ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-25 11:00:26

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

ᠳᠤᠮᠳᠠᠳᠤ ᠮᠣᠩᠭᠣᠯ ᠤ᠋ᠨ ᠦᠵᠡᠰᠬᠦᠯᠡᠩ᠎ᠤᠨ ᠴᠤᠭᠯᠠᠭᠠᠨ ᠨᠢᠭᠡᠨᠲᠡ 10 ᠵᠢᠯ ᠤ᠋ᠨ ᠨᠢᠭᠤᠷ ᠢ᠋ ᠦᠵᠡᠴᠢᠭᠡᠯ᠎ᠡ᠃ ᠪᠠᠢᠬᠤ ᠦᠭᠡᠢ᠎ᠡᠴᠡ ᠪᠡᠨ ᠪᠠᠢᠬᠤ ᠪᠣᠯᠵᠤ᠂ ᠪᠠᠭ᠎ᠠ ᠡᠴᠡ ᠪᠡᠨ ᠶᠡᠬᠡ ᠪᠣᠯᠵᠤ᠂ ᠬᠤᠶᠠᠷ ᠵᠢᠯ᠎ᠳᠤ ᠨᠢᠭᠡ ᠤᠳᠠᠭ᠎ᠠ ᠶᠠᠪᠤᠭᠳᠠᠬᠤ ᠳᠤᠮᠳᠠᠳᠤ ᠮᠣᠩᠭᠣᠯ ᠤ᠋ᠨ ᠦᠵᠡᠰᠬᠦᠯᠡᠩ ᠤ᠋ᠨ ᠴᠤᠭᠯᠠᠭᠠᠨ ᠰᠦᠪᠡᠭᠴᠢᠯᠡᠯᠲᠡ ᠪᠠ ᠰᠢᠨ᠎ᠡ ᠵᠢ ᠡᠭᠦᠳᠬᠦ ᠵᠢᠨ ᠳᠤᠮᠳᠠ ᠶᠡᠷᠦ ᠪᠤᠰᠤ ᠵᠢᠨ ᠬᠥᠭᠵᠢᠯᠲᠡ ᠵᠢᠨ ᠶᠠᠪᠤᠴᠠ ᠵᠢ ᠥᠩᠭᠡᠷᠡᠭᠡᠭᠰᠡᠨ ᠪᠥᠭᠡᠳ ᠪᠠᠰᠠ ᠡᠯᠪᠡᠭ ᠪᠠᠶᠠᠯᠢᠭ ᠬᠠᠮᠲᠤᠷᠠᠯᠴᠠᠭ᠎ᠠ ᠵᠢᠨ ᠦᠷ᠎ᠡ ᠪᠦᠲᠦᠮᠵᠢ ᠵᠢ ᠣᠯᠤᠭᠰᠠᠨ ᠶᠤᠮ᠃

ᠲᠤᠮᠳᠠᠳᠤ ᠮᠤᠩᠭᠤᠯ᠎ᠤᠨ ᠦᠵᠡᠰᠭᠦᠯᠡᠩ᠎ᠤᠨ ᠴᠤᠭᠯᠠᠭᠠᠨ10 ᠵᠢᠯ ᠤ᠋ᠨ ᠲᠤᠷᠰᠢ᠂ ᠳᠤᠮᠳᠠᠳᠤ ᠮᠣᠩᠭᠣᠯ ᠤ᠋ᠨ ᠠᠵᠤ ᠠᠬᠤᠢ ᠠᠷᠠᠯᠵᠢᠶ᠎ᠠ ᠬᠤᠳᠠᠯᠳᠤᠭ᠎ᠠ ᠵᠢᠨ ᠬᠠᠷᠢᠯᠴᠠᠭᠠᠨ ᠤ᠋ ᠴᠢᠬᠤᠯᠠ ᠲᠠᠪᠴᠠᠩ ᠪᠤᠯᠤᠭᠰᠠᠨ ᠲᠡᠳᠦᠢ ᠦᠭᠡᠢ᠂ ᠰᠣᠶᠣᠯ ᠢᠷᠭᠡᠨᠰᠢᠯ ᠤ᠋ᠨ ᠰᠣᠯᠢᠯᠴᠠᠭᠠᠨ ᠤ᠋ ᠪᠠᠲᠤ ᠪᠡᠬᠢ ᠬᠥᠭᠥᠷᠭᠡ ᠵᠢ ᠲᠠᠯᠪᠢᠵᠠᠢ᠃ ᠰᠣᠶᠣᠯ ᠤ᠋ᠨ ᠰᠣᠯᠢᠯᠴᠠᠭᠠᠨ ᠤ᠋ ᠠᠵᠢᠯᠯᠠᠭ᠎ᠠ ᠨᠢ ᠬᠣᠶᠠᠷ ᠤᠯᠤᠰ ᠤ᠋ᠨ ᠠᠷᠠᠳ ᠲᠦᠮᠡᠨ ᠤ᠋ ᠨᠥᠬᠥᠷᠯᠡᠯ ᠢ᠋ ᠵᠤᠵᠠᠭᠠᠳᠬᠠᠵᠤ᠂ ᠰᠤᠷᠭᠠᠨ ᠬᠥᠮᠦᠵᠢᠯ ᠤ᠋ᠨ ᠬᠠᠮᠵᠢᠯᠴᠠᠭ᠎ᠠ ᠨᠢ ᠵᠠᠯᠠᠭᠤᠴᠤᠳ ᠤ᠋ᠨ ᠰᠣᠯᠢᠯᠴᠠᠭᠠᠨ ᠤ᠋ ᠵᠠᠮ ᠢ᠋ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠶᠠᠷᠢᠯᠴᠠᠭᠠᠨ ᠤ᠋ ᠲᠠᠪᠴᠠᠩ ᠨᠢ ᠬᠤᠰᠢᠭᠤᠴᠢ ᠬᠦᠷᠢᠶ᠎ᠡ ᠴᠠᠷᠠᠭ᠎ᠠ ᠳ᠋ᠠᠬᠢ ᠬᠠᠮᠵᠢᠯᠴᠠᠭ᠎ᠠ ᠵᠢ ᠠᠬᠢᠭᠤᠯᠵᠠᠢ᠃

