2022-05-21 21:00:56
《ᠰᠣᠨᠣᠰᠭᠤ᠎ᠳᠤ ᠲᠠᠨ᠎ᠤ ᠲᠡᠨᠳᠡ ᠪᠣᠷᠣᠭᠠᠨ ᠣᠷᠣᠯ᠎ᠠ ᠭᠡᠨ᠎ᠡ ᠦᠦ? 》
《ᠲᠡᠢᠮᠦ᠍ ᠡ᠂ ᠶᠡᠷᠦᠩᠬᠡᠶ ᠱᠦᠵᠢ᠂ ᠪᠢᠳᠡ ᠬᠣᠯᠪᠣᠭ᠍ᠳᠠᠯ ᠪᠥᠬᠥᠶ ᠬᠢᠨᠠᠨ ᠬᠡᠮᠵᠢᠬᠦ᠌ ᠠᠵᠢᠯ᠎ᠢ ᠬᠢᠵᠦ᠍ ᠪᠠᠢᠨ᠎ᠠ》᠃
2019 ᠣᠨ᠎ᠤ 9 ᠰᠠᠷ᠎ᠠ᠎ᠶ᠋ᠢᠨ 29 ᠤ᠋ ᠡᠳᠦᠷ᠂ ᠤᠯᠤᠰ᠎ᠤᠨ ᠭᠠᠪᠢᠶᠠᠨ ᠲᠡᠮᠳᠡᠭ ᠪᠣᠯᠤᠨ ᠤᠯᠤᠰ᠎ᠤᠨ ᠢᠷᠠᠭᠤ ᠠᠯᠳᠠᠷ᠎ᠤᠨ ᠴᠣᠯᠠ ᠣᠯᠭᠣᠬᠤ ᠶᠣᠰᠣᠯᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠠᠯᠲᠠᠨ ᠱᠢᠷᠭᠠᠯ ᠲᠢᠩᠬᠢᠮ᠎ᠳᠦ ᠶᠠᠪᠤᠭ᠍ᠳᠠᠪᠠ᠃ ᠶᠡᠷᠦᠩᠬᠡᠢ ᠱᠦᠵᠢ ᠰᠢ ᠵᠢᠨ ᠫᠢᠩ 《ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠭᠠᠷᠮᠠᠭᠠᠢ ᠬᠤᠪᠢ ᠨᠡᠮᠡᠷᠢ ᠦᠵᠡᠭᠦᠯᠦᠭ᠌ᠴᠢ》ᠤᠯᠤᠰ᠎ᠤᠨ ᠢᠷᠠᠭᠤ ᠠᠯᠳᠠᠷ᠎ᠤᠨ ᠴᠣᠯᠠ ᠬᠦᠷᠳᠡᠭ᠌ᠰᠡᠨ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ᠎ᠦᠨ ᠨᠡᠷ᠎ᠡ ᠬᠦᠨᠳᠦᠲᠦ ᠳᠠᠷᠤᠭ᠎ᠠ ᠹᠠᠨ ᠵᠢᠨ ᠱ᠌ᠢ᠎ᠲᠡᠶ ᠬᠠᠯᠠᠭᠤᠨ᠎ᠢᠶᠠᠷ ᠭᠠᠷ ᠠᠳᠭᠤᠭ᠍ᠰᠠᠨ ᠪᠥᠭᠡᠳ ᠳ᠋ᠦᠨᠬᠤᠸᠠᠩ᠎ᠤᠨ ᠤᠢ᠍ᠢᠷ᠎ᠠ᠎ᠶ᠋ᠢᠨ ᠪᠠᠢᠳᠠᠯ᠎ᠢ ᠬᠠᠯᠠᠮᠵᠢᠯᠠᠨ ᠠᠰᠠᠭᠤᠪᠠ᠃
ᠳ᠋ᠦᠨᠬᠤᠸᠠᠩ᠎ᠤᠨ ᠪᠣᠷᠣᠭᠠᠨ᠎ᠳᠤ ᠶᠡᠷᠦᠩᠬᠡᠢ ᠱᠦᠵᠢ ᠶᠠᠭᠤᠨ᠎ᠳᠤ ᠢᠩᠭᠢᠵᠦ᠍ ᠰᠠᠨᠠᠭᠠᠰᠢᠷᠠᠵᠤ ᠪᠠᠢᠭ᠎ᠠ ᠪᠤᠯ?
ᠡᠭᠦᠨ᠎ᠡᠴᠡ ᠰᠠᠷ᠎ᠠ ᠭᠠᠷᠤᠢ᠎ᠶ᠋ᠢᠨ ᠡᠮᠦᠨ᠎ᠡ ᠂ ᠶᠡᠷᠦᠩᠬᠡᠢ ᠱᠦᠵᠢ ᠰᠢ ᠵᠢᠨ ᠫᠢᠩ ᠭᠠᠨᠰᠦ᠎ᠳᠦ ᠱᠢᠨᠵᠢᠯᠡᠨ ᠪᠠᠢᠴᠠᠭᠠᠵᠤ᠂ ᠡᠩ ᠲᠡᠷᠢᠭᠦᠨ᠎ᠳᠤ ᠳ᠋ᠦᠨᠬᠤᠸᠠᠩ᠎ᠤᠨ ᠮᠦᠸᠸ ᠭᠤᠤ ᠠᠭᠤᠢ᠎ᠳᠤ ᠬᠦᠷᠴᠡᠢ᠃ ᠶᠡᠷᠦᠩᠬᠡᠶ ᠱᠦᠵᠢ ᠰᠢ ᠵᠢᠨ ᠫᠢᠩ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ᠎ᠳᠦ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠬᠠᠮᠠᠭᠠᠯᠠᠬᠤ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠪᠣᠯᠪᠠᠰᠤᠨ᠎ᠢ ᠬᠠᠷᠢᠯᠴᠠᠨ ᠲᠣᠯᠢᠯᠠᠬᠤ ᠲᠤᠬᠠᠶ ᠲᠤᠰᠭᠠᠶ ᠮᠡᠷᠭᠡᠵᠢᠯᠲᠡᠨ ᠡᠷᠳᠡᠮᠲᠡᠳ᠎ᠦᠨ ᠰᠠᠨᠠᠯ ᠰᠠᠨᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠪᠠ᠃ ᠲᠤᠰ ᠤᠳᠠᠭᠠᠨ᠎ᠤ ᠶᠠᠷᠢᠯᠴᠠᠬᠤ ᠬᠤᠷᠠᠯ ᠳᠡᠭᠡᠷ᠎ᠡ᠂ ᠹᠠᠨ ᠵᠢᠨ ᠱ᠌ᠢ ᠲᠡᠭᠦᠨ᠎ᠳᠦ ᠳ᠋ᠦᠨᠬᠤᠸᠠᠩ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢ ᠨᠥᠯᠥᠭᠡᠯᠡᠬᠦ᠌ ᠠᠯᠢ ᠤᠯᠠᠨ ᠪᠠᠢᠭᠠᠯᠢ᠎ᠶ᠋ᠢᠨ ᠡᠯᠧᠮᠧᠨ᠋ᠲ᠎ᠢ ᠬᠠᠷᠢᠭᠤ ᠮᠡᠳᠡᠭᠦᠯᠪᠡ᠂ ᠤᠰᠤ ᠪᠣᠯ ᠡᠭᠦᠨ᠎ᠦ ᠳᠣᠲᠣᠷᠠᠬᠢ ᠨᠢᠭᠡ ᠨᠢ ᠪᠣᠯᠤᠨ᠎ᠠ᠃
《ᠵᠢᠭᠤᠯᠴᠢᠯᠠᠭ᠍ᠴᠢᠳ ᠣᠲᠣ ᠤᠯᠠᠳᠠᠯᠠ ᠪᠢᠵᠡ? ᠬᠦᠯᠢᠶᠡᠨ ᠠᠪᠬᠤ ᠳᠠᠭᠠᠭᠠᠴᠡ᠎ᠡᠴᠡ ᠬᠡᠲᠦᠷᠡᠭ᠌ᠰᠡᠨ ᠪᠠᠢᠳᠠᠯ ᠶᠠᠮᠠᠷ ᠵᠡᠷᠭᠡ ᠪᠣᠶ? 》
《ᠲᠠᠨ᠎ᠤ ᠬᠡᠯᠡᠵᠦ᠍ ᠪᠠᠢᠭ᠎ᠠ ᠪᠠᠢᠭᠠᠯᠢ᠎ᠶ᠋ᠢᠨ ᠭᠠᠮᠱᠢᠭ᠎ᠲᠤ ᠶᠠᠮᠠᠷ ᠶᠠᠮᠠᠷ ᠨᠥᠯᠥᠭᠡ ᠪᠠᠢᠳᠠᠭ ᠪᠤᠢ? 》
《ᠣᠷᠴᠢᠮ᠎ᠤᠨ ᠵᠢᠯ᠎ᠦᠳ᠎ᠲᠦ ᠳ᠋ᠦᠨᠬᠤᠸᠠᠩ᠎ᠳᠤ ᠪᠣᠷᠣᠭᠠᠨ ᠠᠷᠪᠢᠨ ᠣᠷᠣᠵᠤ ᠪᠠᠢᠨ᠎ᠠ ᠦᠦ? 》
᠁
ᠶᠠᠷᠢᠯᠴᠠᠬᠤ ᠬᠤᠷᠠᠯ ᠳᠡᠭᠡᠷ᠎ᠡ᠂ ᠵᠢᠭᠤᠯᠴᠢᠯᠠᠭᠰᠠᠳ᠎ᠤᠨ ᠲᠣᠭ᠎ᠠ ᠬᠡᠮᠵᠢᠶ᠎ᠡ᠎ᠡᠴᠡ ᠪᠠᠢᠭᠠᠯᠢ᠎ᠶ᠋ᠢᠨ ᠭᠠᠮᠱᠢᠭ᠎ᠤᠨ ᠨᠥᠯᠥᠭᠡ ᠬᠦᠷᠲᠡᠯ᠎ᠡ᠂ ᠶᠡᠷᠦᠩᠬᠡᠢ ᠱᠦᠵᠢ ᠨᠠᠷᠢᠨ ᠠᠰᠠᠭᠤᠪᠠ᠃
ᠳ᠋ᠦᠨᠬᠤᠸᠠᠩ ᠠᠨ᠎ᠤ ᠶᠡᠬᠡ ᠪᠠᠳᠠᠷᠠᠯ ᠬᠡᠮᠡᠬᠦ ᠤᠳᠬ᠎ᠠ ᠰᠠᠨᠠᠭ᠎ᠠ ᠠᠭᠤᠯᠤᠮᠤᠢ᠃
ᠲᠣᠷᠭᠠᠨ ᠵᠠᠮ᠎ᠳᠡᠬᠢ ᠴᠢᠬᠤᠯᠠ ᠪᠠᠯᠭᠠᠰᠤ ᠪᠤᠯᠬᠤ ᠳ᠋ᠦᠨᠬᠤᠸᠠᠩ᠎ᠳᠤ᠂ ᠤᠯᠠᠨ ᠡᠱᠢᠲᠦ ᠪᠣᠯᠪᠠᠰᠤᠨ ᠡᠨᠳᠡ ᠰᠣᠯᠪᠢᠴᠠᠵᠤ᠂ ᠮᠦᠸᠸ ᠭᠤᠤ ᠠᠭᠤᠢ᠎ᠶ᠋ᠢᠨ ᠭᠡᠷᠡᠯ ᠭᠢᠯᠪᠠᠭ᠎ᠠ᠎ᠶ᠋ᠢ ᠬᠦᠪᠦᠷᠡᠭᠦᠯᠪᠡ᠃ ᠳ᠋ᠦᠨᠬᠤᠸᠠᠩ᠎ᠤᠨ ᠬᠥᠭ᠌ᠵᠢᠯ ᠪᠠᠳᠠᠷᠠᠯ᠎ᠢ ᠡᠷᠭᠢᠴᠡᠭᠦᠯᠬᠦᠶ᠎ᠡ᠂ ᠶᠠᠭ ᠯᠡ ᠭᠡᠷᠡᠯ ᠰᠠᠴᠤᠷᠠᠩᠭᠤᠶ ᠣᠳᠣᠳ ᠱᠢᠬ᠃ ᠭᠡᠲᠡᠯ᠎ᠡ᠂ ᠡᠨᠡ ᠬᠦ᠌ ᠭᠡᠷᠡᠯ ᠰᠠᠴᠤᠷᠠᠩᠭᠤᠢ ᠰᠣᠶᠣᠯ᠎ᠤᠨ ᠭᠡᠷᠡᠯᠲᠦ ᠰᠤᠪᠤᠳ ᠨᠢ ᠴᠠᠭ ᠢᠮᠠᠭ᠍ᠲᠠ ᠬᠤᠵᠢᠷᠳᠠᠬᠤ᠂ ᠱᠠᠭᠠᠷᠠᠬᠤ᠂ ᠬᠣᠭ᠍ᠵᠢᠷᠠᠬᠤ ᠵᠡᠷᠭᠡ ᠠᠯᠢ ᠤᠯᠠᠨ ᠬᠠᠮᠠᠭᠠᠯᠠᠯᠲᠠ᠎ᠶ᠋ᠢᠨ ᠬᠦᠴᠢᠷ ᠠᠰᠠᠭᠤᠳᠠᠯ᠎ᠳᠤ ᠲᠤᠯᠭᠠᠷᠠᠵᠤ᠂ ᠳ᠋ᠦᠨᠬᠤᠸᠠᠩ᠎ᠤᠨ ᠰᠣᠶᠣᠯ᠎ᠤᠨ ᠤᠯᠠᠮᠵᠢᠯᠠᠯ ᠪᠠ ᠰᠤᠳᠤᠯᠭᠠᠨ᠎ᠳᠤ ᠨᠥᠯᠥᠭᠡ ᠦᠵᠡᠭᠦᠯᠵᠦ ᠪᠤᠢ᠃
ᠡᠨᠡ ᠤᠳᠠᠭ᠎ᠠ᠎ᠶ᠋ᠢᠨ ᠱᠢᠨᠵᠢᠯᠡᠨ ᠪᠠᠢᠴᠠᠭᠠᠯᠲᠠ ᠳᠤᠮᠳᠠ᠂ ᠶᠡᠷᠦᠩᠬᠡᠢ ᠱᠦᠵᠢ᠎ᠡᠴᠡ ᠳ᠋ᠦᠨᠬᠤᠸᠠᠩ᠎ᠤᠨ ᠣᠳᠣᠬᠠᠨ᠎ᠤ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ᠂ ᠡᠷᠳᠡᠮ ᠱᠢᠨᠵᠢᠯᠡᠭᠡᠨ᠎ᠦ ᠰᠤᠳᠤᠯᠭᠠᠨ᠂ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠲᠤᠬᠠᠢ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠵᠤ᠂ 《ᠲᠡᠷᠢᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠬᠡᠷᠡᠭᠯᠡᠨ ᠬᠠᠮᠠᠭᠠᠯᠠᠬᠤ ᠲᠦᠪᠱᠢᠨ᠎ᠢᠶᠡᠨ ᠳᠡᠭᠡᠭ᠌ᠰᠢᠯᠡᠭᠦᠯᠵᠦ᠍᠂ ᠡᠨᠡ ᠬᠦ᠌ ᠳᠡᠯᠡᠬᠡᠢ᠎ᠶ᠋ᠢᠨ ᠰᠣᠶᠣᠯ᠎ᠤᠨ ᠥᠪ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ ᠬᠡᠷᠡᠭᠳᠡᠢ》᠂ 《ᠮᠠᠨ᠎ᠤ ᠤᠯᠤᠰ᠎ᠤᠨ ᠳ᠋ᠦᠨᠬᠤᠸᠠᠩ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠬᠠᠮᠠᠭᠠᠯᠠᠬᠤ ᠪᠠ ᠳ᠋ᠦᠨᠬᠤᠸᠠᠩ᠎ᠤᠨ ᠰᠤᠳᠤᠯᠭᠠᠨ᠎ᠤ ᠦᠷ᠎ᠡ ᠪᠦᠲᠦᠭᠡᠯ᠎ᠢ ᠢᠯᠡᠷᠡᠭᠦᠯᠵᠤ᠂ ᠳ᠋ᠦᠨᠬᠤᠸᠠᠩ᠎ᠤᠨ ᠰᠤᠳᠤᠯᠭᠠᠨ᠎ᠤ ᠦᠭᠡ ᠬᠡᠯᠡᠬᠦ᠌ ᠡᠷᠬᠡ᠎ᠶ᠋ᠢ ᠴᠢᠷᠮᠠᠢᠨ ᠡᠵᠡᠮᠱᠢᠬᠦ ᠬᠡᠷᠡᠭᠳᠡᠢ》᠂ ᠳ᠋ᠦᠨᠬᠤᠸᠠᠩ᠎ᠤᠨ ᠰᠣᠶᠣᠯ᠎ᠢ ᠰᠤᠳᠤᠯᠤᠨ ᠪᠠᠳᠠᠷᠠᠭᠤᠯᠵᠤ 《ᠱᠢᠨ᠎ᠡ ᠴᠠᠭ ᠦᠶ᠎ᠡ᠎ᠵᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠦ ᠤᠶᠤᠨ ᠰᠠᠨᠠᠭᠠᠨ᠎ᠤ ᠲᠤᠯᠭᠠᠭᠤᠷᠢᠯᠠᠯ ᠬᠠᠩᠭᠠᠬᠤ ᠬᠡᠷᠡᠭ᠌ᠲᠡᠢ》 ᠭᠡᠵᠦ᠍ ᠬᠡᠯᠡᠪᠡ᠃
ᠹᠠᠨ ᠵᠢᠨ ᠱ᠌ᠢ᠄ 《ᠲᠡᠭᠦᠨ᠎ᠦ ᠬᠠᠯᠠᠮᠵᠢᠯᠠᠵᠤ ᠪᠠᠢᠭ᠎ᠠ ᠨᠢ ᠪᠦᠷ ᠳ᠋ᠦᠨᠬᠤᠸᠠᠩ᠎ᠤᠨ ᠣᠳᠣᠬᠠᠨ᠎ᠳᠤ ᠲᠤᠯᠭᠠᠷᠠᠵᠤ ᠪᠠᠢᠭ᠎ᠠ ᠬᠠᠮᠤᠭ᠎ᠤᠨ ᠴᠢᠬᠤᠯᠠ ᠠᠰᠠᠭᠤᠳᠠᠯ ᠤᠳ ᠪᠣᠯᠤᠨ᠎ᠠ》 ᠭᠡᠵᠦ ᠭᠦᠨ ᠲᠥᠷᠥᠭᠳᠡᠯ ᠲᠠᠢ ᠬᠡᠯᠡᠪᠡ᠃
