ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-08 12:03:08

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠠᠪᠤᠳᠤᠭᠠᠷᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨᠦᠵᠡᠰᠭᠦᠯᠡᠩ᠎ᠦᠨ ᠴᠤᠭ᠍ᠯᠠᠭᠠᠨ ᠤᠳᠠᠯ ᠦᠬᠡᠢ ᠡᠬᠢᠯᠡᠨ᠎ᠠ᠂ ᠤᠯᠤᠰ ᠠᠯᠤᠰᠯᠠᠭ᠍ᠰᠠᠨ ᠡᠨᠡ ᠬᠦ᠌ ᠦᠪᠡᠳᠡᠭ᠌ᠰᠢᠴᠤᠭᠯᠠᠭᠠᠨ ᠨᠢ ᠨᠢᠭᠡᠨᠲᠡ ᠡᠴᠦᠰ᠎ᠦᠨ ᠪᠡᠯᠡᠳᠭᠡᠯ ᠠᠵᠢᠯ᠎ᠤᠨ ᠱᠢᠪᠲᠤᠯᠤᠯᠲᠠ᠎ᠶ᠋ᠢᠨ ᠱᠠᠲᠤᠨ᠎ᠳᠠᠭᠠᠨ ᠣᠷᠣᠪᠠ᠃ᠲᠤᠰ ᠦᠵᠡᠰᠬᠦᠯᠡᠩ᠎ᠤᠨ ᠴᠤᠭᠯᠠᠭᠠᠨ ᠨᠢ ᠦᠪᠦᠷ ᠮᠤᠩᠭᠤᠯ᠎ᠤᠨ ᠰᠢᠨ᠎ᠡ ᠵᠢ ᠡᠭᠦᠳᠦᠭᠰᠡᠨ ᠠᠮᠢᠵᠢᠷᠠᠯ᠎ᠤᠨᠬᠦᠴᠦᠨ ᠡᠴᠡ ᠠᠪᠤᠭᠠᠳ ᠪᠦᠬᠦ ᠪᠦᠮᠪᠦᠷᠴᠡᠭ᠎ᠤᠨ ᠤᠨᠴᠠᠯᠢᠭᠳᠤ ᠵᠠᠩ ᠦᠢᠯᠡ ᠵᠡᠷᠭᠡ ᠦᠷᠭᠡᠨ ᠳᠡᠯᠭᠡᠷᠠᠭᠤᠯᠭ᠎ᠠ ᠵᠢ ᠪᠠᠭᠳᠠᠭᠠᠵᠤ᠂ ᠲᠠ ᠪᠢᠳᠡᠨ ᠤ᠋ ᠬᠠᠷᠠᠭ᠎ᠠ ᠰᠤᠨᠤᠷ ᠎ᠢ ᠪᠠᠶᠠᠰᠬᠠᠬᠤ ᠪᠤᠯᠤᠨ᠎ᠠ᠃

ᠥᠪᠥᠷ ᠮᠣᠩᠭᠣᠯ᠎ᠤᠨᠳᠦᠷᠢ ᠲᠥᠷᠬᠦ᠌᠎ᠶ᠋ᠢᠨ ᠣᠷᠳᠣᠨ᠄ 《ᠤᠮᠠᠷᠠᠲᠤ ᠬᠢᠯᠢ᠎ᠶ᠋ᠢᠨᠱᠢᠨ᠎ᠡ ᠰᠢᠳᠢ ᠬᠦᠴᠦᠨ》 ᠢ᠋ ᠲᠠᠢᠯᠪᠤᠷᠢᠯᠠᠨ᠎ᠠ