10 ᠵᠢᠯ ᠤ᠋ᠨ ᠬᠤᠭᠤᠴᠠᠭᠠᠨ ᠳ᠋ᠤ᠌᠂ ᠬᠤᠳᠠᠯᠳᠤᠭᠠᠨ ᠤ᠋ ᠶᠠᠪᠤᠳᠠᠯ ᠤ᠋ᠨ ᠶᠠᠮᠤᠨ ᠬᠢᠭᠡᠳ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳᠤᠮᠳᠠᠳᠤ ᠮᠣᠩᠭᠣᠯ ᠤ᠋ᠨ ᠦᠵᠡᠰᠬᠦᠯᠡᠩ ᠤ᠋ᠨ ᠴᠤᠭᠯᠠᠭᠠᠨ ᠤ᠋ ᠲᠥᠷᠥᠯ ᠲᠡᠮᠳᠡᠭ ᠢ᠋ ᠳᠠᠰᠤᠷᠠᠯᠳᠠ ᠦᠭᠡᠢ ᠴᠤᠭᠴᠠᠯᠠᠵᠤ᠂ ᠲᠡᠭᠦᠨ ᠤ᠋ ᠬᠡᠪᠴᠢᠶ᠎ᠡ ᠵᠢ ᠦᠷᠭᠦᠯᠵᠢᠯᠡᠨ ᠶᠡᠭᠡᠳᠭᠡᠨ᠂ ᠬᠠᠮᠤᠷᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠨ᠂ ᠣᠯᠠᠨ ᠤᠯᠤᠰ ᠤ᠋ᠨ ᠨᠥᠯᠥᠭᠡᠯᠡᠬᠦ ᠬᠦᠴᠦᠨ ᠢ᠋ ᠢᠯᠡᠳᠲᠡ ᠨᠡᠮᠡᠭᠳᠡᠭᠦᠯᠬᠦ ᠵᠢ ᠠᠬᠢᠭᠤᠯᠵᠦ᠂ ᠳᠤᠮᠳᠠᠳᠤ ᠮᠣᠩᠭᠣᠯ ᠬᠣᠶᠠᠷ ᠤᠯᠤᠰ ᠤ᠋ᠨ ᠬᠠᠷᠢᠯᠴᠠᠭ᠎ᠠ ᠵᠢ ᠭᠦᠨᠵᠡᠭᠡᠢᠷᠡᠭᠦᠯᠬᠦ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠠᠬᠢᠭᠤᠯᠬᠤ᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠢ ᠵᠢᠨ ᠬᠣᠩᠭᠢᠯ ᠤ᠋ᠨ ᠪᠦᠲᠦᠭᠡᠨ ᠪᠠᠢᠭᠤᠯᠤᠯᠲᠠ ᠳ᠋ᠤ᠌ ᠬᠦᠴᠦᠨ ᠨᠡᠮᠡᠷᠢᠯᠡᠬᠦ ᠳ᠋ᠤ ᠴᠦᠮ ᠴᠢᠬᠤᠯᠠ ᠵᠢᠳᠭᠦᠯ ᠭᠠᠷᠭᠠᠭᠰᠠᠨ ᠪᠠᠢᠳᠠᠭ᠃ 《ᠨᠢᠭᠡ ᠪᠦᠰᠡ ᠨᠢᠭᠡ ᠵᠠᠮ 》 ᠤ᠋ᠨ ᠰᠠᠨᠠᠭᠠᠴᠢᠯᠠᠭ᠎ᠠ ᠵᠢᠨ ᠳᠠᠭᠠᠭᠤᠯᠭ᠎ᠠ ᠳᠣᠣᠷ᠎ᠠ᠂ ᠥᠪᠥᠷ ᠮᠣᠩᠭᠣᠯ ᠨᠡᠩ ᠣᠯᠠᠨ ᠤᠯᠤᠰ ᠯᠤᠭ᠎ᠠ ᠠᠵᠤ ᠠᠬᠤᠢ ᠠᠷᠠᠯᠵᠢᠶᠠᠨ ᠤ᠋ ᠬᠠᠷᠢᠯᠴᠠᠭ᠎ᠠ ᠪᠣᠯᠤᠨ ᠰᠤᠶᠤᠯ ᠢᠷᠭᠡᠨᠰᠢᠯ ᠤ᠋ᠨ ᠰᠣᠯᠢᠯᠴᠠᠭ᠎ᠠ ᠵᠡᠷᠭᠡ ᠬᠦᠷᠢᠶᠡᠨ ᠳ᠋ᠠᠬᠢ ᠭᠦᠨᠵᠡᠭᠡᠢ ᠠᠭᠤᠰᠤᠯᠴᠠᠯ ᠢ᠋ ᠢᠳᠡᠪᠬᠢᠲᠡᠢ ᠥᠷᠨᠢᠭᠦᠯᠵᠡᠢ᠃ ᠨᠡᠩ ᠨᠡᠭᠡᠭᠡᠯᠲᠡ ᠲᠡᠢ᠂ ᠢᠲᠡᠭᠡᠯ ᠲᠡᠢ᠂ ᠦᠵᠡᠰᠬᠦᠯᠡᠩᠲᠦ ᠰᠠᠢᠬᠠᠨ ᠥᠪᠥᠷ ᠮᠣᠩᠭᠣᠯ ᠳᠡᠯᠡᠬᠡᠢ ᠵᠢᠨ ᠲᠠᠪᠴᠠᠩ ᠳ᠋ᠤ᠌ ᠭᠠᠷᠴᠤ ᠪᠠᠢᠭ᠎ᠠ ᠪᠥᠭᠡᠳ ᠳᠡᠯᠡᠬᠡᠢ ᠳ᠋ᠠᠬᠢᠨ ᠴᠦ᠍ ᠡᠨᠡ ᠬᠦ᠌ ᠠᠮᠢᠵᠢᠷᠠᠯ ᠤ᠋ᠨ ᠬᠦᠴᠦᠨ ᠪᠦᠬᠦᠢ ᠪᠤᠬᠢᠷᠳᠤᠯ ᠦᠭᠡᠢ ᠥᠪᠥᠷ ᠮᠣᠩᠭᠣᠯ ᠳ᠋ᠤ᠌ ᠬᠠᠢᠷᠠᠲᠠᠢ ᠪᠤᠯᠬᠤ ᠨᠢ ᠳᠠᠮᠵᠢᠭ ᠦᠭᠡᠢ᠃


