2025-08-26 09:58:00
ᠥᠴᠥᠭᠡᠳᠦᠷ 《ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠤᠶ᠎ᠠ 》 ᠪᠡᠷ ᠭᠣᠣᠯ ᠰᠡᠳᠦᠪ ᠪᠣᠯᠭᠠᠭ᠍ᠰᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ ᠬᠥᠬᠡᠬᠣᠲᠠ᠎ᠳᠤ ᠡᠬᠢᠯᠡᠪᠡ᠃ 25 ᠤᠯᠤᠰ᠂ ᠭᠠᠵᠠᠷ ᠣᠷᠣᠨ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ ᠪᠣᠯᠤᠨ 1500 ᠭᠠᠷᠤᠢ ᠠᠵᠤ ᠠᠬᠤᠢᠯᠠᠯ ᠬᠥᠬᠡᠬᠣᠲᠠ᠎ᠳᠤ ᠴᠤᠭ᠍ᠯᠠᠷᠠᠵᠤ᠂ ᠤᠯᠠᠨ ᠵᠦᠢᠯ᠎ᠦᠨ ᠠᠵᠤ ᠠᠬᠤᠢ ᠠᠷᠠᠯᠵᠢᠶᠠᠨ᠎ᠤ ᠠᠵᠢᠯᠯᠠᠭ᠎ᠠ ᠰᠦᠷ ᠳᠠᠯᠠᠢᠴᠠᠲᠠᠢ ᠶᠠᠪᠤᠭ᠍ᠳᠠᠪᠠ᠃ ᠤᠷᠢᠳ ᠡᠮᠦᠨ᠎ᠡ ᠪᠠᠢᠭ᠎ᠠ ᠦᠭᠡᠢ ᠦᠪᠡᠳᠡᠭ᠌ᠰᠢ ᠶᠡᠬᠡ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ ᠪᠣᠯ ᠮᠥᠷᠥ᠍ ᠵᠡᠷᠭᠡᠴᠡᠨ ᠭᠠᠷ ᠬᠣᠯᠪᠣᠯᠴᠠᠨ᠂ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠨᠥᠬᠥᠷᠯᠡᠯ᠎ᠦᠨ ᠤᠬᠢ ᠲᠠᠯᠠᠰᠳᠤ ᠮᠥᠨ᠂ ᠨᠡᠬᠡᠬᠡᠯᠳᠡ ᠵᠢ ᠬᠠᠮᠲᠤ᠎ᠪᠠᠷ ᠶᠠᠷᠢᠯᠴᠠᠵᠤ᠂ ᠬᠥᠭ᠌ᠵᠢᠯᠲᠡ᠎ᠶ᠋ᠢ ᠬᠠᠮᠲᠤ᠎ᠪᠠᠷ ᠡᠷᠢᠯᠬᠢᠯᠡᠬᠦ᠌ ᠪᠣᠳᠠᠲᠠᠢ᠎ᠶ᠋ᠢ ᠡᠷᠬᠢᠮᠯᠡᠭ᠌ᠰᠡᠨ ᠠᠵᠢᠯᠯᠠᠭ᠎ᠠ ᠮᠥᠨ᠃
ᠳᠤᠮᠳᠠᠳᠤ ᠮᠣᠩᠭᠣᠯ ᠬᠣᠶᠠᠷ ᠤᠯᠤᠰ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭ᠍ᠰᠠᠨ ᠰᠠᠢᠨ ᠬᠥᠷᠰᠢ᠂ ᠰᠠᠢᠨ ᠨᠠᠢᠵᠠ᠂ ᠰᠠᠢᠨ ᠬᠠᠨᠢᠲᠠᠨ ᠮᠥᠨ᠂ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 76 ᠵᠢᠯ᠎ᠦᠨ ᠲᠤᠷᠰᠢ ᠢᠮᠠᠭ᠍ᠲᠠ ᠡᠶᠡᠯᠳᠡᠭ ᠬᠥᠷᠰᠢ᠎ᠶ᠋ᠢᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠪᠠᠲᠤᠯᠠᠵᠤ᠂ ᠡᠯ᠎ᠡ ᠬᠦᠷᠢᠶᠡᠨ᠎ᠳ᠋ᠡᠬᠢ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠤᠯᠪᠠ᠃ ᠳᠤᠮᠳᠠᠳᠤ ᠮᠣᠩᠭᠣᠯ ᠬᠣᠶᠠᠷ ᠤᠯᠤᠰ᠎ᠤᠨ ᠴᠢᠬᠤᠯᠠ ᠠᠵᠤ ᠠᠬᠤᠶ ᠠᠷᠠᠯᠵᠢᠶᠠᠨ᠎ᠤ ᠰᠣᠯᠢᠯᠴᠠᠭᠠᠨ᠎ᠤ ᠠᠵᠢᠯᠯᠠᠭ᠎ᠠ᠎ᠶ᠋ᠢᠨ ᠨᠢᠭᠡ ᠪᠣᠯᠤᠭ᠍ᠰᠠᠨ᠎ᠤ ᠬᠤᠪᠢ᠎ᠳᠤ᠂ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ ᠨᠢᠭᠡᠨᠲᠡ 10 ᠬᠠᠪᠤᠷ ᠨᠠᠮᠤᠷ᠎ᠢ ᠥᠩᠭᠡᠷᠡᠭᠡᠵᠦ᠍᠂ ᠦᠵᠡᠰᠭᠦᠯᠡᠩ ᠡᠷᠭᠢᠯᠡᠬᠦ᠌ ᠬᠡᠪᠴᠢᠶ᠎ᠡ᠂ ᠬᠠᠮᠤᠷᠬᠤ ᠬᠡᠪᠴᠢᠶ᠎ᠡ ᠵᠢᠴᠢ ᠣᠯᠠᠨ ᠤᠯᠤᠰ᠎ᠤᠨ ᠨᠥᠯᠥᠭᠡᠯᠡᠬᠦ᠌ ᠬᠦᠴᠦᠨ ᠨᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠨᠢᠭᠡᠨᠲᠡ ᠬᠣᠶᠠᠷ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠨᠢᠲᠠᠨ᠎ᠤ ᠬᠠᠷᠢᠯᠴᠠᠭ᠎ᠠ᠎ᠶ᠋ᠢ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠳ᠋ᠤ ᠦᠶ᠋ᠯᠡᠴᠢᠯᠡᠬᠦ᠌ ᠴᠢᠬᠤᠯᠠ ᠣᠯᠠᠨ ᠤᠯᠤᠰ᠎ᠤᠨ ᠲᠠᠪᠴᠠᠩ ᠪᠣᠯᠵᠣ᠂ ᠳᠤᠮᠳᠠᠳᠤ ᠮᠣᠩᠭᠣᠯ᠎ᠤᠨ ᠨᠥᠬᠥᠷᠯᠡᠯ᠎ᠢ ᠠᠬᠢᠭᠤᠯᠬᠤ᠂ ᠵᠡᠭᠦᠨ ᠬᠣᠢᠲᠤ ᠠᠽᠢᠶ᠎ᠠ᠎ᠶ᠋ᠢᠨ ᠭᠠᠵᠠᠷ ᠣᠷᠣᠨ᠎ᠤ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠎ᠳᠦ ᠴᠢᠬᠤᠯᠠ ᠦᠢᠯᠡᠳᠦᠯ ᠦᠵᠡᠭᠦᠯᠪᠡ᠃ 10 ᠵᠢᠯ ᠦᠨ ᠲᠤᠷᠰᠢ᠂ ᠥᠪᠥᠷ ᠮᠣᠩᠭᠣᠯ᠎ᠨᠢ ᠳᠤᠮᠳᠠᠳᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ ᠪᠣᠯᠤᠭ᠍ᠰᠠᠨ᠎ᠤ ᠬᠤᠪᠢ᠎ᠳᠤ ᠳᠤᠮᠳᠠᠳᠤ ᠮᠣᠩᠭᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠳᠤᠮᠳᠠ ᠭᠤᠤᠯ ᠬᠦᠴᠦᠨ ᠴᠡᠷᠢᠭ᠎ᠦᠨ ᠦᠶ᠋ᠯᠡᠳᠦᠯ᠎ᠢᠶᠡᠨ ᠪᠠᠳᠠᠷᠠᠭᠤᠯᠵᠤ᠂ ᠳᠤᠮᠳᠠᠳᠤ ᠮᠣᠩᠭᠣᠯ ᠤᠨ ᠦᠵᠡᠰᠭᠦᠯᠡᠩ᠎ᠦᠨ ᠴᠤᠭ᠍ᠯᠠᠭᠠᠨ ᠭᠡᠬᠦ᠌ ᠡᠨᠡ ᠬᠦ᠌ 《ᠠᠯᠲᠠᠨ ᠥᠰᠥᠭ᠎ᠳᠤ ᠫᠠᠢᠰᠠ》 ᠵᠢ ᠶᠠᠪᠤᠬᠤ ᠲᠤᠲᠤᠮ ᠲᠠᠭᠤᠷᠢᠰᠤᠭᠤᠯᠬᠤ ᠳ᠋ᠤ ᠬᠦᠴᠦᠨ ᠨᠡᠮᠡᠷᠢᠯᠡᠪᠡ᠃
ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠨᠢ ᠬᠥᠭᠥᠷᠭᠡ ᠱᠢᠭ ᠵᠢᠡᠷ ᠳᠤᠮᠳᠠᠳᠤ ᠮᠣᠩᠭᠣᠯ ᠬᠣᠶᠠᠷ ᠤᠯᠤᠰ᠎ᠢ ᠨᠠᠩ ᠨᠢᠭ᠍ᠲᠠ ᠬᠣᠯᠪᠣᠪᠠ; ᠪᠠᠰᠠ ᠴᠣᠩᠬᠣ ᠱᠢᠭ᠋ ᠵᠢᠡᠷ ᠥᠪᠥᠷ ᠮᠣᠩᠭᠣᠯ᠎ᠳᠤ ᠨᠢᠭᠤᠭ᠍ᠳᠠᠵᠤ ᠪᠠᠢᠭ᠎ᠠ ᠬᠢᠵᠠᠭᠠᠯᠠᠰᠢ ᠦᠭᠡᠢ ᠠᠵᠠ ᠲᠣᠬᠢᠶᠠᠯ᠎ᠢ ᠨᠡᠩ ᠤᠯᠠᠨ ᠬᠥᠮᠦᠰ ᠲᠤ᠌ᠲᠡᠯᠭᠡᠨ ᠦᠵᠡᠬᠦᠯᠪᠠ᠃ ᠲᠡᠦᠬᠡᠨ ᠳᠡᠭᠡᠷ᠎ᠡ ᠥᠪᠥᠷ ᠮᠣᠩᠭᠣᠯ ᠪᠣᠯ 《ᠲᠠᠯ᠎ᠠ ᠨᠤᠲᠤᠭ᠎ᠤᠨ ᠲᠣᠷᠭᠠᠨ ᠵᠠᠮ》 ᠪᠠ 《ᠲᠦᠮᠡᠨ ᠭᠠᠵᠠᠷ᠎ᠤᠨ ᠴᠠᠶ᠎ᠶ᠋ᠢᠨ ᠵᠠᠮ》 ᠤ᠋ᠨ ᠴᠢᠬᠤᠯᠠ ᠬᠦᠶ᠋ᠰᠦ ᠪᠠᠢᠭ᠍ᠰᠠᠨ ᠶᠤᠮ᠃ ᠥᠨᠥᠳᠦᠷ ᠦᠨ ᠥᠪᠥᠷ ᠮᠣᠩᠭᠣᠯ ᠪᠣᠯ ᠨᠠᠩ ᠴᠤ᠌ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠬᠤ᠎ᠶ᠋ᠢᠨ ᠵᠡᠷᠭᠡ ᠪᠡᠷ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ
ᠮᠠᠨᠳᠤᠭᠤᠯᠵᠤ᠂ ᠪᠠᠷᠠᠭᠤᠨ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌᠂ ᠬᠠᠲᠤᠨ ᠭᠤᠤᠯ᠎ᠤᠨ ᠰᠠᠪᠠ ᠭᠠᠵᠠᠷ ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠤᠭᠤᠮᠳᠠ ᠰᠢᠪᠳᠤᠯᠬᠤ ᠲᠠᠢᠯᠠᠯᠳᠤᠭᠠᠨ᠌ ᠵᠡᠷᠭᠡ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠵᠢ ᠬᠦᠷᠳᠡᠵᠦ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ᠎ᠦ ᠬᠠᠯᠬᠠᠪᠴᠢ᠂ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠴᠢᠬᠤᠯᠠ ᠮᠠᠯ ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ᠋ ᠦᠶ᠋ᠯᠡᠳᠪᠦᠷᠢᠯᠡᠯ᠎ᠦᠨ ᠰᠠᠭᠤᠷᠢᠨ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠶᠠᠭ ᠪᠠᠢᠭᠤᠯᠵᠤ᠂ ᠰᠠᠢᠨ ᠬᠠᠨᠳᠤᠰᠢ ᠵᠢ ᠠᠰᠢᠭᠯᠠᠨ᠂ ᠴᠣ ᠱᠢᠨ᠎ᠡ ᠬᠥᠳᠡᠯᠭᠡᠬᠦ᠌ ᠡᠨᠧᠷᠭᠢ ᠬᠤᠷᠠᠮᠳᠤᠭᠤᠯᠵᠤ᠂ ᠬᠠᠮᠤᠭ᠎ᠤᠨ ᠶᠡᠬᠡ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠳᠤᠮᠳᠠᠳᠤ ᠮᠣᠩᠭᠣᠯ᠎ᠤᠨ ᠦᠵᠡᠰᠭᠦᠯᠡᠩ ᠦᠨ ᠴᠤᠭ᠍ᠯᠠᠭᠠᠨ᠎ᠤ ᠡᠨᠡ ᠬᠦ᠌ ᠴᠢᠬᠤᠯᠠ ᠲᠠᠪᠴᠠᠩ᠎ᠢ ᠰᠠᠢᠲᠤᠷ ᠬᠡᠷᠡᠭ᠌ᠯᠡᠨ᠂ ᠵᠠᠮ ᠳᠠᠭᠠᠤ᠎ᠶ᠋ᠢᠨ ᠤᠯᠤᠰ ᠪᠠ ᠭᠠᠵᠠᠷ ᠣᠷᠣᠨ᠎ᠯᠤᠭ᠎ᠠ᠎ᠶ᠋ᠢᠨ ᠭᠦᠨᠵᠡᠭᠡᠶ ᠬᠠᠮᠲᠤᠷᠠᠯᠴᠠᠭ᠎ᠠ᠎ᠶ᠋ᠢ ᠦᠷᠭᠦᠯᠵᠢᠯᠡᠨ ᠴᠢᠩᠭᠠᠳᠭᠠᠨᠵᠤ᠂ ᠨᠠᠩ ᠶᠡᠬᠡ ᠬᠡᠪᠴᠢᠶ᠎ᠡ ᠪᠠ ᠨᠠᠩ ᠥᠨᠳᠥᠷ ᠲᠦᠪᠱᠢᠨ ᠪᠥᠬᠥᠶ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠪᠡᠷ ᠴᠢᠷᠮᠠᠢᠵᠤ᠂ ᠪᠢᠳᠡᠨ᠎ᠦ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠬᠠᠮᠲᠤ᠎ᠪᠠᠷ ᠪᠠᠢᠭᠤᠯᠬᠤ᠂ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠬᠠᠮᠲᠤ᠎ᠪᠠᠷ ᠡᠳ᠋ᠯᠡᠬᠦ᠎ᠳᠦ ᠠᠱᠢᠭ᠍ᠲᠠᠶ ᠶᠤᠮ᠃
ᠨᠡᠭᠡᠭᠡᠯᠲᠡ᠎ᠪᠡᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠲᠡᠨ ᠢᠷᠡᠭᠡᠳᠦᠢ ᠪᠡᠨ ᠴᠤᠬᠴᠠᠯᠨᠠ᠃ ᠱᠢᠨ᠎ᠡ ᠡᠨᠧᠷᠭᠢ᠎ᠶ᠋ᠢᠨ ᠣᠷᠳᠣᠨ᠎ᠳᠤ᠂ ᠳᠤᠮᠳᠠᠳᠤ ᠮᠣᠩᠭᠣᠯ᠎ᠤᠨ ᠴᠠᠬᠢᠯᠭᠠᠨ ᠬᠦᠴᠦᠨ᠎ᠦ ᠬᠢᠯᠢ ᠠᠯᠤᠰᠯᠠᠨ ᠬᠦᠷᠭᠡᠬᠦ᠌ ᠮᠡᠷᠭᠡᠵᠢᠯ᠎ᠦᠨ ᠦᠵᠡᠭᠦᠯᠭᠡ ᠨᠢ ᠬᠣᠶᠠᠷ ᠤᠯᠤᠰ᠎ᠤᠨ ᠡᠨᠧᠷᠭᠢ᠎ᠶ᠋ᠢᠨ ᠬᠣᠯᠪᠣᠯᠳᠤᠨ ᠨᠡᠪᠲᠡᠷᠡᠯᠴᠡᠬᠦ᠌ ᠲᠣᠳᠣᠷᠬᠠᠢ ᠠᠷᠭ᠎ᠠ ᠵᠠᠮ᠎ᠢ ᠵᠢᠷᠤᠭ᠍ᠯᠠᠪᠠ; ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠦᠵᠡᠭᠦᠯᠭᠡ᠎ᠶ᠋ᠢᠨ ᠲᠣᠭᠣᠷᠢᠭ᠎ᠲᠤ᠂ 30 ᠭᠠᠷᠤᠶ ᠠᠵᠢᠯ ᠲᠥᠷᠥᠯ᠎ᠦᠨ ᠲᠡᠷᠢᠭᠦᠨ᠎ᠦ ᠦᠷ᠎ᠡ ᠪᠦᠲᠦᠭᠡᠯ ᠲᠣᠳᠣᠷᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠠᠢᠷᠢᠱᠢᠭᠤᠯᠤᠯᠲᠠ᠎ᠶ᠋ᠢᠨ ᠳᠠᠭᠠᠤ ᠬᠠᠮᠵᠢᠯᠴᠠᠬᠤ ᠣᠶᠤᠨ ᠤᠬᠠᠭᠠᠨ ᠢ ᠢᠯᠡᠷᠡᠭᠦᠯᠪᠡ;ᠪᠣᠬᠢᠷᠲᠤᠯ ᠥᠬᠡᠶ ᠪᠤᠳᠤᠯᠳᠠ ᠵᠢᠨ ᠬᠦᠴᠦᠨ ᠬᠢᠭᠡᠳ ᠵᠣᠬᠢᠶᠠᠮᠠᠯ ᠣᠶᠤᠨ ᠴᠢᠳᠠᠪᠤᠷᠢ᠎ᠶ᠋ᠢᠨ ᠦᠵᠡᠭᠦᠯᠭᠡ᠎ᠶ᠋ᠢᠨ ᠲᠣᠭᠣᠷᠢᠭ ᠲᠦ᠍᠂《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨᠳᠠᠬᠢ᠎ᠳᠦ ᠪᠤᠳᠤᠬᠤ》ᠵᠢ ᠱᠢᠶ᠋ᠳᠪᠦᠷᠢᠯᠡᠬᠦ᠌ ᠲᠥᠰᠦᠯ ᠵᠡᠷᠭᠡ ᠠᠭᠤᠯᠭ᠎ᠠ᠎ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 100 ᠭᠠᠷᠤᠶ ᠲᠣᠮᠣ ᠬᠡᠯᠪᠡᠷᠢ᠎ᠶ᠋ᠢᠨ ᠲᠤᠰᠭᠠᠶ ᠮᠡᠷᠭᠡᠵᠢᠯ᠎ᠦᠨ ᠬᠤᠳᠠᠯᠳᠤᠨ ᠠᠪᠬᠤ ᠬᠤᠳᠠᠯᠳᠤᠭᠠᠴᠢᠨ᠎ᠢ ᠲᠡᠳᠡᠨ ᠵᠤᠯᠭᠠᠯᠴᠠᠭᠤᠯᠵᠤ ᠵᠥᠪᠳᠡᠯᠴᠡᠭᠦᠯᠪᠡ ᠁ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠬᠤᠷᠠᠯ᠎ᠤᠨ ᠲᠠᠯᠠᠪᠠᠶ᠎ᠳᠤ ᠨᠡᠭᠡᠭᠡᠯᠲᠡ ᠬᠢᠵᠦ᠍ ᠬᠠᠮᠲᠤᠷᠠᠯᠴᠠᠬᠤ ᠬᠠᠯᠠᠭᠤᠨ ᠥᠷᠨᠢᠯᠲᠡ ᠭᠠᠵᠠᠷ ᠪᠣᠯᠭᠠᠨ᠎ᠳᠤ ᠭᠠᠷᠴᠤ᠌ ᠪᠠᠢᠨ᠎ᠠ᠃ ᠵᠠᠮ ᠨᠢᠭᠡᠳᠠᠢ ᠪᠤᠯ ᠬᠠᠷᠢᠯᠴᠠᠨ ᠠᠰᠢᠭᠳᠠᠢ᠂ ᠰᠡᠳᠭᠢᠯ ᠨᠢᠭᠡᠳᠠᠢ ᠪᠤᠯ ᠬᠠᠷᠢᠯᠴᠠᠨ ᠬᠠᠪᠰᠤᠷᠤᠯᠴᠠᠨ᠎ᠠ᠃《ᠡᠶᠡᠯᠳᠡᠭ ᠬᠥᠷᠰᠢ᠂ ᠠᠮᠤᠷ ᠲᠤᠭᠳᠠᠭᠤᠨ ᠬᠥᠷᠰᠢ᠂ ᠪᠠᠶᠠᠨ ᠴᠢᠨᠡᠭᠡᠯᠢᠭ ᠬᠦᠰᠢ᠂ ᠳᠣᠲᠣᠨᠣ ᠦᠨᠡᠨᠴᠢ ᠠᠰᠢᠭᠳᠠᠢ ᠪᠠᠭ᠍ᠲᠠᠭᠠᠮᠵᠢᠲᠠᠶ ᠪᠠᠢᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ》 ᠠᠯᠳᠠᠨ ᠲᠦᠯᠬᠢᠭᠦᠷ᠎ᠢ ᠴᠢᠩᠭ᠎ᠠ ᠠᠳᠭᠤᠵᠤ᠂ ᠬᠠᠮᠲᠤᠷᠠᠯᠴᠠᠭᠠᠨ᠎ᠤ ᠭᠦᠨᠴᠡ ᠪᠣᠯᠤᠨ ᠥᠷᠭᠡᠴᠡ᠎ᠶ᠋ᠢ ᠲᠠᠰᠤᠷᠠᠯᠳᠠ ᠦᠭᠡᠢ ᠥᠷᠭᠡᠳᠭᠡᠪᠡᠯ ᠯᠠᠪᠲᠠᠢ ᠨᠠᠢ᠍ᠮᠠᠨ ᠵᠣᠪᠬᠢᠰ᠎ᠤᠨ ᠵᠣᠴᠢᠳ᠎ᠲᠠᠶ ᠬᠠᠮᠲᠤᠷᠠᠯᠴᠠᠭᠠᠨ᠎ᠤ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍᠂ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ ᠴᠢᠳᠠᠨ᠎ᠠ᠃
ᠴᠢᠩ ᠦᠨᠡᠨᠴᠢ᠎ᠪᠡᠷ ᠭᠠᠷ ᠬᠣᠯᠪᠣᠯᠴᠠᠨ᠂ ᠢᠷᠡᠭᠡᠳᠦᠶ ᠵᠢᠨ ᠬᠦᠰᠡᠯ ᠡᠷᠡᠮᠡᠯᠵᠡᠯᠵᠢᠡᠨ ᠪᠡᠶᠡᠯᠡᠭᠦᠯᠦᠶ᠎ᠡ᠃ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠲᠤᠮᠤ ᠬᠥᠱᠢᠭᠡ ᠨᠢᠭᠡᠨᠲᠡ ᠨᠡᠭᠡᠭᠡᠭ᠌ᠳᠡᠪᠡ᠂ ᠲᠡᠯᠡᠬᠡᠢᠴᠢᠯᠡᠭᠰᠡᠨ 《ᠨᠠᠢᠵᠠ᠎ᠶ᠋ᠢᠨ ᠲᠣᠭᠣᠷᠢᠭ》᠂ ᠲᠤᠰᠭᠠᠢᠵᠢᠭ᠍ᠰᠠᠨ《ᠠᠵᠤ ᠦᠢᠯᠡᠰ᠎ᠦᠨ ᠬᠡᠯᠬᠢᠢ᠎ᠡ》᠂ ᠲᠣᠭᠠᠴᠢᠯᠠᠭᠰᠠᠨ 《ᠱᠢᠨ᠎ᠡ ᠠᠬᠤᠢ ᠪᠠᠢᠳᠠᠯ》᠂ ᠴᠢᠨᠠᠷᠵᠢᠭᠰᠠᠨ《ᠦᠢᠯᠡᠴᠢᠯᠡᠭᠡᠨ᠎ᠦ ᠪᠣᠭ᠍ᠴᠣ》᠎ᠪᠡᠷ ᠵᠢᠡᠨ ᠲᠤᠰ ᠬᠤᠭᠤᠴᠠᠭᠠᠨ᠎ᠤ ᠦᠪᠡᠳᠡᠭ᠌ᠰᠢ ᠬᠤᠷᠠᠯ ᠨᠢ ᠯᠠᠪᠲᠠᠢ ᠨᠡᠩ ᠨᠡᠭᠡᠭᠡᠯᠲᠡᠲᠡᠢ ᠰᠡᠳᠭᠢᠴᠡ ᠪᠠ ᠠᠯᠬᠤᠭ᠎ᠠ ᠪᠡᠷ ᠱᠢᠨ᠎ᠡ ᠨᠢᠭᠡ ᠭᠣᠢᠳᠠ ᠰᠠᠢᠬᠠᠨ ᠬᠠᠭᠤᠳᠠᠰᠤ᠎ᠶ᠋ᠢ ᠪᠢᠴᠢᠭ᠌ᠯᠡᠬᠦ᠌᠎ᠶ᠋ᠢ ᠢᠲᠡᠭᠡᠵᠦ᠍ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