ᠬᠦᠭᠵᠢᠯᠳᠡ ᠲᠠᠢ ᠥᠪᠥᠷᠮᠣᠩᠭᠣᠯ᠂ ᠥᠪᠥᠷ ᠮᠣᠩᠭᠣᠯ᠎ᠤᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢ ᠪᠦᠬᠦ᠌ ᠲᠠᠯ᠎ᠠ᠎ᠪᠠᠷ ᠳᠡᠯᠭᠡᠨᠦᠵᠡᠭᠦᠯᠦᠨ᠎ᠡ᠃ ᠬᠢᠯᠢ ᠠᠯᠤᠰᠯᠠᠭ᠍ᠰᠠᠨ ᠴᠠᠬᠢᠯᠭᠠᠨ ᠬᠦᠴᠦᠨ᠎ᠦ ᠬᠦᠷᠭᠡᠯᠲᠡ᠎ᠶ᠋ᠢᠨ ᠲᠣᠭᠠᠴᠢᠯᠠᠭ᠍ᠰᠠᠨ ᠬᠠᠮᠢᠶᠠᠷᠤᠨᠡᠵᠡᠮᠳᠡᠬᠦ᠌ ᠲᠠᠪᠴᠠᠩ ᠨᠢ ᠤᠯᠤᠰ ᠠᠯᠤᠰᠯᠠᠭ᠍ᠰᠠᠨ ᠡᠨᠧᠷᠭᠢ᠎ᠶ᠋ᠢᠨ ᠳᠠᠮᠵᠢᠭᠤᠯᠭ᠎ᠠ᠎ᠶ᠋ᠢᠨ ᠥᠨᠳᠥᠷ ᠪᠦᠲᠦᠮᠵᠢᠲᠡᠢᠲᠣᠭ᠍ᠲᠠᠭᠤᠨ ᠪᠠᠢᠳᠠᠯ᠎ᠢ ᠠᠮᠢᠳᠤᠯᠢᠭ᠎ᠢᠶᠠᠷ ᠲᠠᠢᠯᠪᠤᠷᠢᠯᠠᠬᠤ ᠪᠤᠯᠤᠨ᠎ᠠ;ᠡᠯᠡᠰᠦ᠎ᠶ᠋ᠢ ᠵᠠᠰᠠᠭᠰᠠᠨ ᠲᠤᠰᠭᠠᠶ ᠲᠣᠭ᠎ᠠ ᠪᠠᠷᠢᠮᠲᠠ᠎ᠶ᠋ᠢ ᠵᠠᠳᠠᠯᠬᠤᠲᠠᠪᠴᠠᠩ ᠠᠯᠤᠰ ᠰᠡᠷᠡᠯ᠎ᠦᠨ ᠬᠢᠨᠠᠨ ᠬᠡᠮᠵᠢᠬᠦ᠌ ᠲᠥᠬᠥᠭᠡᠷᠦᠮᠵᠢ ᠪᠣᠯᠤᠨ ᠬᠥᠷᠥᠰᠥ᠍ ᠱᠢᠷᠣᠶ᠎ᠶ᠋ᠢᠨᠵᠠᠭ᠍ᠪᠤᠷ᠎ᠢ ᠳᠡᠯᠭᠡᠨ ᠦᠵᠡᠭᠦᠯᠬᠦ᠌ ᠲᠣᠭᠣᠷᠢᠭ᠎ᠲᠦ ᠰᠠᠭᠤᠷᠢᠯᠠᠨ᠂ ᠱᠢᠨᠵᠢᠯᠡᠬᠦ᠌ ᠤᠬᠠᠭᠠᠨ ᠲᠸᠭᠨᠢᠭᠮᠡᠷᠭᠡᠵᠢᠯ᠎ᠢᠶᠡᠷ ᠡᠯᠡᠰᠦ᠎ᠶ᠋ᠢ ᠵᠠᠰᠠᠬᠤ ᠮᠡᠷᠭᠡᠵᠢᠯ᠎ᠦᠨ ᠠᠷᠭ᠎ᠠ ᠵᠠᠮ᠎ᠢ ᠳᠠᠢᠯᠪᠤᠷᠢᠯᠠᠨ᠎ᠠ᠃

ᠨᠡᠭᠡᠭᠡᠯᠲᠡ ᠲᠠᠢ ᠥᠪᠥᠷᠮᠣᠩᠭᠣᠯ᠂ ᠥᠪᠥᠷ ᠮᠣᠩᠭᠣᠯ᠎ᠤᠨ ᠤᠶᠤᠨᠲᠤ ᠦᠢᠯᠡᠳᠭᠡᠯ᠎ᠦᠨ ᠪᠦᠬᠦ᠌ ᠪᠥᠮᠪᠥᠷᠴᠡᠭ᠎ᠦᠨ ᠦᠷᠢᠰᠦᠯᠳᠦᠬᠦ᠌ ᠬᠦᠴᠦᠨ᠎ᠢᠢᠯᠡᠷᠡᠭᠦᠯᠦᠨ᠎ᠡ᠃ ᠠᠵᠤ ᠦᠶ᠋ᠯᠡᠳᠪᠦᠷᠢ᠎ᠶ᠋ᠢᠨ ᠬᠦᠷᠢᠶᠡᠨ᠎ᠳᠦ᠂ ᠴᠠᠬᠢᠮ ᠢᠯᠳᠡᠰᠦ ᠦᠶ᠋ᠯᠡᠳᠬᠦ᠌᠎ᠳᠦ ᠬᠦᠴᠦᠨᠨᠡᠮᠡᠷᠢᠯᠡᠬᠦ᠌ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠥᠯᠢᠭᠡᠷ ᠵᠠᠭ᠍ᠪᠤᠷ ᠵᠢᠴᠢ ᠬᠡᠷᠡᠭ᠌ᠯᠡᠭᠡᠨ᠎ᠦᠦᠷ᠎ᠡ ᠪᠦᠲᠦᠭᠡᠯ᠎ᠦᠨ ᠵᠢᠷᠤᠭ᠎ᠤᠨ ᠵᠢᠭ᠍ᠰᠠᠯ᠎ᠢ ᠭᠤᠤᠯᠳᠠᠯᠭ᠎ᠠ᠎ᠲᠠᠶ ᠳᠡᠯᠭᠡᠨ ᠦᠵᠡᠭᠦᠯᠵᠦ᠍᠂ ᠠᠵᠤᠦᠶ᠋ᠯᠡᠰ᠎ᠦᠨ ᠬᠠᠲᠠᠭᠤ ᠪᠣᠳᠠᠲᠤ ᠬᠦᠴᠦᠨ᠎ᠢ ᠢᠯᠡᠷᠡᠭᠦᠯᠦᠨ᠎ᠡ; ᠠᠷᠠᠳ᠎ᠤᠨᠠᠮᠢᠳᠤᠷᠠᠯ᠎ᠤᠨ ᠬᠦᠷᠢᠶᠡᠨ᠎ᠳᠦ᠂ ᠴᠠᠭᠠᠨ ᠢᠳᠡᠭᠡᠨ᠎ᠦ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠪᠣᠳᠠᠲᠤᠪᠣᠳᠠᠰ᠎ᠤᠨ ᠦᠵᠡᠭᠦᠯᠭᠡ᠎ᠶ᠋ᠢᠨ ᠲᠠᠪᠴᠠᠩ ᠭᠠᠷᠭᠠᠵᠤ᠂ ᠰᠥ ᠵᠢ ᠱᠢᠯᠭᠠᠨ ᠪᠠᠢᠴᠠᠭᠠᠬᠤ ᠬᠡᠮᠵᠢᠭᠦᠷᠯᠢᠭ ᠡᠴᠡᠠᠪᠤᠭᠠᠳ 30 ᠭᠠᠷᠤᠢ ᠤᠯᠤᠰ᠎ᠲᠦᠪᠤᠷᠤᠯᠠᠭᠤᠯᠬᠤ ᠳᠡᠭᠡᠳᠦ ᠲᠡᠰ᠎ᠤᠨ ᠴᠠᠭᠠᠨ ᠢᠳᠡᠭᠡᠨ᠎ᠦ ᠲᠠᠸᠠᠷ ᠬᠦᠷᠲᠡᠯᠡᠬᠢ ᠰᠢᠷᠢᠰ ᠦᠢᠯᠡᠳᠬᠦᠨ᠎ᠢᠱᠢᠰᠲ᠋ᠧᠮ ᠲᠠᠢ ᠳᠡᠯᠬᠡᠨ ᠦᠵᠡᠬᠦᠯᠦᠨ᠎ᠡ; ᠳᠡᠯᠭᠡᠨ ᠦᠵᠡᠭᠦᠯᠬᠦ᠌ᠦᠢᠯᠡᠳᠬᠦᠨ ᠨᠢᠭᠡᠪᠦᠷᠢ ᠨᠢ ᠴᠥᠮ ᠨᠡᠭᠡᠭᠡᠯᠲᠡ ᠬᠢᠵᠦ᠍ ᠬᠠᠮᠲᠤᠷᠠᠨ ᠠᠵᠢᠯᠯᠠᠭᠰᠠᠨ ᠤ᠋ ᠠᠮᠢᠳᠤᠯᠢᠭᠲᠠᠢᠯᠪᠤᠷᠢ ᠪᠣᠯᠤᠨ᠎ᠠ᠃