QQ20250825-105711.png


ᠲᠦᠷᠪᠡᠳᠦᠭᠡᠷ ᠬᠤᠭᠤᠴᠠᠭᠠᠨ ᠎ᠤ ᠲᠤᠮᠳᠠᠳᠤ ᠮᠤᠩᠭᠤᠯ ᠎ᠤᠨ ᠦᠵᠡᠰᠭᠦᠯᠡᠩ᠎ᠤᠨ ᠴᠤᠭᠯᠠᠭᠠᠨ ᠎ᠤ ᠤᠮᠠᠷᠠᠰᠢ ᠨᠡᠭᠡᠭᠡᠯᠳᠡ ᠬᠢᠬᠦ ᠠᠵᠦ ᠠᠬᠤᠢ ᠠᠷᠠᠯᠵᠢᠶᠠᠨ ᠎ᠤ ᠵᠦᠪᠯᠡᠯᠴᠡᠭᠡᠷ᠎ᠤᠨ ᠬᠤᠷᠠᠯ᠎ᠤᠨ ᠡᠬᠢᠯᠡᠯᠳᠡ ᠵᠢᠨ ᠶᠤᠰᠤᠯᠠᠯ᠎ᠤᠨ ᠠᠬᠤᠢ ᠲᠠᠯᠠᠪᠠᠢ᠃

ᠲᠤᠰ ᠰᠤᠨᠢᠨ᠎ᠤ ᠰᠤᠷᠪᠤᠯᠵᠢᠯᠠᠬᠴᠢ ᠮᠦᠩᠬᠡᠴᠢᠯᠡᠭᠤ ᠰᠡᠭᠦᠳᠡᠷᠯᠡᠪᠡ


ᠠᠩᠬᠠᠳᠤᠭᠠᠷ ᠬᠤᠭᠤᠴᠠᠭ᠎ᠠ (2025ᠤᠨ ᠎ᠤ 10 ᠰᠠᠷ᠎ᠠ )


ᠭᠠᠵᠠᠷ᠄ ᠬᠦᠬᠡᠬᠤᠳᠠ

ᠭᠤᠤᠯ ᠰᠡᠳᠦᠪ᠄ 《ᠳᠠᠯ᠎ᠠ ᠨᠤᠳᠤᠭ ᠤ᠋ᠨ ᠳᠤᠷᠭᠠᠨ ᠵᠠᠮ᠂ ᠬᠠᠮᠳᠤᠷᠠᠨ ᠠᠵᠢᠯᠯᠠᠬᠤ ᠬᠦᠭᠵᠢᠯᠳᠡ ᠵᠢᠨ ᠬᠤᠩᠭᠢᠯ》᠃

ᠬᠦᠷᠢᠶ᠎ᠡ ᠭᠡᠪᠴᠢᠶ᠎ᠡ᠄ 12 ᠤᠯᠤᠰ ᠪᠣᠯᠤᠨ ᠭᠠᠵᠠᠷ ᠣᠷᠣᠨ᠂ 28 ᠮᠣᠵᠢ ᠣᠷᠣᠨ ᠬᠣᠲᠠ ᠵᠢᠴᠢ ᠰᠢᠶᠠᠩᠭᠠᠩ ᠣᠣᠮᠧᠨ ᠤ᠋ ᠲᠥᠯᠥᠭᠡᠯᠡᠭᠴᠢ᠂ ᠳᠤᠮᠳᠠᠳᠤ ᠭᠠᠳᠠᠭᠠᠳᠤ ᠵᠢᠨ 2000 ᠭᠠᠷᠤᠢ ᠠᠵᠤ ᠠᠬᠤᠢᠯᠠᠯ᠂ ᠮᠥᠩᠭᠥᠨ ᠭᠦᠢᠯᠭᠡᠭᠡᠨ ᠤ᠋ ᠪᠠᠢᠭᠤᠯᠤᠮᠵᠢ ᠵᠢᠨ ᠲᠥᠯᠥᠭᠡᠯᠡᠭᠴᠢ ᠤᠷᠤᠯᠴᠠᠵᠠᠢ᠃

ᠬᠢᠷᠢ ᠪᠦᠲᠦᠮᠵᠢ᠄166 ᠬᠠᠮᠲᠤᠷᠠᠯᠴᠠᠭᠠᠨ ᠤ᠋ ᠵᠦᠪᠯᠡᠯᠴᠡᠭᠡᠷ ᠲᠦ᠍ ᠭᠠᠷ ᠤ᠋ᠨ ᠥᠰᠥᠭ ᠵᠢᠷᠤᠵᠤ᠂ ᠪᠡᠯᠡ ᠣᠷᠣᠭᠤᠯᠤᠯᠲᠠ ᠵᠢᠨ ᠬᠡᠮᠵᠢᠶ᠎ᠡ 1485.9 ᠳ᠋ᠦᠩᠰᠢᠭᠤᠷ ᠲᠥᠭᠥᠷᠢᠭ ᠲᠦ᠍ ᠬᠦᠷᠪᠡ᠃

ᠦᠷ᠎ᠡ ᠨᠦᠯᠦᠭᠡ᠄ ᠳᠤᠮᠳᠠᠳᠤ ᠮᠣᠩᠭᠣᠯ ᠤ᠋ᠨ ᠬᠠᠮᠲᠤᠷᠠᠯᠴᠠᠭ᠎ᠠ ᠵᠢᠨ ᠰᠢᠨ᠎ᠡ ᠬᠠᠭᠤᠳᠠᠰᠤ ᠵᠢ ᠨᠡᠭᠡᠭᠡᠵᠡᠢ᠃


QQ20250825-105818.png


QQ20250825-105829.png



ᠠᠩᠬᠠᠳᠤᠭᠠᠷ ᠬᠤᠭᠤᠴᠠᠭᠠᠨ ᠎ᠤ ᠲᠤᠮᠳᠠᠳᠤ ᠮᠤᠩᠭᠤᠯ᠎ᠤᠨ ᠦᠵᠡᠰᠭᠦᠯᠡᠩ᠎ᠤᠨ ᠴᠤᠭᠯᠠᠭᠠᠨ ᠎ᠤ ᠲᠡᠯᠭᠡᠨ ᠦᠵᠡᠭᠦᠯᠭᠡ ᠵᠢᠨ ᠠᠬᠤᠢ ᠲᠠᠯᠠᠪᠠᠢ᠃

