2022-07-21 09:33:48
ᠮᠢᠩᠭᠠᠨ ᠭᠠᠵᠠᠷ᠎ᠤᠨ ᠲᠠᠲᠠᠮᠠᠯ ᠭᠣᠣᠯ ᠮᠤᠷᠤᠯᠵᠠᠨ ᠲᠠᠬᠢᠷᠯᠠᠨ ᠤᠷᠤᠰᠤᠨ᠎ᠠ᠃ ᠶᠡᠬᠡ ᠲᠠᠲᠠᠮᠠᠯ ᠭᠤᠤᠯ ᠨᠢ ᠳᠤᠮᠳᠠᠳᠤ᠎ᠶ᠋ᠢᠨ ᠦᠨᠳᠦᠰᠦᠲᠡᠨ᠎ᠦ ᠲᠡᠮᠡᠴᠡᠯ ᠪᠠ ᠬᠥᠭ᠌ᠵᠢᠯ ᠮᠠᠨᠳᠤᠯ᠎ᠢ ᠭᠡᠷᠡᠴᠢᠯᠡᠵᠦ᠍ ᠪᠠᠢᠨ᠎ᠠ᠃ ᠬᠣᠶᠠᠷ ᠮᠢᠩᠭ᠎ᠠ ᠭᠠᠷᠤᠶ ᠵᠢᠯ᠎ᠦᠨ ᠲᠤᠷᠰᠢ᠂ ᠲᠡᠷᠡ ᠳᠡᠯᠡᠬᠡᠶ᠎ᠳᠦ ᠬᠣᠪᠣᠷ ᠲᠣᠬᠢᠶᠠᠯᠳᠤᠬᠤ ᠴᠠᠭ ᠪᠠ ᠣᠷᠣᠨ ᠵᠠᠶ᠎ᠶ᠋ᠢᠨ ᠬᠡᠮᠵᠢᠭᠦᠷ᠎ᠢᠶᠡᠷ ᠣᠲᠣ ᠪᠣᠯᠲᠠᠯ᠎ᠠ ᠤᠷᠤᠰᠤᠭᠰᠠᠭᠠᠷ ᠢᠷᠡᠵᠡᠶ᠃ ᠰᠣᠶᠣᠯ᠎ᠤᠨ ᠴᠢᠬᠤᠯᠠ ᠲᠡᠮᠳᠡᠭ ᠪᠣᠯᠤᠭ᠍ᠰᠠᠨ᠎ᠤ ᠬᠤᠪᠢ᠎ᠳᠤ᠂ ᠶᠡᠬᠡ ᠲᠠᠲᠠᠮᠠᠯ ᠭᠣᠣᠯ ᠴᠤ᠌ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠵᠤ ᠪᠠᠢᠨ᠎ᠠ᠃ 2014 ᠣᠨ ᠳᠤ᠂ ᠶᠡᠬᠡ ᠲᠠᠲᠠᠮᠠᠯ ᠭᠣᠣᠯ᠎ᠢ 《ᠳᠡᠯᠡᠬᠡᠢ᠎ᠶ᠋ᠢᠨ ᠥᠪ᠎ᠦᠨ ᠨᠡᠷᠡᠰ᠎ᠦᠨ ᠵᠢᠭ᠍ᠰᠠᠭᠠᠯᠲᠠ》 ᠳ᠋ᠤ ᠣᠷᠣᠭᠤᠯᠪᠠ᠃
ᠡᠨᠡ ᠬᠦ᠌ ᠡᠮᠦᠨᠡᠲᠦ ᠤᠮᠠᠷᠠᠲᠤ 5 ᠶᠡᠬᠡ ᠤᠰᠤᠨ ᠱᠢᠰᠲ᠋ᠧᠮ᠎ᠢ ᠰᠤᠨᠳᠠᠯᠠᠵᠤ᠂ 8 ᠮᠤᠵᠢ ᠬᠤᠳᠠ᠎ᠪᠠᠷ ᠥᠩᠭᠡᠷᠡᠭᠰᠡᠨ ᠮᠢᠩᠭᠠᠨ ᠣᠨ᠎ᠤ ᠤᠰᠤᠨ ᠰᠤᠳᠠᠰᠤ ᠨᠢ ᠬᠡᠷᠬᠢᠨ ᠨᠡᠩ ᠭᠡᠷᠡᠯ ᠰᠠᠴᠤᠷᠠᠩᠭᠤᠢ᠎ᠪᠠᠷ ᠢᠷᠡᠭᠡᠳᠦᠢ ᠵᠦᠭ ᠤᠷᠤᠰᠭᠤ ᠪᠤᠢ? ᠶᠡᠷᠦᠩᠬᠡᠢ ᠱᠦᠵᠢ ᠰᠢ ᠵᠢᠨ ᠫᠢᠩ ᠴᠠᠭ ᠢᠮᠠᠬᠳᠠ ᠰᠡᠳᠬᠢᠯ ᠵᠢᠷᠦᠭᠡᠨ ᠳ᠋ᠡᠭᠡᠨ ᠲᠤᠷᠠᠰᠤᠨ ᠰᠠᠨᠠᠭᠠᠯᠵᠠᠨ᠎ᠠ —
2017 ᠣᠨ᠎ᠤ 2 ᠰᠠᠷ᠎ᠠ᠎ᠳᠤ᠂ ᠪᠡᠭᠡᠵᠢᠩ᠎ᠦᠨ ᠲᠦᠩᠵᠸᠤ ᠵᠢᠨ ᠶᠡᠬᠡ ᠲᠠᠲᠠᠮᠠᠯ ᠭᠣᠣᠯ᠎ᠤᠨ ᠤᠢ ᠱᠢᠭᠤᠢ᠎ᠶ᠋ᠢᠨ ᠴᠡᠴᠡᠷᠯᠢᠭ᠎ᠲᠦ᠂ ᠶᠡᠷᠦᠩᠬᠡᠢ ᠱᠦᠵᠢ ᠰᠢ ᠵᠢᠨ ᠫᠢᠩ ᠶᠡᠬᠡ ᠲᠠᠲᠠᠮᠠᠯ ᠭᠣᠣᠯ᠎ᠤᠨ ᠡᠷᠭᠢ ᠳᠠᠭᠠᠤ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠶ᠋ᠢᠨ ᠦᠷ᠎ᠡ ᠪᠦᠲᠦᠭᠡᠯ᠎ᠢ ᠪᠠᠢᠴᠠᠭᠠᠨ ᠦᠵᠡᠬᠦ᠌᠎ᠳᠡᠭᠡᠨ᠂ 《ᠶᠡᠬᠡ ᠲᠠᠲᠠᠮᠠᠯ ᠭᠣᠣᠯ᠎ᠢ ᠬᠠᠮᠠᠭᠠᠯᠠᠬᠤ ᠪᠣᠯ ᠲᠠᠲᠠᠮᠠᠯ ᠭᠣᠣᠯ ᠳᠠᠭᠠᠤ᠎ᠶ᠋ᠢᠨ ᠪᠤᠢ ᠪᠦᠬᠦᠢ ᠭᠠᠵᠠᠷ ᠣᠷᠣᠨ᠎ᠤ ᠬᠠᠮᠲᠤ᠎ᠶ᠋ᠢᠨ ᠬᠠᠷᠢᠭᠤᠴᠠᠯᠭ᠎ᠠ ᠮᠥᠨ》᠂《ᠡᠷᠲᠡᠨ᠎ᠦ ᠬᠢ᠎ᠶ᠋ᠢ ᠡᠳᠦᠭᠡ᠎ᠳᠦ ᠦᠢᠯᠡᠴᠢᠯᠡᠭᠦᠯᠵᠦ᠂ ᠶᠡᠬᠡ ᠲᠠᠲᠠᠮᠠᠯ ᠭᠣᠣᠯ᠎ᠢᠶᠠᠷ ᠭᠣᠣᠯ ᠪᠣᠯᠭᠠᠭ᠍ᠰᠠᠨ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠬᠤ ᠬᠡᠷᠡᠭ᠌ᠲᠡᠢ》ᠭᠡᠵᠦ᠍ ᠭᠦᠨᠵᠡᠭᠡᠢ ᠵᠢᠭᠠᠵᠤ ᠭᠠᠷᠭᠠᠪᠠ᠃
4 ᠰᠠᠷ᠎ᠠ᠎ᠶ᠋ᠢᠨ ᠬᠢᠨᠢ ᠳᠠᠷᠠᠭ᠎ᠠ᠂ ᠶᠡᠷᠦᠩᠬᠡᠶ ᠱᠦᠵᠢ ᠰᠢ ᠵᠢᠨ ᠫᠢᠩ ᠶᠡᠬᠡ ᠲᠠᠲᠠᠮᠠᠯ ᠭᠤᠤᠯ᠎ᠤᠨ ᠰᠣᠶᠣᠯ᠎ᠤᠨ ᠪᠦᠰᠡ᠎ᠶ᠋ᠢ ᠪᠥᠲᠥᠭᠡᠨ ᠪᠠᠢᠭᠤᠯᠬᠤ ᠲᠤᠬᠠᠶ ᠴᠢᠬᠤᠯᠠ ᠵᠢᠭᠠᠪᠤᠷᠢ ᠥᠭ᠌ᠪᠡ᠄ ᠶᠡᠬᠡ ᠲᠠᠲᠠᠮᠠᠯ ᠭᠤᠤᠯ ᠪᠣᠯ ᠡᠪᠦᠭᠡ ᠳᠡᠭᠡᠳᠦᠰ᠎ᠡᠴᠡ ᠪᠢᠳᠡᠨ᠎ᠳᠦ ᠦᠯᠡᠳᠡᠭᠡᠵᠦ᠍ ᠥᠭ᠌ᠭᠦᠭ᠌ᠰᠡᠨ ᠡᠷᠬᠢᠮ ᠨᠠᠨᠳᠢᠨ ᠥᠪ ᠬᠥᠷᠥᠩᠭᠡ ᠮᠥᠨ᠂ ᠨᠡᠭᠦᠳᠡᠯ ᠰᠣᠶᠣᠯ ᠮᠥᠨ᠂ ᠡᠭᠦᠨ᠎ᠢ ᠨᠢᠭᠡᠳᠦᠯᠲᠡᠶ ᠲᠥᠯᠥᠪᠵᠢᠬᠦᠯᠤᠨ ᠰᠠᠢᠲᠤᠷ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠠᠱᠢᠭ᠍ᠯᠠᠬᠤ ᠬᠡᠷᠡᠭ᠌ᠲᠡᠶ᠃
《ᠶᠡᠬᠡ ᠲᠠᠲᠠᠮᠠᠯ ᠭᠣᠣᠯ ᠨᠢ 〈ᠨᠡᠭᠦᠳᠡᠯ ᠰᠣᠶᠣᠯ〉ᠪᠣᠯᠤᠭ᠍ᠰᠠᠨ᠎ᠤ ᠬᠤᠪᠢ᠎ᠳᠤ᠂ ᠴᠠᠭ ᠤᠨ ᠲᠠᠯ᠎ᠠ᠎ᠪᠠᠷ ᠬᠢ ᠤᠷᠤᠰᠭᠠᠯ ᠲᠡᠳᠦᠢ ᠦᠭᠡᠢ ᠣᠷᠣᠨ ᠵᠠᠢ᠎ᠶ᠋ᠢᠨ ᠲᠠᠯ᠎ᠠ᠎ᠪᠠᠷ ᠬᠢ ᠦᠷᠭᠦᠯᠵᠢᠯᠡᠯ ᠪᠣᠯᠤᠨ᠎ᠠ᠃ 2500 ᠭᠠᠷᠤᠢ ᠵᠢᠯ᠎ᠢ ᠲᠤᠭᠤᠯᠵᠤ᠂ 