ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-26 10:18:37

ᠵᠣᠬᠢᠶᠠᠭ᠍ᠴᠢ᠄ ᠵᠠᠩ ᠺᠦᠢ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 24 ᠎ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ ᠱ᠌ᠢ ᠭᠤᠸᠠᠩ ᠬᠤᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠠᠩ ᠵᠢᠨ ᠬᠥᠬᠡᠬᠣᠲᠠ᠎ᠳᠤ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠣᠷᠣᠯᠴᠠᠭ᠍ᠰᠠᠨ ᠭᠠᠳᠠᠭᠠᠳᠤ᠎ᠶ᠋ᠢᠨ ᠵᠣᠴᠢᠳ᠎ᠲᠠᠶ ᠠᠭᠤᠯᠵᠠᠪᠠ᠃

ᠱ᠌ᠢ ᠭᠤᠸᠠᠩ ᠬᠤᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠢ ᠲᠦᠯᠦᠭᠡᠯᠡᠨ ᠡᠷᠬᠢᠮ ᠵᠣᠴᠢᠳ ᠎ᠢ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠭ᠌ᠰᠡᠨ ᠪᠥᠭᠡᠳ ᠥᠪᠥᠷ ᠮᠣᠩᠭᠣᠯ ᠎ᠤᠨ ᠦᠨᠳᠦᠰᠦᠨ ᠪᠠᠢᠳᠠᠯ᠎ᠢ ᠲᠦᠬᠦᠮ ᠲᠠᠨᠢᠯᠴᠠᠭᠤᠯᠪᠠ᠃ ᠲᠡᠷᠡ᠂ ᠤᠢ᠍ᠢᠷ᠎ᠠ᠎ᠶ᠋ᠢᠨ ᠵᠢᠯ᠎ᠡᠴᠡ ᠥᠪᠥᠷ ᠮᠣᠩᠭᠣᠯ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠶᠡᠷᠦᠩᠬᠡᠢ ᠱᠦᠵᠢ ᠰᠢ ᠵᠢᠨ ᠫᠢᠩ᠎ᠦᠨ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠠᠵᠤ ᠠᠬᠤᠢ ᠨᠡᠢᠭᠡᠮ ᠲᠦᠷᠭᠡᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠡᠬᠢ ᠪᠠᠶᠠᠯᠢᠭ᠂ ᠰᠠᠨᠰᠠᠷ᠂ ᠠᠮᠢ ᠠᠬᠤᠢ᠂ ᠣᠷᠣᠨ ᠪᠠᠢᠷᠢ ᠵᠡᠷᠭᠡ ᠲᠠᠯ᠎ᠠ᠎ᠪᠠᠷ ᠢᠯᠡᠳᠲᠡ ᠳᠠᠪᠠᠭᠤᠯᠢᠭ᠎ᠲᠠᠶ ᠪᠣᠯᠵᠠᠢ᠃ ᠡᠷᠬᠢᠮ ᠵᠣᠴᠢᠳ ᠬᠦᠭᠦᠷᠭᠡ ᠬᠤᠯᠪᠤᠭᠠᠰᠤ ᠪᠤᠯᠵᠤ᠂ ᠥᠪᠥᠷ ᠮᠣᠩᠭᠣᠯ ᠢ᠋ ᠬᠠᠪᠰᠤᠷᠤᠨ ᠡᠯ᠎ᠡ ᠤᠯᠤᠰ᠎ᠯᠤᠭ᠎ᠠ ᠰᠣᠶᠣᠯ ᠢᠷᠭᠡᠨᠱᠢᠯ᠎ᠦᠨ ᠰᠣᠯᠢᠯᠴᠠᠭ᠎ᠠ ᠪᠣᠯᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠠᠵᠤ ᠦᠢᠯᠡᠰ᠂ ᠬᠣᠯᠪᠣᠯᠳᠤᠨ ᠨᠡᠪᠲᠡᠷᠡᠯᠴᠡᠬᠦ᠌ ᠵᠡᠷᠭᠡ ᠬᠦᠷᠢᠶᠡᠨ᠎ᠦ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠬᠠᠮᠲᠤ᠎ᠪᠠᠷ ᠠᠱᠢᠭ ᠬᠦᠷᠳᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠬᠦᠰᠡᠵᠦ᠍ ᠪᠠᠢᠨ᠎ᠠ ᠭᠡᠪᠡ᠃

ᠮᠣᠽᠠᠮᠪᠢᠺ ᠎ᠤᠨ ᠳᠤᠮᠳᠠᠳᠤ ᠤᠯᠤᠰ ᠎ᠲᠤ ᠰᠠᠭᠤᠭ᠎ᠠ ᠡᠯᠴᠢᠨ ᠰᠠᠢᠳ ᠮᠠᠯᠢᠶᠠ·ᠭᠦᠰᠲ᠋ᠠᠸᠠ ᠡᠯ᠎ᠡ ᠤᠯᠤᠰ ᠎ᠤᠨ ᠵᠣᠴᠢᠳ ᠢ᠋ ᠲᠦᠯᠦᠭᠡᠯᠡᠨ ᠤᠷᠢᠯᠭ᠎ᠠ᠎ᠪᠠᠷ ᠲᠠᠪᠤᠳᠤᠭᠠᠷ ᠬᠤᠭᠤᠴᠠᠭᠠᠨ ᠎ᠤ ᠳᠤᠮᠳᠠᠳᠤ ᠮᠣᠩᠭᠣᠯ ᠎ᠤᠨ ᠦᠵᠡᠰᠭᠦᠯᠡᠩ ᠎ᠦᠨ ᠴᠤᠭ᠍ᠯᠠᠭᠠᠨ ᠎ᠳᠤ ᠣᠷᠣᠯᠴᠠᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ ᠭᠡᠵᠦ᠍ ᠢᠯᠡᠳᠭᠡᠪᠡ᠃ ᠲᠡᠷᠡ᠂ 《ᠨᠢᠭᠡ ᠪᠦᠰᠡ ᠨᠢᠭᠡ ᠵᠠᠮ》ᠤ᠋ᠨ ᠰᠠᠨᠠᠭᠠᠴᠢᠯᠠᠭ᠎ᠠ᠎ᠶ᠋ᠢᠨ ᠪᠤᠷᠤ ᠲᠦᠯᠦᠪ᠎ᠦᠨ ᠳᠣᠣᠷ᠎ᠠ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠠᠵᠤ ᠠᠬᠤᠢ ᠠᠷᠠᠯᠵᠢᠶ᠎ᠠ ᠵᠡᠷᠭᠡ ᠲᠠᠯ᠎ᠠ᠎ᠶ᠋ᠢᠨ ᠶᠠᠪᠤᠯᠴᠠᠭ᠎ᠠ ᠰᠣᠯᠢᠯᠴᠠᠭ᠎ᠠ᠎ᠪᠠᠨ ᠴᠢᠩᠭᠠᠳᠭᠠᠵᠤ᠂ ᠡᠬᠢ ᠪᠠᠶᠠᠯᠢᠭ᠎ᠢ ᠠᠱᠢᠭ᠍ᠯᠠᠬᠤ ᠲᠠᠯ᠎ᠠ ᠪᠡᠷ ᠦᠪᠦᠷ ᠮᠤᠩᠭᠤᠯ ᠤ᠋ᠨ ᠲᠡᠷᠢᠭᠦᠨ᠎ᠦ ᠲᠤᠷᠱᠢᠯᠭ᠎ᠠ᠎ᠶ᠋ᠢ ᠰᠤᠷᠤᠯᠴᠠᠵᠤ᠂ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢᠶᠡᠨ ᠲᠠᠰᠤᠷᠠᠯᠲᠠ ᠦᠭᠡᠢ ᠥᠷᠭᠡᠳᠭᠡᠬᠦ᠌᠎ᠶ᠋ᠢ ᠬᠦᠰᠡᠵᠦ᠍ ᠪᠠᠢᠨ᠎ᠠ ᠭᠡᠪᠡ᠃

ᠮᠣᠽᠠᠮᠪᠢᠺ᠂ ᠺᠠᠮᠪᠣᠵᠠ᠂ ᠺᠠᠽᠠᠭ᠍ᠰᠲ᠋ᠠᠨ᠂ ᠦᠷᠦᠢ᠍ᠭᠤᠸᠠᠢ᠂ ᠶᠠᠫᠣᠨ᠂ ᠤᠷᠤᠰ᠂ ᠲᠠᠢ ᠤᠯᠤᠰ᠂ ᠪᠸᠩᠭᠠᠯ ᠤᠯᠤᠰ᠂ ᠺᠸᠨᠢᠶᠠ᠂ ᠪᠢᠷᠮᠠ᠂ ᠠᠮᠧᠷᠢᠺᠠ ᠵᠡᠷᠭᠡ 11 ᠤᠯᠤᠰ᠎ᠡᠴᠡ ᠢᠷᠡᠭ᠌ᠰᠡᠨ ᠭᠠᠳᠠᠭᠠᠳᠤ᠎ᠶ᠋ᠢᠨ ᠵᠣᠴᠢᠳ ᠠᠭᠤᠯᠵᠠᠯᠲᠠ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面