ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-02 12:45:42

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠠᠪᠤᠳᠤᠭᠠᠷ ᠬᠤᠭᠤᠴᠠᠭᠠᠨ᠎ᠤᠳᠤᠮᠳᠠᠳᠤ ᠤᠯᠤᠰ ︱ ᠮᠣᠩᠭᠣᠯ ᠤᠯᠤᠰ᠎ᠤᠨᠦᠵᠡᠰᠬᠦᠯᠡᠩ᠎ᠦᠨ ᠴᠤᠭᠯᠠᠭᠠᠨ 8 ᠰᠠᠷ᠎ᠠ᠎ᠶᠢᠨ25 ᠎ᠤ ᠡᠳᠦᠷ᠎ᠡᠴᠡ29 ᠎ᠦ ᠡᠳᠦᠷ ᠪᠣᠯᠲᠠᠯ᠎ᠠᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭᠳᠠᠨ᠎ᠠ᠃ 《ᠠᠰᠢᠭ ᠲᠤᠰᠠ ᠵᠢ ᠬᠠᠮᠲᠤᠪᠠᠷ ᠬᠦᠷᠲᠡᠬᠦ ᠵᠢ ᠭᠦᠨᠵᠡᠭᠡᠢᠷᠡᠬᠦᠯᠵᠦ᠂ᠬᠠᠮᠲᠤᠷᠠᠯᠴᠠᠨ ᠠᠰᠢᠭ᠋ ᠬᠦᠷᠳᠡᠬᠦ᠎ᠶᠢ ᠠᠬᠢᠭᠤᠯᠤᠶ᠎ᠠ》 ᠬᠡᠬᠦ ᠪᠡᠷ ᠭᠣᠣᠯ ᠰᠡᠳᠦᠪ ᠵᠢᠡᠨ ᠪᠣᠯᠭᠠᠭᠰᠠᠨ ᠳᠤᠰ ᠤᠳᠠᠭ᠎ᠠ᠎ᠶᠢᠨᠦᠪᠡᠳᠡᠭᠰᠢ ᠴᠤᠭᠯᠠᠭᠠᠨ ᠨᠢ ᠳᠤᠮᠳᠠᠳᠤ ᠮᠣᠩᠭᠣᠯ᠎ᠤᠨ ᠬᠠᠷᠢᠯᠴᠠᠭ᠎ᠠ ᠪᠠᠢᠭᠤᠯᠤᠭᠰᠠᠨ 76 ᠵᠢᠯ᠎ᠦᠨ ᠤᠢᠪᠣᠯᠣᠨ ᠦᠵᠡᠰᠬᠦᠯᠡᠩ᠎ᠦᠨ ᠴᠤᠭᠯᠠᠭᠠᠨ᠎ᠢ ᠡᠭᠦᠰᠬᠡᠨ ᠪᠠᠢᠭᠤᠯᠤᠭᠰᠠᠨ ᠠᠷᠪᠠᠨ ᠵᠢᠯ᠎ᠦᠨ ᠤᠢ᠎ᠶᠢᠨ ᠴᠢᠬᠤᠯᠠ ᠵᠠᠩᠭᠢᠯᠠᠭ᠎ᠠᠪᠣᠯᠬᠤ᠎ᠪᠠᠷ ᠪᠠᠷᠠᠬᠤ ᠦᠭᠡᠢ᠂ ᠨᠡᠩ ᠴᠤ᠌ ᠠᠷᠠᠯᠵᠢᠶᠠᠨ᠎ᠤ ᠲᠣᠭ᠎ᠠ ᠪᠠᠷᠢᠮᠲᠠ ᠦᠷᠭᠦᠯᠵᠢᠯᠡᠨ ᠳᠡᠭᠡᠭᠰᠢᠯᠡᠭᠰᠡᠨᠠᠬᠤᠢ ᠪᠠᠢᠳᠠᠯ ᠳᠣᠣᠷ᠎ᠠ᠂ ᠣᠷᠣᠨ ᠪᠦᠰᠡ᠎ᠶᠢᠨ ᠬᠠᠮᠲᠤᠷᠠᠯᠴᠠᠭ᠎ᠠ᠂ ᠠᠵᠤ ᠦᠢᠯᠡᠰ᠎ᠦᠨ ᠬᠠᠮᠵᠢᠯᠴᠠᠭ᠎ᠠ᠂ ᠰᠢᠨ᠎ᠡ᠎ᠶᠢᠡᠭᠦᠳᠬᠦ ᠠᠭᠤᠰᠤᠯᠴᠠᠯ᠎ᠤᠨ ᠤᠯᠠᠨ ᠰᠢᠨ᠎ᠡ ᠠᠵᠠ ᠲᠣᠬᠢᠶᠠᠯ ᠬᠠᠳᠠᠭᠠᠯᠠᠭᠳᠠᠵᠤ ᠪᠠᠢᠨ᠎ᠡ᠃


11.jpg

ᠲᠠᠪᠤᠳᠤᠭᠠᠷ ᠬᠤᠭᠤᠴᠠᠭᠠᠨ᠎ᠤᠳᠤᠮᠳᠠᠳᠤ ᠤᠯᠤᠰ ︱ ᠮᠣᠩᠭᠣᠯ ᠤᠯᠤᠰ᠎ᠤᠨᠦᠵᠡᠰᠬᠦᠯᠡᠩ᠎ᠦᠨ ᠴᠤᠭᠯᠠᠭᠠᠨ᠎ᠤ ᠲᠤᠰᠬᠠᠢ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ᠎ᠤᠨ ᠠᠬᠤᠢ ᠲᠠᠯᠠᠪᠠᠢ

ᠬᠠᠮᠵᠢᠯᠴᠠᠭᠠᠨ᠎ᠤᠴᠢᠭᠯᠡᠯ᠄ ᠰᠢᠨ᠎ᠡ ᠲᠠᠪᠴᠠᠩ᠂ ᠰᠢᠨ᠎ᠡ ᠬᠣᠯᠪᠣᠭᠠᠰᠤ᠂ ᠰᠢᠨ᠎ᠡ ᠲᠤᠯᠬᠤ ᠴᠡᠭ

ᠳᠤᠮᠳᠠᠳᠤ ᠤᠯᠤᠰ︱ᠮᠣᠩᠭᠣᠯ ᠤᠯᠤᠰ᠎ᠤᠨ ᠦᠵᠡᠰᠬᠦᠯᠡᠩ᠎ᠦᠨ ᠴᠤᠭᠯᠠᠭᠠᠨ ᠨᠢ ᠳᠤᠮᠳᠠᠳᠤ ᠮᠣᠩᠭᠣᠯ᠎ᠤᠨ ᠬᠠᠮᠲᠤᠷᠠᠯᠴᠠᠭ᠎ᠠ᠎ᠳᠤᠰᠠᠭᠤᠷᠢᠯᠠᠭᠰᠠᠨ᠎ᠢᠶᠠᠷ ᠪᠠᠷᠠᠬᠤ ᠦᠭᠡᠢ᠂ ᠪᠠᠰᠠ ᠵᠡᠭᠦᠨ ᠬᠣᠢᠲᠤ ᠠᠽᠢᠶ᠎ᠠ᠎ᠶᠢᠨ ᠭᠠᠵᠠᠷ ᠣᠷᠣᠨ ᠪᠠ 《ᠨᠢᠭᠡ ᠪᠦᠰᠡ ᠨᠢᠭᠡᠵᠠᠮ》 ᠳᠠᠭᠠᠤ᠎ᠶᠢᠨ ᠤᠯᠤᠰ᠎ᠤᠳ᠎ᠢᠪᠠᠭᠳᠠᠭᠠᠵᠠᠢ᠃ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ᠲᠦᠷᠦᠭᠦᠸ᠋ ᠳᠥᠷᠪᠡᠨ ᠬᠤᠭᠤᠴᠠᠭᠠᠨ᠎ᠤ ᠲᠤᠮᠳᠠᠳᠦ ᠮᠤᠩᠭᠤᠯ᠎ᠤᠨ ᠦᠵᠡᠰᠬᠦᠯᠡᠩ᠎ᠦᠨ ᠴᠤᠭᠯᠠᠭᠠᠨ᠎ᠳᠤ 40 ᠭᠠᠷᠤᠢ ᠤᠯᠤᠰᠪᠠ ᠭᠠᠵᠠᠷ ᠣᠷᠣᠨ᠂ 8000 ᠭᠠᠷᠤᠢ ᠠᠵᠤᠠᠬᠤᠢᠯᠠᠯ ᠣᠷᠣᠯᠴᠠᠨ ᠭᠠᠷ᠎ᠤᠨ ᠥᠰᠥᠭ ᠵᠢᠷᠤᠵᠤ᠂ ᠬᠠᠮᠲᠤᠷᠠᠯᠴᠠᠭᠠᠨ ᠤ᠋ ᠵᠦᠪᠯᠡᠯᠴᠡᠭᠡᠷ 600 ᠰᠢᠬᠠᠮ ᠪᠤᠯᠪᠠ᠃ᠡᠭᠦᠨ᠎ᠳᠤ᠂ ᠭᠠᠭᠴᠠ ᠳᠥᠷᠪᠡᠳᠦᠭᠡᠷ ᠬᠤᠭᠤᠴᠠᠭᠠᠨ᠎ᠳ᠋ᠤ ᠵᠦᠪᠯᠡᠯᠴᠡᠬᠡᠷ ᠲᠤᠬᠢᠷᠠᠯᠴᠠᠬᠰᠠᠨ ᠵᠣᠭᠣᠰ᠎ᠤᠨ ᠲᠣᠭ᠎ᠠ 3800 ᠭᠠᠷᠤᠢ ᠳ᠋ᠦᠩᠰᠢᠭᠤᠷ ᠲᠥᠭᠥᠷᠢᠭ᠎ᠲᠦ ᠬᠦᠷᠦᠭᠰᠠᠨᠪᠠᠢᠨ᠎ᠡ ᠃


1754110511527.png

ᠳᠥᠷᠪᠡᠳᠦᠭᠡᠷ ᠬᠤᠭᠤᠴᠠᠭᠠᠨ᠎ᠤᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠳᠤ ᠪᠤᠳᠠᠰ᠎ᠤᠨ ᠪᠤᠰᠦ ᠰᠤᠶᠤᠯ᠎ᠤᠨ ᠦᠪ ᠬᠦᠮᠦᠰ᠎ᠤᠨ ᠠᠩᠬᠠᠷᠤᠯ᠎ᠢᠲᠠᠳᠠᠨ᠎ᠡ

ᠲᠣᠰ ᠬᠤᠭᠤᠴᠠᠭᠠᠨ᠎ᠤᠦᠵᠡᠰᠬᠦᠯᠡᠩ᠎ᠨᠢ 《ᠣᠷᠣᠨ ᠪᠦᠰᠡ᠎ᠶᠢᠨ ᠰᠢᠨᠵᠢ᠂ ᠨᠡᠭᠡᠭᠡᠯᠲᠡᠲᠤ ᠰᠢᠨᠵᠢ᠂ ᠣᠯᠠᠨ ᠡᠰᠢᠲᠦ ᠰᠢᠨᠵᠢ》᠎ᠶᠢ ᠨᠠᠩ ᠳᠣᠪᠣᠶ᠋ᠢᠯᠭᠠᠪᠠ᠄ᠨᠢᠭᠡ ᠲᠠᠯ᠎ᠠ᠎ᠪᠠᠷ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠂ GTI ᠵᠡᠷᠭᠡ ᠣᠯᠠᠨ ᠲᠠᠯ᠎ᠠ᠎ᠶᠢᠨᠬᠠᠮᠲᠤᠷᠠᠯᠴᠠᠭᠠᠨ᠎ᠤ ᠲᠣᠭᠲᠠᠴᠠ᠎ᠶᠢᠨ ᠦᠢᠯᠡᠳᠦᠯ᠎ᠢ ᠪᠠᠳᠠᠷᠠᠭᠤᠯᠵᠤ᠂ 《ᠨᠢᠭᠡ ᠪᠦᠰᠡ ᠨᠢᠭᠡᠵᠠᠮ》᠎ᠤᠨ ᠰᠠᠨᠠᠭᠠᠴᠢᠯᠠᠭ᠎ᠠ᠎ᠶᠢᠮᠣᠩᠭᠣᠯ ᠤᠯᠤᠰ᠎ᠤᠨ 《ᠲᠠᠯ᠎ᠠ ᠨᠤᠲᠤᠭ᠎ᠤᠨᠵᠠᠮ》᠎ᠤᠨ ᠰᠠᠨᠠᠭᠠᠴᠢᠯᠠᠭ᠎ᠠ᠎ᠲᠠᠢᠵᠣᠯᠭᠠᠭᠤᠯᠬᠤ᠎ᠶᠢ ᠠᠬᠢᠭᠤᠯᠤᠨ᠎ᠠ᠃ ᠨᠥᠭᠥᠭᠡ ᠲᠠᠯ᠎ᠠ᠎ᠪᠠᠷ᠂ ᠵᠡᠭᠦᠨ ᠬᠣᠢᠲᠤ ᠠᠽᠢᠶ᠎ᠠ᠎ᠶᠢᠨ ᠡᠯ᠎ᠡ ᠤᠯᠤᠰ᠎ᠲᠤᠰᠠᠭᠤᠷᠢᠯᠠᠵᠤ᠂《ᠨᠢᠭᠡ ᠪᠦᠰᠡᠨᠢᠭᠡ ᠵᠠᠮ》ᠢ᠋ ᠬᠠᠮᠲᠤ᠎ᠪᠠᠷᠪᠦᠲᠦᠭᠡᠨ ᠪᠠᠶ᠋ᠢᠭᠤᠯᠬᠤ᠎ᠶᠢ ᠠᠬᠢᠭᠤᠯᠵᠥ᠂ ᠪᠥᠬᠥ ᠪᠥᠮᠪᠥᠷᠴᠡᠭ᠎ᠦᠨ ᠵᠠᠬ᠎ᠠ ᠳᠡᠯᠭᠡᠭᠦᠷ᠎ᠢ ᠲᠠᠰᠤᠷᠠᠯᠲᠠ ᠦᠭᠡᠢᠥᠷᠭᠡᠳᠬᠡᠨ᠎ᠡ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2024 ᠣᠨ᠎ᠳᠤ ᠥᠪᠥᠷᠮᠣᠩᠭᠣᠯ᠎ᠤᠨ 《ᠨᠢᠭᠡ ᠪᠦᠰᠡᠨᠢᠭᠡ ᠵᠠᠮ》 ᠢ᠋ ᠬᠠᠮᠲᠤ᠎ᠪᠠᠷᠪᠦᠲᠦᠭᠡᠨ ᠪᠠᠶ᠋ᠢᠭᠤᠯᠬᠤ᠎ᠤᠯᠤᠰ ᠯᠤᠭ᠎ᠠ ᠵᠢᠨ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠥᠷᠲᠡᠭ ᠨᠢᠭᠡᠨᠲᠡ8150 ᠳ᠋ᠦᠩᠰᠢᠭᠤᠷᠲᠥᠭᠥᠷᠢᠭ ᠲᠤ᠌ ᠬᠦᠷᠴᠦ᠂ ᠠᠳᠠᠯᠢ ᠬᠤᠭᠤᠴᠠᠭᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠥᠷᠲᠡᠭ᠎ᠦᠨ60.4%᠎ᠶᠢ ᠡᠵᠡᠯᠡᠪᠡ᠂ᠦᠵᠡᠰᠬᠦᠯᠡᠩ᠎ᠦᠨ ᠴᠤᠭᠯᠠᠭᠠᠨ ᠨᠢ ᠡᠨᠡ ᠬᠦ᠌ ᠨᠦᠯᠦᠭᠡᠯᠡᠬᠦ ᠦᠢᠯᠡᠳᠦᠯ᠎ᠢ ᠤᠯᠠᠮ ᠨᠢᠭᠡ ᠠᠯᠬᠤᠮ ᠦᠷᠭᠡᠳᠭᠡᠬᠦᠪᠣᠯᠣᠨ᠎ᠠ᠃

