ᠲᠤᠰᠬᠠᠢ ᠮᠡᠳᠡᠭᠡᠯᠡᠯ > ᠥᠪᠥᠷ ᠮᠣᠩᠭᠤᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ

2026-04-21 10:48:50

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

4 ᠰᠠᠷ᠎ᠠ᠎ᠶᠢᠨ 21 ᠎ᠦ ᠡᠳᠦᠷ᠎ᠡᠴᠡ23 ᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠲᠣᠭᠯᠠᠯᠲᠠ᠎ᠶᠢᠨ ᠠᠷᠠᠯᠵᠢᠶᠠᠨ᠎ᠤ ᠴᠤᠭᠯᠠᠭᠠᠨ ᠬᠥᠬᠡᠬᠣᠲᠠ᠎ᠳᠤᠶᠠᠪᠤᠭᠳᠠᠬᠤ ᠪᠣᠯᠣᠨ᠎ᠠ᠃


640.png


ᠲᠣᠰ ᠤᠳᠠᠭᠠᠨ᠎ᠤ ᠠᠷᠠᠯᠵᠢᠶᠠᠨ᠎ᠤ ᠴᠤᠭᠯᠠᠭᠠᠨ᠎ᠳᠤ600 ᠭᠠᠷᠤᠢ ᠦᠵᠡᠭᠦᠯᠭᠡ᠎ᠶᠢᠨ ᠪᠠᠢᠷᠢ ᠭᠠᠷᠭᠠᠵᠤ᠂ ᠤᠷᠠᠨ ᠰᠠᠢᠬᠠᠨ᠎ᠤ ᠬᠦᠷᠢᠶᠡᠯᠡᠩ ᠪᠦᠯᠬᠦᠮ᠂ ᠪᠦᠲᠦᠭᠡᠯ ᠭᠠᠷᠭᠠᠬᠤᠪᠠᠢᠭᠤᠯᠤᠮᠵᠢ᠂ ᠺᠢᠨᠣ᠋ ᠲᠢᠶᠠᠲᠷ᠂ ᠲᠣᠭᠯᠠᠯᠲᠠ᠎ᠶᠢᠨ ᠤᠷᠠᠯᠢᠭ᠋᠎ᠤᠨ ᠰᠢᠨ᠎ᠡ ᠣᠷᠣᠨ ᠵᠠᠢ᠂ ᠲᠠᠢᠰᠠᠨ᠎ᠤᠤᠷᠠᠯᠠᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠪᠢᠯᠧᠲ᠎ᠦᠨ ᠦᠢᠯᠡᠴᠢᠯᠡᠭᠡ᠂ ᠲᠣᠭᠯᠠᠯᠲᠠ᠎ᠶᠢᠨ ᠤᠷᠠᠯᠢᠭ᠋᠎ᠤᠨᠲᠥᠬᠦᠭᠡᠷᠦᠮᠵᠢ ᠵᠡᠷᠭᠡ ᠠᠵᠤ ᠠᠬᠤᠢᠯᠠᠯ᠎ᠢ ᠬᠠᠮᠤᠷᠴᠤ᠂ ᠠᠩᠬ᠎ᠠ ᠤᠳᠠᠭ᠎ᠠ ᠳ᠋ᠧᠩ᠎ᠦᠨ ᠬᠡᠷᠡᠯ᠂ ᠲᠠᠭᠤᠨᠮᠠᠰᠢᠨ᠎ᠤ ᠤᠷ᠎ᠠ ᠴᠢᠳᠠᠪᠤᠷᠢ᠎ᠶᠢᠨ ᠤᠷᠤᠯᠳᠤᠭᠠᠨ᠎ᠢ ᠡᠷᠭᠢᠯᠡᠬᠦ ᠪᠤᠯᠤᠨ᠎ᠠ᠃ ᠭᠣᠣᠯ ᠶᠠᠷᠢᠶᠠᠨ᠎ᠤ ᠲᠠᠪᠴᠠᠩ᠎ᠠᠴᠠᠭᠠᠳᠠᠨ᠎ᠠ᠂ 《ᠲᠠᠢᠰᠠᠨ ᠎ᠤ ᠤᠷᠠᠯᠢᠭ᠋᠎ᠤᠨ ᠵᠣᠬᠢᠶᠠᠨ ᠪᠦᠲᠦᠭᠡᠯᠭᠡ ᠬᠢᠭᠡᠳ ᠵᠠᠬ᠎ᠠ ᠳᠡᠯᠭᠡᠭᠦᠷ᠎ᠦᠨ ᠶᠠᠷᠢᠶᠠᠨ᠎ᠤᠲᠠᠪᠴᠠᠩ》᠂ 《ᠲᠤᠬᠠᠢ᠎ᠶᠢᠨ ᠲᠠᠯᠠᠪᠠᠶ᠎ᠶᠢᠨ ᠳᠠᠭᠤᠤ ᠬᠥᠭᠵᠢᠮ᠎ᠦᠨ ᠵᠠᠬ᠎ᠠ ᠳᠡᠯᠭᠡᠭᠦᠷ᠎ᠦᠨ ᠲᠤᠰᠬᠠᠢ ᠰᠡᠳᠦᠪᠲᠦᠶᠠᠷᠢᠶᠠᠨ᠎ᠤ ᠲᠠᠪᠴᠠᠩ》᠂ 《ᠪᠥᠬᠥ ᠤᠯᠤᠰ᠎ᠤᠨ ᠲᠢᠶᠠᠲᠷ᠎ᠤᠨ ᠶᠡᠬᠡ ᠬᠤᠷᠠᠯ》᠂ 《ᠲᠠᠢᠰᠠᠨ᠎ᠤ ᠤᠷᠠᠯᠠᠯ᠎ᠤᠨ ᠠᠵᠤᠠᠬᠤᠢᠯᠠᠯ᠎ᠤᠨ ᠶᠡᠬᠡ ᠬᠤᠷᠠᠯ》 ᠵᠡᠷᠭᠡ ᠠᠵᠢᠯᠯᠠᠭ᠎ᠠ᠎ᠶᠢ ᠠᠩᠬ᠎ᠠ ᠤᠳᠠᠭ᠎ᠠ ᠲᠣᠬᠢᠷᠠᠭᠤᠯᠤᠨ᠎ᠠ᠃