ᠲᠤᠰ ᠰᠤᠨᠢᠨ᠎ᠤ ᠰᠤᠷᠪᠤᠯᠵᠢᠯᠠᠬᠴᠢ ᠪᠢᠯᠢᠭᠲᠦ ᠰᠡᠭᠦᠳᠡᠷᠯᠡᠪᠡ



ᠬᠤᠶᠠᠳᠤᠭᠠᠷ ᠬᠤᠭᠤᠴᠠᠭ᠎ᠠ (2017 ᠤᠨ᠎ᠤ 9 ᠰᠠᠷ᠎ᠠ )


ᠭᠠᠵᠠᠷ᠄ ᠬᠦᠬᠡᠬᠤᠳᠠ

ᠭᠤᠤᠯ ᠰᠡᠳᠦᠪ᠄ 《ᠳᠤᠮᠳᠠᠳᠤ ᠮᠤᠩᠭᠤᠯ ᠤᠷᠤᠰ ᠤ᠋ᠨ ᠠᠵᠤ ᠠᠬᠤᠢ ᠵᠢᠨ ᠬᠤᠩᠬᠢᠯ ᠢ᠋ ᠪᠦᠳᠦᠭᠡᠨ ᠪᠠᠢᠭᠤᠯᠵᠤ᠂ ᠳᠡᠯᠡᠭᠡᠢ ᠳ᠋ᠤ ᠬᠠᠨᠳᠤᠭᠤᠯᠤᠨ ᠬᠠᠮᠳᠤ ᠪᠡᠷ ᠠᠵᠢᠯᠯᠠᠵᠤ ᠬᠠᠮᠳᠤ ᠪᠡᠷ ᠠᠰᠢᠭ ᠬᠦᠷᠳᠡᠭᠡᠰᠦᠭᠡᠢ》᠃

ᠬᠦᠷᠢᠶ᠎ᠡ ᠭᠡᠪᠴᠢᠶ᠎ᠡ᠄ 40 ᠭᠠᠷᠤᠢ ᠤᠯᠤᠰ᠂ 1500 ᠭᠠᠷᠤᠢ ᠠᠵᠤ ᠠᠬᠤᠢᠯᠠᠯ ᠳᠡᠯᠭᠡᠨ ᠦᠵᠡᠭᠦᠯᠭᠡ ᠳ᠋ᠦ᠍ ᠣᠷᠣᠯᠴᠠᠵᠤ᠂ 2500 ᠭᠠᠷᠤᠢ ᠵᠣᠴᠢᠨ ᠳᠥᠷᠪᠡᠨ ᠶᠡᠬᠡ ᠬᠡᠰᠡᠭ ᠪᠦᠬᠦᠢ 23 ᠵᠦᠢᠯ ᠤ᠋ᠨ ᠠᠵᠢᠯᠯᠠᠭ᠎ᠠ ᠳ᠋ᠤ᠌ ᠣᠷᠣᠯᠴᠠᠵᠠᠢ᠃

ᠬᠢᠷᠢ ᠪᠦᠲᠦᠮᠵᠢ᠄ ᠵᠦᠪᠯᠡᠯᠴᠡᠭᠡᠷ ᠲᠣᠭᠲᠠᠭᠰᠠᠨ ᠬᠡᠮᠵᠢᠶ᠎ᠡ 800 ᠳ᠋ᠦᠩᠰᠢᠭᠤᠷ ᠲᠥᠭᠥᠷᠢᠭ ᠢ᠋ ᠳᠠᠪᠠᠵᠤ᠂ ᠡᠨᠧᠷᠭᠢ᠂ ᠵᠠᠮ ᠬᠠᠷᠢᠯᠴᠠᠭ᠎ᠠ᠂ ᠮᠥᠩᠭᠥᠨ ᠭᠦᠢᠯᠭᠡᠭᠡᠨ᠂ ᠵᠢᠭᠤᠯᠴᠢᠯᠠᠯ ᠵᠡᠷᠭᠡ ᠬᠦᠷᠢᠶᠡᠨ ᠳ᠋ᠡᠬᠢ ᠬᠠᠮᠳᠤᠷᠠᠯᠴᠠᠭ᠎ᠠ ᠪᠥᠬᠥ ᠲᠠᠯ᠎ᠠ ᠪᠠᠷ ᠡᠬᠢᠯᠡᠵᠡᠢ᠃

