2025-08-25 10:28:58
— ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠡᠭᠢᠯᠡᠬᠥ ᠲᠠᠱᠢᠷᠠᠮᠳᠤ
ᠲᠠᠯ᠎ᠠ ᠶ᠋ᠢᠨ ᠰᠠᠯᠬᠢᠨ ᠳ᠋ᠦ ᠮᠤᠷᠢᠨ ᠬᠤᠭᠤᠷ ᠤ᠋ᠨ ᠡᠭᠡᠰᠢᠭ ᠴᠤᠤᠷᠢᠶᠠᠳᠤᠵᠤ᠂ ᠤᠷᠳᠤ ᠴᠠᠭᠠᠨ ᠬᠡᠷᠡᠮ ᠤ᠋ᠨ ᠰᠠᠷ᠎ᠠ ᠤᠷᠠᠢ ᠵᠠᠯᠠᠭᠤᠰ ᠤ᠋ᠨ ᠴᠤᠭ ᠵᠤᠯᠢ ᠵᠢ ᠭᠡᠢᠭᠦᠯᠦᠨ᠎ᠡ ᠁ ᠲᠦᠷᠦᠭᠦᠬᠡᠨ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠣᠶᠣᠯ ᠢᠷᠭᠡᠨᠰᠢᠯ ᠤ᠋ᠨ ᠰᠣᠯᠢᠯᠴᠠᠭᠠᠨ ᠤ᠋ ᠲᠦᠷᠦᠯ ᠵᠦᠢᠯ ᠪᠤᠯᠤᠭᠰᠠᠨ 《ᠳᠤᠮᠳᠠᠳᠤ ᠳ᠋ᠦ ᠪᠤᠯᠵᠤᠶ᠎ᠠ》 ᠳᠤᠮᠳᠠᠳᠤ ᠮᠣᠩᠭᠣᠯ ᠤ᠋ᠨ Z ᠴᠠᠭ ᠦᠶ᠎ᠡ ᠶ᠋ᠢᠨ ᠵᠠᠯᠠᠭᠤᠰ ᠤ᠋ᠨ ᠳᠠᠭᠤᠤ ᠬᠦᠭᠵᠢᠮ ᠤ᠋ᠨ ᠵᠤᠰᠠᠯᠠᠡᠭ ᠤ᠋ᠨ ᠠᠵᠢᠯᠯᠠᠭ᠎ᠠ ᠶᠠᠪᠤᠭᠳᠠᠵᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠯᠠᠭᠤᠴᠤᠳ ᠨᠢᠭᠡ ᠲᠠᠩᠬᠢᠮᠳᠤ ᠴᠤᠭ᠍ᠯᠠᠷᠠᠵᠤ᠂ ᠨᠦᠬᠦᠷᠰᠡᠭ ᠰᠤᠯᠢᠯᠴᠠᠭ᠎ᠠ ᠶᠠᠷᠢᠯᠴᠠᠭ᠎ᠠ ᠦᠷᠨᠢᠭᠦᠯᠵᠡᠢ᠃ ᠳᠠᠭᠤᠤ ᠬᠥᠭ᠌ᠵᠢᠮᠵᠢᠡᠷ ᠵᠠᠯᠠᠭᠤᠴᠤᠳ ᠰᠡᠳᠭᠢᠯ ᠰᠠᠨᠠᠭᠠᠪᠠᠨ ᠮᠡᠳᠡᠷᠡᠵᠦ᠂ ᠴᠤᠭ ᠵᠢᠪᠬᠤᠭᠠᠪᠠᠨ ᠪᠠᠳᠠᠷᠠᠭᠤᠯᠵᠤ᠂ ᠰᠣᠶᠣᠯ ᠢᠷᠭᠡᠨᠱᠢᠯ ᠤ᠋ᠨ ᠳᠣᠲᠣᠨᠣᠰᠣᠭ ᠰᠠᠢᠬᠠᠨ ᠬᠠᠢᠷ᠎ᠠ ᠰᠡᠳᠭᠢᠯᠭᠡᠪᠡᠨ ᠭᠦᠢᠴᠡᠳ ᠢᠯᠡᠷᠡᠭᠦᠯᠪᠡ ᠃
《ᠪᠢᠳᠡ ᠳᠠᠭᠤᠤ ᠬᠥᠭ᠌ᠵᠢᠮ᠂ ᠤᠷᠠᠯᠢᠭ᠂ ᠰᠣᠶᠣᠯ ᠶ᠋ᠢᠡᠷ ᠥᠪᠡᠷ ᠢ᠋ᠪᠡᠨ ᠢᠯᠡᠳᠭᠡᠬᠦ᠌᠂ ᠨᠠᠢᠵᠠᠯᠠᠵᠤ ᠨᠥᠬᠥᠷᠯᠡᠬᠦ᠌ ᠂ ᠪᠤᠰᠤᠳ ᠤᠯᠤᠰ ᠤ᠋ᠨ ᠰᠣᠶᠣᠯ ᠪᠠ ᠥᠷᠲᠡᠭ ᠤ᠋ᠨ ᠦᠵᠡᠯᠲᠡ ᠵᠢ ᠣᠢᠯᠠᠭᠠᠬᠤ ᠡᠷᠬᠢᠮ ᠨᠠᠨᠳᠢᠨ ᠠᠵᠠ ᠲᠣᠬᠢᠶᠠᠯ ᠢ᠋ ᠤᠯᠪᠠ᠃ ᠢᠷᠡᠭᠡᠳᠦᠢ ᠳ᠋ᠦ ᠪᠢᠳᠡ ᠳᠡᠯᠡᠬᠡᠶ ᠶ᠋ᠢᠨ ᠲᠠᠪᠴᠠᠩ ᠳᠡᠭᠡᠷ᠎ᠡ ᠬᠠᠮᠲᠤᠪᠠᠷ ᠴᠢᠷᠮᠠᠢᠬᠤ ᠨᠠᠢᠵᠠ ᠪᠣᠯᠬᠤ ᠵᠢ ᠪᠠᠲᠤ ᠢᠲᠡᠭᠡᠵᠦ᠍ ᠪᠠᠢᠨ᠎ᠠ》 ᠭᠡᠵᠦ ᠮᠣᠩᠭᠣᠯ ᠤᠯᠤᠰ ᠤ᠋ᠨ ᠳᠠᠷᠬᠠᠨ ᠳᠡᠭᠡᠳᠦ ᠰᠤᠷᠭᠠᠭᠤᠯᠢ ᠶ᠋ᠢᠨ ᠰᠣᠷᠣᠭ᠍ᠴᠢ ᠪᠠᠶᠠᠨ ᠲᠣᠰ ᠤᠳᠠᠭᠠᠨ ᠤ᠋ ᠵᠤᠰᠠᠯᠠᠩ ᠤ᠋ᠨ ᠠᠵᠢᠯᠯᠠᠭ᠎ᠠ ᠵᠢ ᠮᠠᠭᠲᠠᠨ ᠰᠠᠢᠰᠢᠶᠠᠵᠤ ᠪᠠᠢᠯ᠎ᠠ᠃
ᠳᠤᠮᠳᠠᠳᠤ ᠮᠣᠩᠭᠣᠯ ᠤ᠋ᠨ ᠵᠠᠯᠠᠭᠤᠴᠤᠳ ᠳᠠᠭᠤᠤ ᠬᠦᠭᠵᠢᠮ ᠶ᠋ᠢᠡᠷ ᠢᠷᠡᠭᠡᠳᠦᠢ ᠶ᠋ᠢᠨ ᠶ᠋ᠢᠡᠨ ᠰᠡᠳᠭᠢᠯ ᠬᠥᠳᠡᠯᠭᠡᠮ᠎ᠡ ᠨᠥᠬᠥᠷᠯᠡᠯ ᠢ᠋ ᠪᠠᠲᠤᠳᠬᠠᠭᠰᠠᠨ ᠨᠢ ᠬᠣᠶᠠᠷ ᠤᠯᠤᠰ ᠤ᠋ᠨ ᠬᠠᠷᠢᠯᠴᠠᠨ ᠢᠲᠡᠭᠡᠯᠴᠡᠬᠦ᠌᠂ ᠬᠠᠷᠢᠯᠴᠠᠨ ᠬᠠᠪᠰᠤᠷᠤᠯᠴᠠᠬᠤ ᠰᠠᠢ᠌ᠨ ᠰᠠᠢᠬᠠᠨ ᠬᠠᠭᠤᠳᠠᠰᠤ ᠵᠢ ᠬᠠᠮᠲᠤᠪᠠᠷ ᠪᠢᠴᠢᠭ᠌ᠯᠡᠬᠦ᠌ ᠶ᠋ᠢᠨ ᠠᠮᠢᠳᠤᠯᠢᠭ ᠲᠠᠢᠯᠪᠤᠷᠢ ᠪᠣᠯᠤᠨ᠎ᠠ᠃
