2025-08-06 10:01:52
ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ ᠡᠬᠢᠯᠡᠬᠦ ᠪᠣᠯᠲᠠᠯ᠎ᠠ ᠬᠤᠷᠢᠭᠠᠳ ᠡᠳᠦᠷ ᠯᠡ ᠦᠯᠡᠳᠡᠵᠦ ᠪᠠᠢᠨ᠎ᠠ᠃ 8 ᠰᠠᠷ᠎ᠠ᠎ᠶᠢᠨ 25 ᠡᠴᠡ 29 ᠤ᠋ ᠡᠳᠦᠷ ᠪᠣᠯᠲᠠᠯ᠎ᠠ ᠥᠪᠥᠷ ᠮᠣᠩᠭᠣᠯ᠎ᠤᠨ ᠬᠥᠬᠡᠬᠣᠲᠠ᠎ᠳᠤ ᠶᠠᠪᠤᠭᠳᠠᠬᠤ ᠪᠡᠷ ᠪᠠᠢᠭ᠎ᠠ ᠤᠯᠤᠰ ᠠᠯᠤᠰᠯᠠᠭᠰᠠᠨ ᠦᠪᠡᠳᠡᠭᠰᠢ ᠴᠤᠭᠯᠠᠭᠠᠨ ᠨᠢ ᠪᠡᠯᠡᠳᠬᠡᠯ ᠠᠵᠢᠯ᠎ᠤᠨ ᠰᠢᠪᠲᠤᠯᠤᠯᠲᠠ᠎ᠶᠢᠨ ᠱᠠᠲᠤᠨ᠎ᠳᠤ ᠣᠷᠣᠪᠠ᠃ 8 ᠰᠠᠷ᠎ᠠ᠎ᠶᠢᠨ 5 ᠤ᠋ ᠡᠳᠦᠷ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠬᠦᠯᠡᠩ᠎ᠦᠨ ᠴᠤᠭᠯᠠᠭᠠᠨ᠎ᠤ ᠲᠡᠯᠭᠡᠨ ᠦᠵᠡᠭᠦᠯᠭᠡ ᠵᠢᠨ ᠪᠣᠭᠣᠮᠲᠠ᠎ᠪᠠᠷ ᠥᠩᠭᠡᠷᠡᠬᠦ ᠬᠡᠯᠲᠡᠰ᠎ᠡᠴᠡ ᠦᠵᠡᠰᠬᠦᠯᠡᠩ᠎ᠦᠨ ᠴᠤᠭᠯᠠᠭᠠᠨ᠎ᠤ ᠭᠣᠣᠯ ᠦᠵᠡᠰᠭᠦᠯᠡᠨᠭ᠎ᠤᠨ ᠭᠣᠭᠴᠣᠭ᠎ᠠ᠎ᠶᠢᠨ 《ᠤᠷᠢᠳᠴᠢᠯᠠᠭᠰᠠᠨ ᠮᠡᠳᠡᠭᠡ ᠵᠠᠩᠬᠢ ᠵᠢᠨ ᠨᠠᠷᠢᠨ ᠲᠠᠩᠰᠠ》ᠵᠢ ᠭᠠᠷᠭᠠᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠠᠮᠲᠠᠲᠤ ᠢᠳᠡᠭᠡᠨ᠂ ᠬᠢᠯᠢ ᠠᠯᠤᠰᠯᠠᠭᠰᠠᠨ ᠰᠢᠯᠢᠳᠡᠭ ᠪᠠᠷᠠᠭ᠎ᠠ ᠵᠡᠷᠭᠡ ᠣᠯᠠᠨ ᠡᠰᠢᠲᠦ ᠠᠭᠤᠯᠭ᠎ᠠ᠎ᠶᠢ ᠬᠠᠮᠤᠷᠴᠤ᠂ ᠨᠢᠭᠡ ᠤᠳᠠᠭᠠᠨ᠎ᠤ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠥᠷᠥᠭᠳᠡᠯ᠂ ᠠᠮᠢᠳᠤᠷᠠᠯ᠎ᠤᠨ ᠠᠭᠤᠷ ᠠᠮᠢᠰᠬᠤᠯ᠂ ᠣᠯᠠᠨ ᠤᠯᠤᠰ᠎ᠤᠨ ᠬᠡᠪ ᠨᠠᠮᠪᠠ》 ᠵᠢ ᠨᠢᠭᠡ ᠴᠣᠭᠴᠠᠵᠢᠭᠤᠯᠤᠭᠰᠠᠨ ᠤᠯᠤᠰ ᠠᠯᠤᠰᠯᠠᠭᠰᠠᠨ ᠪᠡᠶᠡᠴᠢᠯᠠᠨ ᠣᠢᠯᠠᠭᠠᠯᠲᠠ ᠤᠳᠠᠯ ᠦᠭᠡᠢ ᠡᠬᠢᠯᠡᠬᠦ ᠪᠣᠯᠣᠯ᠎ᠠ᠃
ᠥᠪᠥᠷ ᠮᠣᠩᠭᠣᠯ᠎ᠤᠨ ᠳᠦᠷᠢ ᠲᠥᠷᠬᠦ᠎ᠶᠢᠨ ᠣᠷᠳᠣᠨ — ᠤᠮᠠᠷᠠᠲᠤ ᠬᠢᠯᠢ᠎ᠵᠢᠨ ᠠᠮᠢᠵᠢᠷᠠᠯ᠎ᠤᠨ ᠬᠦᠴᠦᠨ᠎ᠢ ᠤᠯᠠᠨ ᠲᠠᠯ᠎ᠠ ᠡᠴᠡ ᠢᠯᠡᠷᠡᠭᠦᠯᠦᠨ᠎ᠡ᠃ ᠥᠪᠥᠷ ᠮᠣᠩᠭᠣᠯ᠎ᠤᠨ ᠳᠦᠷᠢ ᠲᠥᠷᠬᠦ᠎ᠶᠢᠨ ᠣᠷᠳᠣᠨ ᠳᠥᠷᠪᠡᠨ ᠶᠡᠬᠡ ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠎ᠢᠶᠠᠷ ᠳᠠᠮᠵᠢᠨ ᠬᠥᠭᠵᠢᠯᠲᠡ᠎ᠶᠢᠨ ᠦᠷ᠎ᠡ ᠪᠦᠲᠦᠭᠡᠯ᠎ᠢ ᠪᠣᠰᠣᠭ᠎ᠠ ᠴᠣᠭᠴᠠ᠎ᠪᠠᠷ ᠢᠯᠡᠷᠡᠭᠦᠯᠦᠨ᠎ᠡ᠃ 《ᠬᠦᠭᠵᠢᠯᠳᠡ ᠲᠠᠢ ᠥᠪᠥᠷ ᠮᠣᠩᠭᠣᠯ》 ᠭᠡᠬᠦ ᠬᠡᠰᠡᠭ ᠲᠤ᠌ ᠣᠶᠤᠨᠴᠢ ᠪᠤᠳᠤᠯᠲᠠ ᠵᠢᠨ ᠬᠦᠴᠦᠨ᠎ᠦ ᠦᠵᠦᠭᠦᠷᠯᠢᠭ᠂ ᠬᠢᠯᠢ ᠠᠯᠤᠰᠯᠠᠭᠰᠠᠨ ᠴᠠᠬᠢᠯᠭᠠᠨ ᠬᠦᠴᠦᠨ᠎ᠦ ᠬᠦᠷᠭᠡᠯᠲᠡ᠎ᠶᠢᠨ ᠲᠣᠭᠠᠴᠢᠯᠠᠭᠰᠠᠨ ᠬᠠᠮᠢᠶᠠᠷᠤᠨ ᠡᠵᠡᠮᠳᠡᠬᠦ ᠲᠠᠪᠴᠠᠩ ᠵᠡᠷᠭᠡ ᠪᠣᠳᠠᠲᠤ ᠪᠣᠳᠠᠰ᠎ᠤᠨ ᠵᠠᠭᠪᠤᠷᠵᠢᠡᠷ ᠰᠢᠨ᠎ᠡ ᠡᠨᠧᠷᠭᠢ᠎ᠶᠢᠨ ᠠᠵᠤ ᠦᠢᠯᠡᠰ᠎ᠦᠨ《ᠣᠶᠤᠨᠴᠢ ᠲᠠᠷᠢᠬᠢ》 ᠵᠢ ᠬᠥᠳᠡᠯᠦᠩᠭᠦᠢ᠎ᠪᠡᠷ ᠳᠡᠯᠭᠡᠨ ᠦᠵᠡᠭᠦᠯᠦᠨ᠎ᠡ;