ᠦᠷ᠎ᠡ ᠨᠦᠯᠦᠭᠡ᠄ ᠣᠯᠠᠨ ᠤᠯᠤᠰ ᠲᠡᠬᠢ ᠨᠥᠯᠥᠭᠡᠯᠡᠬᠦ ᠬᠦᠴᠦᠨ ᠢ᠋ ᠴᠢᠨᠠᠭᠰᠢᠳᠠ ᠥᠷᠭᠡᠳᠬᠡᠵᠡᠢ᠃


QQ20250825-105841.png


QQ20250825-105853.png


ᠬᠤᠶᠠᠳᠤᠭᠠᠷ ᠬᠤᠭᠤᠴᠠᠭᠠᠨ ᠎ᠤ ᠲᠤᠮᠳᠠᠳᠤ ᠮᠤᠩᠭᠤᠯ᠎ᠤᠨ ᠦᠵᠡᠰᠭᠦᠯᠡᠩ ᠎ᠤᠨ ᠴᠤᠭᠯᠠᠭᠠᠨ ᠎ᠤ ᠲᠡᠯᠭᠡᠨ ᠦᠵᠡᠭᠦᠯᠭᠡ ᠵᠢᠨ ᠠᠬᠤᠢ ᠲᠠᠯᠠᠪᠠᠢ᠃

ᠲᠤᠰ ᠰᠤᠨᠢᠨ᠎ᠤ ᠰᠤᠷᠪᠤᠯᠵᠢᠯᠠᠬᠴᠢ ᠪᠢᠯᠢᠭᠲᠦ ᠰᠡᠭᠦᠳᠡᠷᠯᠡᠪᠡ



ᠭᠤᠷᠪᠠᠳᠤᠭᠠᠷ ᠬᠤᠭᠤᠴᠠᠭ᠎ᠠ (2019 ᠤᠨ ᠎ᠤ 9 ᠰᠠᠷ᠎ᠠ )


ᠭᠠᠵᠠᠷ ᠄ ᠤᠯᠠᠭᠠᠨᠴᠠᠪ ᠬᠤᠳᠠ᠂ ᠬᠦᠬᠡᠬᠤᠳᠠ

ᠭᠤᠤᠯ ᠰᠡᠳᠦᠪ ᠄ 《 ᠳᠤᠮᠳᠠᠳᠤ ᠮᠤᠩᠭᠤᠯ ᠤᠷᠤᠰ ᠤ᠋ᠨ ᠠᠵᠤ ᠠᠬᠤᠢ ᠵᠢᠨ ᠬᠤᠩᠬᠢᠯ ᠢ᠋ ᠪᠦᠳᠦᠭᠡᠨ ᠪᠠᠢᠭᠤᠯᠵᠤ᠂ ᠵᠡᠭᠦᠨ ᠬᠤᠢᠳᠤ ᠠᠽᠢᠶ᠎ᠠ ᠵᠢᠨ ᠤᠷᠤᠨ ᠪᠦᠰᠡ ᠵᠢᠨ ᠬᠠᠮᠳᠤᠷᠠᠯᠴᠠᠭ᠎ᠠ ᠵᠢ ᠠᠬᠢᠭᠤᠯᠤᠶ᠎ᠠ》᠃

ᠬᠦᠷᠢᠶ᠎ᠡ ᠭᠡᠪᠴᠢᠶ᠎ᠡ ᠄ 28 ᠤᠯᠤᠰ ᠭᠠᠵᠠᠷ ᠤᠷᠤᠨ ᠪᠠ ᠣᠯᠠᠨ ᠤᠯᠤᠰ ᠤ᠋ᠨ ᠵᠣᠬᠢᠶᠠᠨ ᠪᠠᠢᠭᠤᠯᠤᠯᠲᠠ ᠵᠢᠨ 1296 ᠠᠵᠤ ᠠᠬᠤᠢᠯᠠᠯ ᠢᠳᠡᠪᠬᠢᠲᠡᠢ ᠣᠷᠣᠯᠴᠠᠨ᠂ ᠰᠢᠨᠵᠢᠯᠡᠭᠡ ᠮᠡᠷᠭᠡᠵᠢᠯ᠂ ᠠᠷᠠᠯᠵᠢᠶ᠎ᠠ ᠬᠤᠳᠠᠯᠳᠤᠭ᠎ᠠ᠂ ᠲᠠᠷᠢᠶᠠᠯᠠᠩ᠂ ᠡᠮ ᠡᠮᠨᠡᠯᠭᠡ ᠵᠡᠷᠭᠡ 21 ᠭᠣᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃

ᠬᠢᠷᠢ ᠪᠦᠲᠦᠮᠵᠢ᠄ 60 ᠵᠦᠢᠯ᠎ᠤᠨ ᠬᠠᠮᠳᠤᠷᠠᠯᠴᠠᠭᠠᠨ᠎ᠤ ᠵᠦᠪᠯᠡᠯᠴᠡᠭᠡᠷ ᠲᠦ᠍ ᠭᠠᠷ᠎ᠤᠨ ᠦᠰᠦᠭ ᠵᠢᠷᠤᠵᠦ᠂ ᠪᠡᠯᠡ ᠤᠷᠤᠭᠤᠯᠤᠯᠳᠠ421.89 ᠳ᠋ᠦᠩᠰᠢᠭᠤᠷ ᠲᠦᠭᠦᠷᠢᠭ ᠲᠦ᠍ ᠬᠦᠷᠪᠡ᠃

