ᠰᠣᠶᠣᠯ ᠤᠷᠠᠯᠢᠭ > ᠲᠠᠪᠤᠳᠤᠭᠠᠷ ᠬᠤᠭᠤᠴᠠᠭᠠᠨ᠎ᠤ᠋ ᠳᠤᠮᠳᠠᠳᠤ ᠮᠤᠩᠭᠤᠯ᠎ᠤ᠋ᠨ ᠦᠵᠡᠰᠭᠦᠯᠡᠩ᠎ᠦ᠋ᠨ ᠴᠤᠭᠯᠠᠭᠠᠨ

2025-08-12 09:55:50

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ 8 ᠰᠠᠷ᠎ᠠ ᠵᠢᠨ 25 — 29 ᠤ᠋ ᠡᠳᠦᠷ ᠪᠤᠯᠳᠠᠯ᠎ᠡ ᠬᠥᠬᠡᠬᠣᠲᠠ ᠳ᠋ᠤ ᠶᠠᠪᠤᠭᠳᠠᠬᠤ ᠪᠠᠷ ᠪᠤᠯᠵᠤ ᠣᠳᠣᠬᠠᠨ ᠳ᠋ᠤ ᠦᠵᠡᠰᠬᠦᠯᠡᠨᠭ᠌ ᠤ᠋ᠨ ᠴᠤᠭᠯᠠᠭᠠᠨ ᠤ᠋ ᠡᠯ᠎ᠡ ᠵᠦᠢᠯ ᠤ᠋ᠨ ᠪᠡᠯᠡᠳᠭᠡᠯ ᠠᠵᠢᠯ ᠨᠢᠬᠡᠨᠳᠡ ᠰᠢᠪᠳᠤᠷᠠᠭᠠᠨ ᠳ᠋ᠠᠭᠠᠨ ᠤᠷᠤᠪᠠ᠃ ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠳ᠋ᠤ ᠥᠪᠥᠷ ᠮᠣᠩᠭᠣᠯ ᠤ᠋ᠨ ᠭᠠᠳᠠᠭᠠᠳᠤ ᠨᠡᠭᠡᠭᠡᠯᠲᠡ ᠵᠢᠨ ᠱᠢᠨ᠎ᠡ ᠠᠮᠵᠢᠯᠲᠠ ᠪᠦᠲᠦᠮᠵᠢ᠎ᠶ᠋ᠢ ᠲᠥᠪᠯᠡᠷᠡᠭᠦᠯᠦᠨ ᠳᠡᠯᠭᠡᠨ ᠦᠵᠡᠭᠦᠯᠬᠦ ᠵᠢᠨ ᠬᠠᠮᠳᠤ ᠮᠣᠩᠭᠣᠯ᠂ ᠣᠷᠣᠰ ᠵᠡᠷᠭᠡ ᠤᠯᠤᠰ᠎ᠯᠤᠭ᠎ᠠ ᠵᠢᠨ ᠪᠣᠳᠠᠲᠠᠶ ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠬᠦ ᠪᠤᠯᠤᠨ᠎ᠡ᠃

