ᠲᠤᠰᠬᠠᠢ ᠮᠡᠳᠡᠭᠡᠯᠡᠯ > ᠥᠪᠥᠷ ᠮᠣᠩᠭᠤᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ

2026-08-03 14:49:30

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

— 《ᠰᠢᠵᠢᠷ ᠠᠯᠳᠠᠨ ᠤᠯᠠᠷᠢᠯ ᠳ᠋ᠦ ᠦᠪᠦᠷ ᠮᠤᠨᠭᠭᠤᠯ ᠢ᠋ᠶ᠋ᠡᠷ ᠳᠠᠪᠠᠳᠠᠢ ᠵᠢᠭᠤᠯᠴᠢᠯᠠᠬᠤ》 ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠶ᠋ᠢᠨ ᠲᠤᠬᠠᠢ ᠮᠡᠳᠡᠭᠡᠯᠡᠯ


ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ 36 ᠳ᠋ᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ ᠨᠢᠵᠢᠬᠢᠷ ᠶᠠᠪᠤᠭᠳᠠᠵᠦ᠂ 3 ᠡᠳᠦᠷ ᠲᠦ᠍ 120 ᠲᠦᠮᠡᠨ ᠵᠢᠭᠤᠯᠴᠢᠯᠠᠭᠴᠢ ᠵᠢ ᠬᠦᠯᠢᠶᠡᠨ ᠠᠪᠴᠤ᠂ ᠵᠢᠭᠤᠯᠴᠢᠯᠠᠯ ᠤ᠋ᠨ ᠤᠷᠤᠯᠭ᠎ᠠ 15 ᠳ᠋ᠦᠩᠰᠢᠭᠤᠷ ᠲᠦᠬᠦᠷᠢᠭ ᠢ᠋ ᠳᠠᠪᠠᠭᠰᠠᠨ ᠢ᠋ᠶ᠋ᠡᠷ ᠵᠢᠭᠤᠯᠴᠢᠯᠠᠯ ᠤ᠋ᠨ ᠨᠠᠭᠠᠳᠤᠮ ᠤ᠋ᠨ ᠤᠯᠠᠨ ᠲᠠᠯ᠎ᠠ ᠵᠢᠨ ᠲᠡᠥᠬᠡ ᠶ᠋ᠢᠨ ᠳᠡᠮᠳᠡᠭᠯᠡᠯ ᠢ᠋ ᠰᠢᠨᠡᠳᠬᠡᠵᠡᠢ᠃

ᠳᠠᠯ᠎ᠠ ᠶ᠋ᠢᠨ ᠦᠷᠦᠴᠡᠨ ᠳ᠋ᠦ ᠨᠠᠯᠠᠭᠠᠷ ᠨᠠᠭᠠᠳᠤᠮ ᠡᠬᠢᠯᠡᠬᠦ ᠳ᠋ᠦ ᠨᠠᠢᠷ ᠤ᠋ᠨ ᠬᠦᠷᠢᠶ᠎ᠠ ᠤᠯᠠᠨ ᠳᠠᠪᠬᠤᠷ ᠲᠤᠭᠤᠢᠷᠠᠵᠦ᠂ ᠭᠠᠳᠠᠨ᠎ᠠ ᠡᠴᠡ ᠬᠦᠷᠦᠯᠴᠡᠨ ᠢᠷᠡᠭᠰᠡᠨ ᠵᠢᠭᠤᠯᠴᠢᠯᠠᠭᠰᠠᠳ ᠤ᠋ᠨ ᠬᠡᠭᠡᠷ᠎ᠡ ᠪᠠᠭᠤᠳᠠᠯᠯᠠᠬᠤ ᠮᠠᠢᠬᠠᠨ ᠦᠩᠭᠡ ᠢᠯᠭᠠᠷᠠᠠ ᠵᠢᠭᠳᠡᠷᠡᠨ᠎ᠠ᠃ ᠥᠨᠥᠳᠥᠷ ᠲᠠᠯ᠎ᠠ ᠨᠤᠲᠤᠭ ᠤ᠋ᠨ ᠤᠯᠠᠮᠵᠢᠯᠠᠯᠳᠤ ᠨᠠᠭᠠᠳᠤᠮ ᠳ᠋ᠤ ᠰᠢᠨ᠎ᠡ ᠡᠵᠡᠩᠨᠡᠯᠲᠡ ᠶ᠋ᠢᠨ ᠬᠡᠯᠪᠡᠷᠢ ᠲᠠᠰᠤᠷᠠᠯᠳᠠ ᠦᠬᠡᠢ ᠢᠯᠡᠷᠡᠵᠦ᠂ ᠬᠡᠷᠡᠭᠯᠡᠭᠡᠨ ᠤ᠋ ᠠᠬᠤᠢ ᠪᠠᠢᠳᠠᠯ ᠢ᠋ ᠥᠷᠭᠡᠳᠬᠡᠨ᠂ ᠬᠡᠷᠡᠭᠯᠡᠭᠡᠨ ᠤ᠋ ᠰᠢᠨ᠎ᠡ ᠪᠠᠢᠳᠠᠯ ᠢ᠋ ᠪᠤᠢ ᠪᠤᠯᠭᠠᠯ᠎ᠠ᠃


