ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-26 10:11:35

ᠵᠣᠬᠢᠶᠠᠭ᠍ᠴᠢ᠄ ᠪᠠᠢ ᠰᠡᠴᠡᠨ ᠴᠤᠯᠮᠤᠨ ᠣᠩᠱᠢᠭ᠍ᠰᠠᠨ ᠣᠳᠠᠭ᠎ᠠ᠄ 3

8 ᠰᠠᠷ᠎ᠠ᠎ᠶ᠋ᠢᠨ 25᠎ᠤ᠋ ᠡᠳᠦᠷ᠂ 《ᠤᠮᠠᠷᠠᠲᠤ ᠬᠢᠯᠢ᠎ᠶ᠋ᠢᠨ ᠪᠦᠰᠡᠬᠦᠢᠴᠤᠳ ᠲᠣᠷᠭᠠᠨ ᠵᠠᠮ᠎ᠲᠡᠭᠡᠷ᠎ᠠ ᠬᠦᠰᠡᠯ ᠵᠡᠬᠦᠳᠤ ᠪᠠᠨ ᠵᠢᠷᠤᠬᠯᠠᠵᠤ ᠭᠠᠷ ᠬᠤᠯᠪᠤᠨ ᠰᠡᠳᠬᠢᠯ ᠨᠢᠭᠡᠳᠤᠨ ᠴᠤᠬ ᠵᠢᠪᠬᠤᠭ᠎ᠠ ᠪᠠᠨ ᠪᠠᠳᠠᠷᠠᠭᠤᠯᠤᠨ᠎ᠠ》 ᠭᠡᠬᠦ᠌ ᠭᠤᠤᠯ ᠰᠡᠳᠦᠪᠲᠦ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠡᠮᠡᠭ᠌ᠲᠡᠢᠴᠦᠳ᠎ᠦᠨ ᠬᠥᠭ᠌ᠵᠢᠯᠲᠡ ᠰᠣᠯᠢᠯᠴᠠᠭᠠᠨ᠎ᠤ ᠠᠵᠢᠯᠯᠠᠭ᠎ᠠ ᠬᠥᠬᠡᠬᠣᠲᠠ᠎ᠳᠤ ᠶᠠᠪᠤᠭ᠍ᠳᠠᠭ᠍ᠰᠠᠨ ᠪᠥᠭᠡᠳ《ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠤᠯᠤᠨ ᠮᠣᠩᠭᠣᠯ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠡᠮᠡᠭ᠌ᠲᠡᠢᠴᠦᠳ ᠬᠡᠦᠬᠡᠳ᠎ᠦᠨ ᠬᠥᠭ᠌ᠵᠢᠯᠲᠡ᠎ᠶ᠋ᠢᠨ ᠬᠠᠮᠲᠤᠷᠠᠯᠴᠠᠭᠠᠨ ᠎ᠤ ᠰᠠᠨᠠᠮᠵᠢ᠎ᠶ᠋ᠢᠨ ᠪᠢᠴᠢᠭ(2026 ᠣᠨ)》 ᠲᠸ᠋ ᠭᠠᠷ᠎ᠤᠨ ᠥᠰᠥᠭ ᠵᠢᠷᠤᠪᠠ᠃