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠨᠢ ᠬᠥᠬᠡᠬᠣᠲᠠ ᠵᠢᠨ ᠴᠡᠯᠡᠭᠡᠷ ᠲᠠᠯ᠎ᠠ ᠤᠯᠠᠨ ᠤᠯᠤᠰ ᠤ᠋ᠨ ᠬᠤᠷᠠᠯ ᠦᠵᠡᠰᠭᠦᠯᠡᠩ ᠤ᠋ᠨ ᠲᠥᠪ ᠲᠦ᠍ ᠶᠠᠪᠤᠭ᠍ᠳᠠᠬᠤ ᠪᠦᠬᠡᠤᠨ ᠦᠵᠡᠰᠭᠦᠯᠡᠩ ᠤ᠋ᠨ ᠣᠷᠳᠣᠨ ᠤ᠋ ᠲᠡᠯᠬᠡᠨ ᠦᠵᠡᠭᠦᠯᠭᠡ ᠵᠢᠨ ᠲᠥᠰᠦᠯ ᠢ᠋ ᠨᠢᠭᠡᠨᠲᠡ ᠲᠣᠭ᠍ᠲᠠᠭᠠᠪᠠ᠃ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠤ᠋ ᠶᠡᠷᠦᠩᠬᠡᠢ ᠲᠠᠯᠠᠪᠠᠢ ᠨᠢ 4 ᠲᠦᠮᠡᠨ ᠲᠡᠭ᠌ᠰᠢ ᠳᠥᠷᠪᠡᠯᠵᠢᠨ ᠮᠧᠲ᠋ᠷ ᠲᠦ᠍ ᠬᠦᠷᠴᠦ᠍᠂ ᠡᠭᠦᠨ ᠳ᠋ᠤ ᠲᠢᠩᠬᠢᠮ ᠤ᠋ᠨ ᠳᠣᠲᠣᠷᠠᠬᠢ ᠲᠡᠯᠬᠡᠨ ᠦᠵᠡᠭᠦᠯᠭᠡ ᠵᠢᠨ ᠲᠣᠭᠣᠷᠢᠭ 3.6 ᠲᠦᠮᠡᠨ ᠲᠡᠭ᠌ᠰᠢ ᠳᠥᠷᠪᠡᠯᠵᠢᠨ ᠮᠧᠲ᠋ᠷ᠂ ᠲᠢᠩᠬᠢᠮ ᠤ᠋ᠨ ᠭᠠᠳᠠᠨᠠᠬᠢ ᠲᠣᠨᠣᠭ᠍ᠯᠠᠯ ᠦᠢᠯᠡᠳᠬᠦ᠌ ᠲᠡᠯᠬᠡᠨ ᠦᠵᠡᠭᠦᠯᠭᠡ ᠵᠢᠨ ᠲᠣᠭᠣᠷᠢᠭ 4000 ᠲᠡᠭ᠌ᠰᠢ ᠳᠥᠷᠪᠡᠯᠵᠢᠨ ᠮᠧᠲ᠋ᠷ ᠪᠠᠢᠵᠤ᠂ ᠭᠤᠤᠯᠳᠠᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠰᠣᠶᠣᠯ᠂ ᠠᠮᠲᠠᠲᠤ ᠢᠳᠡᠭᠡᠨ ᠪᠠ ᠬᠢᠯᠢ ᠠᠯᠤᠰᠯᠠᠭ᠍ᠰᠠᠨ ᠠᠷᠠᠯᠵᠢᠶ᠎ᠡ ᠵᠡᠷᠬᠡ ᠠᠭᠤᠯᠭ᠎ᠠ ᠢ᠋ᠢᠨ ᠲᠣᠭᠣᠷᠢᠨ ᠳ᠋ᠤ ᠲᠡᠯᠬᠡᠨ ᠦᠵᠡᠬᠦᠯᠦᠨ᠎ᠡ᠃ ᠥᠪᠥᠷ ᠮᠣᠩᠭᠣᠯ ᠤ᠋ᠨ ᠳᠦᠷᠢ ᠲᠥᠷᠬᠦ᠌ ᠵᠢᠨ ᠣᠷᠳᠣᠨ ᠨᠢ ᠭᠣᠣᠯ ᠲᠡᠯᠬᠡᠨ ᠦᠵᠡᠭᠦᠯᠭᠡ ᠵᠢᠨ ᠲᠣᠭᠣᠷᠢᠭ ᠪᠣᠯᠤᠭ᠍ᠰᠠᠨ ᠤ᠋ ᠬᠤᠪᠢ ᠳ᠋ᠤ᠂ 《ᠬᠦᠭᠵᠢᠯᠳᠡ ᠵᠢᠨ ᠥᠪᠥᠷ ᠮᠣᠩᠭᠣᠯ》᠂ 《ᠨᠡᠭᠡᠭᠡᠯᠲᠡ ᠲᠠᠢ ᠥᠪᠥᠷ ᠮᠣᠩᠭᠣᠯ》᠂ 《ᠪᠣᠬᠢᠷᠲᠤᠯ ᠦᠭᠡᠢ ᠥᠪᠥᠷ ᠮᠣᠩᠭᠣᠯ》᠂ 《ᠰᠣᠶᠣᠯ ᠤ᠋ᠨ ᠥᠪᠥᠷ ᠮᠣᠩᠭᠣᠯ》 ᠵᠡᠷᠭᠡ 4 ᠶᠡᠬᠡ ᠭᠣᠣᠯ ᠰᠡᠳᠦᠪ ᠵᠢᠡᠷ ᠳᠠᠮᠵᠢᠨ ᠤᠮᠠᠷᠠᠲᠤ ᠬᠢᠯᠢ ᠵᠢᠨ ᠠᠮᠢᠵᠢᠷᠠᠯ ᠤ᠋ᠨ ᠬᠦᠴᠦᠨ ᠢ᠋ ᠪᠦᠬᠦ ᠲᠠᠯ᠎ᠠ ᠪᠡᠷ ᠢᠯᠡᠷᠡᠭᠦᠯᠤᠨ᠎ᠠ᠃ ᠡᠭᠦᠨ ᠡᠴᠡ ᠭᠠᠳᠠᠨ᠎ᠠ ᠪᠠᠰᠠ ᠠᠢᠮᠠᠭ ᠬᠣᠲᠠ ᠪᠣᠯᠤᠨ ᠠᠵᠢᠯ ᠲᠥᠷᠥᠯ ᠤ᠋ᠨ ᠲᠡᠯᠬᠡᠨ ᠦᠵᠡᠭᠦᠯᠭᠡ ᠵᠢᠨ ᠲᠣᠭᠣᠷᠢᠭ᠂ ᠬᠡᠷᠡᠭ᠌ᠯᠡᠭᠡᠨ ᠤ᠋ ᠬᠥᠭ᠌ᠵᠢᠶᠡᠨᠲᠦ ᠲᠣᠭᠣᠷᠢᠭ ᠪᠣᠯᠤᠨ ᠣᠯᠠᠨ ᠤᠯᠤᠰ ᠤ᠋ᠨ ᠲᠡᠯᠬᠡᠨ ᠦᠵᠡᠭᠦᠯᠭᠡ ᠵᠢᠨ ᠲᠣᠭᠣᠷᠢᠭ ᠢ᠋ ᠲᠤᠬᠢᠷᠠᠭᠤᠯᠵᠤ᠂ ᠪᠥᠬᠥ᠌ ᠳᠡᠯᠡᠬᠡᠶ ᠵᠢᠨ ᠰᠢᠯᠢᠳᠡᠭ ᠪᠠᠷᠠᠭ᠎ᠠ ᠲᠠᠸᠠᠷ ᠢ᠋ ᠲᠡᠯᠬᠡᠨ ᠦᠵᠡᠬᠦᠯᠬᠦ ᠪᠤᠯᠤᠨ᠎ᠡ᠃ 《ᠡᠮᠦᠨᠡᠬᠢ ᠬᠤᠭᠤᠴᠠᠭᠠᠨ ᠤ᠋ ᠪᠣᠶ ᠪᠥᠬᠥᠶ ᠲᠡᠯᠬᠡᠨ ᠦᠵᠡᠭᠦᠯᠭᠡ ᠵᠢᠨ ᠣᠷᠳᠣᠨ ᠤ᠋ ᠳᠣᠲᠣᠷᠠᠬᠢ ᠵᠢᠷᠤᠭ ᠲᠥᠯᠥᠪᠯᠡᠭᠡ ᠶ᠋ᠢ ᠦᠨᠳᠦᠰᠦᠨ ᠳ᠋ᠡᠭᠡᠨ ᠪᠡᠶᠡᠯᠡᠭᠦᠯᠪᠠ᠃ ᠲᠠᠷᠠᠭᠠᠴᠢ ᠪᠡᠷ ᠠᠷᠠᠯᠵᠢᠶᠠᠴᠢᠨ ᠢ᠋ ᠵᠣᠬᠢᠶᠠᠨ ᠪᠠᠢᠭᠤᠯᠵᠤ ᠲᠠᠯᠠᠪᠤᠷ ᠲᠦ᠍ ᠤᠷᠤᠭᠤᠯᠤᠨ ᠪᠦᠳᠦᠬᠡᠨ ᠪᠠᠢᠭᠤᠯᠬᠤ ᠠᠵᠢᠯ ᠢ᠋ ᠡᠬᠢᠯᠡᠬᠦᠯᠵᠤ᠂ ᠲᠥᠰᠦᠯ ᠨᠢᠭᠡᠪᠦᠷᠢ ᠶ᠋ᠢ ᠪᠣᠳᠠᠲᠠᠶ ᠳ᠋ᠤ ᠨᠠᠢᠳᠠᠪᠤᠷᠢᠵᠢᠭᠤᠯᠤᠨ᠎ᠠ》 ᠬᠡᠵᠤ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠭᠠᠳᠠᠭᠠᠳᠤ ᠠᠷᠠᠯᠵᠢᠶᠠᠨ ᠤ᠋ ᠭᠠᠵᠠᠷ ᠤ᠋ᠨ ᠳᠠᠷᠤᠭ᠎ᠠ ᠳ᠋ᠢᠩ ᠱᠢᠶᠤᠤ ᠯᠦᠩ ᠲᠠᠨᠢᠯᠴᠠᠭᠤᠯᠪᠠ᠃

ᠤᠢᠯᠠᠭᠠᠭᠰᠠᠨ ᠵᠢᠡᠷ᠂ ᠣᠲᠣᠬᠠᠨ ᠪᠣᠯᠲᠠᠯ᠎ᠠ ᠤᠯᠤᠰ ᠤ᠋ᠨ ᠳᠣᠲᠣᠭᠠᠳᠤ ᠵᠢᠨ 11 ᠮᠤᠵᠢ ᠬᠣᠲᠠ ᠣᠷᠣᠨ ᠵᠢᠴᠢ 16 ᠤᠯᠤᠰ ᠤ᠋ᠨ ᠠᠷᠠᠯᠵᠢᠶᠠᠴᠢᠨ ᠦᠵᠡᠰᠭᠦᠯᠡᠩ᠎ᠳᠦ ᠣᠷᠣᠯᠴᠠᠬᠤ ᠪᠡᠷ ᠲᠤᠭᠳᠠᠪᠠ᠃ ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠬᠤᠪᠢ ᠳ᠋ᠤ᠂ ᠡᠨᠧᠷᠭᠢ᠂ ᠴᠠᠬᠢᠯᠭᠠᠨ ᠬᠦᠴᠦᠨ᠂ ᠮᠥᠩᠭᠥᠨ ᠭᠦᠶ᠋ᠯᠭᠡᠭᠡᠨ ᠵᠡᠷᠭᠡ ᠲᠤᠯᠭᠠᠭᠤᠷᠢ ᠠᠵᠤ ᠦᠶ᠋ᠯᠡᠰ ᠤ᠋ᠨ ᠠᠵᠤ ᠠᠬᠤᠢᠯᠠᠯ ᠪᠤᠯᠤᠨ ᠡᠯ᠎ᠠ ᠠᠢᠮᠠᠭ ᠬᠣᠲᠠ ᠣᠯᠠᠨ ᠲᠠᠶ ᠵᠣᠯᠭᠠᠵᠤ᠂ ᠤᠯᠠᠮᠵᠢᠯᠠᠯᠲᠤ ᠲᠠᠪᠠᠭᠤᠯᠢᠭ ᠠᠵᠤ ᠦᠢᠯᠡᠰ ᠤ᠋ᠨ ᠬᠦᠷᠢᠶ᠎ᠡ ᠴᠠᠷᠠᠭ᠎ᠠ ᠡᠴᠡ ᠭᠠᠳᠠᠨ᠎ᠠ ᠪᠠᠰᠠ ᠤᠢᠷ᠎ᠠ ᠤᠭᠳᠠᠷᠭᠤᠢ ᠢ᠋ᠢᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ᠂ ᠪᠤᠳᠤᠯᠳᠡ ᠵᠢᠨ ᠬᠦᠴᠦᠨ ᠵᠡᠷᠭᠡ ᠦᠪᠡᠷᠮᠢᠴᠡ ᠣᠨᠴᠠᠯᠢᠭ ᠲᠠᠢ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠤ᠋ᠨ ᠠᠮᠵᠢᠯᠳᠡ ᠪᠦᠳᠦᠮᠵᠢ ᠵᠢ ᠳᠡᠯᠭᠡᠨ ᠦᠵᠡᠬᠦᠯᠬᠦ ᠲᠤᠰᠬᠠᠢ ᠲᠤᠭᠤᠷᠢᠭ ᠲᠤᠬᠢᠷᠠᠭᠤᠯᠪᠠ᠃ 《ᠪᠢᠳᠡ ᠲᠤᠰ ᠲᠠᠪᠴᠠᠩ ᠢ᠋ᠢᠡᠷ ᠲᠠᠮᠵᠢᠨ ᠪᠣᠳᠠᠲᠠᠶ ᠶ᠋ᠢ ᠡᠷᠬᠢᠮᠯᠡᠭ᠌ᠰᠡᠨ ᠭᠦᠨᠵᠡᠭᠡᠶ ᠬᠠᠮᠲᠤᠷᠠᠯᠴᠠᠭ᠎ᠠ ᠢ᠋ᠢ ᠴᠢᠩᠭᠠᠳᠭᠠᠬᠤ ᠵᠢᠨ ᠬᠠᠮᠲᠤ ᠦᠪᠤᠷ ᠮᠤᠨᠭᠭᠤᠯ ᠤ᠋ᠨ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠭᠠᠳᠠᠭᠠᠳᠤ ᠨᠡᠭᠡᠭᠡᠯᠲᠡ ᠵᠢᠨ ᠠᠮᠵᠢᠯᠲᠠ ᠪᠦᠲᠦᠮᠵᠢ ᠢ᠋ᠢ ᠳᠡᠯᠭᠡᠨ ᠦᠵᠡᠭᠦᠯᠵᠦ᠍᠂ ᠤᠯᠤᠰ ᠤ᠋ᠨ ᠳᠣᠲᠣᠭᠠᠳᠤ ᠭᠠᠳᠠᠭᠠᠳᠤ ᠵᠢᠨ ᠠᠷᠠᠯᠵᠢᠶᠠᠴᠢᠨ ᠤ᠋ ᠥᠪᠥᠷ ᠮᠣᠩᠭᠣᠯ ᠳ᠋ᠤ ᠢᠷᠡᠵᠦ᠍ ᠪᠠᠯᠠ ᠣᠷᠣᠭᠤᠯᠤᠨ ᠠᠵᠤ ᠦᠶ᠋ᠯᠡᠰ ᠵᠢᠡᠨ ᠬᠥᠭ᠌ᠵᠢᠭᠦᠯᠬᠦ᠌ ᠶ᠋ᠢ ᠪᠠᠶᠠᠷᠯᠠᠨ ᠤᠭ᠍ᠲᠤᠵᠤ᠂ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠭᠠᠳᠠᠭᠠᠳᠤ ᠨᠡᠭᠡᠭᠡᠯᠲᠡ ᠵᠢᠨ ᠲᠠᠪᠴᠠᠩ ᠤ᠋ᠨ ᠦᠶ᠋ᠯᠡᠳᠦᠯ ᠢ᠋ ᠭᠦᠶ᠋ᠴᠡᠳ ᠪᠠᠳᠠᠷᠠᠭᠤᠯᠤᠨ᠎ᠡ》 ᠬᠡᠵᠤ ᠳ᠋ᠢᠩ ᠱᠢᠶᠤᠤ ᠯᠦᠩ ᠶᠠᠷᠢᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面