ᠲᠣᠷᠭᠠᠨ ᠵᠠᠮ ᠦᠷᠬᠦᠯᠵᠢᠯᠡᠵᠦ᠂ ᠰᠣᠶᠣᠯ ᠤ᠋ᠨ ᠰᠣᠯᠢᠯᠴᠠᠭ᠎ᠠ ᠭᠦᠨᠵᠡᠭᠡᠢᠷᠡᠨ᠎ᠡ᠃ ᠤᠢᠷ᠎ᠡ ᠶ᠋ᠢᠨ ᠵᠢᠯ ᠳ᠋ᠦ ᠳᠤᠮᠳᠠᠳᠤ ᠮᠤᠡᠭᠭᠤᠯ ᠬᠤᠶᠠᠷ ᠤᠯᠤᠰ ᠤ᠋ᠨ ᠰᠤᠶᠤᠯ ᠤ᠋ᠨ ᠰᠤᠯᠢᠯᠴᠠᠭ᠎ᠠ ᠲᠠᠰᠤᠷᠠᠯᠲᠠ ᠦᠭᠡᠢ ᠦᠷᠭᠡᠵᠢᠨ ᠭᠦᠨᠵᠡᠭᠡᠢᠷᠡᠵᠦ ᠪᠠᠢᠨ᠎ᠠ᠃
2024 ᠣᠨ ᠤ᠋ 5 ᠰᠠᠷ᠎ᠠ ᠶ᠋ᠢᠨ 5 ᠤ᠋ ᠡᠳᠦᠷ᠂ ᠪᠥᠬᠥ᠌ ᠤᠯᠤᠰ ᠤ᠋ᠨ ᠡᠯ᠎ᠡ ᠭᠠᠵᠠᠷᠠᠴᠠ ᠢᠷᠡᠭ᠌ᠰᠡᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠪᠠᠬᠠᠲᠠᠳ ᠬᠥᠬᠡᠬᠣᠲᠠᠠᠴᠠ ᠮᠣᠷᠳᠠᠵᠤ᠂ 《ᠲᠦᠮᠡᠨ ᠭᠠᠵᠠᠷ ᠤ᠋ᠨ ᠴᠠᠶ ᠶ᠋ᠢᠨ ᠵᠠᠮ》 ᠤ᠋ᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠵᠠᠮ ᠶ᠋ᠢᠡᠷ ᠤᠮᠠᠷᠠᠰᠢ ᠠᠶᠠᠯᠠᠵᠤ᠂ ᠮᠣᠩᠭᠣᠯ ᠤᠯᠤᠰ ᠤ᠋ᠨ ᠤᠯᠠᠭᠠᠨᠪᠠᠭᠠᠲᠤᠷ ᠬᠣᠲᠠᠳᠤ ᠬᠦᠷᠴᠦ᠍᠂ ᠳᠤᠮᠳᠠᠳᠤ ᠮᠣᠩᠭᠣᠯ ᠤ᠋ᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠬᠢᠯᠢ ᠠᠯᠤᠰᠯᠠᠭ᠍ᠰᠠᠨ 7 ᠡᠳᠦᠷ ᠤ᠋ᠨ ᠬᠤᠭᠤᠴᠠᠭᠠᠲᠠᠶ ᠠᠶᠠᠯᠠᠯ ᠬᠢᠪᠠ᠃ ᠤᠢᠷ᠎ᠡ ᠶ᠋ᠢᠨ ᠵᠢᠯ ᠳ᠋ᠦ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠰᠠᠯᠠᠭ᠎ᠠ ᠮᠥᠴᠢᠷ ᠤ᠋ᠨ ᠲᠦᠰᠦᠪᠯᠡᠭᠰᠡᠨ ᠬᠢᠯᠢ ᠠᠯᠤᠰᠯᠠᠭ᠍ᠰᠠᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠦᠢᠯᠡᠳᠬᠦᠨ ᠨᠢ ᠣᠯᠠᠨ ᠤ᠋ ᠠᠩᠬᠠᠷᠤᠯ ᠳ᠋ᠦ ᠬᠦᠷᠴᠦ᠂ ᠢᠯᠠᠩᠭᠤᠶ᠎ᠠ ᠳᠤᠮᠳᠠᠳᠤ ᠮᠣᠩᠭᠣᠯ ᠣᠷᠣᠰ ᠤ᠋ᠨ ᠬᠢᠯᠢ ᠠᠯᠤᠰᠯᠠᠭ᠍ᠰᠠᠨ ᠵᠢᠭᠤᠯᠴᠢᠯᠠᠯ ᠤ᠋ᠨ ᠵᠠᠮ ᠱᠤᠭᠤᠮ ᠢ᠋ ᠨᠡᠢᠲᠡᠯᠡᠭ᠌ᠰᠡᠨᠦ ᠳᠠᠷᠠᠭ᠎ᠠ ᠵᠠᠬ᠎ᠠ ᠳᠡᠯᠭᠡᠭᠦᠷ ᠲᠦ᠍ ᠥᠷᠭᠡᠨ ᠶ᠋ᠢᠡᠷ ᠮᠡᠳᠡᠷᠡᠭ᠌ᠳᠡᠪᠡ᠃ ᠳᠤᠮᠳᠠᠳᠤ ᠣᠷᠣᠰ ᠮᠣᠩᠭᠣᠯ ᠤ᠋ᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠬᠥᠭ᠌ᠵᠢᠯᠲᠡ ᠵᠢ ᠠᠬᠢᠭᠤᠯᠬᠤ ᠶ᠋ᠢᠨ ᠲᠥᠯᠥᠭᠡ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠰᠠᠯᠠᠭ᠎ᠠ ᠮᠥᠴᠢᠷ ᠣᠯᠠᠨ ᠤᠯᠤᠰ ᠤ᠋ᠨ ᠵᠠᠬ᠎ᠠ ᠳᠡᠯᠭᠡᠭᠦᠷ ᠲᠦ᠍ ᠠᠩᠬᠠᠷᠤᠯ ᠶ᠋ᠢᠡᠨ ᠲᠥᠪᠯᠡᠷᠡᠭᠦᠯᠦᠨ᠂ 《ᠮᠢᠩᠭᠠᠨ ᠲᠡᠷᠭᠡ ᠲᠦᠮᠡᠨ ᠬᠥᠮᠦᠨ》 ᠤ᠋ ᠳᠤᠮᠳᠠᠳᠤ ᠮᠣᠩᠭᠣᠯ ᠤ᠋ᠨ ᠬᠢᠯᠢ ᠠᠯᠤᠰᠯᠠᠭᠰᠠᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠲᠦᠷᠦᠯ ᠲᠡᠮᠲᠡᠭ ᠢ᠋ ᠴᠤᠭᠴᠠᠯᠠᠬᠤ ᠂ ᠳᠤᠮᠳᠠᠳᠤ ᠣᠷᠣᠰ ᠮᠣᠩᠭᠣᠯ ᠤ᠋ᠨ 《 ᠭᠤᠷᠪᠠᠨ ᠨᠠᠭᠤᠷ ᠤ᠋ᠨ ᠪᠤᠯᠵᠤᠭ᠎ᠠ》 ᠬᠢᠯᠢ ᠠᠯᠤᠰᠯᠠᠭᠰᠠᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠵᠠᠮ ᠱᠤᠭᠤᠮ ᠤ᠋ᠨ ᠠᠵᠢᠯᠯᠠᠭ᠎ᠠ ᠦᠷᠨᠢᠭᠦᠯᠬᠦ ᠂ 《ᠲᠦᠮᠡᠨ ᠭᠠᠵᠠᠷ ᠤ᠋ᠨ ᠴᠠᠶ ᠶ᠋ᠢᠨ ᠵᠠᠮ》 ᠤ᠋ᠨ ᠬᠢᠯᠢ ᠠᠯᠤᠰᠯᠠᠭᠰᠠᠨ ᠬᠤᠪᠢ ᠶ᠋ᠢᠨ ᠮᠠᠰᠢᠨ ᠲᠡᠷᠭᠡᠨ ᠤ᠋ ᠵᠢᠭᠤᠯᠴᠢᠯᠠᠯ ᠤ᠋ᠨ ᠵᠠᠮ ᠱᠤᠭᠤᠮ ᠭᠠᠷᠭᠠᠬᠤ ᠵᠡᠷᠭᠡ ᠠᠷᠭ᠎ᠠ ᠬᠡᠮᠵᠢᠶ᠎ᠡᠪᠡᠷ ᠵᠠᠬ᠎ᠠ ᠳᠡᠯᠭᠡᠭᠦᠷ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠤᠨᠤᠴᠠᠲᠠᠢᠪᠠᠷ ᠵᠣᠯᠭᠠᠭᠤᠯᠵᠤ᠂ ᠵᠠᠬ᠎ᠠ ᠳᠡᠯᠭᠡᠭᠦᠷ ᠤ᠋ᠨ ᠬᠠᠩᠭᠠᠯᠭ᠎ᠠ ᠵᠢ ᠪᠠᠶᠠᠯᠢᠭ᠍ᠵᠢᠭᠤᠯᠤᠨ᠂ ᠮᠣᠩᠭᠣᠯ ᠤᠯᠤᠰ ᠤ᠋ᠨ ᠵᠢᠭᠤᠯᠴᠢᠯᠠᠭᠰᠠᠳ ᠤ᠋ᠨ ᠠᠡᠭᠬᠠᠷᠤᠯ ᠢ᠋ ᠤᠯᠠᠮ ᠲᠠᠲᠠᠵᠤ ᠪᠠᠢᠨ᠎ᠠ᠃
ᠤᠯᠤᠰ ᠤ᠋ᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ ᠤ᠋ ᠬᠤᠪᠢᠳᠤ ᠪᠠᠶᠠᠯᠢᠭ ᠰᠠᠢᠬᠠᠨ ᠰᠣᠶᠣᠯ ᠢᠷᠭᠡᠨᠱᠢᠯ ᠤ᠋ᠨ ᠠᠵᠢᠯᠯᠠᠭ᠎ᠠ ᠨᠢ ᠳᠤᠮᠳᠠᠳᠤ ᠮᠣᠩᠭᠣᠯ ᠬᠣᠶᠠᠷ ᠤᠯᠤᠰ ᠤ᠋ᠨ ᠰᠣᠶᠣᠯ ᠤ᠋ᠨ ᠰᠣᠯᠢᠯᠴᠠᠭ᠎ᠠ᠂ ᠪᠣᠯᠪᠠᠰᠤᠨ ᠶ᠋ᠢᠡᠨ ᠬᠠᠷᠢᠯᠴᠠᠨ ᠲᠤᠯᠢᠳᠠᠬᠤ ᠱᠢᠨ᠎ᠡ ᠬᠠᠭᠤᠳᠠᠰᠤ ᠵᠢ ᠪᠢᠴᠢᠭᠯᠡᠨ᠎ᠠ ᠃
《ᠳᠤᠮᠳᠠᠳᠤ ᠤᠯᠤᠰ ᠢ᠋ ᠮᠡᠳᠡᠷᠡᠬᠦᠢ》 · ᠦᠪᠦᠷ ᠮᠤᠡᠭᠭᠤᠯ ᠤ᠋ᠨ ᠰᠤᠶᠤᠯ ᠤ᠋ᠨ ᠭᠠᠷᠠᠭ ᠤ᠋ᠨ ᠠᠵᠢᠯᠯᠠᠭ᠎ᠠ ᠮᠣᠩᠭᠣᠯ ᠤᠯᠤᠰᠲᠤ ᠨᠢᠭᠡᠨᠲᠡ ᠣᠯᠠᠨ ᠬᠤᠭᠤᠴᠠᠭ᠎ᠠ ᠶᠠᠪᠤᠭ᠍ᠳᠠᠪᠠ᠃ 2024 ᠣᠨ ᠤ᠋ ᠰᠣᠶᠣᠯ ᠤ᠋ᠨ ᠭᠠᠷᠠᠭ ᠤ᠋ᠨ ᠠᠵᠢᠯᠯᠠᠭ᠎ᠠ ᠶ᠋ᠢᠨ ᠬᠤᠭᠤᠴᠠᠭᠠᠨᠳᠤ ᠲᠦᠪ ᠤ᠋ᠨ ᠷᠠᠳᠢᠣ᠋ ᠲᠧᠯᠸᠢᠰ ᠤ᠋ᠨ ᠶᠡᠷᠦᠩᠬᠡᠶ ᠲᠣᠪᠴᠢᠶ᠎ᠠ ᠪᠣᠯᠤᠨ ᠥᠪᠥᠷ ᠮᠣᠩᠭᠣᠯ ᠤ᠋ᠨ ᠷᠠᠳᠢᠣ᠋ ᠲᠧᠯᠸᠢᠰ ᠤ᠋ᠨ ᠲᠣᠪᠴᠢᠶ᠎ᠠ 30 ᠭᠠᠷᠤᠶ ᠪᠦᠲᠦᠭᠡᠯ ᠶ᠋ᠢᠡᠨ ᠮᠣᠩᠭᠣᠯ ᠬᠡᠯᠡᠪᠡᠷ ᠣᠷᠴᠢᠭᠤᠯᠵᠤ᠂ ᠮᠣᠩᠭᠣᠯ ᠤᠯᠤᠰ ᠤ᠋ᠨ ᠣᠯᠠᠨ ᠲᠠᠪᠴᠠᠩ ᠶ᠋ᠢᠡᠷ ᠳᠠᠮᠵᠢᠨ ᠳᠤᠮᠳᠠᠳᠤ ᠤᠯᠤᠰ ᠤ᠋ᠨ ᠡᠯᠪᠡᠭ ᠪᠠᠶᠠᠯᠢᠭ ᠰᠣᠶᠣᠯ᠂ ᠦᠵᠡᠰᠭᠦᠯᠡᠩᠲᠦ ᠰᠠᠢᠬᠠᠨ ᠪᠠᠢᠭᠠᠯᠢ ᠶ᠋ᠢᠨ ᠥᠩᠭᠡ ᠦᠵᠡᠮᠵᠢ ᠵᠢᠴᠢ ᠠᠷᠠᠳ ᠲᠦᠮᠡᠨᠦ ᠬᠠᠯᠠᠭᠤᠮᠰᠤᠭ ᠵᠣᠴᠢᠨᠰᠠᠭ ᠢ᠋ ᠳᠡᠯᠭᠡᠨ ᠦᠵᠡᠭᠦᠯᠵᠡᠶ᠃ ᠮᠣᠩᠭᠣᠯ ᠤᠯᠤᠰ ᠤ᠋ᠨ ᠣᠷᠴᠢᠭᠤᠯᠤᠨ ᠦᠶ᠋ᠯᠡᠳᠦᠭ᠌ᠴᠢ ᠴᠦ᠌· ᠳᠣᠷᠵᠢ᠄ 《2015 ᠣᠨᠠᠴᠠ ᠡᠬᠢᠯᠡᠨ ᠮᠠᠨ ᠤ᠋ ᠪᠦᠯᠬᠦᠮ ᠤ᠋ᠨ ᠬᠢᠨ ᠨᠢᠭᠡᠨᠲᠡ 80 ᠭᠠᠷᠤᠶ ᠳᠤᠮᠳᠠᠳᠤ ᠤᠯᠤᠰ ᠤ᠋ᠨ ᠪᠦᠲᠦᠭᠡᠯ ᠢ᠋ ᠣᠷᠴᠢᠭᠤᠯᠤᠨ ᠠᠪᠢᠶᠠᠯᠠᠵᠤ ᠨᠡᠢᠲᠡ 2000 ᠭᠠᠷᠤᠶ ᠪᠦᠯᠦᠭᠢ᠋ ᠳᠠᠪᠠᠵᠤ᠂ ᠦᠷᠭᠦᠯᠵᠢᠯᠡᠭ᠌ᠰᠡᠨ ᠵᠦᠴᠦᠭᠡ᠂ ᠺᠠᠷᠲ᠋ᠣᠨ ᠺᠢᠨᠣ᠋᠂ ᠪᠠᠷᠢᠮᠲᠠᠲᠤ ᠺᠢᠨᠣ᠋᠂ ᠥᠯᠢᠭᠡᠷᠲᠦ ᠺᠢᠨᠣ᠋ ᠵᠡᠷᠭᠡ ᠣᠯᠠᠨ ᠲᠥᠷᠥᠯ ᠵᠦᠶ᠋ᠯ ᠢ᠋ ᠬᠠᠮᠤᠷᠴᠠᠶ᠃ ᠮᠣᠩᠭᠣᠯ ᠤᠯᠤᠰ ᠤ᠋ᠨ ᠦᠵᠡᠭ᠌ᠴᠢᠳ ᠳᠤᠮᠳᠠᠳᠤ ᠤᠯᠤᠰ ᠤ᠋ᠨ ᠲᠡᠦᠬᠡ᠂ ᠰᠣᠶᠣᠯ᠂ ᠣᠷᠣᠨ ᠨᠤᠲᠤᠭ ᠤ᠋ᠨ ᠵᠠᠩ ᠵᠠᠩᠱᠢᠯ᠂ ᠬᠦᠭᠵᠢᠯᠲᠡ ᠳᠠᠪᠰᠢᠯᠲᠠ᠂ ᠬᠣᠭᠣᠯᠠ ᠤᠮᠳᠠ ᠶ᠋ᠢᠨ ᠰᠣᠶᠣᠯ ᠪᠣᠯᠤᠨ ᠠᠶᠠᠯᠠᠯ ᠵᠢᠭᠤᠯᠴᠢᠯᠠᠯ ᠤ᠋ᠨ ᠦᠵᠡᠮᠵᠢ ᠳ᠋ᠦ ᠭᠦᠨᠵᠡᠭᠡᠢ ᠣᠢᠯᠠᠭᠠᠯᠲᠠᠲᠠᠶ ᠪᠤᠯᠵᠠᠢ ᠃ ᠡᠨᠡ ᠨᠢ ᠳᠤᠮᠳᠠᠳᠤ ᠮᠤᠡᠭᠭᠤᠯ ᠬᠤᠶᠠᠷ ᠤᠯᠤᠰ ᠤ᠋ᠨ ᠨᠦᠬᠦᠷᠯᠡᠯ ᠢ᠋ ᠨᠡᠡᠭ ᠵᠤᠵᠠᠭᠠᠳᠬᠠᠭᠰᠠᠨ ᠢ᠋ ᠬᠠᠷᠠᠭᠤᠯᠵᠤ ᠪᠠᠢᠨ᠎ᠠ》 ᠭᠡᠵᠦ ᠶᠠᠷᠢᠵᠤ ᠪᠠᠢᠯ᠎ᠠ᠃
ᠳᠤᠮᠳᠠᠳᠤ ᠭᠠᠳᠠᠭᠠᠳᠤ ᠶ᠋ᠢᠨ ᠰᠣᠶᠣᠯ ᠪᠣᠯᠪᠠᠰᠤᠨ ᠬᠠᠷᠢᠯᠴᠠᠨ ᠠᠭᠤᠰᠤᠯᠴᠠᠵᠤ ᠬᠠᠷᠢᠯᠴᠠᠨ ᠲᠣᠯᠢᠯᠠᠬᠤ ᠶᠠᠪᠤᠴᠠᠳᠤ ᠨᠣᠮ ᠪᠢᠴᠢᠭ ᠯᠤᠲᠤ ᠶᠡᠬᠡ ᠠᠬᠢᠭᠤᠯᠬᠤ ᠦᠢᠯᠡᠳᠦᠯ ᠦᠵᠡᠭᠦᠯᠵᠦ ᠪᠠᠢᠨ᠎ᠠ᠃ 2024 ᠣᠨᠳᠤ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠮᠣᠩᠭᠣᠯ ᠤᠯᠤᠰ ᠤ᠋ᠨ ᠠᠮᠢ ᠨᠠᠰᠤᠨ ᠤ᠋ ᠱᠢᠨᠵᠢᠯᠡᠬᠦ᠌ ᠤᠬᠠᠭᠠᠨ ᠤ᠋ ᠶᠡᠬᠡ ᠰᠤᠷᠭᠠᠭᠤᠯᠢᠳᠤ 《ᠳᠤᠮᠳᠠᠳᠤ ᠤᠯᠤᠰ ᠤ᠋ᠨ ᠨᠤᠮ ᠤᠡᠭᠰᠢᠯᠭ᠎ᠠ ᠶ᠋ᠢᠨ ᠥᠷᠥᠭᠡ》 ᠶ᠋ᠢᠨ ᠫᠠᠢᠰᠠ ᠡᠯᠭᠦᠬᠦ᠌ ᠶᠣᠰᠣᠯᠠᠯ ᠶᠠᠪᠤᠭᠳᠠᠭᠤᠯᠤᠭᠰᠠᠨ ᠪᠥᠭᠡᠳ ᠲᠤᠰ ᠶᠡᠬᠡ ᠰᠤᠷᠭᠠᠭᠤᠯᠢᠳᠤ 401 ᠵᠦᠢᠯ ᠤ᠋ᠨ 802 ᠳᠡᠪᠲᠡᠷ ᠰᠣᠳᠣᠨ ᠨᠣᠮ ᠬᠦᠷᠭᠡᠪᠡ᠃ ᠡᠨᠡ ᠪᠣᠯ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠤ᠋ᠨ 《ᠳᠤᠮᠳᠠᠳᠤ ᠤᠯᠤᠰ ᠤ᠋ᠨ ᠨᠤᠮ ᠤᠡᠭᠰᠢᠯᠭ᠎ᠠ ᠶ᠋ᠢᠨ ᠥᠷᠥᠭᠡ》 ᠶ᠋ᠢᠨ ᠲᠦᠷᠦᠯ ᠵᠦᠢᠯ ᠤ᠋ᠨ ᠪᠣᠷᠣ ᠲᠥᠯᠥᠪ ᠳᠣᠣᠷᠠᠬᠢ ᠵᠢᠷᠭᠤᠳᠤᠭᠠᠷ ᠤᠩᠱᠢᠯᠭ᠎ᠠ ᠶ᠋ᠢᠨ ᠲᠠᠰᠤᠭ ᠪᠣᠯᠤᠨ᠎ᠠ᠃ 《ᠳᠤᠮᠳᠠᠳᠤ ᠤᠯᠤᠰ ᠤ᠋ᠨ ᠨᠤᠮ ᠤᠡᠭᠰᠢᠯᠭ᠎ᠠ ᠶ᠋ᠢᠨ ᠥᠷᠥᠭᠡ》 ᠨᠢ ᠨᠢᠭᠡᠨᠲᠡ ᠮᠣᠩᠭᠣᠯ ᠤᠯᠤᠰ ᠤ᠋ᠨ ᠤᠶᠤᠲᠠᠳ ᠵᠢᠴᠢ ᠵᠠᠯᠠᠭᠤᠴᠤᠳ ᠪᠠᠭᠠᠴᠤᠳ ᠤ᠋ᠨ ᠳᠤᠮᠳᠠᠳᠤ ᠤᠯᠤᠰ ᠢ᠋ ᠣᠢᠯᠠᠭᠠᠬᠤ ᠴᠢᠬᠤᠯᠠ ᠲᠠᠪᠴᠠᠩ ᠪᠣᠯᠤᠭ᠍ᠰᠠᠨ ᠪᠠᠢᠨ᠎ᠠ᠃
