2025-08-27 10:26:38
8 ᠰᠠᠷ᠎ᠠ ᠵᠢᠨ 26 ᠤ᠋ ᠦᠳᠡ ᠵᠢᠨ ᠡᠮᠦᠨ᠎ᠡ᠂ 2025 ᠣᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢᠨ ᠣᠶᠤᠨ ᠤ᠋ ᠬᠥᠮᠥᠷᠭᠡ ᠵᠢᠨ ᠶᠠᠷᠢᠶᠠᠨ ᠤ᠋ ᠲᠠᠪᠴᠠᠩ ᠬᠦᠬᠡᠬᠤᠳᠠᠳᠤ ᠶᠠᠪᠤᠭᠳᠠᠪᠠ ᠃
ᠲᠣᠰ ᠤᠳᠠᠭ᠎ᠠ ᠵᠢᠨ ᠶᠠᠷᠢᠶᠠᠨ ᠤ᠋ ᠲᠠᠪᠴᠠᠩᠨᠢ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠂ ᠱᠢᠨ᠎ᠡ ᠡᠨᠧᠷᠭᠢ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠂ ᠡᠯᠡᠰᠦᠷᠭᠡᠭᠵᠢᠯ ᠢ᠋ ᠰᠡᠷᠭᠡᠢᠯᠡᠵᠤ ᠡᠯᠡᠰᠤᠵᠢ ᠵᠠᠰᠠᠬᠤ ᠵᠡᠷᠭᠡ ᠬᠠᠮᠢᠶ᠎ᠠ ᠪᠥᠬᠥᠶ ᠭᠤᠤᠯ ᠰᠡᠳᠦᠪ ᠤ᠋ᠨ ᠲᠣᠭᠣᠷᠢᠨᠳᠤ ᠶᠠᠪᠤᠭᠳᠠᠪᠠ᠃ ᠣᠷᠣᠰ᠂ ᠮᠣᠩᠭᠣᠯ ᠤᠯᠤᠰ ᠪᠣᠯᠤᠨ ᠳᠤᠮᠳᠠᠳᠤ ᠠᠽᠢᠶ᠎ᠠ᠂ ᠡᠮᠦᠨᠡᠲᠦ ᠠᠮᠧᠷᠢᠺᠠ ᠲᠢᠪ᠂ ᠠᠹᠷᠢᠺᠠ ᠲᠢᠪ ᠵᠡᠷᠭᠡ ᠬᠣᠯᠪᠣᠭ᠍ᠳᠠᠯ ᠪᠥᠬᠥᠶ ᠤᠯᠤᠰ ᠤ᠋ᠨ ᠳᠤᠮᠳᠠᠳᠤ ᠤᠯᠤᠰᠲᠤ ᠰᠠᠭᠤᠭ᠎ᠠ ᠡᠯᠴᠢᠨ ᠰᠠᠢᠳ᠂ ᠠᠯᠪᠠᠨ ᠤ᠋ ᠲᠠᠯ᠎ᠠ ᠵᠢᠨ ᠲᠥᠯᠥᠭᠡᠯᠡᠭ᠌ᠴᠢ᠂ ᠣᠶᠤᠨ ᠤ᠋ ᠬᠥᠮᠥᠷᠭᠡ ᠵᠢᠨ ᠲᠤᠰᠭᠠᠶ ᠮᠡᠷᠭᠡᠵᠢᠯᠲᠡᠨ 150 ᠭᠠᠷᠤᠢ ᠬᠦᠮᠦᠨ ᠤᠷᠤᠯᠴᠠᠵᠤ᠂ ᠭᠤᠤᠯ ᠰᠡᠳᠦᠪ ᠤ᠋ᠨ ᠲᠤᠭᠤᠷᠢᠨ ᠳ᠋ᠦ ᠶᠠᠷᠢᠯᠴᠠᠭ᠎ᠠ ᠰᠤᠯᠢᠯᠴᠠᠭ᠎ᠠ ᠦᠷᠨᠢᠭᠦᠯᠵᠠᠢ᠃ ᠠᠵᠢᠯᠯᠠᠭ᠎ᠠ ᠪᠡᠷ ᠳᠠᠮᠵᠢᠨ ᠡᠯ᠎ᠡ ᠡᠲᠡᠭᠡᠳ ᠤ᠋ᠨ 《 ᠨᠢᠭᠡ ᠪᠦᠰᠡ ᠨᠢᠭᠡ ᠵᠠᠮ》 ᠢ᠋ ᠬᠠᠮᠲᠤᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠥᠲᠥᠭᠡᠨ ᠪᠠᠢᠭᠤᠯᠤᠯᠲᠠᠳᠤ ᠢᠳᠡᠪᠬᠢᠲᠡᠶ ᠣᠷᠣᠯᠴᠠᠬᠤ ᠵᠢ ᠲᠠᠢᠴᠢᠯᠠᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡᠪᠡᠷ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤᠳᠤ ᠴᠢᠬᠤᠯᠠ ᠦᠢᠯᠡᠳᠤᠯ ᠦᠵᠡᠬᠦᠯᠬᠦ ᠪᠤᠯᠤᠨ᠎ᠠ᠃
ᠦᠪᠡᠷᠲᠡᠭᠡᠨ ᠵᠠᠰᠠᠬᠤ ᠤᠷᠤᠨ ᠤ᠋ ᠬᠦᠭᠵᠢᠭᠦᠯᠦᠯᠲᠡ ᠪᠠ ᠦᠭᠡᠷᠡᠴᠢᠯᠡᠯᠲᠡ ᠵᠢᠨ ᠵᠦᠪᠯᠡᠯ ᠤ᠋ᠨ ᠳᠡᠳ᠋ ᠡᠷᠬᠢᠯᠡᠭᠴᠢ ᠬᠤᠸᠠᠡᠭ ᠸᠸᠨ ᠴᠤᠸᠠᠨ ᠄《 ᠤᠯᠠᠨ ᠵᠢᠯ ᠤ᠋ᠨ ᠲᠤᠷᠰᠢ ᠤᠷᠤᠰ ᠪᠣᠯᠤᠨ ᠮᠣᠩᠭᠣᠯ ᠤᠯᠤᠰᠯᠤᠭᠠ ᠵᠢᠨ ᠤᠯᠠᠨ ᠲᠡᠰ ᠳᠠᠪᠬᠤᠷᠭ᠎ᠠ ᠵᠢᠨ ᠵᠥᠪᠳᠡᠯᠴᠡᠭᠡ ᠠᠭᠤᠯᠵᠠᠯᠲᠠ ᠵᠢᠨ ᠲᠣᠭ᠍ᠲᠠᠴᠠ ᠵᠢ ᠢᠳᠡᠪᠬᠢᠲᠡᠢ ᠲᠡᠭᠦᠯᠳᠡᠷᠵᠢᠭᠦᠯᠵᠦ᠍᠂ ᠬᠥᠷᠰᠢ ᠵᠡᠷᠭᠡᠯᠡᠳᠡᠭᠡ ᠭᠠᠵᠠᠷ ᠣᠷᠣᠨᠯᠤᠭᠠ ᠵᠢᠨ ᠨᠥᠬᠥᠷᠰᠡᠭ ᠬᠠᠮᠲᠤᠷᠠᠯᠴᠠᠭᠠᠨ ᠤ᠋ ᠬᠠᠷᠢᠯᠴᠠᠭ᠎ᠠ ᠵᠢ ᠦᠨᠡᠨ ᠬᠦ᠌ ᠪᠡᠬᠢᠵᠢᠭᠦᠯᠦᠭᠰᠡᠭᠡᠷ ᠢᠷᠡᠵᠡᠢ᠃ ᠣᠳᠣ ᠮᠣᠩᠭᠣᠯ ᠤᠯᠤᠰ ᠤ᠋ᠨ 23 ᠭᠠᠵᠠᠷ ᠣᠷᠣᠨ᠂ ᠣᠷᠣᠰ ᠤ᠋ᠨ 10 ᠭᠠᠵᠠᠷ ᠣᠷᠣᠨᠲᠠᠶ ᠨᠥᠬᠥᠷᠰᠡᠭ ᠬᠠᠷᠢᠴᠠᠭ᠎ᠠ ᠪᠠᠢᠭᠤᠯᠪᠠ᠃ ᠡᠬᠦᠨᠤ ᠬᠠᠮᠳᠤ ᠳᠤᠮᠳᠠᠳᠤ ᠮᠣᠩᠭᠣᠯ ᠣᠷᠣᠰ ᠤ᠋ᠨ ᠣᠶᠤᠨ ᠤ᠋ ᠬᠥᠮᠥᠷᠭᠡ ᠵᠢᠨ ᠬᠠᠮᠲᠤᠷᠠᠨ ᠠᠵᠢᠯᠯᠠᠬᠤ ᠬᠣᠯᠪᠣᠭ᠎ᠠ ᠵᠢ ᠬᠠᠮᠲᠤᠷᠠᠨ ᠪᠠᠢᠭᠤᠯᠵᠤ᠂ ᠣᠯᠠᠨ ᠤᠯᠤᠰ ᠤ᠋ᠨ ᠴᠢᠨᠠᠷᠲᠠᠶ ᠡᠷᠳᠡᠮ ᠱᠢᠨᠵᠢᠯᠡᠭᠡᠨᠦ ᠰᠣᠯᠢᠯᠴᠠᠭᠠᠨ ᠤ᠋ ᠶᠠᠷᠢᠶᠠᠨ ᠤ᠋ ᠲᠠᠪᠴᠠᠩᠢ ᠡᠭᠡᠯᠵᠢᠯᠡᠨ ᠡᠷᠭᠢᠯᠡᠵᠦ᠍᠂ ᠣᠷᠣᠰ ᠮᠣᠩᠭᠣᠯᠯᠤᠭᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠵᠡᠷᠭᠡ ᠣᠯᠠᠨ ᠲᠠᠯ᠎ᠠ ᠵᠢᠨ ᠬᠠᠮᠲᠤᠷᠠᠯᠴᠠᠭ᠎ᠠ ᠥᠷᠨᠢᠭᠦᠯᠬᠦ᠌ᠳᠦ ᠪᠠᠲᠤ ᠪᠠᠬᠢ ᠰᠠᠭᠤᠷᠢ ᠵᠢ ᠲᠠᠯᠪᠢᠵᠤ ᠥᠭ᠌ᠴᠡᠶ》 ᠭᠡᠵᠦ ᠲᠠᠨᠢᠯᠴᠠᠭᠤᠯᠪᠠ ᠃