3200 ᠱᠢᠬᠠᠮ ᠺᠢᠯᠣᠮᠧᠲ᠋ᠷ ᠮᠤᠷᠤᠯᠵᠠᠨ ᠤᠷᠤᠰᠴᠤ᠂ ᠲᠠᠲᠠᠮᠠᠯ ᠭᠣᠣᠯ᠎ᠤᠨ ᠡᠷᠭᠢ ᠳᠠᠭᠠᠤ᠎ᠶ᠋ᠢᠨ ᠤᠯᠠᠨ ᠬᠤᠳᠠ᠎ᠶ᠋ᠢ ᠬᠣᠯᠪᠣᠭ᠍ᠰᠠᠨ ᠪᠠᠢᠨ᠎ᠠ᠃ ᠲᠡᠷᠡ ᠪᠣᠯ ᠡᠬᠡᠯ ᠠᠷᠠᠳ᠎ᠢ ᠤᠮᠳᠠᠯᠠᠭ᠍ᠰᠠᠨ ᠤᠰᠤᠨ ᠰᠤᠳᠠᠰᠤ᠂ ᠨᠡᠩ ᠴᠤ᠌ ᠲᠡᠦᠬᠡ᠎ᠶ᠋ᠢ ᠤᠯᠠᠮᠵᠢᠯᠠᠭ᠍ᠰᠠᠨ ᠰᠣᠶᠣᠯ᠎ᠤᠨ ᠰᠤᠳᠠᠰᠤ ᠮᠥᠨ》 ᠭᠡᠵᠦ᠍ ᠶᠡᠬᠡ ᠲᠠᠲᠠᠮᠠᠯ ᠭᠣᠣᠯ᠎ᠤᠨ ᠰᠣᠶᠣᠯ᠎ᠤᠨ ᠪᠦᠰᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠬᠠᠭᠤᠴᠢ ᠰᠤᠳᠤᠯᠤᠯ᠎ᠤᠨ ᠬᠤᠪᠢᠶᠠᠷᠢ ᠬᠦᠷᠢᠶᠡᠯᠡᠩ᠎ᠦᠨ ᠳᠠᠷᠤᠭ᠎ᠠ ᠾᠧ ᠶᠦᠨ ᠤᠣ ᠬᠡᠯᠡᠪᠡ᠃
ᠶᠡᠷᠦᠩᠬᠡᠶ ᠱᠦᠵᠢ ᠰᠢ ᠵᠢᠨ ᠫᠢᠩ᠎ᠦᠨ ᠬᠠᠯᠠᠮᠵᠢᠯᠠᠯ ᠪᠠ ᠵᠢᠯᠣᠭᠣᠳᠣᠯᠭ᠎ᠠ ᠳᠤᠤᠷ᠎ᠠ᠂ ᠡᠯ᠎ᠡ ᠵᠦᠶ᠋ᠯ᠎ᠦᠨ ᠬᠠᠮᠠᠭᠠᠯᠠᠬᠤ ᠠᠵᠢᠯ ᠢ᠋ ᠪᠦᠬᠦᠯᠢ ᠴᠣᠭ᠍ᠴᠠ᠎ᠪᠡᠷ ᠲᠥᠯᠥᠪᠵᠢᠭᠦᠯᠵᠤ᠂ ᠡᠮᠬᠢ ᠵᠢᠷᠤᠮ᠎ᠲᠠᠶ ᠠᠬᠢᠭᠤᠯᠪᠠ᠄ ᠥᠪ ᠬᠥᠷᠥᠩᠭᠡ᠎ᠶ᠋ᠢᠨ ᠲᠠᠩᠰᠠ ᠡᠪᠬᠡᠮᠡᠯ ᠪᠠ ᠬᠢᠨᠠᠨ ᠬᠡᠮᠵᠢᠬᠦ᠌ ᠱᠢᠰᠲ᠋ᠧᠮ᠎ᠢ ᠪᠠᠢᠭᠤᠯᠵᠤ᠂ ᠳᠡᠯᠡᠬᠡᠶ᠎ᠶ᠋ᠢᠨ ᠰᠣᠶᠣᠯ᠎ᠤᠨ ᠥᠪ ᠪᠤᠯᠬᠤ ᠶᠡᠬᠡ ᠲᠠᠲᠠᠮᠠᠯ ᠭᠤᠤᠯ᠎ᠢ ᠬᠠᠮᠠᠭᠠᠯᠠᠬᠤ ᠠᠯᠢ ᠣᠯᠠᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ ᠲᠣᠭ᠍ᠲᠠᠭᠠᠵᠤ᠂《ᠶᠡᠬᠡ ᠲᠠᠲᠠᠮᠠᠯ ᠭᠤᠤᠯ᠎ᠤᠨ ᠰᠣᠶᠣᠯ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠵᠤ ᠠᠱᠢᠭ᠍ᠯᠠᠬᠤ ᠲᠥᠯᠥᠪᠵᠢᠭᠦᠯᠭᠡ᠎ᠶ᠋ᠢᠨ ᠬᠦᠳᠤᠯᠪᠤᠷᠢ》᠎ᠶ᠋ᠢ ᠨᠡᠢᠲᠡᠯᠡᠪᠡ᠃ ᠶᠡᠬᠡ ᠲᠠᠲᠠᠮᠠᠯ ᠭᠤᠤᠯ᠎ᠤᠨ ᠰᠣᠶᠣᠯ᠎ᠢ ᠨᠢᠭᠡᠳᠦᠯᠲᠡᠶ ᠲᠥᠯᠥᠪᠵᠢᠬᠦᠯᠤᠨ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠵᠤ ᠠᠱᠢᠭ᠍ᠯᠠᠬᠤ ᠬᠠᠮᠳᠤᠷᠠᠯ ᠬᠦᠴᠤᠨ ᠢ᠋ ᠪᠤᠢ ᠪᠤᠯᠭᠠᠪᠠ᠃
2020 ᠣᠨ᠎ᠤ 11 ᠰᠠᠷ᠎ᠠ᠎ᠳᠤ᠂ ᠶᠠᠩᠵᠸᠤ ᠵᠢᠨ ᠲᠠᠲᠠᠮᠠᠯ ᠭᠣᠣᠯ᠎ᠤᠨ ᠰᠠᠨᠸᠠᠨ ᠠᠮᠢ ᠠᠬᠤᠢ᠎ᠶ᠋ᠢᠨ ᠰᠣᠶᠣᠯ᠎ᠤᠨ ᠴᠡᠴᠡᠷᠯᠢᠭ᠎ᠲᠦ᠂ ᠶᠡᠷᠦᠩᠬᠡᠢ ᠱᠦᠵᠢ ᠰᠢ ᠵᠢᠨ ᠫᠢᠩ ᠭᠤᠤᠯ ᠬᠦᠪᠡᠭᠡᠳᠡᠭᠰᠡᠨ ᠶᠠᠪᠠᠭᠠᠨ ᠵᠠᠮ᠎ᠢᠶᠠᠷ ᠶᠡᠬᠡ ᠲᠠᠲᠠᠮᠠᠯ ᠭᠣᠣᠯ᠎ᠤᠨ ᠰᠣᠶᠣᠯ᠎ᠢ ᠬᠠᠮᠠᠭᠠᠯᠠᠵᠤ ᠤᠯᠠᠮᠵᠢᠯᠠᠨ ᠠᠱᠢᠭ᠍ᠯᠠᠵᠤ ᠣᠯᠤᠭ᠍ᠰᠠᠨ ᠦᠷ᠎ᠡ ᠪᠦᠲᠦᠮᠵᠢ᠎ᠶ᠋ᠢ ᠪᠠᠢᠴᠠᠭᠠᠨ ᠦᠵᠡᠪᠡ᠃
ᠶᠡᠷᠦᠩᠬᠡᠢ ᠱᠦᠵᠢ ᠰᠢ ᠵᠢᠨ ᠫᠢᠩ᠂《ᠵᠠᠭᠤ ᠮᠢᠩᠭᠠᠨ ᠵᠢᠯ᠎ᠦᠨ ᠲᠤᠷᠰᠢ᠂ ᠲᠠᠲᠠᠮᠠᠯ ᠭᠣᠣᠯ ᠬᠣᠶᠠᠷ ᠬᠥᠪᠡᠭᠡᠨ᠎ᠦ ᠬᠤᠳᠠ ᠪᠣᠯᠤᠨ ᠠᠷᠠᠳ ᠲᠦᠮᠡᠨ᠎ᠢ ᠤᠮᠳᠠᠯᠠᠵᠤ᠂ ᠲᠠᠲᠠᠮᠠᠯ ᠭᠣᠣᠯ᠎ᠤᠨ ᠬᠣᠶᠠᠷ ᠬᠥᠪᠡᠭᠡᠨ᠎ᠦ ᠠᠷᠠᠳ ᠲᠦᠮᠡᠨ᠎ᠦ ᠪᠠᠶᠠᠵᠢᠯ᠎ᠤᠨ ᠭᠣᠣᠯ᠂ ᠵᠢᠷᠭᠠᠯ᠎ᠤᠨ ᠭᠣᠣᠯ ᠪᠣᠯᠪᠠ᠃ ᠤᠯᠠᠨ᠎ᠢᠶᠠᠷ᠎ᠢᠶᠠᠨ ᠶᠡᠬᠡ ᠲᠠᠲᠠᠮᠠᠯ ᠭᠣᠣᠯ᠎ᠢ ᠬᠠᠮᠲᠤ᠎ᠪᠠᠷ ᠰᠠᠢᠲᠤᠷ ᠬᠠᠮᠠᠭᠠᠯᠠᠵᠤ᠂ ᠲᠠᠲᠠᠮᠠᠯ ᠭᠣᠣᠯ᠎ᠢᠶᠠᠷ ᠠᠷᠠᠳ ᠲᠦᠮᠡᠨ᠎ᠳᠦ ᠡᠭᠦᠷᠢᠳᠡ ᠪᠤᠶᠠᠨ ᠦᠢᠯᠡᠳᠬᠦ᠌᠎ᠶ᠋ᠢ ᠬᠦᠰᠡᠵᠦ᠍ ᠪᠠᠢᠨ᠎ᠠ》᠂ 《ᠶᠡᠬᠡ ᠲᠠᠲᠠᠮᠠᠯ ᠭᠣᠣᠯ᠎ᠤᠨ ᠰᠣᠶᠣᠯ᠎ᠤᠨ ᠥᠪ᠎ᠦᠨ ᠬᠠᠮᠠᠭᠠᠯᠠᠯᠲᠠ᠎ᠶ᠋ᠢ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠳᠡᠭᠡᠭ᠌ᠰᠢᠯᠡᠭᠦᠯᠬᠦ᠌᠂ ᠵᠠᠮ ᠳᠠᠭᠠᠤ᠎ᠶ᠋ᠢᠨ ᠨᠡᠷᠡᠳᠤ ᠬᠤᠳᠠ ᠨᠡᠷᠡᠳᠤ ᠪᠠᠯᠭᠠᠰᠤ᠎ᠶ᠋ᠢ ᠬᠠᠮᠠᠭᠠᠯᠠᠨ ᠰᠡᠷᠭᠦᠭᠡᠬᠦ᠌᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌᠂ ᠲᠠᠲᠠᠮᠠᠯ ᠭᠣᠣᠯ᠎ᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠨᠢᠭᠡᠳᠭᠡᠬᠦ᠌᠂ ᠶᠡᠬᠡ ᠲᠠᠲᠠᠮᠠᠯ ᠭᠣᠣᠯ ᠳᠠᠭᠠᠤ᠎ᠶ᠋ᠢᠨ ᠣᠷᠣᠨ ᠪᠦᠰᠡ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠳᠤ ᠠᠱᠢᠭ᠍ᠲᠠᠢ ᠨᠥᠬᠥᠴᠡᠯ ᠡᠭᠦᠳᠴᠦ᠍ ᠥᠭ᠌ᠬᠦ ᠬᠡᠷᠡᠭ᠌ᠲᠡᠢ》ᠭᠡᠵᠦ᠍ ᠵᠢᠭᠠᠵᠤ ᠭᠠᠷᠭᠠᠪᠠ᠃
《ᠲᠤᠬᠠᠢ᠎ᠶ᠋ᠢᠨ ᠦᠶ᠎ᠡ᠎ᠳᠦ ᠪᠢ ᠬᠦᠦ᠍᠎ᠪᠡᠨ ᠳᠠᠭᠠᠭᠤᠯᠵᠤ ᠲᠤᠬᠠᠢ᠎ᠶ᠋ᠢᠨ ᠲᠠᠯᠠᠪᠠᠢ᠎ᠳᠤ ᠪᠠᠢᠵᠠᠢ᠃ ᠶᠡᠷᠦᠩᠬᠡᠶ ᠱᠦᠵᠢ᠎ᠶ᠋ᠢᠨ ᠶᠡᠬᠡ ᠲᠠᠲᠠᠮᠠᠯ ᠭᠤᠤᠯ᠎ᠢ ᠬᠠᠯᠠᠮᠵᠢᠯᠠᠵᠤ ᠪᠠᠢᠬᠤ᠎ᠶ᠋ᠢ ᠰᠣᠨᠣᠰᠤᠭᠠᠳ ᠰᠡᠳᠭᠢᠯ ᠳ᠋ᠦ ᠲᠤᠯᠠᠭᠠᠬᠠᠨ ᠰᠠᠨᠠᠭᠳᠠᠭᠰᠠᠨ ᠪᠦᠭᠡᠳ ᠢᠲᠡᠭᠡᠯ ᠲᠡᠭᠦᠯᠳᠡᠷ ᠪᠤᠯᠪᠠ》᠃ ᠶᠠᠩᠵᠸᠦ᠍ᠶ᠋ᠢᠨ ᠬᠣᠲᠠ᠎ᠶ᠋ᠢᠨ ᠠᠷᠠᠳ ᠵᠠᠩ ᠴᠢᠩ᠄《ᠮᠠᠨ᠎ᠤ ᠬᠡᠷ᠎ᠦᠨ ᠬᠡᠳᠦᠨ ᠦᠶ᠎ᠡ᠎ᠶ᠋ᠢᠨ ᠬᠥᠮᠦᠰ ᠴᠥᠮ ᠲᠠᠲᠠᠮᠠᠯ ᠭᠤᠤᠯ᠎ᠤᠨ ᠬᠥᠪᠡᠭᠡᠨ᠎ᠳᠦ ᠦᠰᠦᠨ ᠪᠣᠢᠵᠢᠵᠤ᠂ ᠶᠡᠬᠡ ᠲᠠᠲᠠᠮᠠᠯ ᠭᠤᠤᠯ ᠪᠣᠯ ᠮᠠᠨ᠎ᠤ ᠣᠷᠣᠱᠢᠨ ᠠᠮᠢᠳᠤᠷᠠᠬᠤ ᠬᠡᠷ ᠣᠷᠣᠨ ᠮᠥᠨ᠂ ᠨᠠᠩ ᠴᠤ᠌ ᠰᠠᠯᠵᠤ ᠪᠣᠯᠤᠰᠢ ᠥᠬᠡᠶ ᠦᠨᠳᠦᠰᠦ ᠰᠤᠷᠪᠤᠯᠵᠢ ᠮᠥᠨ》 ᠬᠡᠵᠤ ᠲᠦᠷᠦᠭᠳᠠᠯ ᠬᠦᠨ ᠬᠡᠯᠡᠪᠡ᠃
7 ᠰᠠᠷ᠎ᠠ᠎ᠳᠤ᠂ ᠵᠤᠨ᠎ᠤ ᠠᠮᠠᠷᠠᠯᠲᠠ᠎ᠶ᠋ᠢᠨ ᠬᠦᠭᠵᠢᠶᠡᠨᠳᠤ ᠤᠯᠠᠷᠢᠯ᠎ᠢᠶᠠᠨ ᠤᠭ᠍ᠲᠤᠯ᠎ᠠ᠃ ᠶᠡᠬᠡ ᠲᠠᠲᠠᠮᠠᠯ ᠭᠤᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ ᠶ᠋ᠢᠨ ᠪᠡᠯᠭᠡ ᠲᠡᠮᠳᠡᠭ᠎ᠦᠨ ᠴᠢᠨᠠᠷᠲᠠᠶ ᠲᠥᠷᠥᠯ ᠵᠦᠶ᠋ᠯ ᠪᠣᠯᠤᠭ᠍ᠰᠠᠨ᠎ᠤ ᠬᠤᠪᠢ᠎ᠳᠤ᠂ ᠶᠠᠩᠵᠸᠦ᠍ᠶ᠋ᠢᠨ ᠳᠤᠮᠳᠠᠳᠤ ᠤᠯᠤᠰ᠎ᠤᠨ ᠶᠡᠬᠡ ᠲᠠᠲᠠᠮᠠᠯ ᠭᠤᠤᠯ᠎ᠤᠨ ᠮᠦᠽᠧᠶ ᠡᠳᠦᠷ ᠪᠦᠷᠢ1.5 ᠲᠦᠮᠡᠨ ᠡᠭᠦᠳᠡᠨ ᠪᠢᠯᠧᠲ ᠤᠷᠢᠳᠴᠢᠯᠠᠨ ᠪᠣᠯᠵᠣᠵᠤ᠂ ᠭᠠᠷᠠᠭ᠎ᠤᠨ ᠰᠡᠭᠦᠯᠴᠢ᠎ᠳᠦ ᠦᠷᠭᠦᠯᠵᠢ ᠮᠢᠨᠦᠢ᠍ᠲ ᠰᠧᠺᠦ᠋ᠨ᠋ᠳ᠋᠎ᠦᠨ ᠬᠤᠷᠤᠮ ᠳ᠋ᠦ ᠪᠢᠯᠸᠲ ᠬᠤᠳᠠᠯᠳᠤᠨ ᠲᠠᠭᠤᠰᠬᠤ ᠵᠢ ᠪᠡᠶᠡᠯᠡᠭᠦᠯᠵᠦ᠍᠂ ᠡᠷᠲᠡᠨ᠎ᠦ ᠬᠣᠲᠠ ᠶᠠᠩᠵᠸᠦ᠍ᠶ᠋ᠢᠨ ᠱᠢᠨ᠎ᠡ ᠰᠣᠶᠣᠯ᠎ᠤᠨ ᠪᠡᠯᠭᠡ ᠲᠡᠮᠳᠡᠭ ᠪᠣᠯᠤᠭ᠍ᠰᠠᠨ ᠪᠠᠢᠨ᠎ᠠ᠃
《ᠮᠦᠽᠧᠶ ᠨᠢ ᠲᠠᠳᠠᠮᠠᠯ ᠭᠤᠤᠯ ᠡᠴᠡ ᠡᠬᠢ ᠡᠭᠦᠰᠦᠯ ᠲᠠᠢ ᠪᠠᠢᠵᠤ᠂ ᠰᠡᠳᠭᠢᠯ ᠰᠤᠭᠳᠤᠭᠤᠷᠠᠭᠤᠯᠤᠮᠠ ᠲᠣᠭᠣᠷᠢᠨ ᠦᠵᠡᠵᠦ᠍ ᠪᠡᠶᠡᠴᠢᠯᠡᠨ ᠣᠢᠯᠠᠭᠠᠬᠤ ᠳᠤᠮᠳᠠ᠂ ᠨᠠᠰᠤᠨ᠎ᠳᠤ ᠭᠦᠷᠦᠭ᠌ᠰᠡᠳ ᠶᠡᠬᠡ ᠲᠠᠲᠠᠮᠠᠯ ᠭᠤᠤᠯ᠎ᠤᠨ ᠲᠡᠦᠬᠡ᠎ᠶ᠋ᠢ ᠬᠠᠢᠨ ᠰᠦᠪᠡᠭ᠌ᠴᠢᠯᠡᠵᠦ᠍᠂ ᠶᠡᠬᠡ ᠲᠠᠲᠠᠮᠠᠯ ᠭᠤᠤᠯ᠎ᠤᠨ ᠦᠩᠭᠡᠷᠡᠭᠰᠡᠨ ᠪᠠ ᠡᠳᠦᠭᠡ᠎ᠶᠢ ᠣᠢᠯᠠᠭᠠᠵᠤ ᠪᠣᠯᠤᠨ᠎ᠠ᠂ ᠬᠡᠦᠬᠡᠳ᠎ᠤᠳ ᠬᠤᠷᠰᠢᠯᠴᠠᠬᠤ ᠮᠠᠶᠢᠭ᠎ᠤᠨ ᠪᠡᠶᠡᠴᠢᠯᠡᠨ ᠣᠢᠯᠠᠭᠠᠬᠤ ᠳᠤᠮᠳᠠ ᠶᠡᠬᠡ ᠲᠠᠲᠠᠮᠠᠯ ᠭᠤᠤᠯ᠎ᠳᠤ ᠣᠢᠷᠠᠳᠴᠤ᠂ ᠶᠡᠬᠡ ᠲᠠᠲᠠᠮᠠᠯ ᠭᠤᠤᠯ᠎ᠢ ᠬᠠᠢᠷᠠᠯᠠᠵᠤ᠂ ᠨᠡᠭᠦᠳᠡᠯ ᠰᠣᠶᠣᠯ᠎ᠤᠨ ᠥᠪ ᠨᠢ ᠮᠠᠨ᠎ᠤ ᠳᠡᠷᠭᠡᠳᠡ ᠪᠠᠢᠨ᠎ᠠ ᠭᠡᠳᠡᠭ᠎ᠢ ᠰᠡᠷᠡᠵᠦ᠍ ᠮᠡᠳᠡᠵᠦ᠍ ᠪᠣᠯᠤᠨ᠎ᠠ》 ᠭᠡᠵᠦ᠍ ᠮᠦᠽᠧᠢ᠎ᠶ᠋ᠢᠨ ᠳᠠᠷᠤᠭ᠎ᠠ ᠵᠧᠩ ᠵᠢᠩ ᠬᠡᠯᠡᠪᠡ᠃
ᠠᠮᠢ ᠠᠬᠤᠶ᠂ ᠰᠣᠶᠣᠯ᠎ᠢᠶᠡᠷ ᠰᠢᠵᠢᠮᠯᠡᠨ ᠰᠤᠪᠤᠳ᠎ᠢᠶᠡᠨ ᠬᠡᠯᠬᠢᠵᠤ᠂ ᠨᠢᠭᠡᠨ ᠵᠤᠷᠪᠤᠰ 《ᠰᠣᠶᠣᠯ᠎ᠤᠨ ᠬᠠᠰ ᠪᠦᠰᠡ》 ᠨᠢ ᠡᠷᠭᠢ ᠳᠠᠭᠠᠤ᠎ᠶ᠋ᠢᠨ ᠲᠣᠭ᠎ᠠ ᠲᠣᠮᠰᠢ ᠥᠬᠡᠶ ᠪᠣᠳᠠᠰ᠎ᠤᠨ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠣᠯᠪᠣᠵᠤ᠂ ᠶᠡᠬᠡ ᠲᠠᠲᠠᠮᠠᠯ ᠭᠤᠤᠯ᠎ᠤᠨ ᠲᠡᠦᠬᠡ ᠶ᠋ᠢᠨ ᠴᠤ᠋ ᠱᠢᠨ᠎ᠡ ᠬᠠᠭᠤᠳᠠᠰᠤ᠎ᠶ᠋ᠢ ᠰᠡᠬᠦᠪᠡ᠃
ᠪᠡᠭᠡᠵᠢᠩ᠎ᠦᠨ ᠶᠡᠬᠡ ᠲᠠᠲᠠᠮᠠᠯ ᠭᠤᠤᠯ᠎ᠤᠨ ᠰᠣᠶᠣᠯ᠎ᠤᠨ ᠪᠦᠰᠡ ᠡᠳᠦᠷ ᠢᠷᠡᠬᠦᠶ᠎ᠡ ᠰᠡᠷᠭᠦᠵᠦ᠍᠂ ᠶᠡᠬᠡ ᠲᠠᠲᠠᠮᠠᠯ ᠭᠤᠤᠯ᠎ᠤᠨ ᠮᠦᠽᠧᠶ ᠶᠠᠭ《ᠲᠠᠲᠠᠮᠠᠯ ᠭᠤᠤᠯ᠎ᠤᠨ ᠵᠠᠪᠢ》᠎ᠶ᠋ᠢᠨ ᠳᠦᠷᠢ ᠲᠥᠷᠬᠦ᠌᠎ᠪᠡᠷ ᠰᠦᠨᠳᠡᠷᠯᠡᠨ ᠪᠣᠰᠪᠠ; ᠶᠠᠩᠵᠸᠦ᠍ᠶ᠋ᠢᠨ ᠬᠢᠨ ᠤᠯᠠᠮᠵᠢᠯᠠᠯ ᠪᠣᠯᠤᠨ ᠣᠳᠣ ᠦᠶ᠎ᠡ᠎ᠶ᠋ᠢᠨ《ᠪᠣᠳᠠᠰ᠎ᠤᠨ ᠪᠤᠰᠤ ᠰᠣᠶᠣᠯ᠎ᠤᠨ ᠥᠪ》᠎ᠤ᠋ᠨ ᠰᠣᠶᠣᠯ᠎ᠤᠨ ᠬᠦᠷᠢᠶᠡᠯᠡᠩ᠎ᠢ ᠪᠠᠢᠭᠤᠯᠵᠤ᠂ ᠵᠠᠯᠠᠭᠤᠴᠤᠳ᠎ᠤᠨ ᠰᠦᠯᠵᠢᠶᠡᠨ᠎ᠦ ᠬᠠᠯᠠᠮᠰᠢᠯ ᠭᠠᠵᠠᠷ᠂ ᠰᠤᠷᠤᠭ᠍ᠴᠢᠳ᠎ᠤᠨ ᠰᠤᠳᠤᠯᠤᠨ ᠰᠤᠷᠤᠯᠴᠠᠬᠤ ᠲᠡᠷᠢᠭᠦᠨ ᠰᠣᠩᠭᠣᠯᠲᠠ᠎ᠶ᠋ᠢᠨ ᠭᠠᠵᠠᠷ ᠪᠣᠯᠪᠠ; ᠰᠦᠵᠧᠦ ᠵᠢᠨ ᠬᠢᠨ《ᠲᠠᠲᠠᠮᠠᠯ ᠭᠤᠤᠯ᠎ᠤᠨ ᠠᠷᠪᠠᠨ ᠦᠵᠡᠮᠵᠢ》᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠪᠠᠷ ᠲᠠᠲᠠᠮᠠᠯ ᠭᠤᠤᠯ᠎ᠤᠨ ᠥᠩᠭᠡ ᠲᠦᠷᠬᠦ᠎ᠶ᠋ᠢ ᠳᠡᠭᠡᠭ᠌ᠰᠢᠯᠡᠭᠦᠯᠵᠦ᠍᠂ ᠡᠷᠲᠡᠨ᠎ᠦ ᠤᠯᠠᠭ᠎ᠠ ᠥᠷᠲᠡᠭᠡ᠂ ᠤᠰᠤᠨ ᠭᠠᠷᠠᠮ ᠵᠡᠷᠭᠡ ᠰᠣᠶᠣᠯ᠎ᠤᠨ ᠦᠯᠡᠳᠡᠭ᠌ᠳᠡᠯ᠎ᠢ ᠰᠡᠷᠭᠦᠭᠡᠵᠦ᠍᠂ ᠶᠡᠬᠡ ᠲᠠᠲᠠᠮᠠᠯ ᠭᠤᠤᠯ᠎ᠤᠨ ᠬᠥᠪᠡᠭᠡᠨ᠎ᠳᠦ ᠰᠦᠵᠸᠤ ᠶ᠋ᠢᠨ ᠬᠥᠭ᠌ᠵᠢᠶᠡᠨᠲᠦ ᠪᠠᠢᠳᠠᠯ᠎ᠢ ᠦᠷᠭᠦᠯᠵᠢᠯᠡᠨ ᠪᠢᠴᠢᠭ᠌ᠯᠡᠪᠠ᠃
ᠵᠠᠮ ᠳᠠᠭᠠᠤ᠎ᠶ᠋ᠢᠨ 35 ᠬᠣᠲᠠ᠎ᠶ᠋ᠢᠨ᠎ᠬᠢᠨ ᠶᠡᠬᠡ ᠲᠠᠲᠠᠮᠠᠯ ᠭᠤᠤᠯ᠎ᠤᠨ ᠬᠡᠷᠡᠯ ᠰᠠᠴᠤᠷᠠᠩᠭᠤᠶ ᠰᠣᠶᠣᠯ᠎ᠤᠨ ᠪᠦᠰᠡ᠂ ᠪᠣᠬᠢᠷᠲᠤᠯ ᠥᠬᠡᠶ ᠠᠮᠢ ᠠᠬᠤᠶ᠎ᠶ᠋ᠢᠨ ᠪᠦᠰᠡ᠂ ᠥᠩᠭᠡ ᠢᠯᠭᠠᠷᠠᠮ᠎ᠠ ᠵᠢᠭᠤᠯᠴᠢᠯᠠᠯ᠎ᠤᠨ ᠪᠦᠰᠡ᠎ᠶ᠋ᠢ ᠬᠦᠴᠦᠯᠡᠨ ᠴᠣᠭ᠍ᠴᠠᠯᠠᠵᠤ᠂ ᠲᠠᠲᠠᠮᠠᠯ ᠭᠤᠤᠯ᠎ᠤᠨ ᠲᠦᠮᠡᠨ ᠦᠵᠡᠮᠵᠢ ᠭᠡᠷᠡᠯ ᠬᠢᠯᠪᠠᠭ᠎ᠠ ᠰᠠᠴᠤᠷᠠᠭᠤᠯᠵᠤ᠂ ᠥᠨᠢ ᠤᠳᠠᠭᠠᠨ ᠲᠡᠦᠭᠡ ᠲᠠᠢ ᠲᠠᠲᠠᠮᠠᠯ ᠭᠤᠤᠯ᠎ᠤᠨ ᠤᠰᠤ᠎ᠨᠢ ᠠᠯᠢ ᠣᠯᠠᠨ ᠬᠣᠲᠠ᠎ᠶ᠋ᠢᠨ ᠪᠣᠯᠪᠠᠰᠤᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ ᠶᠡᠬᠡ ᠲᠠᠲᠠᠮᠠᠯ ᠭᠣᠣᠯ᠎ᠢ ᠲᠡᠯᠡᠭᠡᠢ ᠵᠢᠨ ᠰᠣᠶᠣᠯ᠎ᠤᠨ ᠥᠪ᠎ᠢᠶᠡᠷ ᠮᠡᠳᠡᠭᠦᠯᠬᠦ ᠬᠠᠮᠳᠤᠷᠠᠬᠰᠠᠨ ᠠᠯᠪᠠᠨ ᠭᠡᠷ᠎ᠦᠨ ᠡᠷᠬᠢᠯᠡᠭ᠌ᠴᠢ ᠪᠠᠢᠭ᠍ᠰᠠᠨ ᠶᠠᠩᠵᠸᠦ ᠬᠤᠲᠠ᠎ᠶ᠋ᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠲᠣᠪᠴᠢᠶᠠᠨ᠎ᠤ ᠤᠤᠯ᠎ᠤᠨ ᠳᠠᠷᠤᠭ᠎ᠠ ᠭᠦ᠋ ᠹᠧᠩ᠄《ᠶᠡᠬᠡ ᠲᠠᠲᠠᠮᠠᠯ ᠭᠣᠣᠯ 2500 ᠭᠠᠷᠤᠢ ᠵᠢᠯ᠎ᠦᠨ ᠲᠤᠷᠰᠢᠬᠢ ᠱᠢᠨ᠎ᠡ ᠠᠮᠢ ᠨᠠᠰᠤᠨ᠎ᠤ ᠦᠶᠡᠯᠡᠯ᠎ᠢᠶᠡᠨ ᠤᠭ᠍ᠲᠤᠨ ᠠᠪᠤᠯ᠎ᠠ!》 ᠬᠡᠵᠤ ᠲᠤᠬᠳᠤᠯᠤᠨ ᠬᠡᠯᠡᠪᠡ᠃
ᠲᠡᠦᠬᠡ᠎ᠶ᠋ᠢᠨ ᠴᠠᠭ ᠮᠥᠴᠡ ᠵᠢᠨ ᠴᠦᠷᠭᠡᠯᠡᠭᠡ ᠣᠩᠭᠣᠴᠠ ᠮᠢᠩᠭᠠᠨ ᠭᠠᠵᠠᠷ ᠦᠷᠭᠦᠯᠵᠢᠯᠡᠵᠦ᠍᠂ ᠵᠢᠭᠠᠰᠤᠨ ᠤᠩᠭᠤᠴᠠᠨ᠎ᠤ ᠳ᠋ᠸᠩ ᠦᠷᠭᠦᠯᠵᠢᠯᠡᠨ ᠦᠷᠭᠦᠯᠵᠢᠯᠡᠵᠦ ᠪᠠᠢᠭᠰᠠᠨ ᠡᠴᠡ ᠪᠠᠨ ᠪᠣᠳᠠᠲᠤ ᠠᠬᠤᠢ᠎ᠳᠠᠬᠢ ᠡᠳ᠋ ᠪᠣᠳᠠᠰ ᠡᠯᠪᠡᠭ ᠲᠡᠯᠪᠡᠭ᠂ ᠤᠰᠤ ᠨᠢ ᠲᠤᠩᠭᠠᠯᠠᠭ ᠡᠷᠭᠢ ᠨᠢ ᠨᠣᠭᠣᠭᠠᠨ ᠪᠤᠯᠵᠤ᠂ ᠶᠡᠬᠡ ᠲᠠᠲᠠᠮᠠᠯ ᠭᠣᠣᠯ ᠨᠢ ᠰᠣᠶᠣᠯ᠎ᠤᠨ ᠤᠯᠠᠮᠵᠢᠯᠠᠯ᠎ᠢ ᠵᠠᠯᠭᠠᠮᠵᠢᠯᠠᠵᠤ᠂ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃(ᠰᠢᠨᠬᠤᠸᠠ ᠬᠤᠷᠢᠶᠠᠨ ᠤ᠋ ᠪᠡᠭᠡᠵᠢᠩ ᠤ᠋ᠨ 7 ᠰᠠᠷ᠎ᠠ ᠵᠢᠨ 19 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