ᠡᠳᠦᠷ ᠰᠠᠷ᠎ᠠ᠎ᠶᠢᠨ ᠤᠷᠴᠢᠬᠤ ᠠᠨ᠎ᠤ ᠤᠷᠤᠰᠬᠠᠯ ᠤᠰᠤᠨ ᠮᠡᠳᠦ᠃ 3 ᠵᠢᠯ ᠰᠢᠬᠠᠮ ᠴᠠᠭ ᠬᠤᠭᠤᠴᠠᠭ᠎ᠠ ᠥᠩᠭᠡᠷᠡᠨ ᠤᠳᠤᠯ᠎ᠠ᠃ ᠪᠢᠳᠡ ᠳ᠋ᠦᠨᠬᠤᠸᠠᠡᠭᠳ᠋ᠣ ᠬᠦᠷᠴᠦ᠍᠂ ᠮᠦᠸᠸ ᠭᠤᠤ ᠠᠭᠤᠢ᠎ᠶ᠋ᠢᠨ ᠶᠢᠰᠦᠨ ᠳᠠᠪᠬᠤᠷ ᠠᠰᠠᠷ᠎ᠡᠴᠡ ᠮᠣᠷᠳᠠᠵᠤ᠂ 10 ᠮᠢᠨᠦ᠋ᠲ ᠪᠣᠯᠤᠭ᠍ᠰᠠᠨᠦᠭᠡᠢᠪᠡᠷ ᠳ᠋ᠦᠨᠬᠤᠸᠠᠡᠭ ᠤᠨ ᠰᠤᠳᠤᠯᠭᠠᠨ᠎ᠤ ᠬᠦᠷᠢᠶᠡᠯᠡᠩ᠎ᠦᠨ ᠲᠤᠷᠱᠢᠯᠲᠠ᠎ᠶ᠋ᠢᠨ ᠲᠠᠰᠤᠭ᠎ᠲᠤ ᠬᠦᠷᠦᠭᠰᠡᠨ᠎ᠳᠦ᠂ ᠬᠡᠮᠵᠢᠭᠦᠷ᠎ᠲᠦ ᠳᠤᠰᠤᠭᠠᠭᠤᠷ᠂ ᠪᠤᠢᠵᠢᠭᠤᠯᠬᠤ ᠰᠠᠪᠠ᠂ ᠪᠠᠰᠠ ᠮᠠᠰᠢ ᠤᠯᠠᠨ ᠨᠡᠷ᠎ᠡ᠎ᠵᠢ ᠨᠢ ᠬᠡᠯᠡᠵᠦ ᠭᠠᠷᠭᠠᠵᠤ ᠳᠡᠢᠯᠬᠦ ᠦᠭᠡᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠬᠥᠭᠡᠷᠦᠮᠵᠢ ᠲᠠᠭᠤᠨ ᠴᠢᠮᠡᠭᠡ ᠦᠭᠡᠢ ᠠᠵᠢᠯᠯᠠᠵᠤ᠂ ᠳ᠋ᠦᠨᠬᠤᠸᠠᠡᠭ ᠤᠨ ᠰᠤᠳᠤᠯᠭᠠᠨ᠎ᠤ ᠬᠦᠷᠢᠶᠡᠯᠡᠩ᠎ᠦᠨ ᠬᠠᠮᠠᠭᠠᠯᠠᠵᠤ ᠰᠤᠳᠤᠯᠬᠤ ᠭᠠᠵᠠᠷ᠎ᠤᠨ ᠳᠠᠷᠤᠭ᠎ᠠ ᠢᠦᠢ ᠽᠦᠩ ᠷᠧᠨ ᠶᠠᠭ ᠴᠠᠭᠠᠨ ᠴᠠᠮᠴᠠ ᠡᠮᠦᠰᠴᠦ᠍᠂ ᠬᠠᠮᠲᠤ ᠠᠵᠢᠯᠯᠠᠭ᠍ᠰᠠᠳ᠎ᠲᠠᠶ᠎ᠪᠠᠨ ᠨᠠᠷᠢᠯᠢᠭ ᠲᠤᠷᠱᠢᠯᠲᠠ᠎ᠶ᠋ᠢᠨ ᠬᠡᠮᠵᠢᠭᠦᠷᠯᠢᠭ᠎ᠦᠨ ᠡᠮᠦᠨ᠎ᠡ ᠠᠵᠢᠯᠯᠠᠵᠤ᠂ ᠲᠤᠷᠰᠢᠯᠲᠠ᠎ᠶ᠋ᠢᠨ ᠦᠷ᠎ᠡ ᠳ᠋ᠦᠩ᠎ᠢ ᠶᠠᠷᠢᠯᠴᠠᠵᠤ ᠪᠠᠢᠯ᠎ᠠ᠃
ᠡᠢᠮᠦᠷᠬᠦᠦ ᠦᠵᠡᠭ᠌ᠳᠡᠯ᠎ᠢ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠲᠠᠶ ᠬᠣᠯᠪᠣᠵᠤ ᠪᠤᠳᠤᠬᠤ ᠬᠥᠮᠦᠨ ᠲᠤᠩ ᠴᠥᠭᠡᠨ᠂ ᠭᠡᠲᠡᠯ᠎ᠡ ᠡᠨᠡ ᠨᠢ ᠶᠠᠭ ᠳ᠋ᠦᠨᠬᠤᠸᠠᠩ᠎ᠤᠨ ᠰᠣᠶᠣᠯ᠎ᠤᠨ ᠬᠠᠮᠠᠭᠠᠯᠠᠭ᠍ᠴᠢᠳ᠎ᠤᠨ ᠴᠢᠷᠮᠠᠢᠬᠤ ᠴᠢᠭ᠌ᠯᠡᠯ ᠪᠣᠯᠤᠨ᠎ᠠ᠃
ᠶᠡᠷᠦᠩᠬᠡᠶ ᠱᠦᠵᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠴᠢᠬᠤᠯᠠᠴᠢᠯᠠᠭ᠍ᠰᠠᠨ ᠨᠢ ᠢᠦᠶ ᠽᠦᠩ ᠷᠧᠨ᠎ᠳᠦ ᠭᠦᠨ ᠰᠠᠭᠤᠭ᠍ᠳᠠᠯ ᠦᠯᠡᠳᠡᠭᠡᠵᠡᠶ᠃ 《ᠡᠨᠡ ᠬᠣᠶᠠᠷ ᠵᠢᠯ᠎ᠳᠦ᠂ ᠪᠢᠳᠡ ᠰᠠᠭᠤᠷᠢ ᠰᠤᠳᠤᠯᠭᠠᠨ᠎ᠢ ᠴᠢᠩᠭᠠᠳᠭᠠᠵᠤ᠂ ᠭᠠᠮᠰᠢᠬ ᠬᠥᠨᠥᠭᠡᠯ᠎ᠦᠨ ᠵᠢᠮ᠎ᠡ ᠶᠣᠰᠣ᠎ᠶ᠋ᠢ ᠣᠯᠠᠨ ᠲᠠᠯ᠎ᠠ᠎ᠡᠴᠡ ᠰᠤᠳᠤᠯᠵᠤ᠂ ᠤᠰᠤ᠂ ᠳᠠᠪᠤᠰᠤ᠂ ᠣᠷᠴᠢᠨ ᠲᠣᠭᠣᠷᠢᠨ᠎ᠤ ᠡᠯᠧᠮᠧᠨ᠋ᠲ ᠵᠡᠷᠭᠡ᠎ᠵᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠲᠦ ᠦᠵᠡᠭᠦᠯᠬᠦ᠌ ᠦᠶ᠋ᠯᠡᠳᠦᠯ᠎ᠦᠨ ᠵᠢᠮ᠎ᠡ ᠶᠣᠰᠣ᠎ᠶ᠋ᠢ ᠠᠩᠬ᠎ᠠ ᠠᠯᠬᠤᠮ ᠲᠠᠨᠢᠪᠠ᠃ ᠡᠳᠦᠭᠡ᠂ ᠰᠤᠳᠤᠯᠭᠠᠨ᠎ᠤ ᠬᠦᠷᠢᠶᠡᠯᠡᠩ ᠨᠢ 