢᠷᠠᠭᠤᠯᠵᠤ᠂ 《ᠦᠵᠡᠭᠦᠯᠭᠡ᠎ᠶ᠋ᠢᠨ ᠵᠦᠢᠯ ᠨᠢ ᠥᠪᠡᠷᠮᠢᠴᠡ ᠣᠨᠴᠠᠯᠢᠭ᠎ᠲᠠᠶ᠂ ᠬᠠᠮᠲᠤᠷᠠᠯᠴᠠᠭ᠎ᠠ ᠨᠢ ᠪᠣᠳᠠᠲᠤ ᠦᠷ᠎ᠡ ᠪᠦᠲᠦᠮᠵᠢ᠎ᠲᠡᠶ᠂ ᠤᠯᠠᠨ ᠲᠦᠮᠡᠨ ᠡᠯᠪᠡᠭ ᠣᠯᠤᠯᠲᠠ᠎ᠲᠠᠶ》 ᠲᠦᠷᠦᠯ ᠲᠡᠮᠳᠡᠭ᠎ᠦᠨ ᠦᠵᠡᠰᠭᠦᠯᠡᠩ᠎ᠢ ᠴᠢᠷᠮᠠᠢᠨ ᠴᠣᠭ᠍ᠴᠠᠯᠠᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面