QQ截图20260803150524.png


ᠵᠢᠭᠤᠯᠴᠢᠯᠠᠭᠰᠠᠳ ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ 36 ᠳ᠋ᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ ᠲᠠᠬᠡᠷ᠎ᠠ ᠰᠤᠶᠤᠯ ᠤ᠋ᠨ ᠪᠦᠳᠦᠬᠡᠯᠴᠢ ᠦᠢᠯᠡᠳᠬᠦᠨ ᠢ᠋ ᠬᠤᠳᠠᠯᠳᠤᠨ ᠠᠪᠴᠤ ᠪᠠᠢᠭ᠎ᠠ ᠨᠢ᠃

ᠯᠢ ᡁᠢ ᠫᠸᠩ ᠰᠡᠬᠦᠳᠡᠷᠯᠡᠪᠡ


ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ 36 ᠳ᠋ᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ ᠤ᠋ᠨ ᠨᠠᠢᠷ ᠤ᠋ᠨ ᠲᠠᠯᠠᠪᠠᠢ ᠵᠢᠨ ᠭᠠᠳᠠᠷ ᠬᠦᠷᠢᠶᠡᠨ ᠳ᠋ᠦ ᠰᠢᠯᠢ ᠶ᠋ᠢᠨ ᠭᠣᠣᠯ ᠠᠢᠮᠠᠭ ᠤ᠋ᠨ ᠰᠢᠯᠤᠭᠤᠨ ᠬᠥᠪᠡᠭᠡᠲᠦ ᠴᠠᠭᠠᠨ ᠬᠣᠰᠢᠭᠤᠨ ᠤ᠋ ᠯᠾᠠᠰᠦ᠋ᠷᠦᠩ ᠭᠤᠧᠠᠢ ᠠᠷᠠᠰᠤ ᠪᠡᠷ ᠬᠢᠭᠰᠡᠨ ᠭᠠᠷ ᠤᠷᠠᠯᠠᠯ ᠤ᠋ᠨ ᠡᠳ᠋ ᠢ᠋ᠶ᠋ᠡᠨ ᠳᠡᠯᠭᠡᠨ ᠪᠤᠷᠤᠯᠠᠭᠤᠯᠵᠦ ᠰᠠᠭᠤᠨ᠎ᠠ᠃ ᠯᠾᠠᠰᠦ᠋ᠷᠦᠩ ᠪᠣᠯ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠪᠤᠯᠬᠤ ᠮᠣᠩᠭᠣᠯ ᠦᠨᠳᠦᠰᠦᠲᠡᠨ ᠤ᠋ ᠠᠷᠠᠰᠤ ᠡᠯᠳᠡᠬᠦ ᠤᠷ᠎ᠠ ᠮᠡᠷᠭᠡᠵᠢᠯ ᠤ᠋ᠨ ᠦᠪᠯᠡᠨ ᠤᠯᠠᠮᠵᠢᠯᠠᠭᠴᠢ ᠶᠤᠮ᠃ ᠲᠡᠷᠡ ᠤᠤᠯ ᠨᠢ ᠬᠡᠷᠡᠭᠯᠡᠭᠡᠨ ᠤ᠋ ᠴᠢᠨᠠᠷ ᠢ᠋ ᠨᠠᠩ ᠴᠢᠬᠤᠯᠠᠴᠢᠯᠠᠳᠠᠭ ᠡᠴᠡ ᠬᠢᠭᠰᠡᠨ ᠪᠦᠳᠦᠭᠡᠭᠳᠡᠬᠦᠨ ᠤ᠋ ᠬᠢᠨᠢ ᠪᠤᠷᠤᠯᠠᠭᠤᠯᠭ᠎ᠠ ᠲᠡᠢᠮᠦ ᠰᠠᠢᠨ ᠪᠢᠰᠢ ᠪᠠᠢᠵᠠᠢ᠃ ᠣᠲᠣ᠌ ᠲᠡᠷᠡ ᠵᠠᠬ᠎ᠠ ᠳᠡᠯᠭᠡᠭᠦᠷ ᠤ᠋ᠨ ᠬᠡᠷᠡᠭᠴᠡᠬᠡ ᠵᠢ ᠦᠨᠳᠦᠰᠦᠯᠡᠨ ᠪᠠᠭᠠᠰᠬᠠᠭᠰᠠᠨ ᠬᠠᠷᠢᠴᠠᠯ ᠢ᠋ᠶ᠋ᠡᠷ ᠵᠢᠵᠢᠭ ᠭᠠᠷ ᠤᠷᠠᠯᠠᠯ ᠤ᠋ᠨ ᠡᠳ᠋ ᠬᠢᠵᠦ᠂ ᠬᠡᠷᠡᠭᠯᠡᠭᠡᠨ ᠤ᠋ ᠴᠢᠨᠠᠷ ᠪᠠ ᠰᠣᠨᠢᠷᠬᠠᠯᠲᠤ ᠴᠢᠨᠠᠷ ᠲᠠᠢ ᠪᠦᠳᠦᠭᠡᠬᠳᠡᠬᠦᠨ ᠪᠤᠯᠭᠠᠭᠰᠠᠨ ᠡᠴᠡ ᠵᠠᠯᠠᠭᠤ ᠵᠢᠭᠤᠯᠴᠢᠯᠠᠭ᠍ᠰᠠᠳ ᠤ᠋ᠨ ᠪᠠᠬᠠᠷᠬᠠᠯ ᠢ᠋ ᠤᠯᠵᠠᠢ᠃