ᠦᠷ᠎ᠡ ᠨᠦᠯᠦᠭᠡ᠄ ᠠᠩᠬ᠎ᠠ ᠤᠳᠠᠭ᠎ᠠ ᠤᠯᠠᠨ ᠬᠤᠳᠠ ᠬᠤᠷᠰᠢᠨ ᠡᠷᠬᠢᠯᠡᠬᠦ ᠵᠢ ᠪᠡᠶᠡᠯᠡᠬᠦᠯᠵᠡᠢ᠃


QQ20250825-105906.png


ᠭᠤᠷᠪᠠᠳᠤᠭᠠᠷ ᠬᠤᠭᠤᠴᠠᠭᠠᠨ ᠎ᠤ ᠲᠤᠮᠳᠠᠳᠤ ᠮᠤᠩᠭᠤᠯ᠎ᠤᠨ ᠦᠵᠡᠰᠭᠦᠯᠡᠩ᠎ᠤᠨ ᠴᠤᠭᠯᠠᠭᠠᠨ ᠎ᠤ ᠤᠯᠠᠭᠠᠨᠴᠠᠪ᠎ᠤᠨ ᠠᠬᠤᠢ ᠲᠠᠯᠠᠪᠠᠢ᠃

ᠲᠤᠰ ᠰᠤᠨᠢᠨ᠎ᠤ ᠰᠤᠷᠪᠤᠯᠵᠢᠯᠠᠬᠴᠢ ᠢᠤᠢ ᠲᠤᠤ ᠰᠡᠭᠦᠳᠡᠷᠯᠡᠪᠡ


ᠲᠦᠷᠪᠡᠳᠦᠭᠡᠷ ᠬᠤᠭᠤᠴᠠᠭ᠎ᠠ (2023ᠤᠨ ᠎ᠤ 9 ᠰᠠᠷ᠎ᠠ )



ᠭᠠᠵᠠᠷ᠄ ᠬᠦᠬᠡᠬᠤᠳᠠ

ᠭᠤᠤᠯ ᠰᠡᠳᠦᠪ ᠄ 《ᠨᠡᠭᠡᠭᠡᠯᠳᠡ ᠵᠢᠨ ᠰᠢᠨ᠎ᠡ ᠪᠠᠢᠷᠢᠰᠢᠯ ᠢ᠋ ᠬᠠᠮᠳᠤ ᠪᠡᠷ ᠪᠠᠢᠭᠤᠯᠵᠤ᠂ ᠬᠦᠭᠵᠢᠯᠳᠡ ᠵᠢᠨ ᠰᠢᠨ᠎ᠡ ᠳᠤᠬᠢᠶᠠᠯ ᠢ᠋ ᠬᠠᠮᠳᠤ ᠪᠡᠷ ᠡᠳ᠋ᠯᠡᠶ᠎ᠡ》᠃

ᠬᠦᠷᠢᠶ᠎ᠡ ᠭᠡᠪᠴᠢᠶ᠎ᠡ ᠄ 35 ᠤᠯᠤᠰ ᠪᠣᠯᠤᠨ ᠭᠠᠵᠠᠷ ᠣᠷᠣᠨ ᠤ᠋ 3000 ᠭᠠᠷᠤᠢ ᠠᠵᠤ ᠠᠬᠤᠢᠯᠠᠯ ᠤᠷᠤᠯᠴᠠᠵᠠᠢ᠃

ᠬᠢᠷᠢ ᠪᠦᠲᠦᠮᠵᠢ ᠄ 202 ᠲᠥᠷᠥᠯ ᠵᠦᠢᠯ ᠳ᠋ᠤ ᠵᠦᠪᠯᠡᠯᠴᠡᠭᠡᠷ ᠲᠣᠭᠲᠠᠵᠤ᠂ ᠶᠡᠷᠦᠩᠬᠡᠢ ᠵᠣᠭᠣᠰᠤᠨ ᠲᠣᠭ᠎ᠠ ᠨᠢ 3800 ᠳ᠋ᠦᠩᠰᠢᠭᠤᠷ ᠲᠥᠭᠥᠷᠢᠭ ᠢ᠋ ᠳᠠᠪᠠᠵᠠᠢ ᠃

ᠦᠷ᠎ᠡ ᠨᠦᠯᠦᠭᠡ᠄ ᠭᠠᠵᠠᠷ ᠤᠷᠤᠨ ᠪᠤᠯᠤᠨ ᠤᠯᠤᠰ᠎ᠤᠳ᠎ᠤᠨ ᠬᠤᠭᠤᠷᠤᠨᠳᠤᠬᠢ ᠪᠤᠳᠠᠳᠠᠢ ᠵᠢ ᠡᠷᠬᠢᠮᠯᠡᠭᠰᠡᠨ ᠬᠠᠮᠳᠤᠷᠠᠯᠴᠠᠭ᠎ᠠ ᠵᠢ ᠦᠷᠬᠦᠯᠵᠢᠯᠡᠨ ᠬᠦᠨᠵᠡᠭᠡᠢᠷᠡᠬᠦᠯᠪᠡ᠃