200 ᠭᠠᠷᠤᠢ ᠬᠥᠮᠦᠨ᠎ᠲᠡᠶ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠨᠢᠭᠡ ᠴᠤᠬ᠍ᠴᠠᠵᠢᠭᠤᠯᠤᠬ᠍ᠰᠠᠨ ᠨᠢᠭᠡᠨ ᠰᠠᠯᠠᠭ᠎ᠠ ᠬᠠᠮᠠᠭᠠᠯᠠᠬᠤ ᠡᠩᠨᠡᠭᠡ᠎ᠲᠡᠶ ᠪᠤᠯᠵᠤ᠂ ᠴᠢᠳᠠᠪᠤᠷᠢᠲᠠᠨ ᠨᠢ ᠬᠢᠮᠢ᠂ ᠭᠠᠵᠠᠷ ᠱᠢᠨᠵᠢᠯᠡᠭᠡᠨ᠂ ᠣᠷᠴᠢᠨ ᠲᠣᠭᠣᠷᠢᠨ᠂ ᠠᠮᠢᠳᠤ ᠪᠣᠳᠠᠰ ᠵᠡᠷᠭᠡ 20 ᠱᠢᠬᠠᠮ ᠬᠦᠷᠢᠶᠡᠨ᠎ᠳᠦ ᠬᠣᠯᠪᠣᠭ᠍ᠳᠠᠵᠠᠢ》 ᠭᠡᠵᠦ᠍ ᠢᠦᠢ ᠽᠦᠩ ᠷᠧᠨ ᠬᠡᠯᠡᠪᠡ᠃
ᠳ᠋ᠦᠨᠬᠤᠸᠠᠩ᠎ᠤᠨ ᠲᠣᠭᠠᠴᠢᠯᠠᠭ᠍ᠰᠠᠨ ᠠᠵᠢᠯ᠎ᠳᠤ ᠣᠷᠣᠯᠴᠠᠭ᠍ᠰᠠᠨ ᠶᠡᠷᠡᠭᠡᠳ ᠣᠨ᠎ᠳᠤ ᠲᠦᠷᠦᠭ᠌ᠰᠡᠨ ᠠᠵᠢᠯᠳᠠᠨ ᠱᠢᠶᠦ᠋ᠩ ᠶᠧ ᠲᠸᠩ᠎ᠤᠨ ᠦᠵᠡᠬᠦ᠌᠎ᠪᠡᠷ᠂ ᠳ᠋ᠦᠨᠬᠤᠸᠠᠩ᠎ᠤᠨ ᠲᠡᠭᠦᠨ᠎ᠦ ᠠᠩᠬᠠᠷᠤᠯ᠎ᠢ ᠬᠠᠮᠤᠭ᠎ᠡᠴᠡ ᠢᠯᠡᠭᠦᠦ ᠲᠠᠲᠠᠳᠠᠭ ᠨᠢ ᠳᠠᠷᠤᠢ ᠮᠦᠸᠸ ᠭᠤᠤ ᠠᠭᠤᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠦᠷᠦᠭ᠌ᠳᠡᠯ ᠪᠣᠯᠤᠨ᠎ᠠ᠃ ᠲᠠᠰᠤᠷᠠᠯᠲᠠ ᠦᠭᠡᠢ ᠬᠠᠢᠨ ᠰᠦᠪᠡᠭ᠌ᠴᠢᠯᠡᠵᠦ᠍ ᠠᠭᠤᠳᠠᠯᠬᠤ᠎ᠪᠠᠷ ᠳᠠᠮᠵᠢᠨ᠂ ᠳ᠋ᠦᠨᠬᠤᠸᠠᠩ᠎ᠤᠨ ᠰᠤᠳᠤᠯᠭᠠᠨ ᠨᠢᠭᠡᠨᠲᠡ ᠤᠯᠠᠨ ᠱᠢᠨᠵᠢᠯᠡᠭᠡᠨ᠎ᠦ ᠰᠠᠯᠠᠭ᠎ᠠ ᠲᠡᠢᠰᠢ ᠭᠦᠨᠵᠡᠭᠡᠢ ᠰᠣᠯᠪᠢᠴᠠᠨ ᠠᠭᠤᠰᠤᠯᠴᠠᠨ ᠬᠥᠭ᠌ᠵᠢᠪᠡ᠃ ᠣᠯᠠᠨ ᠲᠥᠷᠥᠯ᠎ᠦᠨ ᠱᠢᠨᠵᠢᠯᠡᠭᠡᠨ᠎ᠦ ᠴᠢᠳᠠᠪᠤᠷᠢᠲᠠᠨ ᠪᠦᠷ ᠡᠨᠳᠡ ᠡᠷᠳᠡᠮ᠎ᠢᠶᠡᠨ ᠬᠡᠷᠡᠭ᠌ᠯᠡᠬᠦ᠌ ᠭᠠᠵᠠᠷ ᠣᠯᠪᠠ ᠭᠡᠯᠡ᠃
《ᠮᠦᠸᠸ ᠭᠤᠤ ᠠᠭᠤᠢ᠎ᠶ᠋ᠢᠨ ᠬᠠᠨ᠎ᠠ᠎ᠶ᠋ᠢᠨ ᠵᠢᠷᠤᠭ ᠨᠢ ᠠᠮᠢᠳᠤ ᠲᠦᠷᠰᠦᠯᠢᠭ ᠪᠦᠭᠡᠳ ᠪᠦᠲᠦᠴᠡ ᠵᠦᠢ᠎ᠲᠡᠶ ᠶᠤᠮ》᠃ ᠱᠢᠶᠦ᠋ᠩ ᠶᠧ ᠲᠧᠩ ᠰᠡᠳᠬᠢᠯ ᠳᠤᠭᠳᠤᠯᠤᠨ᠄ 《 ᠶᠡᠷᠦᠩᠬᠡᠢ ᠱᠦᠵᠢ᠂ ᠳ᠋ᠦᠨᠬᠤᠸᠠᠩ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ ᠪᠣᠯᠤᠨ ᠳ᠋ᠦᠨᠬᠤᠸᠠᠩ᠎ᠤᠨ ᠰᠤᠳᠤᠯᠭᠠᠨ ᠥᠷᠭᠡᠨ ᠳᠡᠯᠭᠡᠷ ᠪᠥᠭᠡᠳ ᠭᠦᠨ ᠭᠦᠨᠵᠡᠭᠡᠢ ᠪᠠᠢᠵᠤ᠂ ᠨᠢᠭᠡ ᠨᠠᠰᠤᠨ᠎ᠤ ᠤᠶᠤᠨ ᠴᠢᠳᠠᠯ᠎ᠢᠶᠠᠨ ᠬᠡᠷᠡᠭ᠌ᠰᠡᠪᠡᠯ ᠰᠠᠶᠢ ᠦᠷ᠎ᠡ ᠪᠦᠲᠦᠮᠵᠢ ᠣᠯᠵᠤ᠂ ᠦᠷ᠎ᠡ ᠪᠦᠲᠦᠭᠡᠯ ᠭᠠᠷᠭᠠᠵᠤ ᠴᠢᠳᠠᠨ᠎ᠠ ᠭᠡᠪᠡ᠂ ᠶᠡᠷᠦᠩᠬᠡᠢ ᠱᠦᠵᠢ᠎ᠶ᠋ᠢᠨ ᠳ᠋ᠦᠨᠬᠤᠸᠠᠩ᠎ᠤᠨ ᠰᠣᠶᠣᠯ᠎ᠢ ᠴᠢᠬᠤᠯᠠᠴᠢᠯᠠᠭ᠍ᠰᠠᠨ ᠶᠠᠪᠤᠳᠠᠯ ᠨᠢ ᠨᠠᠳᠠ᠎ᠳᠤ ᠭᠦᠨ ᠰᠠᠭᠤᠭ᠍ᠳᠠᠯ ᠥᠭ᠌ᠴᠡᠢ᠃ ᠡᠨᠳᠡ ᠥᠷᠭᠡᠨ ᠠᠭᠤᠳᠠᠮ ᠲᠠᠪᠴᠠᠩ ᠪᠤᠢ᠂ ᠪᠢ ᠳ᠋ᠦᠨᠬᠤᠸᠠᠩ ᠳ᠋ᠤ ᠦᠯᠡᠳᠡᠭ᠌ᠰᠡᠨ ᠪᠢᠰᠢ᠂ ᠬᠠᠷᠢᠨ ᠳ᠋ᠦᠨᠬᠤᠸᠠᠩ ᠨᠠᠳᠠ᠎ᠵᠢ ᠦᠯᠡᠳᠡᠭᠡᠨ ᠠᠪᠤᠭᠰᠠᠨ ᠶᠤᠮ 》 ᠭᠡᠪᠡ᠃