ᠨᠠᠢᠷ ᠨᠠᠭᠠᠳᠤᠮ ᠨᠢ ᠬᠡᠷᠡᠭᠯᠡᠭᠡᠨ ᠤ᠋ ᠪᠠᠢᠳᠠᠯ ᠢ᠋ ᠤᠯᠠᠮ ᠡᠯᠪᠡᠭ ᠪᠠᠶᠠᠯᠢᠭ᠋ ᠪᠤᠯᠭᠠᠵᠤ᠂ ᠲᠠᠯ᠎ᠠ ᠨᠤᠲᠤᠭ ᠤ᠋ᠨ ᠤᠨᠴᠠ ᠭᠠᠷᠤᠯᠳᠠ᠂ ᠤᠯᠠᠮᠵᠢᠯᠠᠯᠲᠤ ᠭᠠᠷ ᠤᠷᠠᠯᠠᠯ ᠤ᠋ᠨ ᠪᠤᠷᠤᠯᠠᠭᠤᠯᠭ᠎ᠠ ᠵᠢ ᠰᠠᠢᠵᠢᠷᠠᠭᠤᠯᠤᠨ ᠦᠨᠡᠨ ᠪᠣᠳᠠᠲᠠᠢ ᠠᠵᠤ ᠠᠬᠤᠢ ᠶ᠋ᠢᠨ ᠠᠰᠢᠭ᠋ ᠣᠷᠣᠯᠭ᠎ᠠ ᠪᠣᠯᠭᠠᠨ ᠬᠤᠪᠢᠷᠠᠭᠤᠯᠪᠠ᠃