ᠣᠷᠣᠰᠤᠨ ᠱᠢᠨᠵᠢᠯᠡᠬᠦ᠌ ᠤᠬᠠᠭᠠᠨᠤ ᠬᠦᠷᠢᠶᠡᠯᠡᠩ ᠤ᠋ᠨ ᠠᠯᠤᠰ ᠳᠣᠷᠣᠨᠠᠲᠤ ᠵᠢᠨ ᠬᠤᠪᠢᠶᠠᠷᠢ ᠬᠦᠷᠢᠶᠡᠯᠡᠩ ᠤ᠋ᠨ ᠤᠰᠤ ᠬᠢᠭᠡᠳ ᠠᠮᠢ ᠠᠬᠤᠶ ᠵᠢᠨ ᠠᠰᠠᠭᠤᠳᠠᠯᠤᠨ ᠰᠤᠳᠤᠯᠭᠠᠨᠤ ᠭᠠᠵᠠᠷᠤᠨ ᠳᠠᠷᠤᠭ᠎ᠠ᠂ ᠣᠷᠣᠰᠤᠨ ᠱᠢᠨᠵᠢᠯᠡᠬᠦ᠌ ᠤᠬᠠᠭᠠᠨᠤ ᠬᠦᠷᠢᠶᠡᠯᠡᠩ ᠤ᠋ᠨ ᠴᠢᠮᠡᠭᠡ ᠨᠡᠪᠲᠡᠷᠡᠯᠭᠡ ᠵᠢᠨ ᠠᠺᠠᠳᠧᠮᠢᠴᠢ ᠮᠠᠯᠢᠶ᠎ᠠ · ᠺᠯᠢᠤᠺᠸᠸᠠ᠄ 《 ᠲᠤᠰ ᠤᠳᠠᠭᠠᠨ ᠤ᠋ ᠠᠵᠢᠯᠯᠠᠭ᠎ᠠ ᠳ᠋ᠦ ᠪᠢ ᠳᠤᠮᠳᠠᠳᠤ ᠤᠷᠤᠰ ᠤ᠋ᠨ ᠬᠢᠯᠢ ᠬᠢᠵᠠᠭᠠᠷ ᠤᠷᠤᠨ ᠤ᠋ ᠠᠮᠢ ᠠᠬᠤᠢ ᠵᠢᠨ ᠠᠰᠠᠭᠤᠳᠠᠯ ᠢ᠋ ᠰᠢᠢᠳᠪᠦᠷᠢᠯᠡᠭᠰᠡᠨ ᠲᠤᠷᠰᠢᠯᠭ᠎ᠠ ᠪᠠᠨ ᠬᠤᠪᠢᠶᠠᠯᠴᠠᠵᠠᠢ᠃ ᠳᠤᠮᠳᠠᠳᠤ ᠤᠷᠤᠰ ᠶᠡᠬᠡ ᠬᠡᠮᠵᠢᠶᠡᠨᠦ ᠪᠠᠯᠠ ᠮᠥᠩᠭᠥ᠌ ᠣᠷᠣᠭᠤᠯᠵᠤ ᠬᠢᠯᠢ ᠬᠢᠵᠠᠭᠠᠷ ᠣᠷᠣᠨᠤ ᠠᠮᠢ ᠠᠬᠤᠶ ᠵᠢᠨ ᠠᠰᠠᠭᠤᠳᠠᠯᠢ ᠱᠢᠶ᠋ᠳᠪᠦᠷᠢᠯᠡᠵᠦ᠍᠂ ᠪᠠᠢᠭᠠᠯᠢ ᠵᠢᠨ ᠡᠬᠢ ᠪᠠᠶᠠᠯᠢᠭᠢ ᠵᠦᠶ ᠵᠣᠬᠢᠰᠲᠠᠶ ᠠᠰᠢᠭᠯᠠᠬᠤᠶ᠋ᠢ ᠪᠠᠲᠤᠯᠠᠬᠤᠪᠠᠷ ᠬᠠᠮᠲᠤ ᠪᠡᠷ ᠬᠦᠴᠦᠯᠡᠵᠦ ᠪᠠᠢᠨ᠎ᠠ ᠃ ᠪᠢᠳᠡᠨᠦ ᠬᠠᠮᠲᠤᠷᠠᠯᠴᠠᠭᠠᠨᠤ ᠢᠷᠡᠭᠡᠳᠦᠢ ᠥᠷᠭᠡᠨ ᠠᠭᠤᠳᠠᠮ᠂ ᠱᠢᠨᠵᠢᠯᠡᠬᠦ᠌ ᠤᠬᠠᠭᠠᠨᠤ ᠰᠤᠳᠤᠯᠭᠠᠨ᠂ ᠣᠷᠣᠨ ᠪᠦᠰᠡ ᠵᠢᠴᠢ ᠪᠦᠬᠦ᠌ ᠪᠥᠮᠪᠥᠷᠴᠡᠭ ᠤ᠋ᠨ ᠠᠭᠤᠷ ᠠᠮᠢᠰᠭᠤᠯᠤᠨ ᠬᠤᠪᠢᠷᠠᠯᠲᠠ ᠪᠣᠯᠤᠨ ᠪᠠᠢᠭᠠᠯᠢ ᠵᠢᠨ ᠬᠤᠪᠢᠷᠠᠯᠲᠠ ᠵᠢᠨ ᠬᠦᠷᠢᠶᠡᠨᠳᠦ ᠬᠠᠮᠲᠤᠷᠠᠯᠴᠠᠭ᠎ᠠ ᠥᠷᠨᠢᠭᠦᠯᠵᠦ᠍ ᠪᠣᠯᠤᠨ᠎ᠠ 》 ᠭᠡᠯ᠎ᠠ᠃
ᠲᠤᠰ ᠤᠳᠠᠭᠠᠨ ᠤ᠋ ᠠᠵᠢᠯᠯᠠᠭ᠎ᠠ ᠳ᠋ᠦ ᠪᠠᠰᠠ ᠬᠠᠮᠢᠶ᠎ᠠ ᠪᠦᠬᠦᠢ ᠲᠦᠷᠦᠯ ᠵᠦᠢᠯ ᠤ᠋ᠨ ᠭᠡᠷ᠎ᠡ ᠲᠤᠭᠲᠠᠬᠤ ᠶᠤᠰᠤᠯᠠᠯ᠂ ᠭᠤᠤᠯ ᠰᠡᠳᠦᠪᠲᠦ ᠲᠠᠨᠢᠯᠴᠠᠭᠤᠯᠭ᠎ᠠ ᠵᠢᠨ ᠠᠵᠢᠯᠯᠠᠭ᠎ᠠ᠂ ᠦᠪᠦᠷ ᠮᠤᠡᠭᠭᠤᠯ ᠤ᠋ᠨ ᠪᠤᠳᠠᠰ ᠤ᠋ᠨ ᠪᠤᠰᠤ ᠰᠤᠶᠤᠯ ᠤ᠋ᠨ ᠦᠪ ᠢ᠋ ᠪᠡᠶᠡᠴᠢᠯᠡᠨ ᠤᠢᠯᠠᠭᠠᠬᠤ ᠠᠵᠢᠯᠯᠠᠭ᠎ᠠ᠂ ᠤᠷᠠᠨ ᠪᠢᠴᠢᠯᠭᠡ ᠵᠢ ᠪᠡᠶᠡᠴᠢᠯᠡᠨ ᠤᠢᠯᠠᠭᠠᠬᠤ ᠠᠵᠢᠯᠯᠠᠭ᠎ᠠ᠂ ᠦᠪᠦᠷ ᠮᠤᠡᠭᠭᠤᠯ ᠤ᠋ᠨ ᠰᠤᠶᠤᠯ ᠤ᠋ᠨ ᠪᠦᠲᠦᠭᠡᠯᠴᠢ ᠪᠦᠲᠦᠭᠡᠭᠳᠡᠭᠦᠨ ᠤ᠋ ᠳᠡᠯᠭᠡᠨ ᠦᠵᠡᠭᠦᠯᠭᠡ ᠵᠢᠨ ᠠᠵᠢᠯᠯᠠᠭ᠎ᠠ ᠵᠡᠷᠭᠡ ᠵᠢ ᠲᠤᠬᠢᠷᠠᠭᠤᠯᠵᠤ᠂ ᠬᠦᠷᠤᠯᠴᠠᠨ ᠢᠷᠡᠭᠰᠡᠳ ᠤ᠋ᠨ ᠬᠠᠯᠠᠭᠤᠨ ᠬᠦᠷᠢᠶᠡᠯᠡᠯ ᠢ᠋ ᠬᠦᠷᠳᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