2021 ᠣᠨ᠎ᠤ ᠠᠯᠳᠠᠨ ᠰᠢᠷᠭᠠᠯ ᠨᠠᠮᠤᠷ᠂ ᠪᠡᠭᠡᠵᠢᠩ᠎ᠳᠤ᠂《ᠴᠢᠷᠮᠠᠢᠨ ᠤᠷᠤᠭᠰᠢᠯᠠᠨ ᠠᠯᠤᠰ᠎ᠢ ᠵᠤᠷᠢᠨ᠎ᠠ᠄ ᠬᠠᠭᠠᠨ᠎ᠤ ᠣᠷᠳᠣᠨ᠎ᠳᠡᠬᠢ ᠳ᠋ᠦᠨᠬᠤᠸᠠᠩ᠎ᠤᠨ ᠣᠨᠴᠠᠭᠠᠢ ᠦᠵᠡᠭᠦᠯᠭᠡ 》 ᠶ᠋ᠢᠨ ᠦᠵᠡᠭ᠌ᠴᠢᠳ ᠲᠤᠩ ᠣᠯᠠᠨ ᠪᠠᠢᠯ᠎ᠠ᠃
ᠤᠯᠠᠮᠵᠢᠯᠠᠯᠲᠤ ᠰᠣᠶᠣᠯ᠎ᠢ ᠨᠡᠩ ᠤᠯᠠᠨ ᠱᠢᠨ᠎ᠡ ᠠᠷᠭ᠎ᠠ ᠬᠡᠯᠪᠡᠷᠢ᠎ᠶ᠋ᠢ ᠰᠦᠪᠡᠭ᠌ᠴᠢᠯᠡᠨ ᠨᠡᠭᠡᠭᠡᠬᠦ ᠵᠢᠨ ᠲᠦᠯᠦᠭᠡ᠂ ᠳ᠋ᠦᠨᠬᠤᠸᠠᠩ ᠤᠨ ᠰᠤᠳᠤᠯᠭᠠᠨ᠎ᠤ ᠬᠦᠷᠢᠶᠡᠯᠡᠩ᠎ᠦᠨ ᠬᠢᠨ ᠳ᠋ᠦᠨᠬᠤᠸᠠᠩ᠎ᠤᠨ ᠲᠠᠬᠢᠨᠢ《ᠵᠢᠶᠠ ᠶᠣᠣ》 ᠵᠢ ᠨᠠᠷᠢᠨ ᠨᠢᠮᠪᠠᠢ ᠱᠤᠭᠤᠵᠤ᠂ ᠺᠠᠷᠲ᠋ᠣᠨ᠎ᠤ ᠠᠷᠭ᠎ᠠ ᠬᠡᠯᠪᠡᠷᠢ᠂ ᠬᠥᠮᠦᠨᠴᠢᠯᠡᠭ᠌ᠰᠡᠨ ᠠᠭᠤᠯᠭ᠎ᠠ᠎ᠪᠠᠷ ᠳ᠋ᠦᠨᠬᠤᠸᠠᠩ᠎ᠤᠨ ᠡᠷᠲᠡᠨ᠎ᠦ ᠭᠠᠢᠬᠠᠮᠱᠢᠭ᠎ᠢ ᠶᠠᠷᠢᠵᠤ᠂ ᠵᠠᠯᠠᠭᠤᠴᠤᠳ᠎ᠤᠨ ᠪᠠᠬᠠᠷᠬᠠᠯ᠎ᠢ ᠣᠯᠵᠠᠢ᠃
ᠢᠨᠲ᠋ᠧᠷ ᠰᠦᠯᠵᠢᠶ᠎ᠡ᠎ᠵᠢ ᠨᠡᠬᠡᠬᠡᠪᠡᠯ᠂ ᠬᠢᠲᠠᠳ ᠠᠨᠭ᠌ᠭ᠌ᠯᠢ ᠬᠤᠤᠰ ᠬᠡᠯᠡᠨ᠎ᠦ ᠬᠡᠪᠯᠡᠯ᠎ᠦᠨ 《ᠲᠣᠭᠠᠴᠢᠯᠠᠭ᠍ᠰᠠᠨ ᠳ᠋ᠦᠨᠬᠤᠸᠠᠩ》᠎ᠤ᠋ᠨ ᠡᠬᠢ ᠪᠠᠶᠠᠯᠢᠭ᠎ᠤᠨ ᠬᠥᠮᠥᠷᠭᠡ ᠨᠢᠪᠥᠬᠥ᠌ ᠳᠡᠯᠡᠬᠡᠶᠳᠤᠳ᠋ᠦᠨᠬᠤᠸᠠᠩᠤᠨ ᠴᠢᠯᠠᠭᠤᠨ ᠠᠭᠤᠶ᠎ᠶ᠋ᠢᠨ 30 ᠠᠭᠤᠶ᠎ᠶ᠋ᠢᠨ ᠥᠨᠳᠥᠷ ᠲᠣᠳᠣᠴᠠᠲᠤ ᠵᠢᠷᠤᠭ ᠳᠦᠷᠰᠦ᠎ᠶ᠋ᠢ ᠬᠠᠮᠲᠤ᠎ᠪᠠᠷ ᠡᠳ᠋ᠯᠡᠭᠦᠯᠵᠦ᠍ ᠪᠠᠢᠨ᠎ᠠ᠃
《 ᠳ᠋ᠦᠨᠬᠤᠸᠠᠩ᠎ᠤᠨ ᠰᠣᠶᠣᠯ ᠳᠤᠮᠳᠠᠳᠤ ᠤᠯᠤᠰ᠎ᠤᠨ ᠬᠢ᠂ ᠭᠡᠪᠡᠴᠦ᠍ ᠳ᠋ᠦᠨᠬᠤᠸᠠᠩ᠎ᠤᠨ ᠰᠤᠳᠤᠯᠤᠯ ᠪᠣᠯ ᠳᠡᠯᠡᠬᠡᠢ᠎ᠶ᠋ᠢᠨ ᠬᠢ ᠶᠤᠮ》᠃ ᠳ᠋ᠦᠨᠬᠤᠸᠠᠩ᠎ᠤᠨ ᠰᠣᠶᠣᠯ ᠨᠢ ᠶᠡᠷᠦᠩᠬᠡᠢ ᠱᠦᠵᠢ᠎ᠶ᠋ᠢᠨ ᠬᠠᠯᠠᠮᠵᠢᠯᠠᠯ ᠳᠣᠣᠷ᠎ᠠ ᠲᠠᠰᠤᠷᠠᠯᠳᠡ ᠦᠭᠡᠢ ᠪᠠᠳᠠᠷᠠᠨ ᠳᠡᠯᠭᠡᠷᠡᠵᠦ᠍᠂ ᠶᠡᠷᠦᠩᠬᠡᠢ ᠱᠦᠵᠢ᠎ᠶ᠋ᠢᠨ ᠬᠦᠰᠡᠨ ᠪᠠᠷᠠᠯᠠᠵᠤ ᠪᠠᠢᠭ᠎ᠠ《ᠳᠡᠯᠡᠬᠡᠢ᠎ᠶ᠋ᠢᠨ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢᠨ ᠬᠡᠪ ᠳᠠᠭᠤᠷᠢᠶᠠᠯ 》᠂ 《 ᠳ᠋ᠦᠨᠬᠤᠸᠠᠩ᠎ᠤᠨ ᠰᠤᠳᠤᠯᠤᠯ᠎ᠤᠨ ᠥᠨᠳᠥᠷᠯᠢᠭ 》᠎ᠨᠢ ᠳ᠋ᠦᠨᠬᠤᠸᠠᠩ᠎ᠤᠨ ᠬᠥᠪᠡᠭᠦᠳ ᠥᠬᠢᠳ᠎ᠦᠨ ᠴᠢᠷᠮᠠᠢᠯᠭ᠎ᠠ ᠳᠤᠮᠳᠠ ᠠᠯᠬᠤᠮ ᠠᠯᠬᠤᠮ᠎ᠢᠶᠠᠷ ᠪᠣᠳᠠᠲᠤ ᠠᠬᠤᠢ ᠪᠣᠯᠤᠨ ᠬᠤᠪᠢᠷᠠᠵᠤ ᠪᠤᠢ᠃