ᠪᠣᠬᠢᠷᠲᠤᠯ ᠦᠭᠡᠢ ᠥᠪᠥᠷᠮᠣᠩᠭᠣᠯ᠂ ᠡᠯᠡᠰᠦ ᠵᠢ ᠵᠠᠰᠠᠬᠤ 《ᠠᠷᠠᠳ᠎ᠢ ᠪᠠᠶᠠᠵᠢᠭᠤᠯᠬᠤᠲᠡᠭ᠌ᠰᠢᠳᠭᠡᠯ》 ᠢ᠋ ᠭᠦᠨᠵᠡᠭᠡᠢ ᠵᠠᠳᠠᠯᠤᠨ᠎ᠠ᠃ ᠡᠯᠡᠰᠦᠷᠬᠡᠭ᠌ᠵᠢᠯ᠎ᠢᠵᠠᠰᠠᠭ᠍ᠰᠠᠨ ᠦᠷ᠎ᠡ ᠪᠦᠲᠦᠭᠡᠯ᠎ᠦᠨ ᠲᠤᠭᠤᠷᠢᠭ᠎ᠲᠦ᠂ ᠣᠶᠤᠨᠴᠢ ᠤᠰᠤᠯᠠᠯᠲᠠ᠎ᠶ᠋ᠢᠨ ᠲᠥᠬᠥᠭᠡᠷᠦᠮᠵᠢ᠂ ᠠᠮᠢᠳᠤᠪᠣᠳᠠᠰ᠎ᠤᠨ ᠡᠯᠡᠰᠦ᠎ᠶ᠋ᠢ ᠲᠣᠭ᠍ᠲᠠᠪᠤᠷᠢᠵᠢᠭᠤᠯᠬᠤ ᠮᠠᠲ᠋ᠧᠷᠢᠶᠠᠯ ᠵᠡᠷᠭᠡ ᠮᠡᠷᠭᠡᠵᠢᠯ᠎ᠦᠨ ᠪᠤᠳᠠᠳᠤᠪᠤᠳᠠᠰ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠡᠯᠡᠰᠦ ᠵᠢ ᠵᠠᠰᠠᠭᠰᠠᠨ ᠤ᠋ ᠡᠮᠦᠨ᠎ᠡ ᠬᠣᠢᠨᠠᠬᠢ᠎ᠶ᠋ᠢᠬᠠᠷᠢᠴᠠᠭᠤᠯᠤᠭ᠍ᠰᠠᠨ ᠵᠠᠭ᠍ᠪᠤᠷ᠎ᠢ ᠢᠵᠢ ᠪᠦᠷᠢᠳᠦᠭᠦᠯᠦᠨ ᠳᠡᠯᠬᠡᠨ ᠦᠵᠡᠬᠦᠯᠦᠨ᠎ᠡ; ᠡᠯᠡᠰᠦᠨ ᠴᠦᠯ᠎ᠦᠨ ᠤᠨᠴᠠᠯᠢᠬ᠍ᠳᠤ ᠠᠵᠤ ᠦᠢᠯᠡᠰ᠎ᠦᠨ ᠦᠵᠡᠭᠦᠯᠭᠡ᠎ᠶ᠋ᠢᠨ ᠲᠠᠢᠰᠠᠨ᠎ᠠ ᠴᠢᠴᠠᠷᠭᠠᠨ᠎ᠠ᠎ᠶ᠋ᠢᠨᠤᠮᠳᠠᠭᠠᠨ᠂ ᠴᠠᠭᠠᠨ ᠭᠣᠶᠣᠣ᠎ᠶᠢᠨ ᠡᠷᠡᠭᠦᠯᠵᠢᠯ᠎ᠦᠨ ᠡᠳ᠋ ᠵᠡᠷᠭᠡ ᠨᠠᠷᠢᠯᠢᠭ ᠡᠳ᠋ᠱᠢᠭᠦᠯᠦᠭ᠌ᠰᠡᠨᠦᠢᠯᠡᠳᠬᠦᠨ᠎ᠦ ᠦᠢᠯᠡᠳᠬᠦᠨ᠎ᠢ ᠰᠢᠯᠭᠠᠨ ᠢᠯᠭᠠᠬᠤ ᠪᠠ ᠪᠦᠷᠢᠯᠳᠦᠬᠦᠨ᠎ᠢ ᠱᠢᠯᠭᠠᠨ ᠪᠠᠢᠴᠠᠭᠠᠭ᠍ᠰᠠᠨᠮᠡᠳᠡᠭᠦᠯᠦᠯᠲᠡ ᠬᠠᠩᠭᠠᠵᠤ᠂ ᠠᠮᠢ ᠠᠬᠤᠢ᠎ᠶ᠋ᠢᠨ ᠦᠷᠳᠡᠭ᠎ᠢ ᠠᠵᠤ ᠠᠬᠤᠢ᠎ᠶ᠋ᠢᠨ ᠦᠷᠳᠡᠭ ᠪᠣᠯᠭᠠᠨᠤᠨᠳᠤᠤᠰᠢᠭᠤᠯᠬᠤ ᠠᠷᠭ᠎ᠠ ᠵᠠᠮ᠎ᠢ ᠱᠢᠭᠤᠳ ᠬᠠᠷᠠᠭᠤᠯᠬᠤ ᠪᠤᠯᠤᠨ᠎ᠠ; ᠣᠲᠣᠦᠶ᠎ᠡ᠎ᠶ᠋ᠢᠨ ᠬᠦᠳᠡᠭᠡ ᠠᠵᠤ ᠠᠬᠤᠢ᠎ᠶᠢᠨ ᠵᠢᠱ᠌ᠢᠶ᠎ᠡ ᠦᠵᠡᠭᠦᠯᠬᠦ᠌ ᠲᠤᠭᠤᠷᠢᠭ᠎ᠲᠦ ᠲᠠᠯ᠎ᠠ ᠨᠤᠲᠤᠭ᠎ᠤᠨᠮᠠᠯ᠎ᠤᠨ ᠠᠰᠢᠭ ᠰᠢᠮ᠎ᠡ ᠳᠠᠷᠢᠶᠠᠯᠠᠩ᠎ᠤᠨ ᠪᠦᠳᠦᠭᠡᠭᠳᠡᠬᠦᠨ ᠤ᠋ ᠵᠢᠩᠬᠢᠨᠢ ᠦᠨᠦᠷ ᠠᠮᠲᠠ᠎ᠶ᠋ᠢᠮᠡᠳᠡᠷᠡᠬᠦᠯᠦᠨ᠎ᠠ᠃