ᠳᠤᠮᠳᠠᠳᠤ ᠮᠣᠩᠭᠣᠯ᠎ᠤᠨᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ ᠨᠢ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤᠬᠦᠴᠦᠷᠬᠡᠭ ᠶᠡᠬᠡ ᠤᠶᠠᠨ ᠬᠠᠳᠠᠨ ᠴᠢᠨᠠᠷ ᠪᠠ ᠳᠠᠯᠳᠠ ᠬᠦᠴᠦᠨ ᠢ᠋ ᠭᠦᠢᠴᠡᠳ ᠬᠠᠷᠠᠭᠤᠯᠵᠠᠢ᠃ ᠲᠣᠰ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨᠨᠢ ᠤᠯᠤᠰ᠎ᠤᠨ ᠤᠮᠠᠷᠠᠰᠢ ᠨᠡᠭᠡᠭᠡᠯᠲᠡ ᠬᠢᠬᠦ ᠰᠢᠨ᠎ᠡ ᠲᠠᠪᠴᠠᠩ᠂ ᠣᠷᠣᠨ ᠪᠦᠰᠡ᠎ᠶᠢᠨ ᠠᠵᠤ ᠦᠢᠯᠡᠰ᠎ᠦᠨ ᠬᠡᠯᠬᠢᠶ᠎ᠡᠪᠠ ᠬᠠᠩᠭᠠᠯᠭ᠎ᠠ᠎ᠶᠢᠨ ᠬᠡᠯᠬᠢᠶ᠎ᠡ᠎ᠶᠢᠨ ᠬᠠᠮᠲᠤᠷᠠᠯᠴᠠᠭᠠᠨ᠎ᠤ ᠰᠢᠨ᠎ᠡ ᠬᠣᠯᠪᠣᠭᠠᠰᠤ᠂ ᠵᠡᠭᠦᠨ ᠬᠣᠢᠲᠤ ᠠᠽᠢᠶ᠎ᠠ᠎ᠶᠢᠨᠣᠷᠣᠨ ᠪᠦᠰᠡ᠎ᠶᠢᠨ ᠬᠠᠮᠲᠤᠷᠠᠯᠴᠠᠭᠠᠨ᠎ᠤ ᠰᠢᠨ᠎ᠡ ᠲᠤᠯᠬᠤ ᠴᠡᠭ᠎ᠢ ᠬᠦᠴᠦᠯᠡᠨ ᠪᠠᠢᠭᠤᠯᠬᠤ ᠪᠤᠯᠤᠨ᠎ᠠ᠃


ᠠᠵᠤᠦᠢᠯᠡᠰ᠎ᠦᠨ ᠬᠠᠮᠲᠤᠷᠠᠯᠴᠠᠭ᠎ᠠ᠄ ᠰᠢᠨ᠎ᠡ᠎ᠪᠡᠷᠮᠠᠨᠳᠤᠭᠰᠠᠨ ᠠᠵᠤ ᠦᠢᠯᠡᠰ᠎ᠦᠨ ᠬᠦᠷᠢᠶ᠎ᠠ ᠨᠢ《ᠰᠢᠪᠲᠤᠯᠤᠯᠲᠠ᠎ᠶᠢᠨᠴᠡᠭ》ᠪᠤᠯᠵᠦ᠂ ᠤᠯᠠᠮᠵᠢᠯᠠᠯᠲᠤᠠᠵᠤᠦᠢᠯᠡᠰ᠎ᠤᠨ ᠳᠠᠪᠠᠭᠤᠯᠢᠭ ᠳᠠᠭᠢᠨ ᠳᠡᠰ ᠳᠡᠪᠱᠢᠪᠡ

ᠳᠤᠮᠳᠠᠳᠤᠮᠣᠩᠭᠣᠯ᠎ᠤᠨ ᠠᠷᠠᠯᠵᠢᠶᠠᠨ᠎ᠤ ᠲᠣᠭ᠎ᠠᠨᠢᠭᠡᠨᠲᠡ ᠣᠯᠠᠨ ᠵᠢᠯ ᠳᠠᠷᠠᠭᠠᠯᠠᠨ ᠨᠡᠮᠡᠭᠳᠡᠵᠦ᠍᠂ 2024 ᠣᠨ᠎ᠤᠳᠤᠮᠳᠠᠳᠤ ᠤᠯᠤᠰ᠎ᠤᠨ ᠲᠠᠯ᠎ᠠ᠎ᠶᠢᠨ ᠪᠦᠷᠢᠳᠬᠡᠯ 186.2 ᠳ᠋ᠦᠩᠰᠢᠭᠤᠷᠳ᠋ᠣᠯᠯᠠᠷ(ᠠᠳᠠᠯᠢ ᠬᠤᠭᠤᠴᠠᠭᠠᠨ᠎ᠤ ᠬᠢ᠎ᠡᠴᠡ 10.1% ᠨᠡᠮᠡᠭᠳᠡᠪᠡ)ᠲᠤ᠌ᠬᠦᠷᠴᠦ᠍᠂ ᠮᠣᠩᠭᠣᠯ ᠤᠯᠤᠰ᠎ᠤᠨ ᠲᠠᠯ᠎ᠠ᠎ᠶᠢᠨᠪᠦᠷᠢᠳᠬᠡᠯ190.5 ᠳ᠋ᠦᠩᠰᠢᠭᠤᠷ ᠳ᠋ᠣᠯᠯᠠᠷ᠎ᠲᠤ᠌ ᠬᠦᠷᠴᠦ᠍᠂ 200 ᠳ᠋ᠦᠩᠰᠢᠭᠤᠷᠳ᠋ᠣᠯᠯᠠᠷ᠎ᠤᠨ ᠬᠠᠷᠠᠯᠲᠠ ᠳᠠᠢᠰᠢ ᠲᠣᠭᠲᠠᠭᠤᠨ᠎ᠢᠶᠠᠷ ᠤᠷᠤᠭᠰᠢᠯᠠᠵᠤᠪᠠᠶ᠋ᠢᠨ᠎ᠠ᠃ ᠲᠤᠰ ᠬᠤᠭᠤᠴᠠᠭᠠᠨ᠎ᠤ ᠦᠵᠡᠰᠬᠦᠯᠡᠩ᠎ᠦᠨᠴᠤᠭᠯᠠᠭᠠᠨ᠎ᠤ ᠬᠠᠮᠲᠤᠷᠠᠯᠴᠠᠭᠠᠨ᠎ᠤ ᠠᠵᠠᠲᠣᠬᠢᠶᠠᠯ ᠨᠢ ᠠᠯᠢ ᠡᠷᠲᠡ ᠤᠯᠠᠮᠵᠢᠯᠠᠯᠲᠤ᠌ ᠠᠷᠠᠯᠵᠢᠶᠠᠨ᠎ᠤ ᠬᠦᠷᠢᠶ᠎ᠡ ᠴᠠᠷᠠᠭ᠎ᠠ᠎ᠡᠴᠡ ᠳᠠᠪᠠᠵᠤ᠂ 《ᠰᠢᠨ᠎ᠡ᠎ᠪᠡᠷᠮᠠᠨᠳᠤᠭᠰᠠᠨ ᠠᠵᠤ ᠦᠢᠯᠡᠰ᠎ᠦᠨ ᠬᠦᠷᠢᠶᠡᠨ᠎ᠦ ᠰᠢᠪᠲᠤᠯᠤᠯᠲᠠ + ᠤᠯᠠᠮᠵᠢᠯᠠᠯᠲᠤ᠌ᠠᠵᠤ ᠦᠢᠯᠡᠰ᠎ᠦᠨ ᠲᠡᠰᠲᠡᠪᠰᠢᠯᠳᠠ》ᠵᠢᠨ ᠴᠢᠬᠤᠯᠠᠣᠨᠴᠠᠯᠢᠭ᠎ᠢ ᠢᠯᠡᠷᠡᠭᠦᠯᠪᠡ᠃


22.jpg


ᠠᠩᠬᠠᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠤ ᠬᠤᠭᠤᠴᠠᠭᠠᠨ᠎ᠳᠤ ᠣᠯᠠᠨ ᠲᠦᠮᠡᠨ ᠤᠷᠠᠨ ᠰᠠᠶ᠋ᠢᠬᠠᠨ᠎ᠤ ᠲᠣᠭᠯᠠᠯᠲᠠ᠎ᠶᠢ ᠰᠣᠨᠢᠷᠬᠠᠨ᠎ᠠ