ᠡᠨᠡ ᠵᠢᠯ ᠤ᠋ᠨ 1 ᠰᠠᠷ᠎ᠠ ᠳ᠋ᠦ᠂ ᠠᠯᠠᠱᠠ ᠠᠢᠮᠠᠭ ᠤ᠋ᠨ ᠠᠯᠠᠱᠠ ᠪᠠᠷᠠᠭᠤᠨ ᠬᠣᠰᠢᠭᠤᠨ ᠳ᠋ᠤ ᠲᠡᠮᠡᠭᠡᠨ ᠤ᠋ ᠬᠣᠯᠪᠣᠭᠠᠲᠤ ᠤᠷᠤᠯᠳᠤᠭᠠᠨ ᠵᠢᠴᠢ ᠤᠯᠠᠮᠵᠢᠯᠠᠯᠳᠤ ᠨᠠᠭᠠᠳᠤᠮ ᠨᠢᠵᠢᠬᠢᠷ ᠰᠠᠢᠬᠠᠨ ᠶᠠᠪᠤᠭᠳᠠᠵᠤ᠂ ᠦᠪᠡᠳᠡᠭᠰᠢ ᠴᠤᠭᠯᠠᠭᠠᠨ ᠳ᠋ᠦ ᠭᠣᠪᠢ ᠶ᠋ᠢᠨ ᠣᠨᠴᠠ ᠭᠠᠷᠤᠯᠲᠠ ᠶ᠋ᠢᠨ ᠴᠤᠭᠯᠠᠭ᠎ᠠ ᠮᠠᠢᠮᠠᠢ᠂ ᠲᠡᠮᠡᠭᠡᠨ ᠤ᠋ ᠪᠦᠲᠦᠭᠡᠭᠳᠡᠬᠦᠨ ᠤ᠋ ᠳᠡᠯᠭᠡᠨ ᠪᠣᠷᠣᠯᠠᠭᠤᠯᠭ᠎ᠠ ᠵᠡᠷᠭᠡ ᠪᠡᠷ ᠶᠠᠪᠤᠭᠳᠠᠭᠰᠠᠨ ᠪᠠᠢᠨ᠎ᠠ᠃ ᠲᠡᠮᠡᠭᠡᠨ ᠨᠠᠭᠠᠳᠤᠮ ᠤ᠋ᠨ 2 ᠡᠳᠦᠷ ᠲᠦ᠍ ᠪᠥᠬᠥ ᠤᠯᠤᠰ ᠤ᠋ᠨ ᠡᠯ᠎ᠡ ᠭᠠᠵᠠᠷ ᠎ᠤᠨ ᠮᠠᠰᠢᠨ ᠪᠠᠷᠢᠵᠤ ᠢᠷᠡᠭᠰᠡᠨ ᠵᠢᠭᠤᠯᠴᠢᠯᠠᠭᠰᠠᠳ ᠢ᠋ 3.8 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠲᠤᠬᠠᠢ ᠶ᠋ᠢᠨ ᠭᠠᠵᠠᠷ ᠤ᠋ᠨ ᠢᠩᠬᠡᠨ ᠰᠦ᠂ ᠲᠡᠮᠡᠭᠡᠨ ᠨᠣᠤᠯᠤᠭᠤᠷ ᠤ᠋ᠨ ᠪᠦᠲᠦᠭᠡᠭᠳᠡᠬᠦᠨ᠂ ᠭᠣᠪᠢ ᠶ᠋ᠢᠨ ᠬᠠᠴᠢᠨ ᠴᠢᠯᠠᠭᠤ ᠵᠡᠷᠭᠡ ᠨᠡᠢᠳᠡ 3200 ᠲᠦᠮᠡᠨ ᠲᠥᠭᠥᠷᠢᠭ ᠤ᠋ᠨ ᠪᠦᠳᠦᠭᠡᠬᠳᠡᠬᠦᠨ ᠬᠤᠳᠠᠯᠳᠤᠵᠠᠢ᠃