ᠰᠣᠶᠣᠯᠳᠤ ᠥᠪᠥᠷ ᠮᠣᠩᠭᠣᠯ᠂ᠤᠯᠠᠮᠵᠢᠯᠠᠯ ᠪᠠ ᠰᠢᠨ᠎ᠠ ᠴᠠᠬ᠎ᠤᠨ ᠤᠷᠤᠰᠭᠠᠯ ᠬᠠᠮᠲᠤ᠎ᠪᠠᠷ ᠣᠷᠣᠱᠢᠬᠰᠠᠨ ᠪᠠᠢᠳᠠᠯ᠎ᠢ ᠠᠮᠢᠳᠤᠯᠢᠭ ᠢᠯᠡᠷᠡᠭᠦᠯᠦᠨ᠎ᠡ᠃ᠮᠣᠩᠭᠣᠯ ᠲᠡᠷᠯᠢᠭ᠎ᠢ ᠣᠲᠣ ᠦᠶ᠎ᠡ᠎ᠶ᠋ᠢᠨ ᠵᠢᠷᠤᠭ ᠲᠥᠯᠥᠪᠯᠡᠭᠡ᠎ᠳᠦ ᠠᠭᠤᠰᠭᠠᠵᠤ᠂ ᠤᠯᠠᠮᠵᠢᠯᠠᠯᠲᠤ ᠬᠡᠤᠭᠠᠯᠵᠠ᠎ᠶ᠋ᠢ ᠴᠠᠭ ᠦᠶ᠎ᠡ᠎ᠶ᠋ᠢᠨ ᠲᠡᠮᠳᠡᠭ ᠪᠣᠯᠭᠠᠨ ᠬᠤᠪᠢᠷᠠᠭᠤᠯᠪᠠ;ᠵᠠᠬᠢᠶᠠᠯᠠᠭ᠎ᠠ᠎ᠶ᠋ᠢᠨ ᠵᠢᠭᠤᠯᠴᠢᠯᠠᠯ᠎ᠤᠨ ᠵᠠᠮ ᠱᠤᠭᠤᠮ ᠲᠠᠯ᠎ᠠ ᠨᠤᠲᠤᠭ ᠡᠴᠡᠡᠯᠡᠰᠦᠨ ᠴᠥᠯ ᠬᠦᠷᠲᠡᠯ᠎ᠡ ᠦᠷᠭᠦᠯᠵᠢᠯᠡᠵᠦ᠍᠂ ᠵᠢᠭᠤᠯᠴᠢᠯᠠᠯ᠎ᠤᠨ ᠬᠡᠷᠡᠯ ᠵᠢᠷᠤᠭ ᠳᠠᠳᠠᠬᠤ ᠦᠶ᠋ᠯᠡᠴᠢᠯᠡᠭᠡᠵᠢ ᠳᠠᠭᠠᠭᠤᠯᠤᠨ ᠲᠣᠬᠢᠷᠠᠭᠤᠯᠵᠤ᠂ ᠥᠪᠥᠷ ᠮᠣᠩᠭᠣᠯ᠎ᠳᠡᠬᠢ ᠠᠶᠠᠯᠠᠯ᠎ᠢ ᠳᠦᠬᠦᠮ ᠳᠦᠳᠡ ᠪᠦᠭᠡᠳᠰᠤᠨᠢᠷᠬᠠᠯᠳᠠᠢ ᠪᠤᠯᠭᠠᠨ᠎ᠠ᠃