ᠳᠤᠮᠳᠠᠳᠤ ᠮᠤᠡᠭᠭᠤᠯ ᠬᠤᠶᠠᠷ ᠤᠯᠤᠰ ᠠᠭᠤᠯᠠ ᠤᠰᠤ ᠪᠡᠷ ᠶ᠋ᠢᠡᠨ ᠵᠠᠯᠭᠠᠯᠳᠤᠵᠤ᠂ ᠦᠨᠢ ᠤᠳᠠᠭᠠᠨ ᠤ᠋ ᠨᠦᠬᠦᠷᠯᠡᠯ ᠲᠠᠢ ᠶᠤᠮ᠃ ᠳᠤᠮᠳᠠᠳᠤ ᠮᠣᠩᠭᠣᠯ ᠬᠣᠶᠠᠷ ᠤᠯᠤᠰ ᠤ᠋ᠨ ᠭᠠᠵᠠᠷ ᠨᠤᠲᠤᠭ ᠣᠢᠷᠠᠯᠴᠠᠭ᠎ᠠ᠂ ᠰᠣᠶᠣᠯ ᠢᠷᠭᠡᠨᠱᠢᠯ ᠳᠣᠲᠣᠨᠣ ᠪᠠᠢᠵᠤ᠂ ᠬᠣᠶᠠᠷ ᠤᠯᠤᠰ ᠤ᠋ᠨ ᠶᠠᠪᠤᠯᠴᠠᠭ᠎ᠠ ᠰᠤᠯᠢᠯᠴᠠᠭ᠎ᠠ ᠡᠳᠦᠷ ᠢᠷᠡᠬᠦᠶ᠎ᠡ ᠨᠡᠮᠡᠭ᠌ᠳᠡᠵᠦ᠍᠂ ᠢᠯᠠᠩᠭᠤᠶ᠎ᠠ ᠳᠤᠮᠳᠠᠳᠤ ᠤᠯᠤᠰᠠᠴᠠ ᠲᠤᠰᠠᠯᠠᠨ ᠪᠠᠢᠭᠤᠯᠤᠭ᠍ᠰᠠᠨ ᠨᠢᠭᠡ ᠪᠦᠯᠦᠭ ᠠᠷᠠᠳ ᠤ᠋ᠨ ᠠᠮᠢᠳᠤᠷᠠᠯ ᠤ᠋ᠨ ᠢᠨᠵᠧᠨᠧᠷᠢᠩ ᠨᠢ ᠮᠣᠩᠭᠣᠯ ᠤᠯᠤᠰ ᠤ᠋ᠨ ᠠᠷᠠᠳ ᠲᠦᠮᠡᠨ ᠳ᠋ᠦ ᠦᠨᠡᠨ ᠪᠣᠳᠠᠲᠠᠶ ᠠᠱᠢᠭ ᠬᠦᠷᠲᠡᠭᠡᠪᠡ᠃
8 ᠰᠠᠷ᠎ᠠ ᠶ᠋ᠢᠨ ᠡᠬᠢᠪᠡᠷ ᠮᠣᠩᠭᠣᠯ ᠤᠯᠤᠰ ᠤ᠋ᠨ ᠨᠡᠢᠰᠯᠡᠯ ᠤᠯᠠᠭᠠᠨᠪᠠᠭᠠᠲᠤᠷ ᠬᠣᠲᠠ ᠶ᠋ᠢᠨ ᠨᠢᠭᠡᠨ ᠪᠠᠷᠢᠯᠭ᠎ᠠ ᠶ᠋ᠢᠨ ᠭᠠᠵᠠᠷ ᠲᠦ᠍ 60 ᠨᠠᠰᠤᠲᠠᠶ ᠮᠠᠯᠴᠢᠨ ᠴᠤᠭ᠍ᠴᠡᠴᠡᠭ ᠨᠢᠳᠦᠨ ᠡᠮᠦᠨᠡᠬᠢ ᠪᠠᠷᠢᠯᠭ᠎ᠠ ᠳᠠᠭᠤᠰᠴᠤ ᠠᠵᠢᠯ ᠲᠤᠱᠢᠶᠠᠬᠤ ᠭᠡᠵᠦ᠍ ᠪᠠᠢᠭ᠎ᠠ ᠣᠷᠣᠨ ᠰᠠᠭᠤᠴᠠ ᠶ᠋ᠢᠨ ᠠᠰᠠᠷ ᠢ᠋ ᠬᠠᠷᠠᠵᠤ ᠵᠤᠭᠰᠤᠨ᠎ᠠ᠃ ᠨᠠᠰᠤᠲᠠᠨᠤ ᠨᠡᠭᠦᠵᠦ᠍ ᠣᠷᠣᠬᠤ ᠵᠢ ᠬᠦᠰᠡᠵᠦ᠍ ᠪᠠᠢᠭ᠎ᠠ ᠱᠢᠨ᠎ᠡ ᠬᠡᠷ ᠪᠣᠯ ᠳᠤᠮᠳᠠᠳᠤ ᠤᠯᠤᠰ ᠤ᠋ᠨ ᠤᠯᠠᠭᠠᠨᠪᠠᠭᠠᠲᠤᠷ ᠬᠣᠲᠠ ᠵᠢ ᠲᠤᠰᠠᠯᠠᠭ᠍ᠰᠠᠨ ᠳᠥᠭᠥᠮ ᠪᠦᠲᠦᠴᠡᠲᠦ ᠣᠷᠣᠨ ᠰᠠᠭᠤᠴᠠ ᠶ᠋ᠢᠨ ᠲᠣᠭᠣᠷᠢᠭ ᠢ᠋ ᠥᠭᠡᠷᠡᠴᠢᠯᠡᠨ ᠱᠢᠨᠡᠳᠭᠡᠬᠦ᠌ ᠲᠥᠷᠥᠯ ᠵᠦᠶ᠋ᠯ ᠪᠣᠯᠬᠤ 《ᠨᠣᠭᠣᠭᠠᠨ ᠨᠠᠭᠤᠷ 1008 ᠡᠷᠦᠬᠡ ᠣᠷᠣᠨ ᠰᠠᠭᠤᠴᠠ ᠶ᠋ᠢᠨ ᠲᠣᠭᠣᠷᠢᠭ》 ᠤ᠋ᠨ ᠲᠥᠷᠥᠯ ᠵᠦᠶ᠋ᠯ ᠪᠣᠯᠤᠨ᠎ᠠ᠃ ᠡᠨᠡ ᠬᠦ᠌ 8 ᠰᠠᠷᠠᠳᠤ ᠲᠤᠰᠢᠶᠠᠬᠤ ᠪᠡᠷ ᠲᠦᠯᠦᠪᠯᠡᠵᠦ ᠪᠠᠢᠭ᠎ᠠ ᠲᠤᠰᠠᠯᠠᠨ ᠪᠠᠢᠭᠤᠯᠬᠤ ᠢᠨᠵᠧᠨᠧᠷᠢᠩ ᠨᠢ ᠮᠣᠩᠭᠣᠯ ᠤᠯᠤᠰ ᠤ᠋ᠨ 1008 ᠬᠡᠷ ᠪᠦᠯᠢ ᠵᠢᠡ 《ᠣᠷᠣᠨ ᠰᠠᠭᠤᠴᠠ ᠶ᠋ᠢᠨ ᠨᠥᠬᠥᠴᠡᠯ ᠶ᠋ᠢᠡᠨ ᠰᠠᠢᠵᠢᠷᠠᠭᠤᠯᠬᠤ》 ᠬᠦᠰᠡᠯᠢ᠋ ᠪᠡᠶᠡᠯᠡᠭᠦᠯᠬᠦ ᠪᠤᠯᠤᠨ᠎ᠠ ᠃
《ᠲᠥᠷᠥᠯ ᠵᠦᠶ᠋ᠯᠨᠢ ᠣᠷᠣᠨ ᠰᠠᠭᠤᠴᠠ ᠶ᠋ᠢᠨ ᠠᠰᠠᠷ ᠪᠠᠢᠭᠤᠯᠬᠤᠠᠴᠠ ᠭᠠᠳᠠᠨ᠎ᠠ ᠪᠠᠰᠠ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠰᠠᠭᠤᠷᠢ ᠲᠥᠬᠥᠭᠡᠷᠦᠮᠵᠢ ᠵᠢᠴᠢ ᠨᠡᠢᠭᠡᠮ ᠲᠣᠭᠣᠷᠢᠭ ᠤ᠋ᠨ ᠦᠶ᠋ᠯᠡᠴᠢᠯᠡᠭᠡᠨᠦ ᠲᠥᠪ᠂ ᠬᠡᠦᠬᠡᠳ ᠤ᠋ᠨ ᠴᠡᠴᠡᠷᠯᠢᠭ᠂ ᠵᠢᠵᠢᠭ ᠬᠡᠯᠪᠡᠷᠢ ᠶ᠋ᠢᠨ ᠵᠦᠯᠭᠡᠲᠦ ᠭᠠᠵᠠᠷ ᠵᠡᠷᠭᠡ ᠣᠯᠠᠨ ᠨᠡᠢᠲᠡ ᠶ᠋ᠢᠨ ᠦᠶ᠋ᠯᠡᠴᠢᠯᠡᠭᠡᠨᠦ ᠲᠥᠬᠥᠭᠡᠷᠦᠮᠵᠢ ᠵᠢ ᠵᠡᠷᠭᠡᠪᠡᠷ ᠢᠵᠢ ᠪᠥᠷᠢᠳᠦᠭᠦᠯᠵᠦ᠍᠂ ᠣᠷᠣᠱᠢᠨ ᠰᠠᠭᠤᠷᠢᠰᠢᠬᠤ ᠨᠥᠬᠥᠴᠡᠯᠡᠴᠡ ᠠᠮᠢᠳᠤᠷᠠᠯ ᠳ᠋ᠦ ᠲᠥᠬᠥᠮ ᠦᠵᠡᠭᠦᠯᠬᠦ᠌ ᠬᠡᠮᠵᠢᠶ᠎ᠡ ᠬᠦᠷᠲᠡᠯ᠎ᠡ ᠪᠥᠬᠥ᠌ ᠲᠠᠯᠠᠪᠠᠷ ᠳᠡᠭᠡᠭ᠌ᠰᠢᠯᠡᠭᠦᠯᠪᠡ》 ᠭᠡᠵᠦ ᠲᠦᠷᠦᠯ ᠵᠦᠢᠯ ᠢ᠋ ᠳᠠᠭᠠᠭᠠᠴᠢᠯᠠᠨ ᠪᠠᠢᠭᠤᠯᠬᠤ ᠲᠠᠯ᠎ᠠ ᠶ᠋ᠢᠨ ᠬᠠᠷᠢᠭᠤᠴᠠᠯᠭᠠᠲᠠᠨ ᠯᠢ ᠬᠤᠤ ᠹᠸᠢ ᠬᠡᠯᠡᠵᠦ ᠪᠠᠢᠯ᠎ᠠ᠃
《ᠨᠣᠭᠣᠭᠠᠨ ᠨᠠᠭᠤᠷ 1008 ᠡᠷᠦᠬᠡ ᠣᠷᠣᠨ ᠰᠠᠭᠤᠴᠠ ᠶ᠋ᠢᠨ ᠲᠣᠭᠣᠷᠢᠭ》 ᠤ᠋ᠨ ᠲᠥᠰᠦᠯ ᠪᠣᠯ ᠳᠤᠮᠳᠠᠳᠤ ᠤᠯᠤᠰ ᠤ᠋ᠨ ᠮᠣᠩᠭᠣᠯ ᠤᠯᠤᠰ ᠢ᠋ ᠲᠤᠰᠠᠯᠠᠭ᠍ᠰᠠᠨ ᠣᠯᠠᠨ ᠲᠥᠰᠦᠯ ᠤ᠋ᠨ ᠨᠢᠭᠡ ᠪᠣᠯᠤᠨ᠎ᠠ᠃ ᠣᠢᠷ᠎ᠠ ᠶ᠋ᠢᠨ ᠵᠢᠯ ᠳ᠋ᠦ ᠳᠤᠮᠳᠠᠳᠤ ᠤᠯᠤᠰ ᠮᠣᠩᠭᠣᠯ ᠤᠯᠤᠰᠲᠤ ᠱᠢᠨ᠎ᠡ ᠨᠢᠰᠭᠡᠯ ᠤ᠋ᠨ ᠪᠠᠭᠤᠳᠠᠯ ᠤ᠋ᠨ ᠲᠦᠷᠭᠡᠨ ᠤ᠋ ᠵᠠᠰᠠᠮᠠᠯ ᠵᠠᠮ᠂ ᠵᠡᠮᠳᠡᠭ ᠬᠡᠦᠬᠡᠳ ᠤ᠋ᠨ ᠡᠷᠡᠭᠦᠯᠵᠢᠯ ᠤ᠋ᠨ ᠬᠥᠭ᠌ᠵᠢᠯᠲᠡ ᠶ᠋ᠢᠨ ᠲᠥᠪ ᠵᠡᠷᠭᠡ ᠣᠯᠠᠨ ᠲᠤᠰᠠᠯᠠᠮᠵᠢ ᠶ᠋ᠢᠨ ᠵᠦᠶ᠋ᠯᠡᠰ ᠢ᠋ ᠪᠡᠶᠡᠯᠡᠭᠦᠯᠵᠦ᠍᠂ ᠮᠣᠩᠭᠣᠯ ᠤᠯᠤᠰ ᠤ᠋ᠨ ᠬᠥᠭ᠌ᠵᠢᠯᠲᠡ ᠬᠢᠭᠡᠳ ᠠᠷᠠᠳ ᠤ᠋ᠨ ᠠᠮᠢᠳᠤᠷᠠᠯ ᠤ᠋ᠨ ᠪᠠᠲᠤᠯᠠᠭᠠᠳᠤ ᠬᠦᠴᠦᠨ ᠨᠡᠮᠡᠷᠢᠯᠡᠪᠡ᠃
ᠮᠣᠩᠭᠣᠯ ᠤᠯᠤᠰ ᠤ᠋ᠨ ᠵᠡᠮᠳᠡᠭ ᠬᠡᠦᠬᠡᠳ ᠤ᠋ᠨ ᠡᠷᠡᠭᠦᠯᠵᠢᠯ ᠤ᠋ᠨ ᠬᠥᠭ᠌ᠵᠢᠯᠲᠡ ᠶ᠋ᠢᠨ ᠲᠥᠪ ᠤ᠋ᠨ ᠬᠠᠷᠢᠭᠤᠴᠠᠯᠭᠠᠲᠠᠨ ᠤ᠋ ᠲᠠᠨᠢᠯᠴᠠᠭᠤᠯᠬᠤ ᠪᠡᠷ᠂ 6 ᠵᠢᠯ ᠤ᠋ᠨ ᠲᠤᠷᠰᠢ ᠲᠤᠰ ᠲᠥᠪ ᠤ᠋ᠨ ᠬᠦᠯᠢᠶᠡᠨ ᠠᠪᠴᠤ᠌ ᠵᠠᠰᠠᠭ᠍ᠰᠠᠨ ᠬᠡᠦᠬᠡᠳ 4 ᠲᠦᠮᠡᠨ ᠬᠥᠮᠦᠨ ᠤᠳᠠᠭ᠎ᠠ ᠵᠢ ᠳᠠᠪᠠᠵᠤ᠂ ᠳᠤᠮᠳᠠᠳᠤ ᠤᠯᠤᠰ ᠡᠴᠡ ᠲᠠᠰᠤᠷᠠᠯᠲᠠ ᠦᠭᠡᠢ ᠡᠳ᠋ ᠪᠣᠳᠠᠰ ᠬᠠᠨᠳᠢᠪᠯᠠᠵᠤ᠂ ᠪᠣᠯᠪᠠᠰᠤᠷᠠᠯ ᠬᠠᠩᠭᠠᠵᠤ᠂ ᠵᠡᠮᠳᠡᠭ ᠬᠡᠦᠬᠡᠳ ᠤ᠋ᠨ ᠡᠷᠡᠭᠦᠯ ᠮᠡᠨᠳᠦ᠍ ᠶ᠋ᠢᠨ ᠲᠦᠪᠱᠢᠨ ᠢ᠋ ᠶᠡᠬᠡ ᠬᠡᠮᠵᠢᠶ᠎ᠡ ᠪᠡᠷ ᠳᠡᠭᠡᠭ᠌ᠰᠢᠯᠡᠭᠦᠯᠪᠡ᠃