《ᠳ᠋ᠦᠨᠬᠤᠸᠠᠩᠢ ᠪᠢ ᠬᠦᠰᠡᠨ ᠵᠤᠷᠢᠬᠰᠠᠭᠠᠷ ᠢᠷᠡᠵᠡ 》—2019 ᠣᠨ᠎ᠤ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠭᠠᠨᠰᠦ᠎ᠡᠴᠡ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠨᠠᠷ ᠶᠡᠷᠦᠩᠬᠡᠢ ᠱᠦᠵᠢ ᠰᠢ ᠵᠢᠨ ᠫᠢᠩ᠎ᠤᠨ ᠳ᠋ᠦᠨᠬᠤᠸᠠᠩ᠎ᠳᠤ ᠠᠢᠯᠴᠢᠯᠠᠬᠤ᠎ᠵᠢ ᠬᠠᠯᠠᠭᠤᠨ᠎ᠢᠶᠠᠷ ᠤᠷᠢᠬᠰᠠᠨ᠎ᠳᠤ ᠶᠡᠷᠦᠩᠬᠡᠢ ᠱᠦᠵᠢ ᠢᠩᠭᠢᠵᠦ᠍ ᠬᠠᠷᠢᠭᠤᠯᠪᠠ᠃ ᠠᠩᠬᠠᠳᠤᠭᠠᠷ ᠬᠤᠭᠤᠴᠠᠭᠠᠨ᠎ᠤ ᠲᠣᠷᠭᠠᠨ ᠵᠠᠮ (ᠳ᠋ᠦᠨᠬᠤᠸᠠᠩ )᠎ᠤ᠋ᠨ ᠤᠯᠠᠨ ᠤᠯᠤᠰ᠎ᠤᠨ ᠰᠣᠶᠣᠯ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠪᠠᠶᠠᠷ᠎ᠤᠨ ᠵᠠᠬᠢᠳᠠᠯ ᠢᠯᠡᠭᠡᠬᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ 《 ᠳ᠋ᠦᠨᠬᠤᠸᠠᠩ ᠪᠣᠯ ᠲᠡᠦᠬᠡᠨ ᠳᠡᠭᠡᠷᠡᠬᠢ ᠳᠣᠷᠣᠨᠠᠳᠠᠬᠢᠨ ᠥᠷᠥᠨᠡᠳᠠᠬᠢᠨ᠎ᠤ ᠰᠣᠶᠣᠯ᠎ᠤᠨ ᠰᠤᠯᠢᠪᠴᠢᠯᠤᠨ ᠴᠢᠬᠤᠯᠠ ᠬᠦᠢᠰᠦ ᠮᠥᠨ》 ᠭᠡᠵᠦ᠍ ᠮᠠᠭ᠍ᠲᠠᠨ ᠰᠠᠢᠱᠢᠶᠠᠪᠠ; ᠠᠩᠬᠠᠳᠤᠭᠠᠷ ᠬᠤᠭᠤᠴᠠᠭᠠᠨ᠎ᠤ 《ᠨᠢᠭᠡ ᠪᠦᠰᠡ ᠨᠢᠭᠡ ᠵᠠᠮ 》᠎ᠤ᠋ᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠦᠷᠦᠭᠦᠴᠦᠳ᠎ᠦᠨ ᠶᠠᠷᠢᠶᠠᠨ᠎ᠤ ᠲᠠᠪᠴᠠᠩ᠎ᠤᠨ ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠲᠡᠷᠡ ᠡᠷᠲᠡᠨ᠎ᠦ ᠲᠣᠷᠭᠠᠨ ᠵᠠᠮ᠎ᠤᠨ ᠲᠤᠬᠠᠢ ᠶᠠᠷᠢᠵᠤ᠂ ᠳ᠋ᠦᠨᠬᠤᠸᠠᠩ ᠵᠡᠷᠭᠡ ᠡᠷᠲᠡᠨ᠎ᠦ ᠬᠤᠳᠠ᠎ᠶ᠋ᠢ 《ᠡᠨᠡ ᠬᠡᠰᠡᠭ ᠲᠡᠦᠬᠡ᠎ᠶ᠋ᠢ ᠲᠡᠮᠳᠡᠭ᠌ᠯᠡᠭ᠌ᠰᠡᠨ 〈 ᠠᠮᠢᠳᠤ ᠴᠢᠯᠠᠭᠤᠵᠢᠮᠠᠯ 〉》 ᠭᠡᠪᠡ ᠁