ᠪᠣᠬᠢᠷᠲᠤᠯᠦᠭᠡᠢ ᠪᠠ ᠲᠣᠭᠠᠴᠢᠯᠠᠭᠰᠠᠨ ᠠᠵᠤᠠᠬᠤᠢ᠎ᠶᠢᠨ ᠬᠣᠣᠰ ᠱᠤᠭᠤᠮ᠎ᠤᠨ ᠬᠦᠴᠦ᠍ᠯᠡᠯ᠄ᠮᠣᠩᠭᠣᠯ ᠤᠯᠤᠰ ᠶᠠᠭ《ᠪᠣᠬᠢᠷᠲᠤᠯᠦᠭᠡᠢ ᠬᠥᠭᠵᠢᠯᠲᠡ᠎ᠶᠢᠨ ᠲᠦᠷᠦ᠎ᠶᠢᠨᠪᠤᠳᠤᠯᠭ᠎ᠠ》 ᠵᠢ ᠠᠬᠢᠭᠤᠯᠵᠤᠪᠤᠢ᠂ ᠳᠤᠮᠳᠠᠳᠤ ᠤᠯᠤᠰ ᠰᠢᠨ᠎ᠡ ᠡᠨᠧᠷᠭᠢ᠎ᠶᠢᠨ ᠬᠠᠮᠲᠤᠷᠠᠯᠴᠠᠭ᠎ᠠ᠎ᠳᠤᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠰᠬᠦᠯᠡᠩ᠎ᠦᠨᠴᠤᠭᠯᠠᠭᠠᠨ ᠨᠢ ᠳᠤᠮᠳᠠᠳᠤ ᠮᠣᠩᠭᠣᠯ᠎ᠤᠨ ᠴᠠᠬᠢᠯᠭᠠᠨᠬᠦᠴᠦᠨ᠎ᠦ ᠬᠢᠯᠢ ᠠᠯᠤᠰᠯᠠᠨ ᠬᠦᠷᠭᠡᠬᠦ᠌ ᠮᠡᠷᠭᠡᠵᠢᠯ᠂ 30 ᠭᠠᠷᠤᠢᠵᠦᠢᠯ᠎ᠦᠨ ᠰᠢᠨ᠎ᠡ ᠡᠨᠧᠷᠭᠢ ᠵᠢᠴᠢ ᠤᠳᠤ ᠦᠶ᠎ᠡ᠎ᠶᠢᠨ ᠨᠡᠭᠦᠷᠡᠰᠦᠬᠢᠮᠢ᠎ᠶᠢᠨ ᠠᠵᠤ ᠦᠢᠯᠡᠳᠪᠦᠷᠢ᠎ᠶᠢᠨ ᠦᠷ᠎ᠡᠪᠦᠲᠦᠭᠡᠯ᠂ ᠨᠢᠩ ᠳ᠋ᠧ ᠱ᠌ᠢ ᠳ᠋ᠠᠢ᠂ ᠯᠦᠩᠵᠶ᠋ᠢ ᠪᠣᠬᠢᠷᠲᠤᠯ ᠦᠭᠡᠢ ᠡᠨᠧᠷᠭᠢᠵᠡᠷᠭᠡ ᠪᠦᠬᠦ᠌ ᠪᠥᠮᠪᠥᠷᠴᠡᠭ᠎ᠦᠨ 500 ᠬᠦᠴᠦᠷᠬᠡᠭᠠᠵᠤ ᠠᠬᠤᠶ᠋ᠢᠯᠠᠯ᠎ᠤᠨ ᠲᠡᠷᠢᠭᠦᠨ᠎ᠦᠮᠡᠷᠭᠡᠵᠢᠯ᠎ᠢ ᠲᠥᠪᠯᠡᠷᠡᠭᠦᠯᠦᠨ ᠳᠡᠯᠭᠡᠨᠦᠵᠡᠭᠦᠯᠦᠨ᠎ᠡ᠃ ᠡᠭᠦᠨ᠎ᠦ ᠬᠠᠮᠲᠤ᠌᠂ ᠥᠪᠥᠷ ᠮᠣᠩᠭᠣᠯ᠎ᠤᠨ 《ᠪᠥᠬᠥ᠌ ᠤᠯᠤᠰ᠎ᠤᠨᠬᠠᠮᠤᠭ᠎ᠤᠨ ᠶᠡᠬᠡ ᠡᠭᠦᠯᠡᠨ ᠪᠤᠳᠤᠯᠲᠠ᠎ᠶᠢᠨ ᠬᠦᠷᠢᠶᠡᠯᠡᠩᠲᠣᠭᠣᠷᠢᠭ》᠎ᠦᠨ ᠳᠠᠪᠠᠭᠤᠯᠢᠭ᠎ᠲᠤ᠌ ᠲᠦᠰᠢᠭᠯᠡᠨ᠂ ᠪᠣᠬᠢᠷᠲᠤᠯᠥᠬᠡᠶ ᠪᠤᠳᠤᠯᠳᠠ ᠵᠢᠨ ᠬᠦᠴᠦᠨ ᠬᠢᠭᠡᠳᠵᠣᠬᠢᠶᠠᠮᠠᠯ ᠣᠶᠤᠨ ᠴᠢᠳᠠᠪᠤᠷᠢ᠎ᠶᠢᠨ ᠦᠵᠡᠭᠦᠯᠭᠡ᠎ᠶᠢᠨᠲᠣᠭᠣᠷᠢᠭ᠎ᠢ ᠳᠣᠭᠢᠷᠠᠭᠤᠯᠵᠤ᠂《ᠵᠡᠭᠦᠨᠳᠠᠬᠢᠳ᠋ᠠᠢᠲ᠋ᠠ ᠵᠢ ᠪᠠᠷᠠᠭᠤᠨᠳᠡᠬᠢ ᠪᠤᠳᠤᠯᠳᠠ ᠵᠢᠨ ᠬᠦᠴᠦᠨᠵᠢᠡᠷ ᠳᠤᠯᠭᠠᠭᠤᠷᠢᠯᠠᠬᠤ》 ᠱᠢᠢᠳᠪᠦᠷᠢᠯᠡᠬᠦ᠌ ᠲᠥᠰᠦᠯ ᠵᠢᠴᠢᠮᠣᠩᠭᠣᠯ ᠤᠯᠤᠰ᠎ᠤᠨ ᠰᠢᠨ᠎ᠡ ᠡᠨᠧᠷᠭᠢ᠎ᠶᠢᠨ ᠳ᠋ᠠᠶ᠋ᠢᠲ᠋ᠠ᠎ᠶᠢᠨᠲᠥᠪ᠎ᠦᠨ ᠲᠥᠯᠥᠪᠵᠢᠭᠦᠯᠭᠡ᠎ᠶᠢ ᠵᠢᠷᠤᠭ᠍ᠯᠠᠨ᠂ ᠲᠤᠰᠬᠠᠶᠬᠤᠳᠠᠯᠳᠤᠭᠠᠴᠢᠨ᠎ᠢ ᠲᠡᠳᠡᠨ ᠠᠪᠴᠢᠷᠠᠬᠤ ᠪᠤᠯᠤᠨ᠎ᠠ᠃

ᠭᠠᠳᠠᠭᠠᠳᠤᠠᠷᠠᠯᠵᠢᠶ᠎ᠠ ᠬᠢᠭᠡᠳ ᠦᠢᠯᠡᠳᠬᠦ᠌ ᠦᠢᠯᠡᠰ᠎ᠦᠨ ᠥᠷᠲᠡᠭᠨᠡᠮᠡᠭᠳᠡᠯ᠎ᠦᠨ ᠰᠢᠪᠲᠤᠯᠤᠯᠲᠠ᠄ᠳᠥᠷᠪᠡᠳᠦᠭᠡᠷ ᠬᠤᠭᠤᠴᠠᠭᠠᠨ᠎ᠤ ᠳᠤᠮᠳᠠᠳᠤᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ ᠳ᠋ᠤᠮᠣᠩᠭᠣᠯᠤᠯᠤᠰ ᠤ᠋ᠨ500 ᠭᠠᠷᠤᠶ ᠠᠵᠤ ᠠᠬᠤᠶ᠋ᠢᠯᠠᠯ᠂ 860 ᠭᠠᠷᠤᠶ ᠦᠢᠯᠡᠳᠪᠦᠷᠢᠯᠡᠭ᠌ᠴᠢᠳ ᠣᠷᠣᠯᠴᠠᠵᠤ᠂ ᠳᠡᠯᠭᠡᠨ ᠦᠵᠡᠭᠦᠯᠦᠭᠰᠡᠨ ᠦᠢᠯᠡᠳᠬᠦᠨ᠎ᠦ ᠲᠥᠷᠥᠯ ᠵᠦᠢᠯ᠎ᠨᠢ 113 ᠵᠦᠢᠯ᠎ᠳᠦ ᠬᠦᠷᠴᠦ᠍᠂ ᠶᠡᠷᠦᠩᠬᠡᠶ ᠪᠣᠷᠣᠯᠠᠭᠤᠯᠭ᠎ᠠ᠎ᠶᠢᠨᠬᠡᠮᠵᠢᠶ᠎ᠡ᠎ᠨᠢ600 ᠲᠦᠮᠡᠨ ᠲᠥᠭᠥᠷᠢᠭ (ᠪᠠᠷᠤᠭ 29 ᠳ᠋ᠦᠩᠰᠢᠭᠤᠷᠮᠣᠩᠭᠣᠯ ᠲᠦᠭᠦᠷᠢᠭ)᠎ᠲᠤ ᠬᠦᠷᠴᠡᠶ᠂ ᠡᠨᠡ ᠬᠦ᠌ ᠲᠣᠭ᠎ᠠ ᠪᠠᠷᠢᠮᠲᠠ᠎ᠨᠢ ᠬᠣᠶᠠᠷᠲᠠᠯ᠎ᠠ᠎ᠶᠢᠨ ᠬᠠᠮᠲᠤᠷᠠᠯᠴᠠᠭᠠᠨ᠎ᠤ ᠪᠣᠳᠠᠲᠠᠶᠦᠷ᠎ᠡ ᠪᠦᠲᠦᠭᠡᠯ᠎ᠢ ᠭᠦᠢᠴᠡᠳ ᠢᠯᠡᠷᠡᠭᠦᠯᠪᠡ᠃ᠲᠣᠰ ᠬᠤᠭᠤᠴᠠᠭᠠᠨ᠎ᠤ ᠦᠵᠡᠰᠬᠦᠯᠡᠩ᠎ᠦᠨᠴᠤᠭᠯᠠᠭᠠᠨ᠎ᠨᠢ ᠦᠢᠯᠡᠳᠪᠦᠷᠢᠯᠡᠬᠦ᠌ ᠴᠢᠳᠠᠪᠤᠷᠢ᠎ᠶᠢᠨᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠬᠦ᠌᠂ᠭᠠᠳᠠᠭᠠᠳᠤ ᠭᠠᠷᠭᠠᠯᠲᠠ᠎ᠶᠢᠨ ᠰᠢᠨ᠎ᠡᠠᠷᠭ᠎ᠠ ᠵᠠᠮ᠎ᠢ ᠨᠡᠭᠡᠭᠡᠬᠦ᠌᠂ ᠠᠵᠤᠠᠬᠤᠶ ᠠᠷᠠᠯᠵᠢᠶ᠎ᠠ ᠬᠢᠭᠡᠳᠪᠠᠯᠠ ᠣᠷᠣᠭᠤᠯᠤᠯᠲᠠ᠎ᠶᠢᠨ ᠬᠠᠮᠲᠤᠷᠠᠯᠴᠠᠭ᠎ᠠ᠎ᠶᠢᠥᠷᠭᠡᠳᠬᠡᠬᠦ᠌ ᠎ᠳᠦ ᠠᠩᠬᠠᠷᠤᠯ ᠎ᠢᠶᠠᠨ ᠲᠥᠪᠯᠡᠷᠡᠭᠦᠯᠵᠦ᠍᠂ᠰᠠᠶ᠋ᠢᠨ ᠰᠠᠶ᠋ᠢᠬᠠᠨ ᠬᠠᠮᠲᠤᠷᠠᠯᠴᠠᠭᠠᠨ᠎ᠤᠪᠠᠶ᠋ᠢᠳᠠᠯ᠎ᠢ ᠦᠷᠭᠦᠯᠵᠢᠯᠡᠭᠦᠯᠬᠦ᠌ ᠪᠣᠯᠤᠨ᠎ᠠ᠃


44.jpg


ᠳᠦᠷᠪᠡᠳᠦᠭᠡᠷ ᠬᠤᠭᠤᠴᠠᠭᠠᠨ᠎ᠤ ᠳᠤᠮᠳᠠᠳᠤ ᠮᠤᠡᠭᠭᠤᠯ᠎ᠤᠨ ᠦᠵᠡᠰᠭᠦᠯᠡᠡᠭ᠎ᠤᠨ ᠴᠤᠭᠯᠠᠭᠠᠨ᠎ᠳᠦᠭᠦᠮᠦᠨ᠎ᠤ ᠳᠠᠯᠠᠢ ᠪᠤᠯᠵᠤ᠂ ᠭᠦᠮᠦᠰ ᠳᠤᠷᠠᠳᠠᠢ ᠪᠠᠬᠠᠳᠠᠢ ᠵᠦᠢᠯᠡᠰ ᠵᠢᠠᠨ ᠠᠪᠴᠠᠭᠠᠨ᠎ᠠ

ᠦᠵᠡᠭᠦᠯᠭᠡ᠎ᠶ᠋ᠢᠨᠰᠢᠨ᠎ᠡ᠎ᠶ᠋ᠢ ᠡᠭᠦᠳᠬᠦ᠄ 《ᠳᠥᠷᠪᠡᠨ ᠶᠡᠬᠡ ᠰᠢᠪᠲᠤᠯᠤᠯᠲᠠ》 ᠨᠢ ᠭᠦᠨ ᠨᠡᠪᠴᠢᠬᠦ᠌ᠮᠠᠶᠢᠭ᠎ᠤᠨ ᠬᠠᠮᠲᠤᠷᠠᠯᠴᠠᠭᠠᠨ᠎ᠤ ᠠᠬᠤᠶ ᠪᠠᠢᠳᠠᠯ᠎ᠢ ᠪᠣᠶ ᠪᠤᠯᠭᠠᠨ᠎ᠠ