《ᠥᠩᠭᠡᠷᠡᠭᠰᠡᠨ ᠳ᠋ᠦ ᠢᠩᠬᠡᠨ ᠰᠦ ᠪᠡᠨ ᠦᠪᠡᠷᠳᠡᠭᠡᠨ ᠡᠳ᠋ᠰᠢᠬᠦᠯᠵᠦ ᠬᠡᠷᠡᠭᠯᠡᠬᠦ ᠪᠤᠶᠤ ᠲᠥᠷᠥᠯ ᠰᠠᠳᠤᠨ ᠳ᠋ᠠᠭᠠᠨ ᠬᠦᠷᠭᠡᠵᠦ ᠪᠠᠢᠭᠰᠠᠨ᠂ ᠡᠨᠡ ᠬᠡᠳᠦᠨ ᠵᠢᠯ ᠢᠩᠬᠡᠨ ᠰᠦ ᠶ᠋ᠢᠨ ᠬᠣᠷᠰᠢᠶ᠎ᠠ ᠪᠠᠢᠭᠤᠯᠵᠤ᠂ ᠲᠡᠮᠡᠭᠡᠨ ᠨᠠᠭᠠᠳᠤᠮ ᠳᠡᠭᠡᠷ᠎ᠠ ᠰᠠᠪᠠᠯᠠᠨ ᠬᠤᠳᠠᠯᠳᠤᠭᠠᠳ ᠠᠰᠢᠭ ᠤᠷᠤᠯᠭ᠎ᠠ ᠶᠡᠬᠡ ᠰᠠᠢᠨ ᠪᠠᠢᠵᠤ᠂ ᠪᠠᠰᠠ ᠭᠠᠳᠠᠷ ᠣᠷᠣᠨ ᠤ᠋ ᠵᠣᠴᠢᠨ ᠬᠤᠳᠠᠯᠳᠤᠭᠠᠴᠢᠨ ᠲᠠᠢ ᠣᠷᠳᠣ᠌ ᠬᠤᠭᠤᠴᠠᠭ᠎ᠠ ᠪᠠᠷ ᠪᠠᠷᠠᠭ᠎ᠠ ᠬᠠᠩᠭᠠᠬᠤ ᠬᠡᠯᠡᠯᠴᠡᠭᠡᠷ ᠲᠣᠭᠲᠠᠭᠰᠠᠨ᠃ ᠨᠢᠭᠡ ᠤᠳᠠᠭ᠎ᠠ ᠵᠢᠨ ᠨᠠᠭᠠᠳᠤᠮ ᠤ᠋ᠨ ᠬᠤᠷᠠᠯ ᠢ᠋ᠶ᠋ᠡᠷ ᠡᠷᠦᠬᠡ ᠪᠤᠯᠭᠠᠨ ᠪᠠᠷᠤᠭ 2 ᠲᠦᠮᠡᠨ ᠲᠦᠬᠦᠷᠢᠭ ᠤ᠋ᠨ ᠤᠷᠤᠯᠭ᠎ᠠ ᠤᠯᠵᠦ ᠴᠢᠳᠠᠬᠤ ᠪᠤᠯᠤᠭᠰᠠᠨ》 ᠭᠡᠵᠦ ᠠᠯᠠᠱᠠ ᠪᠠᠷᠠᠭᠤᠨ ᠬᠣᠰᠢᠭᠤᠨ ᠤ᠋ ᠮᠠᠨᠳᠤᠯ ᠰᠤᠮᠤ ᠶ᠋ᠢᠨ ᠮᠠᠯᠴᠢᠨ ᠪᠠᠭᠠᠲᠤᠷ ᠲᠡᠮᠡᠬᠡᠨ ᠨᠠᠭᠠᠳᠤᠮ ᠤ᠋ᠨ ᠲᠤᠬᠠᠢ ᠪᠠᠶᠠᠷᠳᠠᠢ ᠬᠡᠯᠡᠨ᠎ᠠ᠃ ᠨᠢᠩᠰᠢᠶᠠ ᠡᠴᠡ ᠲᠡᠮᠡᠬᠡᠨ ᠨᠠᠭᠠᠳᠤᠮ ᠳ᠋ᠤ ᠢᠷᠡᠭᠰᠡᠨ ᠵᠢᠭᠤᠯᠴᠢᠯᠠᠭᠴᠢ ᠸᠠᠩ ᠬᠠᠢ ᠲᠤᠤ᠄ 《ᠲᠤᠰᠬᠠᠢᠯᠠᠨ ᠲᠡᠮᠡᠭᠡ ᠤᠷᠤᠯᠳᠤᠬᠤ ᠵᠢ ᠦᠵᠡᠬᠦ ᠪᠡᠷ ᠢᠷᠡᠭᠰᠡᠨ᠂ ᠪᠠᠰᠠ ᠢᠩᠭᠡᠨ ᠰᠦᠨ ᠲᠠᠯᠬ᠎ᠠ ᠪᠠ ᠲᠡᠮᠡᠭᠡᠨ ᠨᠣᠤᠯᠤᠭᠤᠷ ᠤ᠋ᠨ ᠬᠦᠵᠦᠭᠦᠨ ᠤ᠋ ᠣᠷᠢᠶᠠᠯᠲᠠ ᠬᠤᠳᠠᠯᠳᠤᠨ ᠠᠪᠤᠭᠰᠠᠨ᠃ ᠲᠠᠬᠡᠬᠡᠳ ᠪᠠᠰᠠ ᠮᠠᠯᠴᠢᠳ ᠢ᠋ ᠳᠠᠭᠠᠨ ᠭᠣᠪᠢ ᠳ᠋ᠦ ᠣᠷᠣᠵᠤ 4 ᠡᠳᠦᠷ ᠮᠠᠯᠴᠢᠳ ᠤ᠋ᠨ ᠠᠮᠢᠳᠤᠷᠠᠯ ᠢ᠋ ᠪᠡᠶᠡᠴᠢᠯᠡᠨ ᠣᠢᠯᠠᠭᠠᠪᠠ᠃ ᠡᠢᠮᠦᠷᠬᠦᠤ ᠥᠪᠡᠷᠮᠢᠴᠡ ᠥᠩᠭᠡᠷᠡᠯᠲᠡ ᠵᠢ ᠥᠭᠡᠷ᠎ᠡ ᠭᠠᠵᠠᠷ ᠡᠴᠡ ᠣᠯᠬᠤ ᠳ᠋ᠦ ᠪᠡᠷᠬᠡ ᠶᠤᠮ》 ᠭᠡᠵᠦ ᠬᠡᠯᠡᠨ᠎ᠠ᠃