ᠠᠢᠮᠠᠭᠬᠣᠲᠠ᠎ᠶ᠋ᠢᠨ ᠣᠨᠴᠠᠯᠢᠭ᠍ᠲᠤ ᠦᠵᠡᠭᠦᠯᠭᠡ᠄ 12 ᠠᠢᠮᠠᠭ ᠬᠣᠲᠠ᠎ᠶᠢᠨ ᠳᠤᠰ ᠳᠤᠰ᠎ᠤᠨ ᠤᠨᠴᠠᠯᠢᠭᠳᠤ ᠪᠦᠳᠦᠭᠡᠭᠳᠡᠬᠦᠨ ᠨᠢᠭᠡᠳᠤᠤᠷ᠎ᠠ ᠴᠤᠭᠯᠠᠬᠤ ᠪᠤᠯᠤᠨ᠎ᠠ᠃ ᠳᠡᠯᠭᠡᠨ ᠦᠵᠡᠭᠦᠯᠬᠦ᠌ ᠡᠳ᠋ ᠲᠠᠸᠠᠷ ᠪᠣᠯᠭᠠᠨ᠎ᠨᠢ ᠴᠥᠮ ᠣᠷᠣᠨ ᠨᠤᠲᠤᠭ᠎ᠤᠨᠢᠮ ᠲᠠᠮᠠᠭ᠎ᠠ ᠢᠯᠡ ᠳᠤᠳᠤ ᠪᠠᠢᠵᠤ᠂ ᠬᠥᠯᠥᠨ ᠪᠣᠢᠷ᠎ᠤᠨ ᠣᠷᠭᠠᠨᠢᠭ ᠦᠬᠡᠷ ᠬᠣᠨᠢᠨ ᠮᠢᠬ᠎ᠠ᠂ᠲᠦᠩᠯᠢᠶᠣᠤ᠎ᠶ᠋ᠢᠨ ᠡᠯᠡᠰᠦᠷᠬᠡᠭ ᠭᠠᠵᠠᠷ᠎ᠤᠨ ᠦᠵᠦᠮ ᠁ ᠪᠠᠢᠭᠠᠯᠢᠯᠢᠭ ᠢᠳᠡᠭᠡᠨ ᠡᠴᠡ ᠨᠠᠷᠢᠯᠢᠭ ᠡᠳ᠋ᠱᠢᠭᠦᠯᠦᠭᠰᠡᠨᠳᠠᠸᠠᠷ ᠬᠦᠷᠲᠡᠯ᠎ᠡ᠂ ᠲᠤᠰ ᠲᠤᠭᠤᠷᠢᠭ᠎ᠲᠦ ᠨᠢᠭᠡ ᠥᠷᠲᠡᠭᠡ ᠮᠠᠶᠢᠭ᠎ᠢᠶᠡᠷ ᠤᠮᠠᠷᠠᠲᠤ ᠬᠢᠯᠢ᠎ᠶ᠋ᠢᠨ ᠵᠠᠩᠦᠶ᠋ᠯᠡ᠎ᠶ᠋ᠢ ᠮᠡᠳᠡᠷᠡᠵᠦ᠂ ᠳᠡᠯᠭᠡᠨ ᠦᠵᠡᠭᠦᠯᠬᠦ᠌ ᠪᠠᠢᠷᠢ ᠨᠢᠭᠡᠪᠦᠷᠢ ᠡᠴᠡ ᠰᠤᠨᠢᠨ ᠰᠠᠢᠬᠠᠨ ᠲᠦᠷᠦᠭᠳᠡᠯᠤᠯᠬᠤ ᠪᠤᠯᠤᠨ᠎ᠠ᠃