QQ20250825-105920.png


ᠠᠵᠦ ᠠᠬᠤᠢ ᠠᠷᠠᠯᠵᠢᠶᠠᠨ᠎ᠤ ᠵᠦᠪᠯᠡᠯᠴᠡᠭᠡᠷ᠎ᠤᠨ ᠬᠤᠷᠠᠯ᠎ᠤᠨ ᠦᠵᠡᠭᠳᠡᠯ

ᠲᠤᠰ ᠰᠤᠨᠢᠨ᠎ᠤ ᠰᠤᠷᠪᠤᠯᠵᠢᠯᠠᠬᠴᠢ ᠸᠠᠩ ᠯᠸᠢ ᠰᠡᠭᠦᠳᠡᠷᠯᠡᠪᠡ


QQ20250825-105930.png


ᠰᠤᠶᠤᠯ ᠵᠢᠭᠤᠯᠴᠢᠯᠠᠯ᠎ᠤᠨ ᠲᠠᠨᠢᠯᠴᠠᠭᠤᠯᠬᠤ ᠬᠤᠷᠠᠯ᠎ᠤᠨ ᠦᠵᠡᠭᠳᠡᠯ᠃

ᠲᠤᠰ ᠰᠤᠨᠢᠨ᠎ᠤ ᠰᠤᠷᠪᠤᠯᠵᠢᠯᠠᠬᠴᠢ ᠸᠠᠩ ᠯᠸᠢ ᠰᠡᠭᠦᠳᠡᠷᠯᠡᠪᠡ


ᠲᠠᠪᠤᠳᠤᠭᠠᠷ ᠬᠤᠭᠤᠴᠠᠭ᠎ᠠ (8 ᠰᠠᠷ᠎ᠠ ᠵᠢᠨ 25 — 31 ᠎ᠤ ᠡᠳᠤᠷ )


ᠭᠠᠵᠠᠷ᠄ ᠬᠦᠬᠡᠬᠤᠳᠠ ᠵᠢᠨ ᠴᠡᠯᠡᠭᠡᠷ ᠲᠠᠯ᠎ᠠ ᠵᠢᠨ ᠤᠯᠠᠨ ᠤᠯᠤᠰ᠎ᠤᠨ ᠬᠤᠷᠠᠯ ᠦᠵᠡᠰᠭᠦᠯᠡᠩ᠎ᠤᠨ ᠲᠦᠪ᠃

ᠭᠤᠤᠯ ᠰᠡᠳᠦᠪ ᠄ 《 ᠬᠠᠷᠢᠯᠴᠠᠨ ᠠᠰᠢᠭᠳᠠᠢ ᠬᠠᠮᠳᠤᠷᠠᠯᠴᠠᠭ᠎ᠠ ᠵᠢ ᠭᠦᠨᠵᠡᠭᠡᠢᠷᠡᠬᠦᠯᠵᠦ᠂ ᠬᠠᠮᠳᠤ ᠪᠠᠷ ᠠᠰᠢᠬ ᠬᠦᠷᠳᠡᠬᠦ ᠵᠢ ᠠᠬᠢᠭᠤᠯᠤᠶ᠎ᠠ》᠃

ᠦᠷ᠎ᠡ ᠨᠦᠯᠦᠭᠡ᠄ ᠬᠠᠮᠳᠤᠷᠠᠯᠴᠠᠭ᠎ᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠪᠤᠯᠤᠨ᠎ᠠ᠃


QQ20250825-105942.png


ᠲᠦᠷᠦ ᠦᠢᠯᠡᠳᠪᠦᠷᠢᠯᠡᠯ ᠪᠤᠯᠪᠠᠰᠤᠷᠠᠯ ᠰᠤᠳᠤᠯᠭᠠᠨ ᠤ᠋ ᠰᠤᠯᠢᠯᠴᠠᠭᠠᠨ ᠤ᠋ ᠠᠵᠢᠯᠯᠠᠭ᠎ᠠ ᠵᠢ ᠠᠩᠬ᠎ᠠ ᠤᠳᠠᠭ᠎ᠠ ᠠᠮᠵᠢᠯᠲᠠ ᠲᠠᠢ ᠡᠷᠬᠢᠯᠡᠪᠡ᠃

ᠲᠤᠰ ᠰᠤᠨᠢᠨ᠎ᠤ ᠰᠤᠷᠪᠤᠯᠵᠢᠯᠠᠬᠴᠢ ᠨᠠᠮᠤᠭ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面