2023 ᠣᠨ ᠳ᠋ᠤ ᠶᠠᠪᠤᠭᠳᠠᠭᠰᠠᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠤ ᠬᠤᠭᠤᠴᠠᠭᠠᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠣᠯᠤᠨ ᠮᠣᠩᠭᠣᠯ ᠤᠯᠤᠰ᠎ᠤᠨ ᠡᠮᠡᠭ᠌ᠲᠡᠢᠴᠦᠳ ᠎ᠦᠨ ᠬᠣᠯᠪᠣᠭ᠎ᠠ 《ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠡᠮᠡᠭ᠌ᠲᠡᠢᠴᠦᠳ ᠎ᠦᠨ ᠬᠣᠯᠪᠣᠭ᠎ᠠ ᠪᠤᠯᠤᠨ ᠮᠣᠩᠭᠣᠯ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ ᠎ᠶ᠋ᠢᠨ ᠡᠮᠡᠭ᠌ᠲᠡᠢᠴᠦᠳ ᠬᠡᠦᠬᠡᠳ᠎ᠦᠨ ᠬᠥᠭ᠌ᠵᠢᠯᠲᠡ᠎ᠶ᠋ᠢᠨ ᠬᠠᠮᠲᠤᠷᠠᠯᠴᠠᠭᠠᠨ ᠎ᠤ ᠰᠠᠨᠠᠮᠵᠢ᠎ᠶ᠋ᠢᠨ ᠪᠢᠴᠢᠭ》ᠲᠸ᠋ ᠭᠠᠷ᠎ᠤᠨ ᠥᠰᠥᠭ ᠵᠢᠷᠤᠵᠤ᠂ 《ᠬᠣᠶᠠᠷ ᠥᠮᠡᠨ》 ᠢ᠋ ᠰᠡᠷᠭᠡᠢᠯᠡᠨ ᠵᠠᠰᠠᠬᠤ᠂ ᠭᠠᠷ ᠤᠷᠠᠯᠠᠯ᠎ᠤᠨ ᠤᠯᠠᠮᠵᠢᠯᠠᠯ᠂ ᠬᠡᠷ ᠪᠦᠯᠢ᠎ᠶ᠋ᠢᠨ ᠰᠣᠯᠢᠯᠴᠠᠭ᠎ᠠ ᠵᠡᠷᠭᠡ ᠬᠠᠮᠲᠤᠷᠠᠯᠴᠠᠭᠠᠨ᠎ᠤ ᠴᠢᠭ᠌ᠯᠡᠯ᠎ᠢ ᠲᠣᠳᠣᠷᠬᠠᠢᠯᠠᠵᠤ᠂ 《ᠲᠠᠪᠤᠨ ᠠᠷᠪᠠ》 ᠎ᠶ᠋ᠢᠨ ᠬᠠᠮᠲᠤᠷᠠᠯᠴᠠᠭᠠᠨ᠎ᠤ ᠠᠭᠤᠯᠭ᠎ᠠ᠎ᠶ᠋ᠢ ᠲᠣᠭ᠍ᠲᠠᠭᠠᠪᠠ᠃ ᠲᠤᠬᠠᠢᠯᠠᠪᠠᠯ ᠵᠢᠯ ᠪᠦᠷᠢ ᠳᠤᠮᠳᠠᠳᠤ ᠮᠣᠩᠭᠣᠯ ᠬᠣᠶᠠᠷ ᠤᠯᠤᠰ 10 ᠬᠡᠷ ᠪᠦᠯᠢ ᠬᠠᠷᠢᠯᠴᠠᠨ ᠠᠢᠯᠴᠢᠯᠠᠯᠳᠠ ᠬᠢᠬᠦ᠂ ᠳᠤᠮᠳᠠᠳᠤ ᠤᠯᠤᠰ 10 ᠡᠮᠴᠢ ᠲᠣᠮᠢᠯᠠᠨ ᠮᠣᠩᠭᠣᠯ ᠤᠯᠤᠰ᠎ᠲᠤ ᠣᠴᠢᠭᠤᠯᠵᠤ ᠠᠯᠪᠠᠨ ᠵᠢᠷᠤᠮ᠎ᠤᠨ ᠡᠮᠴᠢᠯᠡᠭᠡ ᠬᠢᠯᠬᠡᠬᠦ ᠂ ᠮᠣᠩᠭᠣᠯ ᠤᠯᠤᠰ᠎ᠲᠤ 10 ᠨᠢᠳᠦᠨ ᠰᠠᠯᠠᠭᠠᠨ᠎ᠤ ᠡᠮᠴᠢ ᠬᠦᠮᠤᠵᠢᠬᠦᠯᠵᠤ ᠦᠭᠬᠦ᠂ ᠡᠮᠡᠭ᠌ᠲᠡᠶ ᠵᠢᠨ《ᠬᠣᠶᠠᠷ ᠥᠮᠡᠨ》 ᠢ᠋ ᠰᠡᠷᠭᠡᠢᠯᠡᠨ ᠵᠠᠰᠠᠬᠤ 10 ᠡᠮᠴᠢ ᠰᠤᠪᠢᠯᠠᠭ᠍ᠴᠢ ᠵᠢ ᠲᠤᠮᠢᠯᠠᠬᠤ ᠵᠢᠴᠢ 10 ᠭᠠᠷ ᠤᠷᠠᠴᠤᠳ ᠲᠸ᠋ ᠪᠤᠯᠪᠠᠰᠤᠷᠠᠯ ᠬᠦᠷᠳᠡᠭᠡᠬᠦ ᠪᠤᠯᠤᠨ᠎ᠠ᠃ ᠲᠣᠰ ᠤᠳᠠᠭ᠎ᠠ ᠭᠠᠷ᠎ᠤᠨ ᠥᠰᠥᠭ ᠵᠢᠷᠤᠭ᠍ᠰᠠᠨ ᠬᠠᠮᠲᠤᠷᠠᠯᠴᠠᠭᠠᠨ᠎ᠤ ᠰᠠᠨᠠᠮᠵᠢ᠎ᠶ᠋ᠢᠨ ᠪᠢᠴᠢᠭ ᠲᠸ᠋ ᠬᠣᠶᠠᠷ ᠤᠯᠤᠰ᠎ᠤᠨ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠵᠣᠬᠢᠶᠠᠨ ᠪᠠᠢᠭᠤᠯᠤᠯᠲᠠ ᠎ᠶ᠋ᠢᠨ ᠡᠭᠦᠷᠭᠡ ᠴᠢᠳᠠᠪᠬᠢ᠎ᠶ᠋ᠢᠨ ᠳᠠᠪᠠᠭᠤᠯᠢᠭ᠎ᠢ ᠤᠯᠠᠮ ᠴᠢᠨᠠᠭ᠍ᠰᠢᠳᠠ ᠪᠠᠳᠠᠷᠠᠭᠤᠯᠵᠤ᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 《ᠲᠠᠪᠤᠨ ᠠᠷᠪᠠ》 ᠶ᠋ᠢᠨ ᠬᠠᠮᠲᠤᠷᠠᠯᠴᠠᠭᠠᠨ᠎ᠤ ᠠᠭᠤᠯᠭ᠎ᠠ᠎ᠶ᠋ᠢᠨ ᠲᠣᠭᠣᠷᠢᠨ ᠎ᠳᠤ 《ᠵᠢᠵᠢᠭ ᠮᠥᠷᠲᠡᠭᠡᠨ ᠭᠤᠢᠳᠠ ᠰᠠᠢᠬᠠᠨ》ᠠᠷᠠᠳ ᠎ᠤᠨ ᠠᠮᠢᠳᠤᠷᠠᠯ᠎ᠤᠨ ᠲᠥᠷᠥᠯ ᠵᠦᠶ᠋ᠯ ᠎ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ; ᠭᠡᠷ ᠪᠦᠯᠢ᠎ᠶ᠋ᠢᠨ ᠦᠯᠢᠭᠡᠷ᠎ᠢ ᠰᠠᠢᠲᠤᠷ ᠶᠠᠷᠢᠬᠤ᠂ ᠭᠡᠷ ᠪᠦᠯᠢ᠎ᠶ᠋ᠢᠨ ᠱᠢᠯᠢᠳᠡᠭ ᠰᠣᠶᠣᠯ᠎ᠢ ᠤᠯᠠᠮᠵᠢᠯᠠᠬᠤ᠎ᠶ᠋ᠢᠨ ᠲᠣᠭᠣᠷᠢᠨ᠎ᠳᠤ ᠠᠷᠪᠠᠨ ᠭᠡᠷ ᠪᠦᠯᠢ᠎ᠶ᠋ᠢᠨ ᠬᠠᠷᠢᠯᠴᠠᠨ ᠠᠢᠯᠴᠢᠯᠠᠬᠤ ᠠᠵᠢᠯᠯᠠᠭ᠎ᠠ᠎ᠶ᠋ᠢ ᠦᠷᠭᠦᠯᠵᠢᠯᠡᠨ ᠰᠠᠢᠲᠤᠷ ᠥᠷᠨᠢᠭᠦᠯᠦᠨ᠎ᠡ᠃

ᠲᠣᠰ ᠤᠳᠠᠭᠠᠨ᠎ᠤ ᠰᠣᠯᠢᠯᠴᠠᠭᠠᠨ᠎ᠤ ᠠᠵᠢᠯᠯᠠᠭ᠎ᠠ ᠨᠢ 《ᠡᠮᠡᠭ᠌ᠲᠡᠢᠴᠦᠳ ᠬᠡᠦᠬᠡᠳ᠎ᠦᠨ ᠬᠡᠷ ᠪᠦᠯᠢ᠎ᠶ᠋ᠢᠨ ᠬᠥᠮᠦᠵᠢᠯ ᠬᠢᠭᠡᠳ ᠦᠰᠦᠨ ᠪᠣᠢᠵᠢᠯᠲᠠ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠡᠴᠡ ᠡᠮᠡᠭ᠌ᠲᠡᠢᠴᠦᠳ᠎ᠦᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠂ ᠰᠣᠶᠣᠯ᠎ᠤᠨ ᠤᠯᠠᠮᠵᠢᠯᠠᠯ ᠬᠢᠭᠡᠳ ᠱᠢᠨ᠎ᠡ᠎ᠶ᠋ᠢ ᠡᠭᠦᠳᠤᠨ ᠬᠠᠷᠢᠯᠴᠠᠨ ᠲᠣᠯᠢᠯᠠᠬᠤ᠂ ᠬᠥᠮᠦᠨ ᠠᠮᠠ᠎ᠶ᠋ᠢᠨ ᠨᠡᠮᠡᠭ᠌ᠳᠡᠯ ᠬᠢᠭᠡᠳ ᠠᠮᠢ ᠨᠠᠰᠤᠨ᠎ᠤ ᠡᠷᠡᠭᠦᠯ ᠮᠡᠨᠳᠦ᠂ AI ᠴᠠᠭ ᠦᠶ᠎ᠡ᠎ᠶ᠋ᠢᠨ ᠬᠡᠷ ᠪᠦᠯᠢ᠎ᠶ᠋ᠢᠨ ᠨᠥᠬᠥᠷᠰᠡᠭ ᠬᠡᠯᠪᠡᠷᠢ᠎ᠶ᠋ᠢᠨ ᠠᠵᠢᠯ᠎ᠤᠨ ᠪᠠᠢᠷᠢ᠎ᠶ᠋ᠢᠨ ᠪᠠᠢᠭᠤᠯᠤᠯᠲᠠ》 ᠭᠡᠬᠦ᠌ ᠭᠤᠤᠯ ᠰᠡᠳᠦᠪ᠎ᠦᠨ ᠲᠣᠭᠣᠷᠢᠨ᠎ᠳᠤ ᠭᠦᠨᠵᠡᠭᠡᠶ ᠰᠤᠳᠤᠯᠤᠨ ᠶᠠᠷᠢᠯᠴᠠᠬᠰᠠᠨ ᠪᠠ ᠲᠣᠭᠣᠷᠢᠭ ᠱᠢᠷᠡᠭᠡᠨ᠎ᠦ ᠶᠠᠷᠢᠯᠴᠠᠭ᠎ᠠ ᠥᠷᠨᠢᠭᠦᠯᠪᠡ᠃ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠡᠨᠡ ᠬᠦ᠌ ᠲᠠᠪᠴᠠᠩ᠎ᠳᠤ ᠲᠦᠱᠢᠭ᠌ᠯᠡᠨ᠂ ᠰᠣᠯᠢᠯᠴᠠᠭᠠᠨ᠎ᠤ ᠠᠵᠢᠯᠯᠠᠭ᠎ᠠ ᠨᠢ ᠬᠣᠶᠠᠷ ᠤᠯᠤᠰ᠎ᠤᠨ ᠡᠮᠡᠭ᠌ᠲᠡᠢᠴᠦᠳ᠎ᠲᠦ ᠨᠠᠩ ᠨᠥᠯᠥᠭᠡᠯᠡᠬᠦ᠌ ᠬᠦᠴᠦᠨ ᠎ᠲᠡᠶ ᠶᠠᠷᠢᠯᠴᠠᠭᠠᠨ᠎ᠤ ᠬᠥᠭᠥᠷᠭᠡ ᠲᠠᠯᠪᠢᠵᠤ᠂ ᠬᠣᠶᠠᠷ ᠲᠠᠯ᠎ᠠ᠎ᠶ᠋ᠢᠨ ᠡᠮᠡᠭ᠌ᠲᠡᠢᠴᠦᠳ᠎ᠦᠨ ᠬᠥᠭ᠌ᠵᠢᠯᠲᠡ ᠎ᠶ᠋ᠢᠨ ᠲᠥᠯᠥᠪᠵᠢᠭᠦᠯᠭᠡ᠂ ᠡᠷᠬᠡ ᠠᠱᠢᠭ᠎ᠤᠨ ᠪᠠᠲᠤᠯᠠᠭ᠎ᠠ᠂ ᠨᠡᠢᠭᠡᠮ ᠠᠵᠤ ᠠᠬᠤᠶ᠎ᠶ᠋ᠢᠨ ᠣᠷᠣᠯᠴᠠᠭ᠎ᠠ ᠵᠡᠷᠭᠡ ᠬᠦᠷᠢᠶᠡᠨ᠎ᠳᠦ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠪᠠ ᠪᠣᠳᠠᠲᠠᠶ ᠎ᠶ᠋ᠢ ᠡᠷᠬᠢᠮᠯᠡᠭᠰᠡᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠎ᠳᠦ ᠬᠦᠴᠦᠨ ᠨᠡᠮᠡᠷᠢᠯᠡᠪᠡ; ᠭᠦᠨᠵᠡᠭᠡᠢ ᠠᠭᠤᠰᠤᠯᠴᠠᠯ᠎ᠢᠶᠠᠷ ᠳᠠᠮᠵᠢᠨ ᠡᠮᠡᠭ᠌ᠲᠡᠢᠴᠦᠳ ᠎ᠦᠨ ᠦᠢᠯᠡᠰ᠎ᠦᠨ ᠬᠣᠶᠠᠷ ᠲᠠᠯ᠎ᠠ ᠎ᠶ᠋ᠢᠨ ᠬᠠᠷᠢᠯᠴᠠᠭ᠎ᠠ᠎ᠳᠠᠬᠢ ᠴᠢᠬᠤᠯᠠ ᠬᠤᠪᠢ᠎ᠶ᠋ᠢᠨ ᠵᠢᠩ ᠎ᠢ ᠳᠤᠪᠤᠢ᠌ᠯᠭᠠᠵᠤ᠂ ᠬᠠᠮᠲᠤᠷᠠᠯᠴᠠᠭ᠎ᠠ ᠎ᠶ᠋ᠢᠨ ᠠᠵᠤ ᠠᠬᠤᠢ ᠠᠷᠠᠯᠵᠢᠶᠠᠨ᠎ᠤ ᠬᠦᠷᠢᠶᠡᠨ᠎ᠡᠴᠡ ᠰᠣᠶᠣᠯ ᠢᠷᠭᠡᠨᠱᠢᠯ ᠵᠡᠷᠭᠡ ᠨᠡᠩ ᠪᠠᠶᠠᠯᠢᠭ ᠬᠠᠷᠠᠭᠠᠰᠤ ᠲᠡᠢᠰᠢ ᠥᠷᠭᠡᠵᠢᠬᠦ᠌᠎ᠶ᠋ᠢ ᠠᠬᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面