ᠲᠤᠰ ᠬᠤᠭᠤᠴᠠᠭᠠᠨ᠎ᠤᠦᠵᠡᠰᠬᠦᠯᠡᠩ᠎ᠦᠨ ᠴᠤᠭᠯᠠᠭᠠᠨ᠎ᠤ ᠦᠵᠡᠭᠦᠯᠭᠡ ᠳᠡᠭᠡᠷ᠎ᠡ 《ᠳᠡᠯᠡᠬᠡᠶ᠋ᠢᠴᠢᠯᠡᠯᠳᠠ᠂ ᠲᠤᠰᠬᠠᠶ᠋ᠢᠵᠢᠭᠤᠯᠤᠯᠳᠠ᠂ ᠲᠤᠭᠠᠴᠢᠯᠠᠯᠳᠠ᠂ᠴᠢᠨᠠᠷᠵᠢᠭᠤᠯᠤᠯᠳᠠ》 ᠬᠡᠬᠦ ᠲᠦᠷᠪᠡᠨ ᠶᠡᠬᠡ ᠰᠢᠪᠲᠤᠯᠤᠯᠲᠠ᠎ᠶ᠋ᠢ ᠪᠡᠶᠡᠯᠡᠭᠦᠯᠵᠦ᠍᠂ ᠨᠡᠩ ᠥᠨᠳᠥᠷ ᠪᠦᠲᠦᠮᠵᠢᠲᠡᠢᠬᠠᠮᠳᠤᠷᠠᠯᠴᠠᠭᠠᠨ ᠎ᠤ ᠪᠠᠢᠳᠠᠯ᠎ᠢ ᠬᠠᠩᠭᠠᠨ᠎ᠠ᠃ ᠳᠡᠯᠡᠬᠡᠢᠴᠢᠯᠠᠯᠳᠠ ᠵᠢᠨ ᠪᠦᠷᠬᠦᠴᠡ ᠨᠡᠩ ᠥᠷᠭᠡᠨ᠄ 6000ᠰᠢᠬᠠᠮ ᠳᠤᠮᠳᠠᠳᠤ ᠭᠠᠳᠠᠭᠠᠳᠤ᠎ᠶ᠋ᠢᠨ ᠵᠣᠴᠢᠨ᠂ 1500 ᠭᠠᠷᠤᠢ ᠠᠵᠤ ᠠᠬᠤᠢᠯᠠᠯ᠎ᠢ ᠤᠷᠢᠵᠤ᠂ ᠳᠤᠮᠳᠠᠳᠤ ᠮᠣᠩᠭᠣᠯᠤᠷᠤᠰ᠎ᠠᠴᠠ ᠭᠠᠳᠠᠨ᠎ᠠ ᠪᠠᠰᠠ ᠳᠤᠮᠳᠠᠳᠤ ᠠᠽᠢᠶ᠎ᠠ᠂ ᠵᠡᠭᠦᠨ ᠡᠮᠦᠨᠡᠲᠦ᠍ ᠠᠽᠢᠶ᠎ᠠ ᠵᠢᠴᠢ ᠪᠷᠠᠽᠢᠯ᠂ ᠺᠸᠨᠢᠶᠠᠵᠡᠷᠭᠡ 30 ᠭᠠᠷᠤᠢ ᠤᠯᠤᠰ᠎ᠢ ᠬᠠᠮᠤᠷᠴᠤ᠌᠂ 《ᠤᠯᠠᠨ ᠤᠯᠤᠰ᠎ᠤᠨᠨᠠᠢᠵᠠ᠎ᠶ᠋ᠢᠨ ᠲᠣᠭᠣᠷᠢᠭ》ᠤᠯᠠᠮ ᠴᠢᠨᠠᠭᠰᠢᠳᠠ ᠥᠷᠭᠡᠵᠢᠪᠡ᠃ ᠲᠤᠰᠬᠠᠶ᠋ᠢᠵᠢᠭᠤᠯᠤᠯᠳᠠᠵᠢᠨ ᠲᠠᠯ᠎ᠠ᠎ᠪᠠᠷ ᠨᠡᠩ ᠨᠠᠷᠢᠯᠢᠭ ᠣᠨᠣᠪᠴᠢᠲᠠᠶ᠄ ᠰᠢᠨ᠎ᠡ ᠡᠨᠧᠷᠭᠢ᠂ ᠠᠭᠤᠷᠬᠠᠶ᠎ᠶ᠋ᠢᠨ ᠦᠢᠯᠡᠰ᠂ ᠣᠲᠣ ᠦᠶ᠎ᠡ᠎ᠶ᠋ᠢᠨᠲᠠᠷᠢᠶᠠᠯᠠᠩ ᠮᠠᠯ ᠠᠵᠤ ᠠᠬᠤᠶ ᠵᠡᠷᠭᠡ ᠡᠯ᠎ᠡ ᠠᠵᠢᠯ ᠲᠦᠷᠦᠯ ᠎ᠦᠨ ᠲᠤᠰᠬᠠᠶ ᠦᠵᠡᠭᠦᠯᠭᠡ᠎ᠶ᠋ᠢᠨ ᠣᠷᠳᠣᠨ᠎ᠢ ᠳᠣᠭᠢᠷᠠᠭᠤᠯᠵᠤ᠂ 《ᠬᠢᠯᠢ ᠠᠯᠤᠰᠯᠠᠭᠰᠠᠨᠠᠵᠤ ᠦᠢᠯᠡᠰ᠎ᠦᠨ ᠬᠡᠯᠬᠢᠶ᠎ᠡ᠎ᠶ᠋ᠢᠨ ᠵᠢᠷᠤᠭ》 ᠵᠢᠡᠷ ᠳᠠᠮᠵᠢᠭᠤᠯᠤᠨᠣᠷᠣᠨ ᠪᠦᠰᠡ᠎ᠶ᠋ᠢᠨ ᠠᠵᠤ ᠦᠢᠯᠡᠰ᠎ᠦᠨ ᠬᠠᠮᠵᠢᠯᠴᠠᠬᠤ ᠠᠷᠭ᠎ᠠ ᠵᠠᠮ᠎ᠢ ᠰᠢᠭᠤᠳ ᠦᠵᠡᠭᠦᠯᠵᠦ᠍᠂《ᠳᠤᠮᠳᠠᠳᠤ ᠮᠣᠩᠭᠣᠯ᠎ᠤᠨᠠᠭᠤᠷᠬᠠᠶ᠎ᠶ᠋ᠢᠨ ᠦᠢᠯᠡᠰ᠎ᠦᠨ ᠬᠠᠮᠲᠤᠷᠠᠯᠴᠠᠭ᠎ᠠ᠎ᠶ᠋ᠢ ᠵᠣᠯᠭᠠᠭᠤᠯᠬᠤ ᠬᠤᠷᠠᠯ》᠂《ᠴᠡᠪᠡᠷ ᠡᠨᠧᠷᠭᠢ᠎ᠶ᠋ᠢᠰᠢᠨᠵᠢᠯᠡᠨ ᠪᠠᠢᠴᠠᠭᠠᠬᠤ》ᠵᠡᠷᠭᠡ ᠠᠵᠢᠯᠯᠠᠭ᠎ᠠ᠎ᠶ᠋ᠢ ᠵᠤᠬᠢᠶᠠᠨ ᠪᠠᠢᠭᠤᠯᠵᠤ᠂ᠠᠵᠤ ᠦᠢᠯᠡᠰ᠎ᠦᠨ ᠭᠦᠨᠵᠡᠭᠡᠶ ᠵᠣᠯᠭᠠᠯᠴᠠᠭ᠎ᠠ᠎ᠶ᠋ᠢ ᠴᠢᠩᠭᠠᠳᠬᠠᠨ᠎ᠠ᠃ ᠲᠤᠭᠠᠴᠢᠯᠠᠯᠳᠠ᠎ᠶ᠋ᠢ ᠤᠯᠠᠮ ᠰᠠᠢᠨ ᠪᠡᠶᠡᠴᠢᠯᠡᠨᠣᠢᠯᠠᠭᠠᠨ᠎ᠠ᠄ VR ᠮᠡᠷᠭᠡᠵᠢᠯ᠎ᠢ ᠠᠰᠢᠭᠯᠠᠨ《ᠴᠠᠭ ᠵᠠᠢ ᠠᠯᠤᠰᠯᠠᠭᠰᠠᠨ》᠎ᠪᠠᠢᠳᠠᠯ᠎ᠢᠪᠣᠶ ᠪᠣᠯᠭᠠᠵᠤ᠂ ᠦᠵᠡᠭᠴᠢᠳ ᠳᠤᠮᠳᠠᠳᠤ ᠮᠣᠩᠭᠣᠯ᠎ᠤᠨ ᠬᠢᠯᠢ ᠳᠡᠬᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠰᠠᠭᠤᠷᠢᠨ᠂ᠤᠶᠤᠨᠲᠤ᠌ ᠪᠣᠳᠣᠯᠭ᠎ᠠ᠎ᠶ᠋ᠢᠨ ᠲᠥᠪ᠎ᠦᠨ ᠪᠣᠳᠠᠲᠤ᠌ ᠪᠠᠢᠳᠠᠯ᠎ᠢ ᠪᠡᠶᠡᠴᠢᠯᠡᠨ ᠣᠢᠯᠠᠭᠠᠵᠤ ᠪᠣᠯᠤᠨ᠎ᠠ; ᠥᠪᠥᠷ ᠮᠣᠩᠭᠣᠯ᠎ᠤᠨ12 ᠲᠦᠮᠡᠨ P ᠪᠤᠳᠤᠯᠳᠠ ᠵᠢᠨ ᠬᠦᠴᠦᠨ(ᠣᠶᠤᠨᠴᠢ ᠪᠤᠳᠤᠯᠳᠠ ᠵᠢᠨ ᠬᠦᠴᠦᠨ ᠤ᠋ ᠡᠵᠡᠯᠡᠬᠦ᠌ᠬᠠᠷᠢᠴᠠᠯ 90%᠂ ᠪᠥᠬᠥ᠌ ᠤᠯᠤᠰ᠎ᠤᠨ ᠨᠢᠭᠡᠳᠦᠭᠡᠷ ᠎ᠲᠤ᠌ ᠤᠷᠤᠨ᠎ᠠ) ᠤ᠋ ᠳᠠᠪᠠᠭᠤᠯᠢᠭ᠎ᠨᠢ ᠲᠣᠭᠠᠴᠢᠯᠠᠭᠰᠠᠨ ᠠᠵᠤᠠᠬᠤᠶ᠎ᠶ᠋ᠢᠨ ᠬᠠᠮᠲᠤᠷᠠᠯᠴᠠᠭ᠎ᠠ᠎ᠳᠤ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ᠃ ᠴᠢᠨᠠᠷ ᠰᠠᠢᠲᠠᠢ ᠦᠢᠯᠡᠴᠢᠯᠡᠭᠡ᠎ᠨᠢᠬᠦᠮᠦᠰ ᠎ᠦᠨ ᠰᠡᠳᠬᠢᠯ᠎ᠢ ᠳᠤᠯᠠᠭᠠᠴᠠᠭᠤᠯᠤᠨ᠎ᠠ᠄ ᠦᠵᠡᠰᠬᠦᠯᠡᠩ᠎ᠳᠦ ᠣᠷᠣᠯᠴᠠᠭᠰᠠᠨ ᠠᠵᠤ ᠠᠬᠤᠢ᠍ᠢᠯᠠᠯ᠎ᠳᠤ 《ᠪᠦᠭᠦᠶᠠᠪᠤᠴᠠ᠎ᠳᠦ ᠴᠢᠨᠠᠷ ᠰᠠᠢᠳᠠᠢ ᠦᠢᠯᠡᠴᠢᠯᠡᠭᠡᠨ᠎ᠦ ᠪᠣᠭᠴᠣ》 (ᠦᠵᠡᠰᠬᠦᠯᠡᠩ᠎ᠦᠨᠪᠠᠢᠷᠢ᠎ᠶ᠋ᠢ ᠵᠢᠷᠤᠵᠤ ᠲᠦᠯᠦᠪᠯᠡᠬᠦ᠌᠎ᠡᠴᠡ ᠪᠣᠭᠣᠮᠲᠠ᠎ᠳᠤ ᠮᠡᠳᠡᠭᠦᠯᠬᠦ᠌ ᠪᠥᠬᠥ᠌ ᠶᠠᠪᠤᠴᠠ᠎ᠵᠢ ᠣᠷᠣᠯᠠᠨ ᠭᠦᠢᠴᠡᠳᠭᠡᠬᠦ᠌) ᠬᠠᠩᠭᠠᠵᠤ᠂ ᠲᠤᠰᠬᠠᠶ ᠮᠡᠷᠭᠡᠵᠢᠯ᠎ᠦᠨ ᠦᠵᠡᠭᠴᠢᠳ᠎ᠲᠦ᠍ 《ᠭᠠᠨᠴᠠ ᠬᠦᠮᠦᠨ ᠎ᠳᠦᠵᠤᠷᠢᠭᠤᠯᠤᠭᠰᠠᠨ ᠬᠤᠳᠠᠯᠳᠤᠭᠠᠨ᠎ᠤ ᠶᠠᠪᠤᠳᠠᠯ᠎ᠤᠨ ᠳᠣᠭᠢᠷᠠᠭᠤᠯᠭ᠎ᠠ》 ᠬᠠᠩᠭᠠᠵᠤ᠂ ᠣᠯᠠᠨᠨᠡᠢᠲᠡ᠎ᠳᠦ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠎ᠶ᠋ᠢᠨ ᠲᠣᠭᠯᠠᠯᠲᠠ᠂ ᠠᠮᠲᠠᠲᠤ᠌ ᠢᠳᠡᠭᠡᠨ᠎ᠢ ᠠᠮᠰᠠᠬᠤᠵᠡᠷᠭᠡ ᠪᠡᠶᠡᠴᠢᠯᠡᠨ ᠣᠢᠯᠠᠭᠠᠬᠤ ᠱᠢᠷᠢᠰ ᠠᠵᠢᠯᠯᠠᠭ᠎ᠠ ᠵᠤᠬᠢᠶᠠᠨ ᠪᠠᠢᠭᠤᠯᠵᠤ᠂ ᠲᠤᠰᠬᠠᠶ ᠮᠡᠷᠭᠡᠵᠢᠯ᠎ᠦᠨ ᠦᠨ᠎ᠡᠥᠷᠲᠡᠭ ᠪᠠ ᠣᠯᠠᠨ ᠲᠦᠮᠡᠨ᠎ᠦ ᠣᠷᠣᠯᠴᠠᠬᠤ ᠰᠡᠳᠬᠢᠯᠭᠡ᠎ᠶ᠋ᠢ ᠬᠠᠮᠲᠤ᠎ᠳᠤᠨᠢ ᠬᠠᠷᠠᠭᠠᠯᠵᠠᠨ᠎ᠠ᠃