ᠨᠠᠭᠠᠳᠤᠮ ᠤ᠋ᠨ ᠬᠤᠷᠠᠯ ᠨᠢ ᠦᠩᠭᠡᠷᠡᠭᠰᠡᠨ ᠳ᠋ᠦ ᠵᠦᠪᠬᠡᠨ ᠰᠤᠶᠤᠯ ᠪᠡᠶ᠎ᠠ ᠵᠢᠨ ᠳᠠᠮᠢᠷ᠂ ᠵᠠᠩ ᠦᠢᠯᠡ ᠵᠤᠭ᠎ᠠ ᠴᠡᠩᠬᠡᠬᠦᠨ ᠢ᠋ᠶ᠋ᠡᠷ ᠭᠤᠤᠯᠯᠠᠵᠦ ᠪᠠᠢᠭᠰᠠᠨ ᠡᠴᠡ ᠪᠠᠨ ᠤᠳᠤ ᠵᠢᠭᠤᠯᠴᠢᠯᠠᠯ ᠢ᠋ ᠬᠦᠭᠵᠢᠬᠦᠯᠬᠦ ᠭᠤᠤᠯ ᠭᠠᠷᠳᠠᠴᠠ ᠪᠤᠯᠵᠦ᠂ ᠡᠯ᠎ᠠ ᠭᠠᠵᠠᠷ ᠤ᠋ᠨ ᠬᠢᠨ ᠤᠷᠤᠨ ᠨᠤᠲᠤᠭ ᠤ᠋ᠨ ᠤᠨᠴᠠᠯᠢᠭ ᠲᠠᠭᠠᠨ ᠲᠤᠬᠢᠷᠠᠭᠤᠯᠤᠨ ᠳᠡᠯᠭᠡᠨ ᠪᠤᠷᠤᠯᠠᠭᠤᠯᠬᠤ ᠳᠠᠪᠴᠠᠩ ᠪᠠᠢᠭᠤᠯᠵᠦ᠂ ᠤᠯᠠᠮᠵᠢᠯᠠᠯᠳᠤ ᠨᠠᠭᠠᠳᠤᠮ ᠨᠢ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠳᠦᠭᠡᠭᠳᠡᠬᠦᠨ ᠪᠤᠯᠤᠨ ᠨᠤᠲᠤᠭ ᠤ᠋ᠨ ᠤᠨᠴᠠ ᠭᠠᠷᠤᠯᠳᠠ ᠪᠠᠨ ᠪᠤᠷᠤᠯᠠᠭᠤᠯᠬᠤ ᠶ᠋ᠢᠨ ᠳᠠᠭᠠᠤ ᠲᠦᠭᠡᠭᠡᠨ ᠳᠠᠨᠢᠯᠴᠠᠭᠤᠯᠵᠤ᠂ ᠮᠠᠯᠴᠢᠨ ᠲᠠᠷᠢᠶᠠᠴᠢᠨ ᠤ᠋ ᠤᠷᠤᠯᠭ᠎ᠠ ᠪᠠᠨ ᠨᠡᠮᠡᠭᠳᠡᠬᠦᠯᠬᠦ ᠴᠢᠬᠤᠯᠠ ᠠᠵᠢᠯᠯᠠᠭ᠎ᠠ ᠪᠤᠯᠵᠤ ᠪᠠᠢᠨ᠎ᠠ᠃