ᠠᠵᠢᠯᠲᠥᠷᠥᠯ᠎ᠦᠨ ᠦᠵᠡᠭᠦᠯᠭᠡ᠄ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠬᠢᠭᠡᠳ ᠡᠳᠦᠷ ᠳᠤᠳᠤᠮ᠎ᠤᠨ ᠠᠮᠢᠳᠤᠷᠠᠯ᠎ᠤᠨᠬᠡᠷᠡᠭᠯᠡᠭᠡ᠎ᠶᠢᠨ ᠪᠦᠳᠦᠭᠡᠭᠳᠡᠬᠦᠨ ᠵᠢᠩᠬᠢᠨᠢ ᠦᠭᠡᠳᠡ ᠦᠭᠡᠳᠡ ᠡᠴᠡ ᠪᠠᠨ ᠳᠡᠮᠡᠦᠯᠦᠨ᠎ᠡ᠃ ᠬᠡᠷᠡᠯᠴᠢᠴᠡᠨᠡᠭ᠎ᠦᠨ ᠬᠠᠪᠲᠠᠰᠤ᠂ ᠰᠠᠯᠬᠢᠨ ᠬᠦᠴᠦᠨ᠎ᠦ ᠴᠠᠬᠢᠯᠭᠠᠨ᠎ᠤ ᠲᠥᠬᠥᠭᠡᠷᠦᠮᠵᠢ ᠵᠡᠷᠭᠡ ᠪᠣᠳᠠᠲᠤ ᠪᠣᠳᠠᠰ᠎ᠤᠨᠲᠣᠨᠣᠭ᠍ᠯᠠᠭᠠᠰᠤ᠎ᠶ᠋ᠢ 《ᠵᠡᠭᠦᠨᠳᠡᠬᠢ ᠳᠤᠭ᠎ᠠ ᠵᠢᠪᠠᠷᠠᠭᠤᠨᠳᠠᠬᠢ ᠪᠤᠳᠤᠯᠳᠠ ᠵᠢᠨ ᠬᠦᠴᠦᠨ᠎ᠢᠶᠡᠷ ᠲᠤᠯᠭᠠᠭᠤᠷᠢᠯᠠᠬᠤ》ᠥᠪᠥᠷᠮᠣᠩᠭᠣᠯ᠎ᠤᠨ ᠬᠡᠰᠡᠭ ᠳᠡᠬᠢ ᠪᠤᠳᠤᠯᠳᠠ᠎ᠶᠢᠨ ᠬᠦᠴᠦᠨ᠎ᠦ ᠲᠣᠬᠢᠷᠠᠭᠤᠯᠤᠯᠲᠠ᠎ᠶ᠋ᠢᠨ ᠴᠤᠪᠤᠷᠠᠯ ᠵᠢᠷᠤᠭ᠎ᠲᠠᠶᠤᠶᠠᠯᠳᠤᠭᠤᠯᠤᠨ᠂ ᠴᠡᠪᠡᠷ ᠡᠨᠧᠷᠭᠢ᠎ᠪᠡᠷ ᠲᠣᠭᠠᠴᠢᠯᠠᠭ᠍ᠰᠠᠨ ᠠᠵᠤ ᠠᠬᠤᠶ ᠎ᠳᠦ 《ᠴᠠᠬᠢᠯᠭᠠᠨ ᠴᠡᠨᠡᠭ᠌ᠯᠡᠬᠦ᠌》 ᠮᠡᠷᠭᠡᠵᠢᠯ᠎ᠦᠨᠠᠷᠭ᠎ᠠ ᠵᠠᠮ᠎ᠢ ᠲᠣᠳᠣᠷᠬᠠᠢᠯᠠᠨ ᠲᠠᠢᠯᠪᠤᠷᠢᠯᠠᠨ᠎ᠠ; ᠤᠶᠤᠨᠲᠤᠴᠠᠬᠢᠯᠭᠠᠨ ᠲᠤᠤᠷ᠎ᠤᠨ ᠲᠥᠬᠥᠭᠡᠷᠦᠮᠵᠢ᠎ᠶ᠋ᠢᠨ ᠲᠤᠰᠭᠠᠶ ᠲᠣᠭᠣᠷᠢᠭ ᠨᠢ ᠡᠨᠧᠷᠭᠢ ᠳᠠᠮᠵᠢᠭᠤᠯᠬᠤᠬᠦᠷᠢᠶᠡᠨ᠎ᠳᠡᠬᠢ 《ᠳᠤᠮᠳᠠᠳᠤ ᠤᠯᠤᠰ᠎ᠤᠨ ᠣᠶᠤᠨ ᠤᠬᠠᠭᠠᠨ》 ᠪᠣᠯᠤᠨ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠪᠠᠲᠤ ᠰᠠᠭᠤᠷᠢ᠎ᠶ᠋ᠢ ᠪᠥᠬᠥ᠌ᠲᠠᠯ᠎ᠠ᠎ᠪᠠᠷ ᠢᠯᠡᠷᠡᠭᠦᠯᠦᠨ᠎ᠡ᠃

ᠬᠡᠷᠡᠭ᠌ᠯᠡᠭᠡ ᠵᠢᠨ ᠪᠠᠶᠠᠰᠤᠯᠳᠤ ᠨᠠᠢᠷ᠎ᠤᠨᠲᠤᠭᠤᠷᠢᠭ᠄ ᠢᠳᠡᠭᠡᠨ ᠤᠮᠳᠠᠭᠠᠨ ᠪᠠ ᠪᠠᠷᠠᠭ᠎ᠠ ᠲᠠᠸᠠᠷ᠎ᠢ ᠬᠠᠨᠤᠮᠵᠢᠳᠠᠢ ᠦᠨ᠎ᠡ ᠪᠡᠷ ᠬᠤᠳᠠᠯᠳᠤᠨ ᠠᠪᠴᠤᠪᠤᠯᠤᠨ᠎ᠠ

ᠰᠦ᠎ᠶᠢᠨᠦᠶ᠋ᠯᠡᠰ᠎ᠦᠨ 《ᠰᠢᠷᠦᠬᠦᠨ ᠤᠷᠤᠯᠳᠤᠭᠠᠨ》᠄ ᠡᠨᠳᠡ ᠣᠷᠣᠨ᠎ᠤ ᠳᠣᠲᠣᠷᠠᠬᠢ ᠡᠯ᠎ᠡ ᠲᠣᠮᠣ ᠰᠦ᠎ᠶᠢᠨ ᠠᠵᠤ ᠠᠬᠤᠢᠯᠠᠯ ᠴᠤᠭ᠍ᠯᠠᠷᠠᠵᠤ᠂ᠤᠷᠤᠨ ᠨᠤᠲᠤᠭ᠎ᠤᠨ ᠰᠦ᠎ᠶᠢᠨ ᠦᠶ᠋ᠯᠡᠰ᠎ᠦᠨ ᠭᠠᠢᠬᠠᠮᠰᠢᠭ᠎ᠢ ᠢᠯᠡᠷᠡᠬᠦᠯᠦᠨ᠎ᠡ᠃