ᠤᠷᠳᠤ ᠬᠤᠭᠤᠴᠠᠭᠠᠨ᠎ᠤᠦᠷ᠎ᠠ ᠪᠦᠲᠦᠮᠵᠢᠲᠡᠢ ᠠᠵᠠ ᠲᠣᠬᠢᠶᠠᠯ᠄ ᠲᠤᠮᠳᠠᠳᠤ ᠮᠤᠩᠭᠤᠯ ᠤ᠋ᠨ ᠦᠵᠡᠰᠭᠦᠯᠡᠩ ᠎ᠤᠨ ᠴᠤᠭᠯᠠᠭᠠᠨ᠎ᠳᠤ ᠭᠠᠷ᠎ᠤᠨᠦᠰᠦᠭ ᠵᠢᠷᠤᠬᠤ᠎ᠡᠴᠡ 《ᠠᠷᠠᠳ᠎ᠤᠨ ᠰᠡᠳᠬᠢᠯ᠎ᠤᠨ ᠨᠡᠪᠳᠡᠷᠡᠯᠴᠡᠭᠡ》 ᠬᠦᠷᠲᠡᠯ᠎ᠡ ᠦᠷᠭᠦᠯᠵᠢᠯᠡᠨᠬᠦᠴᠦᠨ ᠣᠯᠭᠣᠨ᠎ᠠ

ᠳᠤᠮᠳᠠᠳᠤ ᠮᠣᠩᠭᠣᠯ᠎ᠤᠨᠦᠵᠡᠰᠬᠦᠯᠡᠩ᠎ᠦᠨ ᠴᠤᠭᠯᠠᠭᠠᠨ᠎ᠤ ᠦᠨ᠎ᠡ ᠥᠷᠲᠡᠭ ᠨᠢ ᠣᠬᠣᠷ ᠬᠤᠭᠤᠴᠠᠭ᠎ᠠ᠎ᠪᠠᠷ ᠭᠡᠷ᠎ᠡ ᠲᠣᠭᠲᠠᠬᠤ᠎ᠪᠠᠷ ᠵᠣᠭᠰᠣᠬᠤᠦᠭᠡᠢ᠂ ᠨᠠᠩ ᠴᠤ᠌ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠲᠤᠷᠠᠯᠴᠠᠭᠠᠨ᠎ᠤ ᠠᠮᠢ ᠠᠬᠤᠢ ᠎ᠶᠢ ᠴᠤᠭᠴᠠᠯᠠᠬᠤᠶᠠᠪᠤᠳᠠᠯ ᠪᠤᠯᠤᠨ᠎ᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ᠳᠤᠮᠳᠠᠳᠤ ᠤᠯᠤᠰ ᠨᠢᠭᠡᠨᠲᠡ ᠮᠣᠩᠭᠣᠯ ᠤᠯᠤᠰ᠎ᠤᠨ ᠡᠯ᠎ᠡ ᠬᠦᠷᠢᠶᠡᠨ᠎ᠳᠡᠬᠢ 9700 ᠭᠠᠷᠤᠢ ᠴᠢᠳᠠᠪᠤᠷᠢᠲᠠᠨ᠎ᠢᠬᠥᠮᠥᠵᠢᠭᠦᠯᠭᠦ ᠵᠢ ᠲᠡᠳᠭᠦᠵᠤ᠂ 《ᠨᠢᠭᠡ ᠪᠦᠰᠡ ᠨᠢᠭᠡ ᠵᠠᠮ· ᠬᠡᠷᠡᠯ ᠭᠡᠭᠡ᠎ᠶᠢᠨ ᠠᠶᠠᠯᠠᠯ》 ᠨᠢ ᠮᠣᠩᠭᠣᠯᠤᠯᠤᠰ᠎ᠤᠨ 600 ᠭᠠᠷᠤᠢ ᠬᠠᠷᠠᠭᠠᠨ ᠤ᠋ ᠡᠪᠡᠳᠴᠢᠲᠡᠨ᠎ᠳᠦ ᠬᠡᠷᠡᠯ ᠭᠡᠭᠡ ᠤᠯᠭᠤᠪᠠ; 2024 ᠣᠨ᠎ᠳᠤ ᠥᠪᠥᠷᠮᠣᠩᠭᠣᠯ᠎ᠤᠨ ᠬᠢᠯᠢ᠎ᠶᠢᠨ ᠠᠷᠠᠳ᠎ᠤᠨ ᠬᠠᠷᠢᠯᠴᠠᠨ ᠠᠷᠠᠯᠵᠢᠶᠠᠯᠠᠬᠤ ᠵᠠᠬ᠎ᠠ ᠵᠢᠨ ᠠᠷᠠᠯᠵᠢᠶᠠᠨ᠎ᠤ ᠲᠣᠭ᠎ᠠ 7.8 ᠳ᠋ᠦᠩᠰᠢᠭᠤᠷᠲᠥᠭᠥᠷᠢᠭ᠎ᠲᠦ ᠬᠦᠷᠴᠦ (ᠠᠳᠠᠯᠢ ᠬᠤᠭᠤᠴᠠᠭᠠᠨ᠎ᠤ ᠬᠢ᠎ᠡᠴᠡ 113% ᠪᠠᠷ ᠨᠡᠮᠡᠭᠳᠡᠪᠡ)᠂15.8 ᠲᠦᠮᠡᠨ ᠬᠥᠮᠥᠨ ᠤᠳᠠᠭ᠎ᠠ ᠳ᠋ᠤ ᠠᠰᠢᠭ᠋ ᠭᠥᠷᠳᠡᠬᠡᠪᠡ ᠃

