ᠰᠣᠶᠣᠯ ᠤᠷᠠᠯᠢᠭ > ᠰᠢ ᠵᠢᠨ ᠫᠢᠨᠭ᠎ᠦ᠋ᠨ ᠰᠣᠶᠣᠯ᠎ᠤ᠋ᠨ ᠬᠠᠢᠷ᠎ᠠ ᠰᠡᠳᠭᠢᠯᠭᠡ

2022-07-27 15:44:17

ᠵᠣᠬᠢᠶᠠᠭ᠍ᠴᠢ᠄ ​ᠯᠦᠸᠧ ᠹᠸᠢ ᠲᠠᠩ ᠱᠢᠩ ᠣᠩᠱᠢᠭ᠍ᠰᠠᠨ ᠣᠳᠠᠭ᠎ᠠ᠄ 3

ᠤᠯᠠᠭᠠᠨ᠂ ᠨᠣᠭᠣᠭᠠᠨ᠂ ᠬᠥᠬᠡ ᠁ ᠤᠷᠠᠯᠠᠨ ᠤᠶᠤᠭᠰᠠᠨ ᠵᠦᠢᠯ ᠨᠢ ᠦᠩᠭᠡ ᠢᠯᠭᠠᠷᠠᠨ᠎ᠠ; ᠬᠠᠳᠭᠤᠬᠤ ᠂ ᠬᠠᠪᠴᠢᠭᠤᠯᠬᠤ᠂ ᠴᠢᠮᠡᠭᠯᠡᠬᠦ᠂ ᠤᠶᠤᠬᠤ ᠁ ᠦᠢᠯᠡᠳᠬᠦ ᠠᠷᠭ᠎ᠠ ᠨᠢ ᠬᠤᠪᠢᠷᠠᠯᠲᠠ ᠤᠯᠠᠨᠲᠠᠢ; ᠯᠤᠤ ᠭᠠᠷᠤᠳᠢ᠎ᠶ᠋ᠢᠨ ᠬᠡ ᠤᠭᠠᠯᠵᠠ᠂ ᠵᠢᠭᠠᠰᠤ ᠱᠢᠪᠠᠭᠤ᠎ᠶ᠋ᠢᠨ ᠬᠡ ᠤᠭᠠᠯᠵᠠ᠂ ᠡᠷᠪᠡᠬᠡᠶ᠎ᠶ᠋ᠢᠨ ᠬᠡ ᠤᠭᠠᠯᠵᠠ ᠁ ᠬᠠᠳᠭᠤᠭᠰᠠᠨ ᠵᠢᠷᠤᠭ ᠲᠦᠷᠰᠦ ᠨᠢ ᠮᠠᠰᠢ ᠪᠠᠶᠠᠯᠢᠭ ᠤᠳᠭ᠎ᠠ ᠠᠭᠤᠯᠭ᠎ᠠ ᠲᠠᠶ — ᠡᠨᠡ ᠪᠣᠯ ᠲᠠᠷᠤᠢ ᠮᠢᠶᠣᠣ ᠦᠨᠳᠦᠰᠦᠲᠡᠨ᠎ᠦ ᠬᠠᠳᠬᠤᠮᠠᠯ ᠪᠤᠯᠤᠨ᠎ᠠ᠂ ᠮᠢᠶᠣᠣ ᠦᠨᠳᠦᠰᠦᠲᠡᠨ᠎ᠤ ᠥᠨᠢ ᠤᠳᠠᠭᠠᠨ ᠲᠡᠦᠬᠡ᠎ᠲᠡᠶ ᠭᠠᠷ ᠤᠷᠠᠯᠠᠯ᠎ᠤᠨ ᠤᠷ᠎ᠠ ᠮᠡᠷᠭᠡᠵᠢᠯ ᠡᠴᠡ ᠢᠷᠡᠯᠲᠡᠢ᠃

ᠠᠩᠬᠠᠳᠠᠭ᠍ᠴᠢ ᠪᠦᠯᠦᠭ ᠤᠯᠤᠰ᠎ᠤᠨ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠷᠡᠰ᠎ᠲᠦ ᠵᠢᠭᠰᠠᠭᠠᠭᠳᠠᠭᠰᠠᠨ ᠤᠯᠠᠮᠵᠢᠯᠠᠯᠲᠤ ᠦᠨᠳᠦᠰᠦᠲᠡᠨ᠎ᠦ ᠰᠣᠶᠣᠯ ᠤᠷᠠᠯᠢᠭ ᠪᠣᠯᠤᠭ᠍ᠰᠠᠨ᠎ᠤ ᠬᠤᠪᠢ᠎ᠳᠤ᠂ ᠮᠢᠶᠣᠣ ᠦᠨᠳᠦᠰᠦᠲᠡᠨ᠎ᠦ ᠬᠠᠳᠭᠤᠮᠠᠯ ᠡᠳᠦᠭᠡ ᠨᠢᠭᠡᠨᠲᠡ ᠬᠦᠭᠵᠢᠯᠲᠡ ᠪᠡᠨ ᠤᠯᠵᠤ᠂ ᠠᠯᠳᠠᠷ ᠮᠠᠨᠳᠤᠵᠠᠢ᠃

2021 ᠣᠨ᠎ᠤ 2 ᠰᠠᠷ᠎ᠠ᠎ᠳᠤ᠂ ᠭᠦᠢᠵᠧᠦ᠍᠎ᠳᠦ ᠱᠢᠨᠵᠢᠯᠡᠨ ᠪᠠᠢᠴᠠᠭᠠᠯᠲᠠ ᠬᠢᠬᠦ᠌ ᠬᠤᠭᠤᠴᠠᠭᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ ᠪᠢᠵᠢᠶ᠍ᠸ ᠬᠤᠳᠠ᠎ᠶ᠋ᠢᠨ ᠴᠢᠶᠠᠨᠰᠢ ᠱᠢᠶᠠᠨ(ᠤᠳᠤ᠎ᠶ᠋ᠢᠨ《ᠴᠢᠶᠠᠨᠰᠢ ᠬᠤᠳᠠ》)ᠤ᠋ ᠱᠢᠨ ᠷᠧᠨ ᠮᠢᠶᠣᠣ ᠦᠨᠳᠦᠰᠦᠲᠡᠨ᠎ᠦ ᠱᠢᠶᠠᠩ᠎ᠤᠨ ᠬᠤᠸᠠ ᠡᠸ᠋ ᠲᠣᠰᠭᠣᠨ᠎ᠳᠤ ᠬᠦᠷᠪᠡ᠃ ᠨᠠᠷᠢᠯᠢᠭ ᠰᠠᠢᠬᠠᠨ ᠮᠢᠶᠣᠣ ᠦᠨᠳᠦᠰᠦᠲᠡᠨ᠎ᠦ ᠤᠯᠠᠮᠵᠢᠯᠠᠯᠲᠤ ᠬᠤᠪᠴᠠᠰᠤ ᠵᠠᠰᠠᠯ ᠨᠢ ᠶᠡᠷᠦᠩᠬᠡᠢ ᠱᠦᠵᠢ᠎ᠶ᠋ᠢᠨ ᠠᠩᠬᠠᠷᠤᠯ᠎ᠢ ᠲᠠᠲᠠᠵᠤ᠄《ᠡᠭᠦᠨ᠎ᠢ ᠭᠠᠷ᠎ᠢᠶᠠᠷ᠎ᠢᠶᠡᠨ ᠤᠶᠤᠭᠰᠠᠨ ᠦᠦ?ᠦᠨ᠎ᠡ ᠨᠢ ᠬᠡᠳᠦᠶ ᠪᠣᠶ? ᠪᠣᠷᠣᠯᠠᠭᠤᠯᠤᠯᠲᠠ ᠨᠢ ᠶᠠᠮᠠᠷ ᠵᠡᠷᠭᠡ ᠪᠣᠶ?》ᠭᠡᠵᠤ ᠠᠰᠠᠭᠤᠪᠠ᠃

《ᠮᠠᠱᠢᠨ᠎ᠢᠶᠡᠷ ᠬᠢᠭᠰᠡᠨ ᠤ᠋ ᠪᠠᠢᠨ᠎ᠠ᠂ ᠭᠠᠷ᠎ᠢᠶᠠᠷ᠎ᠢᠶᠡᠨ ᠤᠶᠤᠭᠰᠠᠨ ᠤ᠋ ᠪᠠᠢᠨ᠎ᠠ᠃ ᠮᠠᠱᠢᠨ᠎ᠢᠶᠠᠷ ᠬᠢᠭᠰᠡᠨ ᠨᠢᠭᠡ ᠵᠠᠬ᠎ᠠ ᠵᠢᠨ ᠦᠨ᠎ᠡ ᠨᠢ ᠮᠢᠩᠭ᠎ᠠ ᠭᠠᠷᠤᠶ ᠲᠥᠭᠥᠷᠢᠭ᠃ ᠭᠠᠷ᠎ᠢᠶᠠᠷ᠎ᠢᠶᠡᠨ ᠤᠶᠤᠭᠰᠠᠨ ᠨᠢᠭᠡ ᠵᠠᠬ᠎ᠠ ᠨᠢ ᠲᠦᠮᠡ ᠨᠠᠶ᠋ᠮᠠᠨ ᠮᠢᠩᠭᠠᠨ ᠲᠥᠭᠥᠷᠢᠭ ᠬᠦᠷᠳᠡᠭ᠃ ᠮᠢᠶᠣᠣ ᠦᠨᠳᠦᠰᠦᠲᠡᠨ᠎ᠦ ᠠᠬ᠎ᠠ ᠳᠡᠭᠦᠦ᠍᠎ᠨᠡᠷ ᠠᠪᠴᠤ᠌ ᠡᠮᠦᠰᠭᠦ᠎ᠪᠡᠷ ᠪᠠᠷᠠᠬᠤ ᠦᠭᠡᠢ᠂ ᠴᠥᠭᠡᠨ ᠪᠤᠰᠤ ᠵᠢᠭᠤᠯᠴᠢᠯᠠᠭᠰᠡᠳ᠎ᠤᠨ ᠲᠤᠷ᠎ᠠ ᠪᠠᠬ᠎ᠠ ᠵᠢ ᠲᠠᠲᠠᠵᠠᠢ》ᠭᠡᠵᠦ᠍ ᠬᠤᠸᠠ ᠦ᠋ ᠲᠣᠰᠭᠣᠨ᠎ᠤ ᠮᠢᠶᠣᠣ ᠦᠨᠳᠦᠰᠦᠲᠡᠨ᠎ᠤ ᠬᠠᠳᠭᠤᠮᠠᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠫᠸᠩ ᠢ ᠶᠡᠷᠦᠩᠬᠡᠢ ᠱᠦᠵᠢ᠎ᠳᠦ ᠲᠠᠨᠢᠯᠴᠠᠭᠤᠯᠪᠠ᠃

《ᠮᠢᠶᠣᠣ ᠦᠨᠳᠦᠰᠦᠲᠡᠨ᠎ᠦ ᠬᠠᠳᠭᠤᠮᠠᠯ ᠪᠣᠯ ᠤᠯᠠᠮᠵᠢᠯᠠᠯᠲᠤ ᠰᠤᠶᠤᠯ᠎ᠢᠶᠡᠨ ᠬᠠᠳᠠᠭᠠᠯᠠᠭᠰᠡᠨ ᠮᠥᠷᠲᠡᠭᠡᠨ ᠰᠢᠨ᠎ᠡ ᠴᠠᠭ ᠦᠶ᠎ᠡ ᠵᠢᠨ ᠤᠨᠴᠠᠯᠢᠭ ᠲᠠᠢ ᠪᠠᠢᠳᠠᠭ᠂ ᠲᠠ᠎ᠨᠠᠷ ᠤ᠋ᠨ ᠤᠷᠠᠨ ᠭᠠᠷ ᠵᠢᠡᠷ ᠬᠠᠳᠭᠤᠵᠤ ᠭᠠᠷᠭᠠᠭ᠍ᠰᠠᠨ ᠬᠠᠳᠬᠤᠮᠠᠯ ᠬᠡᠴᠢᠨᠡᠨ ᠭᠤᠢᠳᠠ ᠰᠠᠢᠬᠠᠨ ᠪᠣᠶ!》 ᠶᠡᠷᠦᠩᠬᠡᠢ ᠱᠦᠵᠢ ᠰᠢ ᠵᠢᠨ ᠫᠢᠩ᠂ ᠮᠢᠶᠣᠣ ᠦᠨᠳᠦᠰᠦᠲᠡᠨ᠎ᠦ ᠬᠠᠳᠭᠤᠮᠠᠯ᠎ᠢ ᠵᠠᠪᠠᠯ ᠪᠠᠳᠠᠷᠠᠭᠤᠯᠤᠨ ᠳᠡᠯᠭᠡᠷᠡᠭᠦᠯᠬᠦ ᠬᠡᠷᠡᠭ᠌ᠲᠡᠢ᠂ ᠡᠨᠡ ᠨᠢ ᠠᠵᠤ ᠦᠢᠯᠡᠰ ᠪᠣᠯᠬᠤ᠎ᠪᠠᠷ ᠪᠠᠷᠠᠬᠤ ᠦᠭᠡᠢ ᠪᠠᠰᠠ ᠴᠤ᠌ ᠰᠣᠶᠣᠯ ᠪᠣᠯᠤᠨ᠎ᠠ᠂ ᠰᠠᠢᠳᠤᠷ ᠬᠦᠭᠵᠢᠭᠦᠯᠪᠡᠯ ᠦᠨᠳᠦᠰᠦᠲᠡᠨ᠎ᠦ ᠰᠣᠶᠣᠯ᠂ ᠤᠯᠠᠮᠵᠢᠯᠠᠯᠲᠤ ᠰᠣᠶᠣᠯ᠎ᠢ ᠪᠠᠳᠠᠷᠠᠭᠤᠯᠵᠤ ᠴᠢᠳᠠᠬᠤ ᠪᠡᠷ ᠪᠠᠷᠠᠬᠤ ᠦᠭᠡᠢ ᠡᠭᠦᠨ᠎ᠤ ᠬᠠᠮᠲᠤ ᠠᠵᠤ ᠦᠢᠯᠡᠰ᠎ᠢᠶᠡᠷ ᠶᠠᠳᠠᠭᠤ᠎ᠶ᠋ᠢ ᠲᠡᠳᠬᠦᠬᠦ᠌᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠤᠪᠢ ᠨᠡᠮᠡᠷᠢ ᠦᠵᠡᠭᠦᠯᠵᠦ ᠴᠢᠳᠠᠨ᠎ᠠ ᠭᠡᠵᠦ ᠤᠯᠠᠨ᠎ᠢ ᠵᠣᠷᠢᠭ᠍ᠵᠢᠭᠤᠯᠪᠠ᠃

《ᠶᠡᠷᠦᠩᠬᠡᠢ ᠱᠦᠵᠢ ᠰᠢ ᠵᠢᠨ ᠫᠢᠩ〈ᠭᠣᠢᠳᠠ ᠰᠠᠢᠬᠠᠨ〉ᠭᠡᠬᠦ᠌ ᠬᠣᠶᠠᠷ ᠦᠭᠡ᠎ᠪᠡᠷ ᠳᠦᠷᠰᠦᠯᠡᠭ᠌ᠰᠡᠨ ᠨᠢ ᠮᠢᠶᠣᠣ ᠦᠨᠳᠦᠰᠦᠲᠡᠨ᠎ᠦ ᠬᠠᠳᠭᠤᠮᠠᠯ᠎ᠤᠨ ᠡᠨᠡ ᠬᠦ᠌ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠎ᠢ ᠨᠤᠲᠠᠯᠠᠭ᠍ᠰᠠᠨ᠎ᠢᠶᠠᠷ ᠪᠠᠷᠠᠬᠤ ᠦᠭᠡᠢ ᠪᠠᠰᠠ ᠶᠡᠷᠦᠩᠬᠡᠢ ᠱᠦᠵᠢ᠎ᠶ᠋ᠢᠨ ᠴᠥᠭᠡᠨ ᠲᠣᠭᠠᠲᠤ ᠦᠨᠳᠦᠰᠦᠲᠡᠨ᠎ᠦ ᠰᠣᠶᠣᠯ᠎ᠤᠨ ᠤᠯᠠᠮᠵᠢᠯᠠᠯ ᠪᠠ ᠬᠥᠭ᠌ᠵᠢᠯᠲᠡ᠎ᠶ᠋ᠢᠨ ᠲᠤᠬᠠᠢ ᠬᠠᠢᠷ᠎ᠠ ᠬᠠᠯᠠᠮᠵᠢ᠎ᠶ᠋ᠢ ᠢᠯᠡᠷᠡᠭᠦᠯᠵᠡᠢ》ᠭᠡᠵᠦ ᠴᠦᠬᠡᠨ ᠲᠤᠭᠠᠲᠤ ᠦᠨᠳᠦᠰᠦᠲᠡᠨ᠎ᠤ ᠰᠤᠶᠤᠯ᠎ᠢ ᠬᠠᠮᠠᠭᠠᠯᠠᠨ ᠤᠯᠠᠮᠵᠢᠯᠠᠬᠤ ᠠᠵᠢᠯ᠎ᠢ ᠬᠠᠷᠢᠭᠤᠴᠠᠵᠤ ᠪᠠᠢᠭ᠎ᠠ ᠭᠦᠢᠵᠧᠣ ᠮᠤᠵᠢ ᠵᠢᠨ ᠺᠠᠢᠯᠢ ᠬᠤᠲᠠ ᠵᠢᠨ ᠶᠢᠨ ᠰᠢᠦ ᠲᠤᠰᠬᠠᠢ ᠠᠩᠬᠢ ᠵᠢᠨ ᠠᠯᠪᠠᠨ ᠭᠡᠷ᠎ᠤᠨ ᠬᠠᠷᠢᠭᠤᠴᠠᠯᠭᠠᠲᠡᠨ ᠯᠢᠦ ᠷᠦᠢ ᠬᠡᠯᠡᠨ᠎ᠡ᠃

《ᠶᠡᠷᠦᠩᠬᠡᠢ ᠱᠦᠵᠢ ᠮᠢᠶᠣᠣ ᠦᠨᠳᠦᠰᠦᠲᠡᠨ᠎ᠤ ᠬᠠᠳᠭᠤᠮᠠᠯ᠎ᠢ ᠰᠣᠨᠢᠷᠬᠠᠬᠤ᠎ᠦᠶ᠎ᠡ ᠵᠢᠨ ᠰᠡᠳᠭᠢᠯ ᠲᠠᠯᠪᠢᠵᠤ ᠪᠠᠢᠭ᠍ᠰᠠᠨ ᠬᠠᠷᠠᠴᠠ᠎ᠶ᠋ᠢ ᠪᠢ ᠡᠭᠦᠷᠢᠳᠡ ᠮᠠᠷᠲᠠᠵᠤ ᠴᠢᠳᠠᠬᠤ ᠦᠭᠡᠢ᠂ ᠲᠡᠭᠦᠨ᠎ᠤ ᠮᠢᠶᠣᠣ ᠦᠨᠳᠦᠰᠦᠲᠡᠨ᠎ᠤ ᠬᠠᠳᠭᠤᠮᠠᠯ᠎ᠤᠨ ᠲᠤᠬᠠᠢ ᠬᠠᠢᠷ᠎ᠠ ᠬᠠᠯᠠᠮᠵᠢ ᠨᠢ ᠤᠯᠠᠨ᠎ᠳᠤ ᠦᠨᠳᠦᠰᠦᠲᠡᠨ᠎ᠦ ᠰᠣᠶᠣᠯ᠎ᠤᠨ ᠲᠤᠬᠠᠢ ᠳᠤᠷᠠᠳᠭᠠᠯ᠎ᠢ ᠲᠠᠬᠢᠨ ᠰᠠᠨᠠᠭᠳᠠᠭᠤᠯᠤᠨ᠎ᠠ》ᠭᠡᠵᠦ᠍ ᠫᠸᠩ ᠢ ᠬᠡᠯᠡᠪᠡ᠃

ᠡᠳᠡᠭᠡᠷ ᠵᠢᠯ᠎ᠦᠳ᠎ᠲᠦ᠂ ᠫᠸᠩ ᠢ ᠭᠦᠢᠵᠧᠦ᠍ ᠵᠢᠨ ᠡᠯ᠎ᠡ ᠭᠠᠵᠠᠷ᠎ᠢᠶᠡᠷ ᠶᠠᠪᠤᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠪᠣᠯᠤᠨ ᠠᠷᠠᠳ᠎ᠤᠨ ᠤᠷᠠᠯᠢᠭ᠍ᠴᠢᠨ᠎ᠢ ᠡᠷᠬᠢᠨ ᠦᠵᠡᠵᠦ᠍᠂ ᠱᠦᠢ ᠦᠨᠳᠦᠰᠦᠲᠡᠨ᠎ᠦ ᠮᠤᠷᠢᠨ ᠰᠡᠭᠦᠯ᠎ᠤᠨ ᠬᠠᠳᠭᠤᠮᠠᠯ᠂ ᠭᠦᠢᠵᠧᠦ᠍᠎ᠶ᠋ᠢᠨ ᠵᠡᠭᠦᠨ ᠡᠮᠦᠨᠡᠲᠦ ᠣᠷᠣᠨ᠎ᠤ ᠮᠢᠶᠣᠣ ᠦᠨᠳᠦᠰᠦᠲᠡᠨ᠎ᠦ ᠤᠷᠠᠩᠬᠠᠢ ᠬᠠᠳᠭᠤᠮᠠᠯ᠂ ᠰᠦᠩ ᠲᠤᠤ ᠣᠷᠣᠨ᠎ᠤ ᠠᠷᠤ ᠦᠪᠦᠷ ᠲᠠᠯ᠎ᠠ᠎ᠶ᠋ᠢᠨ ᠬᠠᠳᠭᠤᠮᠠᠯ ᠁ ᠠᠳᠠᠯᠢ ᠪᠤᠰᠤ ᠬᠠᠳᠭᠤᠮᠠᠯ᠎ᠤᠨ ᠮᠡᠷᠭᠡᠵᠢᠯ᠎ᠢ ᠱᠢᠩᠭᠡᠭᠡᠨ ᠠᠪᠴᠤ᠌᠂ ᠲᠡᠳᠡᠭᠡᠷ᠎ᠢ ᠨᠡᠪᠳᠡᠷᠡᠳᠡᠯ᠎ᠡ ᠤᠢᠯᠠᠭᠠᠪᠠ᠃

2021 ᠣᠨ᠎ᠡᠴᠠ ᠨᠠᠭᠠᠰᠢ᠂ ᠠᠯᠢ ᠤᠯᠠᠨ ᠬᠦᠴᠦᠲᠡᠢ ᠠᠷᠭ᠎ᠠ ᠬᠡᠮᠵᠢᠢ᠎ᠡ ᠭᠦᠢᠵᠧᠦ᠍᠎ᠳᠦ ᠯᠠᠪᠳᠠᠭᠤᠨ ᠪᠠᠲᠤᠲᠠᠢ ᠠᠬᠢᠪᠠ᠄ ᠮᠢᠶᠣᠣ ᠦᠨᠳᠦᠰᠦᠲᠡᠨ᠎ᠦ ᠬᠠᠳᠭᠤᠮᠠᠯ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠵᠤ᠂ ᠮᠢᠶᠣᠣ ᠦᠨᠳᠦᠰᠦᠲᠡᠨ᠎ᠦ ᠬᠠᠳᠭᠤᠮᠠᠯ᠎ᠤᠨ ᠠᠵᠤ ᠦᠢᠯᠡᠰᠴᠢᠯᠡᠬᠦ᠂ ᠴᠠᠭ ᠎ᠤᠨ ᠤᠷᠤᠰᠬᠠᠯ ᠲᠠᠢ ᠵᠡᠷᠭᠡᠴᠡᠬᠦ᠂ ᠳᠡᠯᠡᠬᠡᠢᠴᠢᠯᠡᠬᠦ᠂ ᠲᠦᠷᠦᠯ ᠳᠡᠮᠳᠡᠭ᠌ᠴᠢᠯᠡᠬᠦ ᠬᠥᠭ᠌ᠵᠢᠯᠲᠡ᠎ᠶ᠋ᠢᠨ ᠬᠠᠷᠠᠯᠲᠠ᠎ᠶ᠋ᠢ ᠲᠣᠭ᠍ᠲᠠᠭᠠᠵᠤ᠂ ᠲᠤᠬᠠᠢ ᠵᠢᠨ ᠭᠠᠵᠠᠷ᠎ᠤᠨ ᠦᠨᠳᠦᠰᠦᠲᠡᠨ᠎ᠦ ᠰᠣᠶᠣᠯ᠎ᠤᠨ ᠵᠠᠯᠭᠠᠮᠵᠢᠯᠠᠭ᠍ᠴᠢ᠎ᠶ᠋ᠢ ᠢᠳᠡᠪᠬᠢᠲᠡᠢ ᠬᠥᠮᠦᠵᠢᠭᠦᠯᠵᠦ᠍᠂ ᠤᠨᠴᠠᠯᠢᠬ᠍ᠳᠤ ᠦᠨᠳᠦᠰᠦᠲᠡᠨ᠎ᠦ ᠭᠠᠷ ᠤᠷᠠᠯᠠᠯ᠎ᠤᠨ ᠠᠵᠤ ᠠᠬᠤᠢᠯᠠᠯ᠎ᠢ ᠶᠡᠬᠡ᠎ᠪᠡᠷ ᠲᠡᠳᠬᠦᠨ ᠳᠡᠮᠵᠢᠪᠡ ᠁ ᠦᠨᠢ ᠤᠳᠠᠭᠠᠨ ᠲᠡᠤᠬᠡ ᠲᠡᠢ ᠮᠢᠶᠣᠣ ᠦᠨᠳᠦᠰᠦᠲᠡᠨ᠎ᠦ ᠬᠠᠳᠭᠤᠮᠠᠯ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠤᠯᠪᠠ᠃

《ᠶᠡᠷᠦᠩᠬᠡᠢ ᠱᠦᠵᠢ ᠮᠢᠶᠣᠣ ᠦᠨᠳᠦᠰᠦᠲᠡᠨ᠎ᠦ ᠬᠠᠳᠭᠤᠮᠠᠯ ᠪᠣᠯ ᠤᠯᠠᠮᠵᠢᠯᠠᠯᠲᠤ ᠰᠤᠶᠤᠯ᠎ᠢᠶᠡᠨ ᠬᠠᠳᠠᠭᠠᠯᠠᠭᠰᠡᠨ ᠮᠥᠷᠲᠡᠭᠡᠨ ᠰᠢᠨ᠎ᠡ ᠴᠠᠭ ᠦᠶ᠎ᠡ ᠵᠢᠨ ᠤᠨᠴᠠᠯᠢᠭ ᠲᠠᠢ ᠪᠠᠢᠳᠠᠭ ᠭᠡᠵᠡᠢ᠂ ᠡᠨᠡ ᠨᠢ ᠪᠢᠳᠡᠡ᠎ᠳᠤ ᠦᠨᠳᠦᠰᠦᠲᠡᠨ᠎ᠦ ᠰᠣᠶᠣᠯ᠎ᠢᠶᠡᠨ ᠤᠯᠠᠮᠵᠢᠯᠠᠨ ᠬᠥᠭ᠌ᠵᠢᠭᠦᠯᠬᠦ᠌᠎ᠳᠤ ᠬᠦᠴᠦᠯᠡᠬᠦ᠌ ᠴᠡᠭ ᠣᠯᠭᠤᠵᠠᠢ᠃ ᠤᠯᠠᠮᠵᠢᠯᠠᠬᠤ ᠳᠤᠮᠳᠠ ᠬᠥᠭ᠌ᠵᠢᠭᠦᠯᠵᠦ᠍᠂ ᠢᠳᠡᠪᠬᠢᠲᠡᠢ ᠠᠭᠤᠰᠤᠯᠴᠠᠨ ᠱᠢᠨ᠎ᠡ᠎ᠶ᠋ᠢ ᠡᠭᠦᠳᠴᠦ᠍᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷ᠎ᠠ ᠮᠡᠷᠭᠡᠵᠢᠯ᠎ᠳᠤ ᠨᠡᠩ ᠴᠤᠭ ᠪᠠᠳᠠᠷᠠᠩᠭᠤᠢ ᠠᠮᠢᠵᠢᠷᠠᠯ᠎ᠤᠨ ᠬᠦᠴᠦᠨ ᠣᠯᠭᠣᠬᠤ ᠬᠡᠷᠡᠭ᠌ᠲᠡᠢ》᠃ ᠭᠦᠶ᠋ᠵᠧᠸ᠋ ᠮᠤᠵᠢ᠎ᠶ᠋ᠢᠨ ᠺᠠᠢᠯᠢ ᠳᠡᠭᠡᠳᠦ ᠰᠤᠷᠭᠠᠭᠤᠯᠢ᠎ᠶ᠋ᠢᠨ ᠦᠨᠳᠦᠰᠦᠲᠡᠨ᠎ᠦ ᠰᠤᠳᠤᠯᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠽᠸᠩ ᠱᠢᠶᠠᠩ ᠬᠣᠶ ᠣᠲᠣ ᠶᠠᠭ ᠮᠢᠶᠣᠣ ᠦᠨᠳᠦᠰᠦᠲᠡᠨ᠎ᠦ ᠬᠠᠳᠭᠤᠮᠠᠯ᠎ᠤᠨ ᠱᠢᠨ᠎ᠡ ᠴᠠᠭ ᠦᠶ᠎ᠡ᠎ᠳᠡᠬᠢ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠱᠢᠰᠲ᠋ᠧᠮ᠎ᠲᠡᠶ ᠡᠮᠬᠢᠯᠡᠨ ᠰᠤᠳᠤᠯᠵᠤ ᠪᠠᠢᠨ᠎ᠠ ᠭᠡᠵᠡᠢ᠃

2021 ᠣᠨ᠎ᠳᠤ᠂ ᠮᠢᠶᠣᠣ ᠦᠨᠳᠦᠰᠦᠲᠡᠨ᠎ᠦ ᠬᠠᠳᠭᠤᠮᠠᠯ ᠱᠠᠩᠬᠠᠢ᠎ᠶ᠋ᠢᠨ ᠬᠤᠪᠴᠠᠰᠤ ᠡᠮᠦᠰᠭᠡᠯ᠎ᠤᠨ ᠲᠡᠯᠭᠡᠨ ᠦᠵᠡᠭᠦᠯᠭᠡ ᠵᠢᠨ ᠭᠠᠷᠠᠭ᠎ᠲᠤ ᠲᠡᠯᠭᠡᠭᠳᠡᠪᠡ᠃ ᠤᠳᠤᠠᠠᠨᠨ᠎ᠳᠤ᠂ ᠰᠦᠯᠵᠢᠶ᠎ᠡ ᠪᠣᠯᠤᠨ ᠡᠯ᠎ᠡ ᠪᠣᠳᠠᠲᠤ ᠴᠣᠭ᠍ᠴᠠ᠎ᠶ᠋ᠢᠨ ᠳᠡᠯᠭᠡᠭᠦᠷ᠎ᠢᠶᠡᠷ ᠳᠠᠮᠵᠢᠨ᠂ ᠤᠯᠠᠮ᠎ᠡᠴᠠ ᠤᠯᠠᠨ ᠬᠥᠮᠦᠰ ᠮᠢᠶᠣᠣ ᠦᠨᠳᠦᠰᠦᠲᠡᠨ᠎ᠦ ᠰᠣᠶᠣᠯ᠎ᠤᠨ ᠤᠷᠳᠤ ᠬᠠᠭᠤᠳᠠᠰᠤ᠎ᠶ᠋ᠢ ᠰᠦᠯᠵᠢᠭ᠌ᠰᠡᠨ ᠡᠨᠡ ᠬᠦ᠌ ᠭᠣᠢᠳᠠ ᠰᠠᠢᠬᠠᠨ ᠤᠷᠠᠯᠢᠭ᠎ᠢ ᠰᠣᠨᠢᠷᠬᠠᠵᠤ ᠴᠢᠨᠠᠭ᠍ᠰᠢᠯᠠᠪᠠᠯ ᠡᠳᠦᠷ ᠳᠤᠳᠤᠮ᠎ᠤᠨ ᠠᠮᠢᠳᠤᠷᠠᠯ ᠳᠤᠮᠳᠠ᠎ᠪᠠᠨ ᠬᠡᠷᠡᠭ᠌ᠯᠡᠵᠦ᠍ ᠪᠠᠢᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 7 ᠰᠠᠷ᠎ᠠ᠎ᠶ᠋ᠢᠨ 24 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面