ᠠᠷᠠᠯᠵᠢᠶᠠᠨ᠎ᠤ ᠴᠤᠭᠯᠠᠭᠠᠨ᠎ᠤ ᠬᠤᠭᠤᠴᠠᠭᠠᠨ᠎ᠳᠤ᠂2025 ᠣᠨ᠎ᠤ ᠪᠥᠬᠥ ᠤᠯᠤᠰ᠎ᠤᠨ ᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠪᠢᠯᠧᠲ᠎ᠦᠨ ᠲᠣᠭ᠎ᠠ ᠪᠠᠷᠢᠮᠲᠠ ᠵᠢᠴᠢ TOP10 ᠲᠥᠷᠥᠯ ᠵᠦᠢᠯ᠂ 《2025 ᠣᠨ᠎ᠤ ᠲᠢᠶᠠᠲᠷ᠎ᠤᠨ ᠲᠥᠷᠥᠯ᠎ᠦᠨ ᠲᠣᠭᠯᠠᠯᠲᠠ᠎ᠶᠢᠨᠵᠠᠬ᠎ᠠ ᠳᠡᠯᠭᠡᠭᠦᠷ᠎ᠦᠨ ᠠᠵᠢᠭ᠍ᠯᠠᠯᠲᠠ》᠂ 《2025 ᠣᠨ᠎ᠤ ᠲᠤᠬᠠᠢ᠎ᠶᠢᠨ ᠲᠠᠯᠠᠪᠠᠶ᠎ᠶᠢᠨ ᠳᠠᠭᠤᠤ ᠬᠥᠭᠵᠢᠮ᠎ᠦᠨᠲᠣᠭᠯᠠᠯᠲᠠ᠎ᠶᠢᠨ ᠵᠠᠬ᠎ᠠ ᠳᠡᠯᠭᠡᠭᠦᠷ᠎ᠦᠨ ᠵᠠᠳᠠᠯᠤᠯᠲᠠ᠎ᠶᠢᠨ ᠮᠡᠳᠡᠭᠦᠯᠦᠯᠲᠡ》᠂ 《2025 ᠣᠨ᠎ᠤ ᠲᠠᠢᠰᠠᠨ᠎ᠤᠤᠷᠠᠯᠠᠯ᠎ᠤᠨ ᠢᠨᠵᠧᠨᠧᠷᠢᠩ᠎ᠦᠨ ᠠᠵᠢᠯ ᠲᠥᠷᠥᠯ᠎ᠦᠨ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ》 ᠵᠡᠷᠭᠡ᠎ᠶᠢᠨᠡᠢᠲᠡᠯᠡᠵᠦ᠂ ᠠᠵᠢᠯ ᠲᠥᠷᠥᠯ᠎ᠳᠦ ᠲᠣᠭᠠᠴᠢᠯᠠᠭᠰᠠᠨ ᠰᠢᠢᠳᠪᠦᠷᠢᠲᠦ ᠪᠣᠳᠣᠯᠭ᠎ᠠ᠎ᠶᠢᠨ ᠯᠠᠪᠯᠠᠯᠲᠠ ᠬᠠᠩᠭᠠᠬᠤᠪᠤᠯᠤᠨ᠎ᠠ᠃

ᠢᠷᠡᠯᠲᠡ᠄ ᠰᠢᠨᠬᠤᠸᠠ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面