ᠵᠠᠷᠤᠳ ᠬᠣᠰᠢᠭᠤ 2026 ᠣᠨ ᠤ᠋ 《ᠲᠡᠬᠡ ᠶ᠋ᠢᠨ ᠬᠠᠨ ᠬᠤᠨᠳᠠᠭᠠᠲᠤ》 ᠪᠣᠭᠣᠮᠲᠠ ᠶ᠋ᠢᠨ ᠭᠠᠳᠠᠨᠠᠬᠢ ᠰᠢᠳᠢᠳᠦ ᠷᠠᠰᠢᠶᠠᠨ ᠤ᠋ ᠨᠠᠭᠠᠳᠤᠮ ᠢ᠋ ᠤᠯᠠᠨ ᠲᠦᠮᠡᠨ ᠰᠠᠨᠠᠭᠠᠴᠢᠯᠠᠭ᠎ᠠ ᠡᠴᠡ ᠪᠠᠨ ᠣᠷᠣᠯᠴᠠᠬᠤ ᠬᠡᠯᠪᠡᠷᠢ ᠪᠡᠷ ᠶᠠᠪᠤᠭᠳᠠᠭᠤᠯᠵᠦ᠂ ᠮᠠᠯᠴᠢᠨ ᠲᠠᠷᠢᠶᠠᠴᠢᠨ ᠤ᠋ ᠥᠪᠡᠷ ᠤ᠋ᠨ ᠦᠢᠯᠡᠳᠪᠦᠷᠢᠯᠡᠭᠰᠡᠨ ᠪᠦᠳᠦᠭᠡᠭᠳᠡᠬᠦᠨ ᠤ᠋ ᠲᠣᠮᠣ᠌ ᠴᠤᠭᠯᠠᠭ᠎ᠠ ᠮᠠᠢᠮᠠᠢ᠂ ᠨᠤᠲᠤᠭ ᠤ᠋ᠨ ᠣᠨᠴᠠ ᠭᠠᠷᠤᠯᠲᠠ ᠶ᠋ᠢᠨ ᠳᠡᠯᠭᠡᠨ ᠪᠣᠷᠣᠯᠠᠭᠤᠯᠬᠤ ᠲᠣᠭᠣᠷᠢᠭ᠋᠂ ᠲᠠᠯ᠎ᠠ ᠨᠤᠲᠤᠭ ᠤ᠋ᠨ ᠬᠡᠭᠡᠷ᠎ᠡ ᠪᠠᠭᠤᠳᠠᠯᠯᠠᠬᠤ ᠠᠮᠲᠠᠲᠤ ᠢᠳᠡᠭᠡᠨ ᠤ᠋ ᠲᠣᠭᠣᠷᠢᠭ᠋᠎ᠭᠠᠷᠭᠠᠨ᠂ ᠨᠢᠭᠡ ᠭᠠᠷᠠᠭ ᠤ᠋ᠨ ᠠᠵᠢᠯᠯᠠᠭ᠎ᠠ ᠳ᠋ᠦ 42 ᠲᠦᠮᠡᠨ ᠬᠥᠮᠥᠨ ᠤᠳᠠᠭ᠎ᠠ ᠶ᠋ᠢᠨ ᠵᠢᠭᠤᠯᠴᠢᠯᠠᠭᠴᠢ ᠵᠢ ᠬᠦᠯᠢᠶᠡᠨ ᠠᠪᠴᠤ᠂ ᠪᠦᠬᠦ ᠣᠷᠣᠨ ᠪᠦᠰᠡ ᠶ᠋ᠢᠨ ᠵᠢᠭᠤᠯᠴᠢᠯᠠᠯ ᠤ᠋ᠨ ᠬᠡᠷᠡᠭᠯᠡᠭᠡ ᠨᠢ 7800 ᠲᠦᠮᠡᠨ ᠲᠥᠭᠥᠷᠢᠭ ᠢ᠋ ᠳᠠᠪᠠᠵᠠᠢ᠃

ᠯᠦᠪᠧᠢ ᠪᠠᠯᠭᠠᠰᠤ ᠵᠢᠨ ᠮᠠᠯᠴᠢᠨ ᠪᠤᠶᠠᠨ ᠥᠪᠡᠷ ᠢ᠋ᠶ᠋ᠡᠨ ᠬᠢᠭᠰᠡᠨ ᠬᠡᠭᠡᠷ᠎ᠡ ᠶ᠋ᠢᠨ ᠭᠦᠢᠯᠡᠰᠦᠨ ᠡᠭᠡᠳᠡᠩ᠂ ᠲᠠᠯ᠎ᠠ ᠨᠤᠲᠤᠭ ᠤ᠋ᠨ ᠡᠯᠳᠡᠪ ᠠᠮᠤ ᠪᠠᠨ 《ᠲᠡᠬᠡ ᠶ᠋ᠢᠨ ᠬᠠᠨ ᠬᠤᠨᠳᠠᠭᠠᠲᠤ》 ᠪᠣᠭᠣᠮᠲᠠ ᠶ᠋ᠢᠨ ᠭᠠᠳᠠᠨᠠᠬᠢ ᠰᠢᠳᠢᠳᠦ ᠷᠠᠰᠢᠶᠠᠨ ᠤ᠋ ᠨᠠᠭᠠᠳᠤᠮ ᠤ᠋ᠨ ᠴᠤᠭᠯᠠᠭ᠎ᠠ ᠮᠠᠢᠮᠠᠢ ᠳ᠋ᠦ ᠠᠪᠴᠢᠷᠠᠵᠠᠢ᠃ 《ᠥᠩᠭᠡᠷᠡᠭᠰᠡᠨ ᠳ᠋ᠦ ᠮᠣᠩᠭᠣᠯ ᠠᠮᠤ᠂ ᠬᠡᠭᠡᠷ᠎ᠡ ᠶ᠋ᠢᠨ ᠭᠦᠢᠯᠡᠰᠦ ᠦᠨ᠎ᠡ ᠳ᠋ᠤ ᠬᠦᠷᠬᠦ ᠦᠬᠡᠢ ᠪᠠᠢᠭᠰᠠᠨ᠂ ᠨᠠᠭᠠᠳᠤᠮ ᠳᠡᠭᠡᠷ᠎ᠠ ᠰᠤᠯᠠ ᠪᠠᠷ ᠬᠤᠳᠠᠯᠳᠤᠭᠠᠳ ᠦᠨ᠎ᠡ ᠨᠢ ᠨᠢᠭᠡ ᠳᠠᠬᠢᠨ ᠢᠯᠡᠭᠦᠦ ᠥᠨᠳᠥᠷ ᠪᠤᠯᠤᠭᠰᠠᠨ ᠮᠦᠷᠳᠡᠭᠡᠨ ᠶᠡᠬᠡ ᠠᠷᠪᠢᠨ ᠵᠢᠭᠤᠯᠴᠢᠯᠠᠭᠴᠢ ᠠᠮᠲᠠᠯᠠᠵᠦ ᠦᠵᠡᠭᠡᠳ ᠪᠦᠷ ᠤᠷᠲᠤ ᠬᠤᠭᠤᠴᠠᠭ᠎ᠠ ᠪᠠᠷ ᠵᠠᠬᠢᠶᠠᠯᠠᠬᠤ ᠪᠡᠷ ᠪᠤᠯᠵᠠᠢ᠂ ᠤᠳᠤ ᠨᠤᠲᠤᠭ ᠤ᠋ᠨ ᠵᠢᠵᠢᠭ ᠣᠨᠴᠠ ᠭᠠᠷᠤᠯᠲᠠ ᠪᠠᠨ ᠪᠣᠷᠣᠯᠠᠭᠤᠯᠬᠤ ᠳ᠋ᠦ ᠵᠣᠪᠠᠬᠤ ᠤᠴᠢᠷ ᠦᠭᠡᠢ ᠪᠤᠯᠤᠭᠰᠠᠨ》 ᠭᠡᠵᠦ ᠲᠡᠷᠡ ᠬᠡᠯᠡᠨ᠎ᠠ᠃

