2025-08-27 10:33:59
8 ᠰᠠᠷ᠎ᠠ ᠶ᠋ᠢᠨ 26 ᠤ᠋ ᠦᠳᠡ ᠶ᠋ᠢᠨ ᠬᠣᠢᠨ᠎ᠠ᠂ ᠳᠤᠮᠳᠠᠳᠤ ᠤᠯᠤᠰ (ᠥᠪᠥᠷ ᠮᠣᠩᠭᠣᠯ ) — ᠣᠷᠣᠰ ᠤ᠋ᠨ ᠪᠠᠯᠠ ᠣᠷᠣᠭᠤᠯᠤᠯᠲᠠ ᠠᠷᠠᠯᠵᠢᠶᠠᠨ ᠤ᠋ ᠬᠠᠮᠲᠤᠷᠠᠯᠴᠠᠭ᠎ᠠ ᠶ᠋ᠢᠨ ᠲᠠᠨᠢᠯᠴᠠᠭᠤᠯᠭ᠎ᠠ ᠶ᠋ᠢᠨ ᠬᠤᠷᠠᠯ ᠬᠥᠬᠡᠬᠣᠲᠠ ᠳ᠋ᠦ ᠶᠠᠪᠤᠭᠳᠠᠪᠠ᠃
ᠲᠣᠰ ᠤᠳᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠨᠢ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ — ᠮᠣᠩᠭᠣᠯ ᠤᠯᠤᠰ ᠤ᠋ᠨ ᠦᠵᠡᠰᠭᠦᠯᠡᠩᠦᠨ ᠴᠤᠭ᠍ᠯᠠᠭᠠᠨ ᠤ᠋ ᠴᠢᠬᠤᠯᠠ ᠠᠭᠤᠯᠭ᠎ᠠ ᠶ᠋ᠢᠨ ᠨᠢᠭᠡ ᠪᠠᠢᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ᠂ ᠮᠠᠨᠵᠤᠤᠷ ᠬᠣᠲᠠ ᠶ᠋ᠢᠨ ᠠᠷᠠᠳ ᠤ᠋ᠨ ᠵᠠᠰᠠᠭ ᠤ᠋ᠨ ᠣᠷᠳᠣᠨᠠᠴᠠ ᠬᠠᠮᠲᠤᠷᠠᠨ ᠭᠤᠤᠯᠯᠠᠨ ᠡᠷᠭᠢᠯᠡᠵᠦ᠍᠂ ᠳᠤᠮᠳᠠᠳᠤ ᠣᠷᠣᠰ ᠤ᠋ᠨ ᠵᠠᠰᠠᠭ ᠤ᠋ᠨ ᠤᠷᠳᠤᠨ᠂ ᠠᠵᠤ ᠠᠬᠤᠢᠯᠠᠯ ᠤ᠋ᠨ 150 ᠱᠢᠬᠠᠮ ᠲᠥᠯᠥᠭᠡᠯᠡᠭ᠌ᠴᠢ 《 ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠬᠠᠮᠲᠤᠪᠠᠷ ᠡᠭᠦᠳᠴᠦ᠍ ᠬᠠᠮᠲᠤᠷᠠᠯᠴᠠᠭᠠᠨ ᠤ᠋ ᠱᠢᠨ᠎ᠡ ᠠᠵᠠ ᠲᠣᠬᠢᠶᠠᠯ ᠢ᠋ ᠬᠠᠮᠲᠤᠪᠠᠷ ᠡᠷᠢᠯᠬᠢᠯᠡᠬᠦ᠌》 ᠭᠤᠤᠯ ᠰᠡᠳᠦᠪ ᠤ᠋ᠨ ᠲᠤᠭᠤᠷᠢᠨ ᠳ᠋ᠦ ᠰᠤᠯᠢᠯᠴᠠᠭ᠎ᠠ ᠦᠷᠨᠢᠭᠦᠯᠵᠦ᠂ ᠬᠠᠮᠲᠤᠷᠠᠯᠴᠠᠭᠠᠨ ᠤ᠋ ᠠᠯᠤᠰᠤᠨ ᠲᠥᠰᠦᠪ ᠢ᠋ ᠬᠠᠮᠲᠤ ᠪᠠᠷ ᠶᠠᠷᠢᠯᠴᠠᠵᠤ᠂ ᠬᠥᠭ᠌ᠵᠢᠯᠲᠡ ᠶ᠋ᠢᠨ ᠵᠢᠷᠤᠭ ᠲᠥᠰᠦᠪ ᠢ᠋ ᠬᠠᠮᠲᠤᠪᠠᠷ ᠵᠢᠷᠤᠭ᠍ᠯᠠᠪᠠ᠃
ᠲᠣᠰ ᠤᠳᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠤ᠋ᠨ ᠬᠥᠮᠦᠰᠦᠨ ᠠᠩᠬᠠᠷᠤᠯ ᠢ᠋ ᠬᠠᠮᠤᠭᠠᠴᠠ ᠲᠠᠲᠠᠭ᠍ᠰᠠᠨ ᠠᠵᠤ ᠠᠬᠤᠶ ᠠᠷᠠᠯᠵᠢᠶᠠᠨ ᠤ᠋ ᠦᠷ᠎ᠡ ᠪᠦᠲᠦᠭᠡᠯᠦᠨ ᠦᠵᠡᠭᠦᠯᠭᠡ ᠶ᠋ᠢᠨ ᠭᠣᠭ᠍ᠴᠣᠭᠠ ᠨᠢ ᠪᠠᠢᠭᠠᠯᠢ ᠶ᠋ᠢᠨ ᠱᠢᠲᠠᠮᠠᠬᠠᠶ ᠬᠡᠶ᠂ ᠲᠠᠷᠢᠶᠠᠯᠠᠩ ᠤ᠋ᠨ ᠪᠦᠲᠦᠭᠡᠭ᠌ᠳᠡᠬᠦᠨᠦ ᠠᠷᠠᠯᠵᠢᠶ᠎ᠠ ᠂ ᠬᠢᠯᠢ ᠠᠯᠤᠰᠯᠠᠭ᠍ᠰᠠᠨ ᠪᠠᠷᠠᠭᠠᠨ ᠤ᠋ ᠭᠦᠶ᠋ᠯᠭᠡᠭᠡ ᠵᠡᠷᠭᠡ ᠬᠦᠷᠢᠶᠡᠶ᠋ᠢ ᠬᠠᠮᠤᠷᠤᠭ᠍ᠰᠠᠨ 6 ᠵᠦᠶ᠋ᠯᠦᠨ ᠬᠠᠮᠲᠤᠷᠠᠯᠴᠠᠭᠠᠨ ᠤ᠋ ᠵᠦᠪᠯᠡᠯᠴᠡᠭᠡᠷ ᠲᠦ᠍ ᠭᠠᠷ ᠤ᠋ᠨ ᠥᠰᠥᠭ ᠵᠢᠷᠤᠵᠤ᠂ ᠵᠦᠪᠯᠡᠯᠴᠡᠭᠡᠷ ᠲᠤᠭᠲᠠᠭᠰᠠᠨ ᠵᠣᠭᠣᠰ ᠤ᠋ᠨ ᠲᠣᠭ᠎ᠠ 5.01 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠤᠮᠳᠠᠳᠤ ᠣᠷᠣᠰ ᠤ᠋ᠨ ᠣᠷᠣᠨ ᠪᠦᠰᠡ ᠶ᠋ᠢᠨ ᠬᠠᠮᠲᠤᠷᠠᠯᠴᠠᠭᠠᠳᠤ ᠪᠤᠳᠠᠲᠤ ᠬᠥᠳᠡᠯᠭᠡᠭ᠌ᠴᠢ ᠬᠦᠴᠦᠨ ᠨᠡᠮᠡᠷᠢᠯᠡᠪᠡ᠃
ᠲᠠᠨᠢᠯᠴᠠᠭᠤᠯᠭ᠎ᠠ ᠶ᠋ᠢᠨ ᠬᠤᠷᠠᠯ ᠨᠢ 《ᠪᠡᠯᠡ ᠣᠷᠣᠭᠤᠯᠤᠯᠲᠠ ᠶ᠋ᠢᠨ ᠣᠷᠴᠢᠨ ᠲᠣᠭᠣᠷᠢᠨ ᠤ᠋ ᠲᠠᠨᠢᠯᠴᠠᠭᠤᠯᠭ᠎ᠠ + ᠬᠠᠮᠲᠤᠷᠠᠯᠴᠠᠭᠠᠨ ᠤ᠋ ᠲᠦᠷᠦᠯ ᠵᠦᠢᠯᠦᠨ ᠦᠵᠡᠭᠦᠯᠭᠡ》 ᠵᠢᠨ ᠬᠡᠯᠪᠡᠷᠢᠪᠡᠷ ᠳᠠᠮᠵᠢᠨ ᠠᠵᠤ ᠠᠬᠤᠢᠯᠠᠯᠳᠤ ᠪᠦᠬᠦ᠌ ᠲᠠᠯ᠎ᠠ ᠶ᠋ᠢᠨ ᠲᠦᠷᠦ᠍ ᠶ᠋ᠢᠨ ᠪᠤᠳᠤᠯᠭ᠎ᠠ ᠪᠣᠯᠤᠨ ᠵᠠᠬ᠎ᠠ ᠳᠡᠯᠭᠡᠭᠦᠷᠦᠨ ᠮᠡᠳᠡᠭᠡ ᠵᠠᠩᠭᠢ ᠶ᠋ᠢᠨ ᠳᠡᠮᠵᠢᠯᠭᠡ ᠬᠠᠩᠭᠠᠪᠠ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮᠦᠨ ᠬᠢᠨ ᠥᠪᠥᠷ ᠮᠣᠩᠭᠣᠯ ᠤ᠋ᠨ ᠠᠵᠤ ᠦᠶ᠋ᠯᠡᠰᠦᠨ ᠳᠠᠪᠠᠭᠤᠯᠢᠭ ᠤ᠋ᠨ ᠲᠤᠬᠠᠢ ᠲᠠᠨᠢᠯᠴᠠᠭᠤᠯᠭ᠎ᠠ ᠬᠢᠵᠦ᠂ ᠣᠷᠳᠣᠰ ᠬᠣᠲᠠ᠂ ᠮᠠᠨᠵᠤᠤᠷ ᠬᠣᠲᠠ ᠶ᠋ᠢᠨ ᠬᠢᠨ ᠲᠣᠰ ᠲᠣᠰ ᠲᠤᠬᠠᠶ ᠶ᠋ᠢᠨ ᠭᠠᠵᠠᠷ ᠤ᠋ᠨ ᠪᠠᠯᠠ ᠣᠷᠣᠭᠤᠯᠤᠯᠲᠠ ᠶ᠋ᠢᠨ ᠣᠷᠴᠢᠨ ᠨᠥᠬᠥᠴᠡᠯ ᠪᠠ ᠠᠵᠠ ᠲᠣᠬᠢᠶᠠᠯ ᠢ᠋ ᠲᠠᠨᠢᠯᠴᠠᠭᠤᠯᠪᠠ᠃ ᠤᠷᠤᠰ ᠤ᠋ᠨ ᠡᠯ᠎ᠡ ᠡᠲᠡᠭᠡᠳ ᠤ᠋ᠨ ᠬᠢᠨ ᠪᠠᠰᠠ ᠲᠤᠬᠠᠢ ᠶ᠋ᠢᠨ ᠭᠠᠵᠠᠷ ᠤ᠋ᠨ ᠪᠡᠯᠡ ᠣᠷᠣᠭᠤᠯᠤᠯᠲᠠ ᠶ᠋ᠢᠨ ᠠᠵᠠ ᠲᠣᠬᠢᠶᠠᠯ ᠪᠣᠯᠤᠨ ᠠᠵᠤ ᠦᠢᠯᠡᠰᠦᠨ ᠲᠥᠯᠥᠪᠵᠢᠭᠦᠯᠭᠡ ᠪᠠᠨ ᠢᠳᠡᠪᠬᠢᠯᠡᠨ ᠲᠠᠨᠢᠯᠴᠭᠤᠯᠵᠤ᠂ ᠬᠠᠮᠲᠤᠷᠠᠯᠴᠠᠭᠠᠨ ᠤ᠋ ᠳᠠᠯᠳᠠ ᠬᠦᠴᠦᠨ ᠢ᠋ ᠪᠦᠬᠦ᠌ ᠲᠠᠯᠠᠪᠠᠷ ᠢᠯᠡᠷᠡᠭᠦᠯᠦᠭᠰᠡᠨ ᠪᠠᠢᠨ᠎ᠠ ᠃