ᠰᠢᠯᠢᠳᠡᠭ ᠪᠠᠷᠠᠭᠠᠨ᠎ᠤᠴᠤᠭ᠍ᠯᠠᠷᠠᠯ᠄ ᠠᠷᠪᠠ ᠭᠠᠷᠤᠶ ᠮᠤᠵᠢ ᠣᠷᠣᠨ᠎ᠤ ᠤᠨᠴᠠᠯᠢᠭ᠍ᠳᠤ ᠡᠳ᠋ ᠪᠣᠳᠠᠰ᠎ᠢ ᠨᠢᠭᠡ ᠦᠷᠳᠡᠬᠡ ᠡᠴᠡᠬᠤᠳᠠᠯᠳᠤᠨ ᠠᠪᠴᠤ᠌ ᠪᠤᠯᠤᠨ᠎ᠠ! 12 ᠮᠤᠵᠢ ᠬᠤᠳᠠ᠎ᠶ᠋ᠢᠨ ᠤᠨᠴᠠᠯᠢᠭ᠍ᠲᠤ ᠪᠠᠷᠠᠭ᠎ᠠ ᠲᠠᠸᠠᠷ᠂ ᠠᠮᠲᠠᠲᠤ ᠢᠳᠡᠭᠡᠨ᠂ᠠᠮᠢᠳᠤᠷᠠᠯ᠎ᠤᠨ ᠬᠡᠷᠡᠭ᠌ᠰᠡᠯ ᠵᠡᠷᠭᠡ ᠪᠦᠬᠦ᠌ ᠳᠠᠯ᠎ᠠ᠎ᠢ᠋ ᠬᠠᠮᠤᠷᠠᠭᠰᠠᠨ ᠲᠠᠸᠠᠷ ᠎ᠢ ᠡᠨᠳᠡ ᠡᠴᠡ ᠬᠤᠳᠠᠯᠳᠤᠨᠠᠪᠴᠤ ᠪᠤᠯᠤᠨ᠎ᠠ᠃

ᠱᠣᠣᠮᠠᠶ᠎ᠶ᠋ᠢᠨ ᠨᠠᠢᠷ᠄ᠡᠨᠡ ᠤᠳᠠᠭᠠᠨ᠎ᠤ ᠦᠪᠡᠳᠡᠭ᠌ᠰᠢ ᠶᠡᠬᠡ ᠠᠮᠲᠠᠲᠤ ᠢᠳᠡᠭᠡᠨ᠎ᠦ ᠳᠠᠢᠯᠠᠯᠭ᠎ᠠ᠎ᠳᠤ ᠥᠪᠥᠷ ᠮᠣᠩᠭᠣᠯ᠎ᠤᠨ 12 ᠠᠢᠮᠠᠭ ᠬᠣᠲᠠ ᠡᠴᠡ ᠢᠷᠡᠭ᠌ᠰᠡᠨ ᠱᠣᠣᠮᠠᠶ᠎ᠶ᠋ᠢᠨ ᠲᠣᠭᠣᠭᠠᠴᠢᠳᠱᠢᠷᠦᠭᠦᠨ ᠮᠥᠷᠥᠢᠴᠡᠭᠡᠨ ᠶᠠᠪᠤᠭᠤᠯᠬᠤ ᠪᠣᠯᠤᠨ᠎ᠠ᠃ ᠠᠮᠳᠠᠳᠤ ᠢᠳᠡᠭᠡᠨ᠎ᠳᠦ ᠳᠤᠷᠠᠳᠠᠢ ᠬᠦᠮᠦᠰ ᠠᠵᠠᠲᠤᠬᠢᠶᠠᠯ᠎ᠢ ᠠᠯᠳᠠᠯ ᠦᠬᠡᠢ ᠢᠷᠡᠵᠦ ᠱᠤᠤᠮᠠᠢ ᠠᠮᠳᠠᠷᠬᠠᠵᠤ ᠪᠤᠯᠤᠨ᠎ᠠ᠃

ᠡᠯᠧᠺᠲ᠋ᠷᠣᠨ ᠬᠤᠳᠠᠯᠳᠤᠭᠠᠨ᠎ᠤᠦᠵᠡᠭᠦᠯᠭᠡ᠄ ᠭᠤᠷᠪᠠᠨ ᠶᠡᠬᠡ ᠲᠠᠪᠴᠠᠩ ᠨᠢᠭᠡ ᠳᠤᠤᠷ᠎ᠠ ᠴᠤᠭ᠍ᠯᠠᠷᠠᠵᠤ᠂ ᠨᠡᠷᠡᠳᠦ ᠰᠦᠯᠵᠢᠶᠡᠨ ᠤᠳᠤᠳ ᠪᠥᠬᠥ᠌ᠪᠥᠮᠪᠥᠷᠴᠡᠭ᠎ᠦᠨ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ᠎ᠶ᠋ᠢ ᠬᠥᠲᠥᠯᠥᠨ ᠳᠠᠭᠠᠭᠤᠯᠤᠨ᠎ᠠ!ᠲᠤᠬᠠᠶ᠎ᠶ᠋ᠢᠨ ᠲᠠᠯᠠᠪᠤᠷ᠎ᠲᠤ ᠦᠨ᠎ᠡ ᠬᠠᠶᠠᠯᠴᠠᠬᠤ᠂ ᠱᠠᠩᠨᠠᠯ ᠰᠤᠭᠤᠯᠬᠤᠵᠡᠷᠭᠡ ᠠᠵᠢᠯᠯᠠᠭ᠎ᠠ᠎ᠶ᠋ᠢ ᠴᠠᠭ ᠲᠤᠬᠠᠶ᠎ᠳᠤᠨᠢ ᠲᠣᠬᠢᠷᠠᠭᠤᠯᠵᠤ᠂ ᠨᠠᠷᠢᠯᠢᠭ ᠰᠢᠯᠢᠵᠦ ᠰᠤᠩᠭᠤᠭᠰᠠᠨᠰᠢᠯᠢᠳᠡᠭ ᠲᠠᠸᠠᠷ᠎ᠢ ᠳᠤᠬᠢᠷᠠᠮᠵᠢᠳᠠᠢ ᠦᠨ᠎ᠡ ᠪᠡᠷ ᠬᠤᠳᠠᠯᠳᠤᠨ ᠠᠪᠴᠤ ᠪᠤᠯᠤᠨ᠎ᠠ᠃