ᠳᠤᠮᠳᠠᠳᠤ ᠤᠯᠤᠰᠠᠴᠠ ᠮᠣᠩᠭᠣᠯ ᠤᠯᠤᠰᠲᠤ ᠦᠵᠡᠭᠦᠯᠦᠭ᠌ᠰᠡᠨ ᠡᠮᠴᠢᠯᠡᠭᠡᠨᠦ ᠲᠤᠰᠠᠯᠠᠮᠵᠢ ᠮᠣᠩᠭᠣᠯ ᠤᠯᠤᠰ ᠤ᠋ᠨ ᠠᠷᠠᠳ ᠤᠯᠠᠨ ᠤ᠋ ᠬᠦᠷᠢᠶᠡᠯᠡᠯ ᠢ᠋ ᠶᠡᠬᠡᠳᠡ ᠤᠯᠪᠠ᠃ ᠡᠨᠡ ᠵᠢᠯ ᠤ᠋ᠨ 5 ᠰᠠᠷ᠎ᠠ ᠶ᠋ᠢᠨ 21 ᠤ᠋ ᠡᠳᠦᠷᠡᠴᠡ 23 ᠤ᠋ ᠡᠳᠦᠷ ᠪᠣᠯᠲᠠᠯ᠎ᠠ 2025 ᠣᠨ ᠤ᠋ 《ᠨᠢᠭᠡ ᠪᠦᠰᠡ ᠨᠢᠭᠡ ᠵᠠᠮ · ᠬᠡᠷᠡᠯ ᠭᠡᠭᠡ ᠶ᠋ᠢᠨ ᠠᠶᠠᠯᠠᠯ》 ᠤ᠋ᠨ ᠮᠣᠩᠭᠣᠯ ᠤᠯᠤᠰᠲᠠᠬᠢ ᠠᠵᠢᠯᠯᠠᠭ᠎ᠠ ᠤᠯᠠᠭᠠᠨᠪᠠᠭᠠᠲᠤᠷᠲᠤ ᠬᠦᠷᠴᠦ᠍᠂ ᠲᠤᠬᠠᠶ ᠶ᠋ᠢᠨ ᠭᠠᠵᠠᠷ ᠤ᠋ᠨ ᠠᠷᠠᠳ ᠢᠷᠭᠡᠳ ᠤ᠋ᠨ ᠴᠠᠭᠠᠨ ᠬᠠᠷᠠᠩ ᠡᠪᠡᠳᠴᠢᠲᠡᠨ ᠢ᠋ ᠱᠢᠭ᠌ᠰᠢᠨ ᠪᠠᠢᠴᠠᠭᠠᠬᠤ ᠵᠡᠷᠭᠡ ᠠᠵᠢᠯ ᠢ᠋ ᠥᠷᠨᠢᠭᠦᠯᠪᠡ᠃ ᠱᠢᠭ᠌ᠰᠢᠨ ᠪᠠᠢᠴᠠᠭᠠᠭ᠍ᠰᠠᠨ ᠪᠠᠢᠳᠠᠯ ᠢ᠋ ᠦᠨᠳᠦᠰᠦᠯᠡᠵᠦ᠂ ᠮᠡᠰᠡ ᠵᠠᠰᠠᠯ ᠤ᠋ᠨ ᠨᠥᠬᠥᠴᠡᠯ ᠳ᠋ᠦ ᠨᠡᠢᠴᠡᠬᠦ᠌ ᠮᠣᠩᠭᠣᠯ ᠤᠯᠤᠰ ᠤ᠋ᠨ 120 ᠴᠠᠭᠠᠨ ᠬᠠᠷᠠᠩ ᠡᠪᠡᠳᠴᠢᠲᠡᠨ 6 ᠰᠠᠷ᠎ᠠ ᠶ᠋ᠢᠨ ᠰᠡᠭᠦᠯᠴᠢ ᠪᠡᠷ ᠳᠤᠮᠳᠠᠳᠤ ᠤᠯᠤᠰ ᠤ᠋ᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠢᠶᠡᠨ ᠬᠣᠲᠠ ᠶ᠋ᠢᠨ ᠠᠷᠠᠳ ᠤ᠋ᠨ ᠡᠮᠨᠡᠯᠭᠡ ᠶ᠋ᠢᠨ ᠬᠣᠷᠢᠶᠠᠳᠤ ᠢᠷᠡᠵᠦ᠍ ᠦᠨ᠎ᠡ ᠲᠥᠯᠥᠪᠦᠷᠢ ᠥᠬᠡᠶᠪᠡᠷ ᠬᠠᠷᠠᠭ᠎ᠠ ᠣᠷᠣᠭᠤᠯᠬᠤ ᠮᠡᠰᠡ ᠵᠠᠰᠠᠯ ᠬᠢᠯᠭᠡᠪᠡ᠃
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠪᠣᠯᠤᠨ ᠮᠣᠩᠭᠣᠯ ᠤᠯᠤᠰ ᠤ᠋ᠨ ᠤᠯᠠᠭᠠᠨ ᠵᠠᠭᠠᠯᠮᠠᠢᠲᠠᠨ ᠤ᠋ ᠨᠡᠢᠭᠡᠮᠯᠢᠭ ᠤ᠋ᠨ ᠬᠠᠮᠲᠤᠷᠠᠨ ᠪᠠᠢᠭᠤᠯᠤᠭ᠍ᠰᠠᠨ ᠤᠯᠤᠰ ᠠᠯᠤᠰᠯᠠᠭ᠍ᠰᠠᠨ ᠬᠥᠮᠦᠯᠢᠭ ᠦᠵᠡᠯ ᠤ᠋ᠨ ᠬᠠᠮᠲᠤᠷᠠᠯᠴᠠᠭᠠᠨ ᠤ᠋ ᠲᠥᠷᠥᠯ ᠵᠦᠶ᠋ᠯ ᠪᠣᠯᠤᠭ᠍ᠰᠠᠨ ᠤ᠋ ᠬᠤᠪᠢᠳᠤ 《ᠨᠢᠭᠡ ᠪᠦᠰᠡ ᠨᠢᠭᠡ ᠵᠠᠮ· ᠬᠡᠷᠡᠯ ᠭᠡᠭᠡ ᠶ᠋ᠢᠨ ᠠᠶᠠᠯᠠᠯ》 ᠤ᠋ᠨ ᠮᠣᠩᠭᠣᠯ ᠤᠯᠤᠰᠲᠠᠬᠢ ᠠᠵᠢᠯᠯᠠᠭ᠎ᠠᠨᠢ 2019 ᠣᠨᠳᠤ ᠡᠬᠢᠯᠡᠭ᠌ᠰᠡᠨᠡᠴᠡ ᠨᠠᠭᠠᠰᠢ ᠨᠢᠭᠡᠨᠲᠡ ᠮᠣᠩᠭᠣᠯ ᠤᠯᠤᠰ ᠤ᠋ᠨ ᠴᠠᠭᠠᠨ ᠬᠠᠷᠠᠩ ᠡᠪᠡᠳᠴᠢᠲᠡᠨ ᠳ᠋ᠦ ᠰᠦᠶ᠋ᠳᠭᠡᠯ ᠬᠤᠷᠢᠶᠠᠬᠤ ᠥᠬᠡᠶᠪᠡᠷ ᠬᠠᠷᠠᠭ᠎ᠠ ᠣᠷᠣᠭᠤᠯᠬᠤ ᠮᠡᠰᠡ ᠵᠠᠰᠠᠯ ᠢ᠋ 645 ᠬᠢᠵᠦ᠍ ᠥᠭ᠌ᠴᠡᠶ᠃ ᠡᠮᠴᠢᠯᠡᠭᠡᠨᠦ ᠠᠪᠤᠷᠠᠨ ᠲᠤᠰᠠᠯᠠᠯᠲᠠ ᠥᠷᠨᠢᠭᠦᠯᠬᠦ᠌ ᠶ᠋ᠢᠨ ᠬᠠᠮᠲᠤ ᠪᠠᠰᠠ 《ᠨᠢᠭᠡ ᠪᠦᠰᠡ ᠨᠢᠭᠡ ᠵᠠᠮ》 ᠤ᠋ᠨ ᠮᠣᠩᠭᠣᠯ ᠤᠯᠤᠰ ᠤ᠋ᠨ ᠤᠯᠠᠭᠠᠨ ᠵᠠᠭᠠᠯᠮᠠᠢᠲᠠᠨ ᠤ᠋ ᠪᠠᠴᠢᠮ ᠪᠠᠢᠳᠠᠯ ᠢ᠋ ᠠᠷᠭᠠᠴᠠᠵᠤ ᠠᠪᠤᠷᠬᠠᠸ᠋ ᠪᠠᠭ᠍ᠰᠢ ᠶ᠋ᠢᠨ ᠪᠣᠯᠪᠠᠰᠤᠷᠠᠯ ᠢ᠋ ᠥᠷᠨᠢᠭᠦᠯᠪᠡ᠃ 2023 ᠣᠨᠠᠴᠠ ᠨᠠᠭᠠᠰᠢ ᠮᠣᠩᠭᠣᠯ ᠤᠯᠤᠰᠲᠤ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ 403 ᠪᠠᠭ᠍ᠰᠢ ᠳ᠋ᠦ ᠪᠤᠯᠪᠠᠰᠤᠷᠠᠯ ᠬᠦᠷᠲᠡᠭᠡᠵᠡᠢ᠃ 《ᠲᠠᠬᠢᠨᠢ ᠶ᠋ᠢᠨ ᠠᠶᠠᠯᠠᠯ — 〈 ᠨᠢᠭᠡ ᠪᠦᠰᠡ ᠨᠢᠭᠡ ᠵᠠᠮ〉 ᠤ᠋ᠨ ᠬᠦᠨᠳᠦ ᠡᠪᠡᠳᠴᠢᠨᠲᠡᠶ ᠬᠡᠦᠬᠡᠳ ᠲᠦ᠍ ᠬᠠᠨᠳᠤᠭᠤᠯᠤᠭᠰᠠᠨ ᠬᠥᠮᠦᠯᠢᠭ ᠦᠵᠡᠯ ᠤ᠋ᠨ ᠠᠪᠤᠷᠠᠨ ᠲᠤᠰᠠᠯᠠᠬᠤ ᠲᠥᠯᠥᠪᠯᠡᠭᠡ》ᠵᠢᠨ ᠮᠣᠩᠭᠣᠯ ᠤᠯᠤᠰᠲᠠᠬᠢ ᠠᠵᠢᠯᠯᠠᠭ᠎ᠠ ᠵᠢ ᠬᠠᠮᠵᠢᠯᠴᠠᠨ ᠦᠷᠨᠢᠭᠦᠯᠪᠡ᠃ 2024 ᠣᠨᠳᠤ ᠲᠥᠷᠥᠯᠬᠢ ᠵᠢᠷᠦᠬᠡᠨ ᠡᠪᠡᠳᠴᠢᠨᠲᠡᠶ 270 ᠭᠠᠷᠤᠶ ᠬᠡᠦᠬᠡᠳ ᠢ᠋ ᠱᠢᠭ᠌ᠰᠢᠨ ᠪᠠᠢᠴᠠᠭᠠᠵᠤ᠂ ᠡᠭᠦᠨ ᠳ᠋ᠦ ᠲᠥᠷᠥᠯᠬᠢ ᠵᠢᠷᠦᠬᠡᠨ ᠡᠪᠡᠳᠴᠢᠨᠲᠡᠶ 25 ᠬᠡᠦᠬᠡᠳ ᠪᠡᠭᠡᠵᠢᠩ ᠳ᠋ᠦ ᠬᠦᠷᠴᠦ᠍ ᠮᠡᠰᠡ ᠵᠠᠰᠠᠯ ᠬᠢᠯᠭᠡᠵᠦ᠍᠂ ᠮᠡᠰᠡ ᠵᠠᠰᠠᠯ ᠤ᠋ᠨ ᠨᠥᠬᠥᠴᠡᠯ ᠳ᠋ᠦ ᠨᠡᠢᠴᠡᠬᠦ᠌ 22 ᠬᠡᠦᠬᠡᠳᠨᠢ ᠮᠡᠰᠡ ᠵᠠᠰᠠᠯ ᠬᠢᠵᠦ᠍ ᠡᠷᠡᠭᠦᠯᠵᠢᠵᠦ᠍ ᠤᠯᠤᠰᠲᠠᠭᠠᠨ ᠪᠤᠴᠠᠪᠠ᠃
ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤᠳᠠᠯ ᠥᠬᠡᠶ ᠦᠪᠡᠳᠡᠭ᠌ᠰᠢ ᠶᠡᠬᠡᠪᠡᠷ ᠡᠬᠢᠯᠡᠨ᠎ᠡ᠃ 2015 ᠣᠨᠠᠴᠠ ᠣᠲᠣ ᠪᠣᠯᠲᠠᠯ᠎ᠠ᠂ 10 ᠵᠢᠯ ᠡᠷᠡᠯᠬᠡᠭ᠌ᠯᠡᠨ ᠤᠷᠤᠭ᠍ᠰᠢᠯᠠᠵᠤ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ ᠨᠢᠭᠡᠨᠲᠡ ᠬᠣᠶᠠᠷ ᠤᠯᠤᠰ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭᠠᠨ ᠤ᠋ ᠴᠢᠬᠤᠯᠠ ᠲᠠᠪᠴᠠᠩ᠂ ᠰᠣᠶᠣᠯ ᠢᠷᠭᠡᠨᠱᠢᠯ ᠤ᠋ᠨ ᠰᠣᠯᠢᠯᠴᠠᠭᠠᠨ ᠤ᠋ ᠴᠢᠬᠤᠯᠠ ᠬᠣᠯᠪᠣᠭᠠᠰᠤ ᠪᠣᠯᠤᠭ᠍ᠰᠠᠨ ᠪᠠᠢᠨ᠎ᠠ᠃ ᠲᠡᠷᠡ ᠨᠢ ᠳᠤᠮᠳᠠᠳᠤ ᠮᠣᠩᠭᠣᠯ ᠬᠣᠶᠠᠷ ᠤᠯᠤᠰ ᠤ᠋ᠨ ᠬᠠᠷᠢᠴᠠᠭᠠᠨ ᠤ᠋ ᠲᠦᠷᠭᠡᠨ ᠬᠥᠭ᠌ᠵᠢᠯᠲᠡ ᠵᠢ ᠭᠡᠷᠡᠴᠢᠯᠡᠭ᠌ᠰᠡᠨ ᠶ᠋ᠢᠡᠷ ᠪᠠᠷᠠᠬᠤ ᠥᠬᠡᠶ ᠨᠠᠩ ᠴᠤ᠌ ᠬᠣᠶᠠᠷ ᠤᠯᠤᠰ ᠤ᠋ᠨ ᠠᠷᠠᠳ ᠲᠦᠮᠡᠨᠦ ᠰᠠᠢᠨ ᠰᠠᠢᠬᠠᠨ ᠢᠷᠡᠭᠡᠳᠦᠶ ᠶ᠋ᠢᠨ ᠲᠤᠬᠠᠶ ᠬᠠᠮᠲᠤ ᠶ᠋ᠢᠨ ᠬᠦᠰᠡᠯ ᠡᠷᠡᠮᠡᠯᠵᠡᠯ ᠢ᠋ ᠠᠴᠢᠶᠠᠯᠠᠵᠤ ᠪᠠᠢᠨ᠎ᠠ᠃ ᠬᠣᠶᠠᠷ ᠤᠯᠤᠰ ᠶ᠋ᠢᠡᠷ ᠶ᠋ᠢᠡᠨ ᠦᠪᠳᠡᠭ᠌ᠰᠢ ᠴᠤᠭᠯᠠᠭᠠᠨ ᠤ᠋ ᠡᠷᠴᠢᠨ ᠳᠡᠭᠡᠷ᠎ᠡ ᠠᠵᠤ ᠠᠬᠤᠢ ᠠᠷᠠᠯᠵᠢᠶᠠᠨ ᠤ᠋ ᠶᠠᠪᠤᠯᠴᠠᠭ᠎ᠠ ᠶ᠋ᠢᠨ ᠱᠢᠨ᠎ᠡ ᠬᠠᠭᠤᠳᠠᠰᠤ ᠵᠢ ᠲᠠᠬᠢᠨ ᠪᠢᠴᠢᠭ᠌ᠯᠡᠵᠦ᠍᠂ ᠰᠣᠶᠣᠯ ᠢᠷᠭᠡᠨᠱᠢᠯ ᠤ᠋ᠨ ᠰᠣᠯᠢᠯᠴᠠᠭᠠᠨ ᠤ᠋ ᠱᠢᠨ᠎ᠡ ᠰᠠᠢᠬᠠᠨ ᠦᠯᠢᠭᠡᠷ ᠢ᠋ ᠦᠷᠭᠦᠯᠵᠢᠯᠡᠨ ᠪᠢᠴᠢᠭ᠌ᠯᠡᠬᠦ᠌ ᠵᠢ ᠬᠦᠰᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