ᠲᠣᠰ ᠬᠤᠭᠤᠴᠠᠭᠠᠨ᠎ᠤᠦᠵᠡᠰᠬᠦᠯᠡᠩ ᠎ᠦᠨ ᠴᠤᠭᠯᠠᠭᠠᠨ᠎ᠤ ᠬᠤᠭᠤᠴᠠᠭᠠᠨ᠎ᠳᠤ᠂ 《ᠮᠣᠩᠭᠣᠯ ᠤᠯᠤᠰ᠎ᠤᠨᠡᠳᠦᠷ》᠂ 《ᠰᠢᠨᠵᠢᠯᠡᠬᠦ ᠤᠬᠠᠭᠠᠨᠲᠸᠭᠨᠢᠭ ᠮᠡᠷᠭᠡᠵᠢᠯ ᠪᠡ ᠦᠢᠯᠡᠰ ᠪᠤᠰᠬᠠᠬᠤ ᠶᠠᠷᠢᠶᠠᠨ ᠎ᠤ ᠲᠠᠪᠴᠠᠩ》ᠵᠡᠷᠭᠡ ᠰᠤᠶᠤᠯᠢᠷᠭᠡᠨᠰᠢᠯ ᠎ᠤᠨ ᠰᠣᠯᠢᠯᠴᠠᠭᠠᠨ᠎ᠤ ᠠᠵᠢᠯᠯᠠᠭ᠎ᠠ ᠠᠷᠠᠳ᠎ᠤᠨᠰᠡᠳᠬᠢᠯ᠎ᠦᠨ ᠨᠡᠪᠲᠡᠷᠡᠯᠴᠡᠭᠡ᠎ᠶᠢ ᠦᠷᠭᠦᠯᠵᠢᠯᠡᠨ ᠭᠦᠨᠵᠡᠭᠡᠢᠷᠡᠭᠦᠯᠦᠨ᠎ᠠ; ᠳᠤᠮᠳᠠᠳᠤ ᠮᠣᠩᠭᠣᠯ᠎ᠤᠨ ᠠᠯᠪᠠᠨ᠎ᠤᠲᠠᠯ᠎ᠠ ᠵᠢᠨ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠎ᠤ ᠵᠤᠯᠭᠠᠯᠴᠠᠭ᠎ᠠ ᠨᠢ ᠲᠥᠷᠥ ᠎ᠶᠢᠨ ᠪᠣᠳᠣᠯᠭ᠎ᠠ᠎ᠶᠢᠨᠨᠡᠪᠲᠡᠷᠡᠯᠴᠡᠭᠡ᠎ᠶᠢ ᠪᠠᠢᠩᠭᠤᠵᠢᠭᠤᠯᠵᠤ᠂ ᠪᠣᠬᠢᠷᠲᠤᠯ ᠦᠭᠡᠢ ᠡᠨᠧᠷᠭᠢ᠂ ᠢᠳᠡᠭᠡᠨ᠎ᠦ ᠠᠮᠤᠷ ᠲᠦᠪᠰᠢᠨ᠂ ᠵᠢᠭᠤᠯᠴᠢᠯᠠᠯ᠎ᠤᠨᠠᠵᠤ ᠦᠢᠯᠡᠰ ᠵᠡᠷᠭᠡ ᠣᠷᠳᠣ᠌ ᠬᠤᠭᠤᠴᠠᠭᠠᠨ᠎ᠤ ᠬᠠᠮᠲᠤᠷᠠᠯᠴᠠᠭ᠎ᠠ᠎ᠶᠢᠨ ᠬᠠᠷᠰᠢ ᠰᠠᠭᠠᠳ᠎ᠢ ᠠᠷᠢᠯᠭᠠᠬᠤ ᠪᠣᠯᠣᠨ᠎ᠠ᠃

190.5 ᠳ᠋ᠦᠩᠰᠢᠭᠤᠷᠳ᠋ᠣᠯᠯᠠᠷ᠎ᠤᠨ ᠠᠷᠠᠯᠵᠢᠶᠠᠨ᠎ᠤ ᠲᠣᠭ᠎ᠠ ᠡᠴᠡ 3800 ᠳ᠋ᠦᠩᠰᠢᠭᠤᠷᠲᠥᠭᠥᠷᠢᠭ᠎ᠦᠨ ᠵᠦᠪᠳᠡᠯᠴᠡᠬᠡᠷ ᠳᠤᠬᠢᠷᠠᠯᠴᠠᠬᠰᠠᠨ ᠦᠷ᠎ᠡ ᠪᠦᠲᠦᠭᠡᠯ ᠬᠦᠷᠲᠡᠯ᠎ᠡ᠂ ᠳᠤᠮᠳᠠᠳᠤ ᠮᠣᠩᠭᠣᠯ ᠤᠷᠤᠰ᠎ᠤᠨᠲᠡᠮᠦᠷ ᠵᠠᠮ᠎ᠤᠨ ᠬᠣᠯᠪᠣᠭᠠᠯᠠᠯ ᠡᠴᠡ ᠲᠣᠭᠠᠴᠢᠯᠠᠭᠰᠠᠨᠪᠣᠳᠣᠯᠳᠠ ᠵᠢᠨ ᠬᠦᠴᠦᠨ᠎ᠦ ᠬᠠᠮᠵᠢᠯᠴᠠᠭ᠎ᠠ ᠬᠦᠷᠲᠡᠯ᠎ᠡ᠂ ᠲᠠᠪᠤᠳᠤᠭᠠᠷ ᠬᠤᠭᠤᠴᠠᠭᠠᠨ ᠎ᠤ ᠳᠤᠮᠳᠠᠳᠤ ᠮᠣᠩᠭᠣᠯ᠎ᠤᠨᠦᠵᠡᠰᠬᠦᠯᠡᠩ᠎ᠦᠨ ᠴᠤᠭᠯᠠᠭᠠᠨ᠎ᠤ《ᠰᠢᠨ᠎ᠡ ᠠᠵᠠ ᠲᠣᠬᠢᠶᠠᠯ》 ᠨᠢ ᠲᠣᠭ᠎ᠠ ᠪᠠᠷᠢᠮᠲᠠᠨᠢᠭᠡᠪᠦᠷᠢ᠂ ᠵᠣᠯᠭᠠᠯᠴᠠᠭ᠎ᠠ ᠨᠢᠭᠡᠪᠦᠷᠢ᠂ ᠰᠣᠯᠢᠯᠴᠠᠭ᠎ᠠ ᠨᠢᠭᠡᠪᠦᠷᠢ ᠳ᠋ᠤ ᠨᠢᠭᠤᠬᠳᠠᠵᠤ ᠪᠤᠢ︱ ᠡᠨᠡ ᠨᠢ ᠣᠷᠣᠨ ᠪᠦᠰᠡ᠎ᠶᠢᠨ ᠠᠵᠤ ᠠᠬᠤᠢ᠎ᠶᠢᠨ ᠰᠡᠷᠭᠦᠯᠲᠡ᠎ᠶᠢᠨ《ᠲᠦᠷᠭᠡᠳᠬᠡᠭᠦᠷ》 ᠪᠣᠯᠬᠤ ᠪᠥᠭᠡᠳᠨᠡᠩ ᠴᠤ᠌ ᠳᠤᠮᠳᠠᠳᠤ ᠮᠣᠩᠭᠣᠯ᠎ᠤᠨ《ᠬᠠᠷᠢᠯᠴᠠᠨ ᠠᠰᠢᠭ᠍ᠲᠠᠢ ᠬᠠᠮᠲᠤᠪᠠᠷ ᠠᠰᠢᠭ᠋ ᠬᠦᠷᠳᠡᠬᠦ》 ᠵᠢᠨ ᠠᠮᠢᠳᠤᠯᠢᠭ᠋ᠲᠠᠢᠯᠪᠤᠷᠢ ᠪᠣᠯᠣᠨ᠎ᠠ᠃

ᠡᠭᠡ ᠪᠢᠴᠢᠭ᠄ ᠴᠢᠮᠪᠠᠢ

ᠤᠷᠴᠢᠭᠤᠯᠤᠭᠴᠢ᠄ᠱᠦ᠍ ᠭᠤᠸᠠᠡᠭ ᠤᠷᠭᠢᠯ ᠭᠦᠰᠡᠯᠡᠡᠭ ᠰᠠᠢᠨ᠎ᠠ

ᠭᠢᠨᠠᠭᠴᠢ᠄ᠸᠠᠡᠭ ᠢᠦᠢ ᠯᠦᠡᠭ

ᠭᠢᠨᠠᠨ ᠦᠢᠯᠡᠳᠦᠭᠴᠢ᠄ᠳ᠋ᠠᠢ ᠬᠤᠡᠭ ᠵᠤᠤ ᠵᠢᠡᠭ

ᠮᠠᠲᠸᠷᠢᠶᠠᠯ᠎ᠤᠨᠢᠷᠡᠯᠳᠠ᠄ ᠤᠯᠤᠰ᠎ᠤᠨ ᠬᠤᠳᠠᠯᠳᠤᠭ᠎ᠠ ᠠᠷᠠᠯᠵᠢᠶᠠᠨ᠎ᠤ ᠶᠠᠮᠤᠨ᠂ ᠰᠢᠨᠬᠤᠸᠠ ᠬᠤᠷᠢᠶ᠎ᠠ᠂ ᠦᠪᠦᠷ ᠮᠤᠡᠭᠭᠤᠯ᠎ᠤᠨᠬᠤᠳᠠᠯᠳᠤᠭ᠎ᠠ ᠠᠷᠠᠯᠵᠢᠶᠠᠨ᠎ᠤ ᠳᠢᠡᠭᠭᠢᠮ

ᠢᠷᠡᠯᠲᠡ ᠄ ᠲᠠᠯ᠎ᠠ ᠨᠤᠲᠤᠭ᠎ᠤᠨ ᠡᠭᠦᠯᠡ ᠰᠢᠯᠵᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面