《ᠨᠡᠭᠡᠭᠡᠯᠲᠡ ᠲᠠᠢ ᠥᠪᠥᠷ ᠮᠣᠩᠭᠣᠯ》 ᠭᠡᠬᠦ ᠬᠡᠰᠡᠭ᠎ᠲᠦ ᠳᠡᠭᠡᠳᠦ ᠴᠢᠳᠠᠪᠬᠢᠲᠤ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠳᠡᠭᠡᠳᠦ ᠲᠠᠰ᠎ᠤᠨ ᠴᠠᠭᠠᠨ ᠢᠳᠡᠭᠡᠨ ᠵᠢᠴᠢ ᠢᠮᠠᠭᠠᠨ ᠨᠣᠤᠯᠥᠭᠤᠷᠤᠨ ᠪᠦᠲᠦᠭᠡᠭᠳᠡᠬᠦᠨ᠎ᠦ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠦᠵᠡᠭᠦᠯᠭᠡ᠎ᠶᠢᠨ ᠪᠣᠳᠠᠰ᠎ᠢ ᠳᠡᠯᠭᠡᠨ ᠦᠵᠡᠭᠦᠯᠵᠦ᠂ ᠠᠵᠤ ᠦᠢᠯᠡᠰ᠎ᠦᠨ ᠥᠷᠢᠰᠦᠯᠳᠦᠬᠦ ᠬᠦᠴᠦᠨ᠎ᠢ ᠢᠯᠡᠷᠡᠭᠦᠯᠦᠨ᠎ᠡ; 《ᠪᠣᠬᠢᠷᠲᠤᠯ ᠦᠭᠡᠢ ᠥᠪᠥᠷ ᠮᠣᠩᠭᠣᠯ》 ᠭᠡᠬᠦ ᠭᠡᠰᠡᠭ ᠲᠤ᠌ ᠣᠶᠤᠨᠴᠢ ᠤᠰᠤᠯᠠᠯᠲᠠ᠎ᠶᠢᠨ ᠲᠥᠬᠦᠭᠡᠷᠦᠮᠵᠢ᠂ ᠴᠢᠴᠠᠷᠭᠠᠨ᠎ᠠ᠎ᠶᠢᠨ ᠨᠠᠷᠢᠯᠢᠭ᠋ ᠡᠳ᠋ᠰᠢᠭᠦᠯᠦᠭᠰᠡᠨ ᠦᠢᠯᠡᠳᠬᠦᠨ ᠵᠡᠷᠭᠡ᠎ᠪᠡᠷ ᠠᠮᠢ ᠠᠬᠤᠢ᠎ᠶᠢᠨ ᠥᠷᠲᠡᠭ᠎ᠢ ᠤᠨᠳᠤᠤᠰᠢᠭᠤᠯᠬᠤ ᠠᠷᠭ᠎ᠠ ᠵᠠᠮ᠎ᠢ ᠲᠠᠢᠯᠪᠤᠷᠢᠯᠠᠵᠤ᠂ ᠣᠷᠭᠠᠨᠢᠭ᠋ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠢ ᠠᠮᠲᠠᠯᠠᠵᠤ ᠪᠡᠶᠡᠴᠢᠯᠡᠨ ᠣᠢᠯᠠᠭᠠᠬᠤᠠᠵᠢᠯᠯᠠᠭᠠ ᠵᠢ ᠲᠣᠬᠢᠷᠠᠭᠤᠯᠦᠨᠡ; 《ᠰᠣᠶᠣᠯᠲᠤ ᠥᠪᠥᠷ ᠮᠣᠩᠭᠣᠯ》 ᠭᠡᠬᠦ ᠬᠡᠰᠡᠭ᠎ᠲᠦ ᠮᠣᠩᠭᠣᠯ ᠲᠡᠷᠯᠢᠭᠢ ᠦᠭᠡᠷᠡᠴᠢᠯᠡᠬᠦ᠂ ᠵᠢᠭᠤᠯᠴᠢᠯᠠᠯ᠎ᠤᠨ ᠵᠠᠮ ᠱᠤᠭᠤᠮ᠎ᠢ ᠵᠠᠬᠢᠶᠠᠯᠠᠬᠤ ᠵᠡᠷᠭᠡ ᠠᠭᠤᠯᠭ᠎ᠠ᠎ᠶᠢ ᠳᠡᠯᠭᠡᠨ ᠦᠵᠡᠭᠦᠯᠵᠦ᠂ ᠤᠯᠠᠮᠵᠢᠯᠠᠯᠲᠤ ᠪᠠ ᠴᠠᠭ᠎ᠤᠨ ᠤᠷᠤᠰᠬᠠᠯ᠎ᠤᠨ ᠠᠭᠤᠰᠤᠯᠴᠠᠯ᠎ᠢ ᠢᠯᠡᠷᠡᠭᠦᠯᠦᠨ᠎ᠡ᠃
ᠠᠢᠮᠠᠭ ᠬᠣᠲᠠ ᠬᠢᠭᠡᠳ ᠠᠵᠢᠯ ᠲᠥᠷᠥᠯ᠎ᠦᠨ ᠦᠵᠡᠭᠦᠯᠭᠡ᠎ᠶ᠋ᠢᠨ ᠲᠣᠭᠣᠷᠢᠭ — ᠣᠷᠣᠨ ᠪᠦᠰᠡ᠎ᠶ᠋ᠢᠨ ᠣᠨᠴᠠᠯᠢᠭ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠤᠯᠭᠤᠬᠤ᠎ᠶᠢᠨ ᠭᠠᠢᠬᠠᠮᠰᠢᠭ᠎ᠢ ᠤᠢᠯᠠᠭᠠᠵᠤ ᠪᠤᠯᠤᠨ᠎ᠠ᠃ 12 ᠠᠢᠮᠠᠭ ᠬᠣᠲᠠ᠎ᠶ᠋ᠢᠨ ᠤᠨᠴᠠᠯᠢᠬ᠍ᠳᠤ ᠦᠵᠡᠭᠦᠯᠭᠡ᠎ᠳᠦ 《ᠬᠤᠪᠤᠷ ᠨᠠᠨᠳᠢᠨ ᠰᠠᠢᠨ ᠡᠳ᠋》 ᠢ᠋ ᠳᠡᠯᠭᠡᠨ ᠦᠵᠡᠬᠦᠯᠵᠤ᠂ ᠬᠥᠯᠥᠨ ᠪᠣᠢᠷ᠎ᠤᠨ ᠣᠷᠭᠠᠨᠢᠭ ᠦᠬᠡᠷ ᠬᠣᠨᠢᠨ ᠮᠢᠬ᠎ᠠ᠂ ᠲᠦᠩᠯᠢᠶᠣᠤ᠎ᠶ᠋ᠢᠨ ᠡᠯᠡᠰᠦᠷᠬᠡᠭ ᠭᠠᠵᠠᠷ᠎ᠤᠨ ᠦᠵᠦᠮ᠂ ᠦᠬᠠᠶ᠎ᠶ᠋ᠢᠨ ᠦᠵᠦᠮ᠎ᠦᠨ ᠠᠷᠢᠬᠢ᠂ ᠠᠯᠠᠱᠠ᠎ᠶ᠋ᠢᠨ ᠬᠠᠴᠢᠨ ᠴᠢᠯᠠᠭᠤᠨ᠎ᠤ ᠦᠢᠯᠡᠳᠬᠦᠨ ᠵᠡᠷᠭᠡ ᠭᠠᠵᠠᠷ ᠣᠷᠣᠨ᠎ᠤ ᠰᠣᠳᠣᠨ ᠪᠦᠲᠦᠭᠡᠯ᠎ᠢ ᠨᠢᠭᠡ ᠥᠷᠲᠡᠭᠡᠴᠢᠯᠡᠭᠰᠡᠨ ᠮᠠᠶᠢᠭ᠎ᠢᠶᠡᠷ ᠳᠡᠯᠭᠡᠨ ᠦᠵᠡᠭᠦᠯᠬᠦ᠌ ᠪᠣᠯᠤᠨ᠎ᠠ᠃ ᠠᠵᠢᠯ ᠲᠥᠷᠥᠯ᠎ᠦᠨ ᠦᠵᠡᠭᠦᠯᠭᠡ᠎ᠶ᠋ᠢᠨ ᠲᠣᠭᠣᠷᠢᠭ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠮᠢᠳᠤᠷᠠᠯ᠎ᠤᠨ ᠠᠭᠤᠰᠤᠯᠴᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠠᠱᠢᠨ ᠨᠣᠬᠠᠶ ᠲᠤᠬᠠᠶ᠎ᠶ᠋ᠢᠨ ᠲᠠᠯᠠᠪᠠᠶ᠎ᠳᠤ ᠨᠠᠷᠢᠨ ᠪᠤᠳᠤᠯᠢᠶᠠᠨᠲᠠᠶ ᠭᠠᠵᠠᠷ᠎ᠤᠨ ᠪᠠᠢᠴᠠ ᠪᠡᠷ ᠡᠬᠦᠷᠭᠡ ᠬᠦᠢᠴᠡᠳᠬᠡᠬᠦ ᠵᠢ ᠬᠠᠷᠠᠭᠤᠯᠵᠦ᠍᠂ ᠮᠧᠬᠠᠨᠢᠭ ᠭᠠᠷ 《ᠢᠷᠡᠭᠡᠳᠦᠶ᠎ᠶ᠋ᠢᠨ ᠦᠶ᠋ᠯᠡᠳᠪᠦᠷᠢ》 ᠶ᠋ᠢᠨ ᠠᠵᠢᠯᠯᠬᠤ ᠬᠡᠯᠪᠡᠷᠢ ᠵᠢ ᠳᠠᠭᠤᠷᠢᠶᠠᠨ ᠦᠵᠡᠬᠦᠯᠦᠨ᠎ᠡ; ᠭᠡᠷᠡᠯᠴᠢ ᠴᠡᠨᠡᠭ ᠰᠠᠯᠬᠢᠨ ᠬᠦᠴᠦᠨ᠎ᠦ ᠴᠠᠬᠢᠯᠭᠠᠨ᠎ᠤ ᠲᠤᠨᠤᠭ ᠲᠥᠬᠥᠭᠡᠷᠦᠮᠵᠢ᠎ᠶ᠋ᠢᠨ ᠪᠤᠳᠤᠯᠳᠠ᠎ᠶᠢᠨ ᠬᠦᠴᠦᠨ ᠲᠠᠢ ᠤᠶᠠᠯᠳᠤᠬᠰᠠᠨ ᠲᠣᠬᠢᠷᠠᠭᠤᠯᠤᠯᠳᠠ ᠵᠢᠨ ᠶᠠᠪᠤᠴᠠ ᠵᠢᠨ ᠵᠢᠷᠤᠭ᠂ ᠴᠡᠪᠡᠷ ᠡᠨᠧᠷᠭᠢ᠎ᠪᠡᠷ ᠲᠣᠭᠠᠴᠢᠯᠠᠭ᠍ᠰᠠᠨ ᠠᠵᠤ ᠠᠬᠤᠶ᠎ᠶ᠋ᠢ ᠲᠤᠯᠭᠠᠭᠤᠷᠢᠯᠠᠬᠤ ᠮᠡᠷᠭᠡᠵᠢᠯ᠎ᠦᠨ ᠯᠣᠭᠢᠭ᠎ᠢ ᠲᠣᠳᠣᠷᠬᠠᠢᠯᠠᠨ ᠲᠠᠢᠯᠪᠤᠷᠢᠯᠠᠨ᠎ᠠ; ᠵᠣᠬᠢᠶᠠᠮᠠᠯ ᠤᠶᠤᠨ ᠴᠢᠳᠠᠪᠤᠷᠢ᠎ᠶ᠋ᠢᠨ ᠰᠤᠯᠢᠯᠴᠠᠭ᠎ᠠ᠎ᠲᠤ ᠦᠵᠦᠭᠦᠷᠯᠢᠭ ᠨᠢ ᠦᠵᠡᠭ᠌ᠴᠢᠳ᠎ᠲᠦ ᠤᠶᠤᠨᠲᠤ ᠵᠠᠮ ᠬᠠᠷᠢᠯᠴᠠᠭ᠎ᠠ᠂ ᠡᠮ ᠡᠮᠨᠡᠯᠭᠡ ᠵᠡᠷᠭᠡ ᠲᠠᠯ᠎ᠠ᠎ᠶ᠋ᠢᠨ ᠬᠡᠷᠡᠭ᠌ᠯᠡᠭᠡ᠎ᠶ᠋ᠢ ᠤᠢ᠍ᠢᠯᠠᠭᠠᠭᠤᠯᠵᠤ᠂ ᠬᠢᠯᠢ ᠠᠯᠤᠰᠯᠠᠭ᠍ᠰᠠᠨ ᠴᠠᠬᠢᠯᠭᠠᠨ ᠬᠦᠴᠦᠨ᠎ᠦ ᠱᠢᠰᠲ᠋ᠧᠮ ᠪᠣᠯᠤᠨ ᠤᠶᠤᠨᠲᠤ ᠴᠠᠬᠢᠯᠭᠠᠨ ᠲᠣᠣᠷ᠎ᠤᠨ ᠲᠥᠬᠥᠭᠡᠷᠦᠮᠵᠢ ᠨᠢ ᠡᠨᠧᠷᠭᠢ᠎ᠶ᠋ᠢᠨ ᠬᠦᠷᠢᠶᠡᠨ᠎ᠳᠡᠬᠢ 《ᠳᠤᠮᠳᠠᠳᠤ ᠤᠯᠤᠰ᠎ᠤᠨ ᠤᠶᠤᠨ ᠤᠬᠠᠭᠠᠨ》 ᠢ᠋ ᠬᠠᠷᠠᠭᠤᠯᠤᠨ᠎ᠠ᠃
ᠬᠡᠷᠡᠭ᠌ᠯᠡᠭᠡ᠎ᠵᠢᠨ ᠪᠠᠶᠠᠰᠤᠯᠳᠤ ᠨᠠᠢᠷ ᠪᠠ ᠣᠯᠠᠨ ᠤᠯᠤᠰ᠎ᠤᠨ ᠦᠵᠡᠭᠦᠯᠭᠡ᠎ᠶ᠋ᠢᠨ ᠲᠣᠭᠣᠷᠢᠭ — ᠢᠳᠡᠭᠡᠨ ᠤᠮᠳᠠᠭᠠᠨ ᠪᠠ ᠪᠥᠬᠥ᠌ ᠪᠥᠮᠪᠥᠷᠴᠡᠭ᠎ᠦᠨ ᠰᠢᠯᠢᠳᠡᠭ ᠲᠠᠸᠠᠷ ᠨᠢᠭᠡ ᠳᠤᠤᠷ᠎ᠠ ᠪᠦᠷᠢᠳᠬᠦ ᠪᠤᠯᠤᠨ᠎ᠠ᠃ ᠬᠡᠷᠡᠭ᠌ᠯᠡᠭᠡ ᠵᠢᠨ ᠪᠠᠶᠠᠰᠤᠯᠳᠤ ᠨᠠᠢᠷ᠎ᠤᠨ ᠳᠤᠭᠤᠷᠢᠭ᠎ᠲᠦ ᠰᠤᠨᠢᠨ ᠰᠠᠢᠬᠠᠨ ᠰᠤᠩᠭᠤᠯᠳᠠ ᠵᠢ ᠬᠠᠩᠭᠠᠨ᠎ᠠ᠄ ᠰᠦ᠎ᠶᠢᠨ ᠦᠶ᠋ᠯᠡᠰ᠎ᠦᠨ ᠤᠷᠤᠯᠳᠤᠭᠠᠨ᠎ᠳᠦ ᠣᠷᠣᠨ᠎ᠤ ᠳᠣᠲᠣᠷᠠᠬᠢ ᠰᠦ᠎ᠶᠢᠨ ᠠᠵᠤ ᠠᠬᠤᠢᠯᠠᠯ᠎ᠤᠨ ᠱᠢᠨ᠎ᠡ ᠦᠶ᠋ᠯᠡᠳᠬᠦᠨ᠎ᠢ ᠲᠦᠪᠯᠡᠷᠡᠬᠦᠯᠵᠤ᠂ ᠰᠦ᠎ᠶᠢᠨ ᠦᠶ᠋ᠯᠡᠰ᠎ᠦᠨ 《ᠰᠢᠷᠦᠬᠦᠨ ᠦᠵᠡᠯᠴᠡᠭᠡᠨ》 ᠤ᠋ ᠪᠠᠢᠳᠠᠯ᠎ᠢ ᠪᠤᠢ ᠪᠤᠯᠭᠠᠨ᠎ᠠ; 12 ᠮᠤᠵᠢ ᠬᠣᠲᠠ᠎ᠶ᠋ᠢᠨ ᠤᠨᠴᠠᠯᠢᠭ᠍ᠲᠤ ᠣᠬᠢ ᠪᠦᠲᠦᠭᠡᠭ᠌ᠳᠡᠬᠦᠨ᠎ᠢ ᠬᠠᠮᠳᠤ᠎ᠳᠤᠨᠢ ᠳᠡᠯᠬᠡᠨ ᠦᠵᠡᠬᠦᠯᠵᠤ᠂ ᠶᠦᠨᠨᠠᠨ᠎ᠤ ᠬᠡᠭᠡᠷ᠎ᠡ᠎ᠶ᠋ᠢᠨ ᠮᠥᠭᠥ᠎ᠶ᠋ᠢᠨ ᠵᠢᠶᠠᠩ ᠡᠴᠡ ᠵᠧᠵᠢᠶᠠᠩ᠎ᠤᠨ ᠤᠶᠤᠨᠲᠤ ᠬᠡᠷ᠎ᠦᠨ ᠴᠠᠬᠢᠯᠭᠠᠨ ᠬᠡᠷᠡᠭ᠌ᠰᠡᠯ ᠬᠦᠷᠳᠡᠯᠡᠬᠢ ᠡᠯ᠎ᠡ ᠵᠦᠢᠯ᠎ᠤᠨ ᠲᠠᠸᠠᠷ᠎ᠢ ᠨᠢᠭᠡ ᠥᠷᠲᠡᠭᠡᠴᠢᠯᠡᠭᠰᠡᠨ ᠮᠠᠶᠢᠭ᠎ᠢᠶᠡᠷ ᠬᠤᠳᠠᠯᠳᠤᠨ ᠠᠪᠴᠤ ᠪᠤᠯᠤᠨ᠎ᠠ; ᠱᠣᠣᠮᠠᠶ᠎ᠶ᠋ᠢᠨ ᠨᠠᠢᠷ᠎ᠲᠦ 12 ᠠᠢᠮᠠᠭ ᠬᠣᠲᠠ᠎ᠶ᠋ᠢᠨ ᠲᠣᠭᠣᠭᠠᠴᠢ ᠨᠡᠷ᠎ᠤᠨ ᠠᠮᠲᠠᠳᠤ ᠱᠤᠤᠮᠠᠢ᠎ᠶᠢᠨ ᠮᠦᠷᠦᠢᠴᠡᠭᠡᠨ ᠶᠠᠪᠤᠭᠳᠠᠭᠤᠯᠤᠨ᠎ᠠ᠃ ᠡᠯᠧᠺᠲ᠋ᠷᠣᠨ ᠬᠤᠳᠠᠯᠳᠤᠭᠠᠨ᠎ᠤ ᠦᠵᠡᠭᠦᠯᠭᠡ᠎ᠶ᠋ᠢᠨ ᠲᠣᠭᠣᠷᠢᠭ᠎ᠲᠤ ᠲᠢᠶᠠᠨ ᠮᠤᠤ᠂ ᠵᠢᠩ ᠳ᠋ᠦᠩ᠂ ᠪᠤᠱᠢᠭᠤ ᠭᠠᠷ ᠭᠤᠷᠪᠠᠨ ᠲᠣᠮᠣ ᠲᠠᠪᠴᠠᠩ᠎ᠨᠢ ᠨᠡᠷᠡᠳᠦ ᠰᠦᠯᠵᠢᠶᠡᠨ ᠤᠳᠤᠳ ᠲᠠᠢ ᠬᠠᠮᠳᠤ ᠪᠡᠷ ᠱᠢᠭᠤᠳ ᠨᠡᠪᠲᠡᠷᠡᠭᠦᠯᠭᠡ᠎ᠶᠢᠨ ᠪᠤᠷᠤᠯᠠᠭᠤᠯᠭ᠎ᠠ ᠬᠢᠵᠦ᠂ ᠲᠦᠷᠦᠯ ᠲᠡᠮᠳᠡᠭ᠌ᠳᠤ ᠲᠠᠸᠠᠷ᠎ᠤᠨ ᠦᠨ᠎ᠡ ᠬᠠᠩᠰᠢ᠎ᠶ᠋ᠢ ᠪᠠᠭᠤᠷᠠᠭᠤᠯᠬᠤ᠂ ᠲᠤᠰᠭᠠᠶ ᠨᠥᠬᠥᠪᠥᠷᠢ ᠥᠭ᠌ᠬᠦ ᠵᠡᠷᠭᠡ ᠠᠰᠠᠷᠠᠮᠵᠢ ᠬᠠᠩᠭᠠᠨ᠎ᠠ᠃ ᠤᠯᠠᠨ ᠤᠯᠤᠰ᠎ᠤᠨ ᠦᠵᠡᠭᠦᠯᠭᠡ᠎ᠶ᠋ᠢᠨ ᠲᠣᠭᠣᠷᠢᠭ᠎ᠲᠦ 《ᠨᠢᠭᠡ ᠪᠦᠰᠡ ᠨᠢᠭᠡ ᠵᠠᠮ》 ᠳᠠᠭᠠᠤ᠎ᠶ᠋ᠢᠨ ᠤᠯᠤᠰ ᠪᠠ ᠭᠠᠵᠠᠷ ᠤᠷᠤᠨ ᠤ᠋ ᠰᠢᠯᠢᠳᠡᠭ ᠲᠠᠸᠠᠷ᠎ᠢ ᠳᠡᠯᠭᠡᠨ ᠦᠵᠡᠬᠦᠯᠵᠤ᠂ ᠱᠢᠨ᠎ᠡ ᠽᠢᠯᠠᠨᠳ᠋᠎ᠤᠨ ᠰᠦᠨ ᠲᠠᠯᠬ᠎ᠠ᠂ ᠰᠸᠷᠪᠢᠶ᠎ᠠ ᠵᠢᠨ ᠤᠯᠠᠭᠠᠨ ᠠᠷᠢᠬᠢ᠂ ᠢᠲ᠋ᠠᠯᠢ᠎ᠶ᠋ᠢᠨ ᠦᠵᠦᠮ᠎ᠦᠨ ᠠᠷᠢᠬᠢ ᠵᠡᠷᠭᠡ ᠪᠦᠬᠦ᠌ ᠪᠥᠮᠪᠥᠷᠴᠡᠭ᠎ᠦᠨ ᠰᠢᠯᠢᠳᠡᠭ ᠪᠠᠷᠠᠭ᠎ᠠ ᠨᠢ ᠬᠡᠷᠡᠭ᠌ᠯᠡᠭ᠌ᠴᠢᠳ᠎ᠤᠨ ᠬᠡᠷ᠎ᠤᠨ ᠡᠭᠦᠳᠡᠨ ᠡᠴᠡ ᠪᠠᠨ ᠪᠦᠬᠦ ᠪᠦᠮᠪᠦᠷᠴᠡᠭ᠎ᠤᠨ ᠲᠠᠸᠠᠷ᠎ᠢ ᠬᠤᠳᠠᠯᠳᠤᠨ ᠠᠪᠬᠤᠬᠦᠰᠡᠯᠢ ᠪᠡᠶᠡᠯᠡᠬᠦᠯᠦᠨ᠎ᠡ᠃
ᠲᠣᠰ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠮᠲᠠᠲᠤ ᠢᠳᠡᠭᠡᠨ᠂ ᠪᠠᠷᠠᠭ᠎ᠠ ᠬᠤᠳᠠᠯᠳᠤᠨ ᠠᠪᠬᠤ᠂ ᠰᠣᠶᠣᠯ ᠵᠡᠷᠭᠡ ᠣᠯᠠᠨ ᠲᠠᠯ᠎ᠠ᠎ᠶ᠋ᠢᠨ ᠪᠡᠶᠡᠴᠢᠯᠠᠨ ᠣᠢᠯᠠᠭᠠᠯᠲᠠ᠎ᠶ᠋ᠢ ᠬᠠᠮᠤᠷᠴᠤ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳᠦ ᠳᠤᠷ᠎ᠠ ᠰᠤᠨᠢᠷᠬᠠᠯ ᠲᠠᠢ ᠬᠦᠮᠦᠰ᠂ ᠠᠮᠲᠠᠲᠤ ᠢᠳᠡᠭᠡᠨ᠎ᠦ ᠪᠠᠬᠠᠳᠠᠳ᠂ ᠰᠣᠶᠣᠯ᠎ᠤᠨ ᠡᠷᠢᠯᠴᠢᠨ ᠭᠡᠰᠡᠨ ᠥᠬᠡᠶ ᠴᠥᠮ 《ᠰᠡᠳᠭᠢᠯ ᠲᠤᠬᠳᠤᠯᠬᠤ ᠲᠦᠷᠦᠭᠳᠡᠯ》 ᠬᠦᠷᠳᠡᠵᠤ ᠪᠤᠯᠤᠨ᠎ᠠ᠃ ᠨᠡᠩ ᠤᠯᠠᠨ ᠠᠭᠤᠯᠭ᠎ᠠ ᠵᠢ 8 ᠰᠠᠷ᠎ᠠ᠎ᠶ᠋ᠢᠨ 25 ᠤ᠋ ᠡᠳᠦᠷ ᠡᠴᠡ ᠵᠢᠩᠬᠢᠨᠢ᠎ᠪᠡᠷ ᠨᠡᠢᠲᠡᠯᠡᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