《ᠳ᠋ᠦᠨᠬᠤᠸᠠᠩ᠎ᠤᠨ ᠰᠣᠶᠣᠯ ᠨᠢ ᠳᠤᠮᠳᠠᠳᠤ᠎ᠶ᠋ᠢᠨ ᠦᠨᠳᠦᠰᠦᠲᠡᠨ᠎ᠦ ᠰᠣᠶᠣᠯ᠎ᠤᠨ ᠢᠲᠡᠭᠡᠯ᠎ᠢ ᠢᠯᠡᠷᠡᠭᠦᠯᠪᠡ》᠃ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠬᠦ᠌ ᠨᠤᠲᠠᠯᠠᠯᠲᠠ ᠨᠢ ᠲᠡᠭᠦᠨ᠎ᠦ ᠳ᠋ᠦᠨᠬᠤᠸᠠᠩ᠎ᠤᠨ ᠰᠣᠶᠣᠯ᠎ᠳᠠᠬᠢ ᠭᠦᠨ ᠰᠡᠳᠭᠢᠯᠭᠡ ᠪᠠ ᠭᠦᠨᠵᠡᠭᠡᠢ ᠪᠣᠳᠣᠯᠬᠢᠯᠠᠯ᠎ᠢ ᠬᠠᠷᠠᠭᠤᠯᠵᠤ ᠪᠠᠢᠨ᠎ᠠ᠃
ᠭᠠᠭ᠍ᠴᠠ ᠬᠦ᠌ ᠢᠲᠡᠭᠡᠯ ᠳᠦᠭᠦᠷᠡᠩ ᠰᠤᠶᠤᠯ ᠪᠣᠯᠪᠠᠰᠤᠨ ᠰᠠᠶᠢ ᠥᠪᠡᠷ᠎ᠦᠨ ᠦᠨᠳᠦᠰᠦᠲᠡᠨ᠎ᠦ ᠣᠨᠴᠠᠯᠢᠭ᠎ᠢᠶᠠᠨ ᠬᠠᠳᠠᠭᠠᠯᠠᠬᠤ ᠶ᠋ᠢᠨ ᠬᠠᠮᠲᠤ ᠡᠯ᠎ᠡ ᠵᠦᠢᠯ᠎ᠦᠨ ᠠᠳᠠᠯᠢ ᠪᠤᠰᠤ ᠰᠤᠶᠤᠯ ᠪᠣᠯᠪᠠᠰᠤᠨ᠎ᠢ ᠪᠠᠭ᠍ᠲᠠᠭᠠᠵᠤ᠂ ᠯᠠᠪᠯᠠᠯᠲᠠ ᠪᠣᠯᠭᠠᠵᠤ᠂ ᠱᠢᠩᠭᠡᠭᠡᠨ ᠠᠪᠴᠤ᠌ ᠴᠢᠳᠠᠨ᠎ᠠ; ᠭᠠᠭ᠍ᠴᠠ ᠬᠦ᠌ ᠢᠲᠡᠭᠡᠯ ᠲᠡᠭᠦᠯᠳᠡᠷ ᠦᠨᠳᠦᠰᠦᠲᠡᠨ ᠰᠠᠶᠢ ᠲᠡᠦᠬᠡ᠎ᠶ᠋ᠢᠨ ᠤᠷᠤᠰᠭᠠᠯ᠎ᠤᠨ ᠳᠤᠮᠳᠠ ᠰᠡᠬᠦᠢᠨ ᠰᠦᠨᠳᠡᠷᠯᠡᠵᠦ᠍᠂ ᠬᠠᠯᠠ ᠵᠣᠪᠠᠯᠠᠩ᠎ᠢ ᠬᠠᠱᠢᠷᠠᠲᠠᠯ᠎ᠠ ᠠᠮᠰᠠᠭ᠍ᠰᠠᠨ ᠴᠤ᠌ ᠦᠶ᠎ᠡ ᠤᠯᠠᠷᠢᠨ ᠣᠷᠣᠱᠢᠨ ᠲᠣᠭ᠍ᠲᠠᠨᠢᠵᠤ ᠴᠢᠳᠠᠨ᠎ᠠ᠃ ᠳ᠋ᠦᠨᠬᠤᠸᠠᠩ ᠪᠣᠯ ᠶᠠᠭ ᠡᠨᠡ ᠬᠦ᠌ ᠲᠡᠦᠬᠡ᠎ᠶ᠋ᠢᠨ ᠠᠬᠢᠴᠠ᠎ᠶ᠋ᠢᠨ ᠦᠨᠢ ᠮᠦᠨᠭᠭᠡ᠎ᠵᠢᠨ ᠭᠡᠷᠡᠴᠢ ᠪᠣᠯᠤᠨ᠎ᠠ᠃
《ᠮᠦᠸᠸ ᠭᠤᠤ ᠠᠭᠤᠢ᠎ᠶ᠋ᠢ ᠰᠠᠢᠲᠤᠷ ᠬᠠᠮᠠᠭᠠᠯᠠᠵᠤ᠂ ᠳ᠋ᠦᠨᠬᠤᠸᠠᠩ᠎ᠤᠨ ᠰᠣᠶᠣᠯ᠎ᠢ ᠰᠠᠢᠲᠤᠷ ᠤᠯᠠᠮᠵᠢᠯᠠᠨ ᠵᠠᠯᠭᠠᠮᠵᠢᠯᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠳᠡᠯᠡᠬᠡᠢ᠎ᠶ᠋ᠢᠨ ᠪᠣᠯᠪᠠᠰᠤᠨ᠎ᠤ ᠲᠠᠪᠱᠢᠯᠳ᠋ᠠᠳᠤ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠮᠥᠨ᠃ ᠡᠨᠡ ᠪᠣᠯ ᠶᠡᠷᠦᠩᠬᠡᠢ ᠱᠦᠵᠢ᠎ᠶ᠋ᠢᠨ ᠬᠦᠰᠡᠯ ᠨᠠᠢᠳᠠᠯᠭ᠎ᠠ᠂ ᠮᠠᠨ᠎ᠤ ᠤᠷᠤᠭ᠍ᠰᠢᠯᠠᠬᠤ ᠴᠢᠭ᠌ᠯᠡᠯ ᠮᠥᠨ》᠃ ᠳ᠋ᠦᠨᠬᠤᠸᠠᠩ᠎ᠤᠨ ᠰᠤᠳᠤᠯᠭᠠᠨ᠎ᠤ ᠬᠦᠷᠢᠶᠡᠯᠡᠩ᠎ᠦᠨ ᠨᠠᠮ᠎ᠤᠨ ᠬᠣᠷᠢᠶᠠᠨ᠎ᠤ ᠱᠦᠵᠢ ᠵᠤᠤ ᠱᠧᠩ ᠯᠢᠶᠠᠩ ᠬᠡᠯᠡᠬᠦ᠎ᠳᠡᠭᠡᠨ᠂ ᠡᠭᠦᠨ᠎ᠦ ᠲᠥᠯᠥᠭᠡ᠂ ᠪᠢᠳᠡ ᠳᠤᠷᠠᠲᠠᠶ᠎ᠠ ᠨᠢᠭᠡ ᠶᠠᠪᠤᠳᠠᠯ᠎ᠢ ᠰᠣᠩᠭᠣᠵᠤ᠂ ᠨᠠᠰᠤᠨ ᠲᠤᠷᠱᠢᠳᠠ᠎ᠪᠠᠨ ᠬᠢᠨ᠎ᠡ ᠭᠡᠪᠡ!
(ᠰᠢᠨᠬᠤᠸᠠ ᠬᠤᠷᠢᠶᠠᠨ᠎ᠤ ᠪᠡᠭᠡᠵᠢᠩ᠎ᠤᠨ 5 ᠰᠠᠷ᠎ᠠ᠎ᠶᠢᠨ 19 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