ᠲᠠᠨᠢᠯᠴᠠᠭᠤᠯᠴᠠᠭᠠᠵᠢᠨ ᠬᠤᠷᠠᠯᠳᠤ ᠪᠠᠰᠠ ᠳᠤᠮᠳᠠᠳᠤ ᠣᠷᠣᠰ ᠤ᠋ᠨ 8 ᠠᠵᠤ ᠠᠬᠤᠢᠯᠠᠯ ᠳᠡᠭᠡᠳᠦ ᠲᠠᠰ ᠤ᠋ᠨ ᠵᠢᠯᠣᠭᠣᠴᠢ ᠥᠬᠡᠶ ᠨᠢᠰᠭᠡᠯ ᠵᠢᠴᠢ ᠱᠢᠨ᠎ᠡ ᠡᠨᠧᠷᠭᠢ ᠶ᠋ᠢᠨ ᠮᠠᠱᠢᠨ ᠲᠡᠷᠭᠡ ᠦᠢᠯᠡᠳᠬᠦ᠂ ᠣᠯᠠᠨ ᠤᠯᠤᠰ ᠤ᠋ᠨ ᠬᠠᠩᠭᠠᠯᠭ᠎ᠠ ᠶ᠋ᠢᠨ ᠬᠡᠯᠬᠢᠶ᠎ᠡ ᠶ᠋ᠢᠨ ᠬᠠᠮᠲᠤᠷᠠᠯᠴᠠᠭ᠎ᠠ᠂ ᠬᠢᠮᠢ ᠶ᠋ᠢᠨ ᠠᠵᠤ ᠦᠶ᠋ᠯᠡᠳᠪᠦᠷᠢ ᠶ᠋ᠢᠨ ᠲᠥᠷᠥᠯ ᠵᠦᠶ᠋ᠯ᠂ ᠲᠠᠷᠢᠶᠠᠯᠠᠩ ᠤ᠋ᠨ ᠠᠵᠤ ᠦᠢᠯᠡᠰ ᠤ᠋ᠨ ᠬᠠᠮᠲᠤᠷᠠᠯᠴᠠᠭ᠎ᠠ ᠵᠡᠷᠭᠡ ᠬᠦᠷᠢᠶᠡᠨᠳᠤ ᠴᠢᠨᠠᠷ ᠰᠠᠢᠲᠠᠶ ᠬᠠᠮᠲᠤᠷᠠᠯᠴᠠᠭᠠᠨ ᠤ᠋ ᠲᠥᠷᠥᠯ ᠵᠦᠶ᠋ᠯ ᠶ᠋ᠢᠡᠨ ᠲᠠᠨᠢᠯᠴᠠᠭᠤᠯᠪᠠ᠃
ᠲᠣᠰ ᠤᠳᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠢ᠋ ᠠᠮᠵᠢᠯᠲᠠᠲᠠᠶ ᠡᠷᠭᠢᠯᠡᠭ᠌ᠰᠡᠨᠨᠢ ᠥᠪᠥᠷ ᠮᠣᠩᠭᠣᠯ ᠤ᠋ᠨ 《ᠲᠠᠪᠴᠠᠩ ᠪᠠᠢᠭᠤᠯᠬᠤ᠂ ᠣᠨᠣᠴᠠᠲᠠᠶ ᠵᠣᠯᠭᠠᠭᠤᠯᠬᠤ᠂ ᠲᠥᠷᠥ ᠶ᠋ᠢᠨ ᠪᠣᠳᠣᠯᠭᠠᠪᠠᠷ ᠬᠦᠴᠦᠨ ᠣᠯᠭᠣᠬᠤ 》 ᠠᠷᠭ᠎ᠠ ᠬᠡᠮᠵᠢᠶ᠎ᠡᠪᠡᠷ ᠠᠵᠤ ᠠᠬᠤᠢᠯᠠᠯ ᠢ᠋ ᠲᠤᠰᠠᠯᠠᠬᠤ ᠠᠵᠢᠯᠯᠠᠭᠠᠶ᠋ᠢ ᠯᠠᠪᠳᠠᠭᠤᠨ ᠪᠠᠲᠤᠲᠠᠶ ᠠᠬᠢᠭᠤᠯᠵᠤ ᠪᠠᠢᠬᠤᠶ᠋ᠢ ᠢᠯᠡᠷᠡᠭᠦᠯᠵᠦ᠍᠂ ᠳᠤᠮᠳᠠᠳᠤ ᠤᠯᠤᠰ ( ᠥᠪᠥᠷ ᠮᠣᠩᠭᠣᠯ ) ᠬᠢᠭᠡᠳ ᠣᠷᠣᠰ ᠤ᠋ᠨ ᠬᠠᠮᠢᠶ᠎ᠠ ᠪᠥᠬᠥᠶ ᠵᠧᠸ᠋ ᠣᠷᠣᠨ ᠤ᠋ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭᠠᠨ ᠤ᠋ ᠬᠠᠷᠢᠴᠠᠭᠠᠶ᠋ᠢ ᠤᠯᠠᠮ ᠨᠢᠭᠡ ᠠᠯᠬᠤᠮ ᠪᠡᠬᠢᠵᠢᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