2025-08-26 10:07:29
8 ᠰᠠᠷ᠎ᠠ᠎ᠶ᠋ᠢᠨ 25 ᠤ᠋ ᠡᠳᠦᠷ᠂ 《ᠤᠮᠠᠷᠠᠰᠢ ᠨᠡᠭᠡᠭᠡᠯᠲᠡ ᠬᠢᠵᠦ᠍ ᠢᠷᠡᠭᠡᠳᠦᠢ᠎ᠪᠡᠨ ᠬᠣᠯᠪᠣᠬᠤ》᠎ᠪᠡᠷ ᠭᠣᠣᠯ ᠰᠡᠳᠦᠪ ᠪᠣᠯᠭᠠᠭ᠍ᠰᠠᠨ ᠭᠤᠷᠪᠠᠳᠤᠭᠠᠷ ᠬᠤᠭᠤᠴᠠᠭᠠᠨ ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠢ ᠠᠷᠠᠯᠵᠢᠶᠠᠨ ᠤ ᠵᠥᠪᠳᠡᠯᠴᠡᠬᠡᠷ ᠦᠨ ᠬᠤᠷᠠᠯ ᠬᠥᠬᠡᠬᠣᠲᠠ᠎ᠳᠤ ᠡᠬᠢᠯᠡᠪᠡ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠯ᠎ᠡ ᠡᠲᠡᠭᠡᠳ᠎ᠦᠨ 300 ᠭᠠᠷᠤᠢ ᠲᠥᠯᠥᠭᠡᠯᠡᠭ᠌ᠴᠢ ᠴᠤᠭ᠍ᠯᠠᠷᠠᠵᠤ᠂ ᠬᠠᠮᠲᠤᠷᠠᠯᠴᠠᠭᠠᠨ᠎ᠤ ᠶᠡᠬᠡ ᠪᠤᠳᠤᠯᠭ᠎ᠠ᠎ᠶ᠋ᠢ ᠬᠠᠮᠲᠤ ᠪᠠᠷ ᠵᠥᠪᠯᠡᠵᠦ᠍᠂ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠬᠠᠮᠲᠤ ᠪᠠᠷ ᠡᠷᠢᠯᠬᠢᠯᠡᠪᠡ᠃
ᠲᠤᠰᠭᠠᠶ ᠰᠡᠳᠦᠪᠲᠦ ᠲᠠᠨᠢᠯᠴᠠᠭᠤᠯᠭ᠎ᠠ ᠶ᠋ᠢᠨ ᠭᠣᠭ᠍ᠴᠣᠭ᠎ᠠ᠎ᠳᠤ ᠮᠣᠩᠭᠣᠯ ᠤᠯᠤᠰ᠂ ᠣᠷᠣᠰ᠂ ᠶᠠᠫᠣᠨ ᠵᠡᠷᠭᠡ ᠤᠯᠤᠰ ᠤ᠋ᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠥᠬᠥᠶ ᠤᠳᠤᠷᠢᠳᠤᠯᠭ᠎ᠠ ᠲᠣᠰ ᠲᠣᠰ ᠲᠠᠨᠢᠯᠴᠠᠭᠤᠯᠭ᠎ᠠ ᠬᠢᠪᠠ᠃
ᠵᠥᠪᠳᠡᠯᠴᠡᠬᠡᠷ᠎ᠦᠨ ᠬᠤᠷᠠᠯ᠎ᠤᠨ ᠲᠤᠬᠠᠶ᠎ᠶ᠋ᠢᠨ ᠲᠠᠯᠠᠪᠠᠶ᠎ᠳᠤ 《ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠢ ᠬᠠᠮᠲᠤ᠎ᠪᠠᠷ ᠬᠥᠭ᠌ᠵᠢᠬᠦᠯᠬᠦ ᠶᠡᠷᠦᠩᠬᠡᠶ ᠲᠥᠰᠦᠯ》 ᠢ᠋ ᠨᠡᠢᠲᠡᠯᠡᠵᠦ᠍᠂ ᠲᠤᠬᠠᠶ᠎ᠶ᠋ᠢᠨ ᠲᠠᠯᠠᠪᠠᠶ᠎ᠳᠤ 21 ᠭᠤᠤᠯᠳᠠᠯᠭ᠎ᠠ᠎ᠲᠠᠶ ᠲᠥᠷᠥᠯ ᠵᠦᠶ᠋ᠯ ᠲᠤᠬᠢᠷᠠᠯᠴᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 652.94 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠢᠯᠢ ᠠᠯᠤᠰᠯᠠᠭ᠍ᠰᠠᠨ ᠦᠶ᠋ᠯᠡᠴᠢᠯᠡᠭᠡᠨ᠎ᠦ ᠠᠷᠠᠯᠵᠢᠶ᠎ᠠ᠂ ᠠᠭᠤᠷᠬᠠᠶ᠎ᠶ᠋ᠢᠨ ᠡᠬᠢ ᠪᠠᠶᠠᠯᠢᠭ ᠢ ᠨᠡᠭᠡᠭᠡᠨ ᠬᠥᠭ᠌ᠵᠢᠭᠦᠯᠬᠦ᠌ ᠪᠠ ᠱᠢᠨ᠎ᠡ ᠡᠨᠧᠷᠭᠢ᠎ᠶ᠋ᠢᠨ ᠮᠡᠷᠭᠡᠵᠢᠯ᠎ᠦᠨ ᠬᠠᠮᠲᠤᠷᠠᠯᠴᠠᠭ᠎ᠠ᠎ᠶ᠋ᠢ ᠬᠠᠮᠤᠷᠴᠤ᠂ ᠡᠭᠦᠨ᠎ᠳᠦ ᠲᠦᠮᠡᠨ ᠭᠠᠵᠠᠷ᠎ᠤᠨ ᠴᠠᠶ᠎ᠶ᠋ᠢᠨ ᠵᠠᠮ᠎ᠤᠨ ᠦᠶ᠋ᠯᠡᠴᠢᠯᠡᠭᠡᠨ᠎ᠦ ᠠᠷᠠᠯᠵᠢᠶ᠎ᠠ ᠵᠢᠨ ᠲᠠᠪᠴᠠᠩ᠂ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠣᠷᠣᠰ᠎ᠲᠤ ᠭᠠᠷᠭᠠᠬᠤ ᠲᠥᠷᠥᠯ ᠵᠦᠶ᠋ᠯ ᠵᠡᠷᠭᠡ ᠣᠯᠠᠨ ᠬᠦᠷᠢᠶ᠎ᠡ ᠪᠠᠭ᠍ᠲᠠᠨ᠎ᠠ᠃
《ᠮᠣᠩᠭᠣᠯ ᠤᠯᠤᠰ ᠰᠠᠭᠤᠷᠢ ᠲᠥᠬᠥᠭᠡᠷᠦᠮᠵᠢ᠂ ᠡᠨᠧᠷᠭᠢ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠲᠠᠯ᠎ᠠ᠎ᠶ᠋ᠢ ᠬᠥᠭ᠌ᠵᠢᠭᠦᠯᠦᠨ᠎ᠡ᠂ ᠡᠨᠡ ᠤᠳᠠᠭ᠎ᠠ᠎ᠶ᠋ᠢᠨ ᠬᠤᠷᠠᠯ ᠨᠢ ᠪᠢᠳᠡᠨ᠎ᠦ ᠪᠦᠯᠬᠦᠮᠳᠡᠨ ᠬᠥᠭ᠌ᠵᠢᠬᠦ᠌᠎ᠳᠦ ᠮᠠᠰᠢ ᠶᠡᠬᠡ ᠬᠠᠪᠰᠤᠷᠤᠯᠭ᠎ᠠ ᠬᠠᠩᠭᠠᠵᠠᠢ》 ᠭᠡᠵᠦ᠍ ᠮᠣᠩᠭᠣᠯ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠬᠤᠷᠠᠯ᠎ᠦᠨ ᠲᠡᠷᠢᠭᠦᠯᠡᠭ᠌ᠴᠢ ᠪ᠊· ᡀᠠᠬᠠᠸᠠᠵᠠᠪ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠲᠣᠰ ᠬᠤᠭᠤᠴᠠᠭᠠᠨ᠎ᠤ ᠵᠥᠪᠳᠡᠯᠴᠡᠭᠡᠷ ᠤ᠋ᠨ ᠬᠤᠷᠠᠯ ᠨᠢ ᠣᠷᠣᠨ ᠪᠦᠰᠡ᠎ᠶ᠋ᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ᠎ᠳᠤ ᠱᠢᠨ᠎ᠡ ᠬᠦᠴᠦᠲᠡᠶ ᠬᠥᠳᠡᠯᠭᠡᠬᠦ᠌ ᠡᠨᠧᠷᠭᠢ ᠨᠡᠮᠡᠷᠢᠯᠡᠨ᠎ᠠ᠃ ᠣᠢᠷ᠎ᠠ ᠶ᠋ᠢᠨ ᠵᠢᠯ᠎ᠦᠨ ᠲᠤᠷᠰᠢ ᠮᠠᠨ᠎ᠤ ᠣᠷᠣᠨ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠵᠢ ᠪᠤᠢᠵᠢᠭᠤᠯᠤᠨ ᠪᠤᠵᠠᠭᠠᠢᠷᠭᠤᠯᠵᠤ᠂ ᠱᠢᠨ᠎ᠡ ᠴᠢᠨᠠᠷ ᠤᠨ ᠦᠶ᠋ᠯᠡᠳᠪᠦᠷᠢᠯᠡᠯ ᠦᠨ ᠬᠦᠴᠦᠨ ᠢ᠋ ᠦᠷᠭᠦᠯᠵᠢᠯᠡᠨ ᠨᠦᠬᠡᠴᠡᠯᠡᠵᠤ᠂ 2025 ᠣᠨ᠎ᠳᠤ 10 ᠶᠡᠬᠡ ᠠᠵᠤ ᠦᠶ᠋ᠯᠡᠰ ᠦᠨ ᠪᠦᠯᠦᠭ᠌ᠵᠢᠯ᠂ 21 ᠠᠵᠤ ᠦᠶ᠋ᠯᠡᠰ᠎ᠦᠨ ᠬᠡᠯᠬᠢᠶ᠎ᠡ ᠪᠣᠯᠤᠨ 34 ᠠᠵᠤ ᠦᠶ᠋ᠯᠡᠰ᠎ᠦᠨ ᠡᠵᠡᠩᠨᠡᠯᠲᠡ᠎ᠶ᠋ᠢᠨ ᠬᠡᠯᠪᠡᠷᠢ᠎ᠶ᠋ᠢ ᠱᠢᠰᠲ᠋ᠧᠮ᠎ᠲᠡᠶ ᠲᠥᠯᠥᠪᠵᠢᠭᠦᠯᠵᠦ᠍᠂ ᠪᠥᠬᠥ᠌ ᠣᠷᠣᠨ᠎ᠤ ᠬᠦᠴᠦᠨ᠎ᠢ ᠳᠠᠢᠴᠢᠯᠠᠨ ᠠᠵᠤ ᠦᠶ᠋ᠯᠡᠰ᠎ᠦᠨ ᠬᠡᠯᠬᠢᠶ᠎ᠡ ᠳ᠋ᠤ ᠣᠨᠣᠪᠴᠢᠲᠠᠶ᠎ᠪᠠᠷ ᠠᠷᠠᠯᠵᠢᠶᠠᠴᠢᠨ ᠤᠷᠢᠬᠤ᠎ᠶ᠋ᠢ ᠠᠬᠢᠭᠤᠯᠪᠠ᠃ ᠨᠡᠭᠦᠷᠡᠰᠦᠲᠥ᠋ᠷᠥᠭ᠌ᠴᠢ᠎ᠶ᠋ᠢ ᠬᠤᠷᠠᠮᠳᠤᠭᠤᠯᠬᠤ᠂ ᠪᠤᠬᠢᠷᠳᠤᠯ ᠦᠭᠡᠢ ᠴᠠᠬᠢᠯᠭᠠᠨ ᠪᠠ ᠠᠵᠤ ᠦᠶ᠋ᠯᠡᠰ᠎ᠦᠨ ᠰᠠᠭᠤᠷᠢ ᠳᠠᠪᠠᠭᠤᠯᠢᠭ᠎ᠲᠤ ᠲᠦᠱᠢᠭ᠌ᠯᠡᠨ ᠡᠨᠡ ᠵᠢᠯ᠎ᠦᠨ 1 — 7 ᠰᠠᠷ᠎ᠠ᠎ᠳᠤ ᠢᠯᠡᠳᠲᠡ ᠦᠷ᠎ᠡ ᠪᠦᠲᠦᠮᠵᠢ ᠣᠯᠵᠠᠶ᠄ ᠪᠥᠬᠥ᠌ ᠣᠷᠣᠨ ᠤ ᠠᠷᠠᠯᠵᠢᠶᠠᠴᠢᠨ ᠤᠷᠢᠵᠤ ᠪᠠᠯᠠ ᠮᠥᠩᠭᠥ ᠤᠷᠤᠭᠤᠯᠵᠤ ᠠᠪᠴᠢᠷᠠᠭᠰᠠᠨ ᠪᠣᠳᠠᠲᠠᠢ ᠬᠡᠮᠵᠢᠶ᠎ᠡ 3314.3 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 23.4% ᠨᠡᠮᠡᠭ᠌ᠳᠡᠵᠦ᠍᠂ ᠬᠢᠯᠢ ᠵᠢᠨ ᠪᠣᠭᠣᠮᠲᠠ᠎ᠶ᠋ᠢᠨ ᠪᠠᠷᠠᠭᠠᠨ ᠤ ᠲᠡᠭᠡᠭᠡᠪᠦᠷᠢ᠎ᠶ᠋ᠢᠨ ᠬᠡᠮᠵᠢᠶ᠎ᠡ 7421.3 ᠲᠦᠮᠡᠨ ᠲᠣᠨ᠎ᠳᠤ ᠬᠦᠷᠴᠦ᠍᠂ ᠠᠳᠠᠯᠢ ᠬᠤᠭᠤᠴᠠᠭᠠᠨ ᠤ ᠬᠢ᠎ᠡᠴᠡ 7.6 % ᠨᠡᠮᠡᠭ᠌ᠳᠡᠵᠦ᠍᠂ ᠤᠮᠠᠷᠠᠰᠢ ᠨᠡᠭᠡᠭᠡᠯᠲᠡ ᠬᠢᠬᠦ᠌ ᠨᠢ ᠶᠠᠰᠤ ᠴᠢᠨᠠᠷ ᠲᠤᠭ᠎ᠠ ᠬᠡᠮᠵᠢᠶ᠎ᠠ ᠵᠡᠷᠭᠡ ᠪᠡᠷ ᠳᠡᠭᠡᠭ᠌ᠰᠢᠯᠡᠭ᠌ᠰᠡᠨ ᠰᠠᠢᠨ ᠰᠠᠢᠬᠠᠨ ᠪᠠᠢᠳᠠᠯ ᠢᠯᠡᠷᠡᠪᠡ᠃ ᠲᠣᠰ ᠤᠳᠠᠭ᠎ᠠ ᠲᠤᠬᠢᠷᠠᠯᠴᠠᠭᠰᠠᠨ 21 ᠭᠤᠤᠯᠳᠠᠯᠭ᠎ᠠ᠎ᠲᠠᠶ ᠲᠥᠷᠥᠯ ᠵᠦᠶ᠋ᠯ ᠨᠢ ᠡᠨᠡ ᠵᠢᠯ ᠦᠨ ᠬᠡᠷᠡᠭ᠌ᠵᠢᠭᠦᠯᠦᠭ᠌ᠰᠡᠨ 3186 ᠠᠷᠠᠯᠵᠢᠶᠠᠴᠢᠨ ᠤᠷᠢᠵᠤ ᠪᠠᠯᠠ ᠮᠦᠩᠭᠦ ᠣᠷᠣᠭᠤᠯᠤᠨ ᠠᠪᠴᠢᠷᠠᠭᠰᠠᠨ ᠲᠥᠷᠥᠯ ᠵᠦᠶ᠋ᠯ᠎ᠲᠡᠶ ᠲᠠᠪᠬᠤᠴᠠᠭᠰᠠᠨ ᠦᠢᠯᠡᠳᠦᠯ ᠦᠵᠡᠭᠦᠯᠵᠦ᠍᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠢ ᠤᠯᠠᠮ ᠨᠢᠭᠡ ᠠᠯᠬᠤᠮ ᠱᠢᠯᠤᠭᠤᠳᠭᠠᠵᠤ᠂ ᠬᠢᠯᠢ ᠠᠯᠤᠰᠯᠠᠭ᠍ᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠪᠣᠯᠤᠨ᠎ᠠ ᠭᠡᠵᠤ ᠲᠠᠨᠢᠯᠴᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