ᠣᠯᠠᠨ ᠤᠯᠤᠰ᠎ᠤᠨ ᠦᠵᠡᠰᠭᠦᠯᠡᠩ᠄ᠬᠡᠷ᠎ᠦᠨ᠎ᠢᠶᠡᠨ ᠡᠭᠦᠳᠡᠨ ᠳ᠋ᠡᠬᠡᠨ 《ᠤᠯᠠᠨ ᠤᠯᠤᠰ》 ᠎ᠢ᠋ᠶ᠋ᠡᠷ ᠲᠣᠭᠣᠷᠢᠵᠤ ᠪᠤᠯᠤᠨ᠎ᠠ᠃《ᠨᠢᠭᠡ ᠪᠦᠰᠡᠨᠢᠭᠡ ᠵᠠᠮ 》ᠤ᠋ᠨ ᠨᠠᠢᠵᠠ᠎ᠶᠢᠨ ᠳᠤᠭᠤᠷᠢᠭ᠎ᠤᠨ ᠰᠢᠯᠢᠳᠡᠭ ᠲᠠᠸᠠᠷᠡᠨᠳᠡ ᠪᠦᠷ ᠪᠤᠢ ! ᠱᠢᠨ᠎ᠡ ᠽᠢᠯᠡᠨᠳ᠋᠎ᠦᠨ ᠰᠦᠨ ᠲᠠᠯᠬ᠎ᠠ᠂ᠰᠧᠷᠪᠢᠶ᠎ᠠ᠎ᠶ᠋ᠢᠨ ᠤᠯᠠᠭᠠᠨ ᠠᠷᠢᠬᠢ᠂ ᠠᠦ᠋ᠰᠲᠷᠠᠯᠢᠶ᠎ᠠ᠎ᠶ᠋ᠢᠨ ᠴᠠᠭᠠᠨ ᠢᠳᠡᠭᠡᠨ᠂ ᠺᠣᠷᠢᠶᠠ᠎ᠶ᠋ᠢᠨᠭᠣᠶᠣᠯᠠᠯ᠎ᠤᠨ ᠡᠳ᠋ ᠁ ᠭᠡᠷ᠎ᠤᠨ ᠡᠭᠦᠳᠡᠡ ᠲᠡᠬᠡᠷ᠎ᠡ ᠪᠠᠨ ᠪᠦᠬᠦ᠌ ᠪᠥᠮᠪᠥᠷᠴᠡᠭ᠎ᠦᠨ ᠰᠠᠢᠨ ᠡᠳ᠋ ᠰᠢᠯᠢᠳᠡᠭᠪᠠᠷᠠᠭ᠎ᠠ᠎ᠵᠢ ᠪᠡᠶᠡᠴᠢᠯᠡᠨ ᠣᠢᠯᠠᠭᠠᠬᠤ ᠪᠠ ᠰᠣᠩᠭᠣᠨ ᠬᠤᠳᠠᠯᠳᠤᠨ ᠠᠪᠴᠤ ᠪᠣᠯᠤᠨ᠎ᠠ᠃

ᠱᠢᠨᠵᠢᠯᠡᠬᠦ᠌ᠤᠬᠠᠭᠠᠨ ᠲᠸᠭᠨᠢᠭ ᠮᠡᠷᠭᠡᠵᠢᠯ᠎ᠦᠨ ᠬᠣᠱᠢᠭᠤᠷᠠᠯ᠂ ᠠᠮᠢᠳᠤᠷᠠᠯ᠎ᠤᠨ ᠦᠨᠦᠷ ᠠᠮᠳᠠ᠂ ᠣᠷᠣᠨ ᠨᠤᠲᠤᠭ᠎ᠤᠨ ᠵᠠᠩ ᠦᠢᠯᠡᠪᠣᠯᠤᠨ ᠪᠦᠬᠦ᠌ ᠪᠥᠮᠪᠥᠷᠴᠡᠭ᠎ᠦᠨ ᠣᠨᠴᠠᠯᠢᠭ᠎ᠢ ᠲᠥᠪᠯᠡᠷᠡᠭᠦᠯᠦᠭ᠌ᠰᠡᠨ ᠡᠨᠡ ᠬᠦ᠌ ᠦᠪᠡᠳᠡᠭᠰᠢ ᠦᠵᠡᠰᠬᠦᠯᠡᠩᠤᠳᠠᠯ ᠦᠬᠡᠢ ᠡᠬᠢᠯᠡᠬᠦ᠌ ᠪᠣᠯᠤᠨ᠎ᠠ᠃ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨᠴᠤᠭ᠍ᠯᠠᠭᠠᠨ᠎ᠳᠤ ᠰᠠᠭᠠᠳᠠᠭᠠᠷᠠᠢ᠂ ᠰᠠᠨᠠᠭᠠᠨ ᠡᠴᠡ ᠭᠠᠳᠠᠭᠤᠷ ᠪᠠᠶᠠᠷᠯᠠᠭᠤᠱᠢᠲᠠᠶ ᠰᠤᠩᠭᠤᠯᠳᠠ ᠪᠣᠶ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄ ᠨᠠᠨᠳᠢᠨ

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面