2026 ᠣᠨ ᠤ᠋ ᠤᠯᠠᠭᠠᠨᠴᠠᠪ ᠤ᠋ᠨ ᠭᠤᠷᠪᠠᠳᠤᠭᠠᠷ ᠬᠤᠭᠤᠴᠠᠭᠠᠨ ᠤ᠋ ᠮᠥᠰᠥ ᠴᠠᠰᠤᠨ ᠤ᠋ ᠲᠡᠮᠡᠭᠡ ᠠᠳᠤᠭᠤᠨ ᠤ᠋ ᠨᠠᠭᠠᠳᠤᠮ 《ᠮᠥᠰᠥ ᠴᠠᠰᠤᠨ ᠤ᠋ ᠤᠷᠤᠯᠳᠤᠭᠠᠨ + ᠴᠠᠭᠠᠨ ᠰᠠᠷ᠎ᠠ ᠶ᠋ᠢᠨ ᠪᠠᠷᠠᠭᠠᠨ ᠤ᠋ ᠴᠤᠭᠯᠠᠭ᠎ᠠ + ᠲᠠᠯ᠎ᠠ ᠨᠤᠲᠤᠭ ᠤ᠋ᠨ ᠠᠷᠠᠳ ᠤ᠋ᠨ ᠰᠠᠭᠤᠴᠠ》 ᠬᠡᠮᠡᠬᠦ ᠴᠤ ᠰᠢᠨ᠎ᠡ ᠵᠠᠭᠪᠤᠷ᠎ᠵᠢᠡᠷ ᠶᠠᠪᠤᠭᠳᠠᠵᠤ᠂ 60 ᠲᠦᠮᠡᠨ ᠬᠥᠮᠥᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠤ᠂ 1.7 ᠳ᠋ᠦᠩᠰᠢᠭᠤᠷ ᠲᠥᠭᠥᠷᠢᠭ ᠤ᠋ᠨ ᠬᠡᠷᠡᠭᠯᠡᠭᠡ ᠵᠢ ᠳᠠᠶ᠋ᠢᠴᠢᠯᠠᠵᠠᠢ᠃ 2026 ᠣᠨ ᠤ᠋ ᠬᠠᠭᠤᠴᠢᠨ ᠪᠠᠷᠭᠤ ᠬᠣᠰᠢᠭᠤᠨ ᠤ᠋ ᠲᠦᠮᠡᠨ ᠠᠳᠤᠭᠤᠨ ᠤ᠋ ᠨᠠᠭᠠᠳᠤᠮ ᠤ᠋ᠨ ᠨᠢᠬᠡ ᠠᠭᠤᠯᠭ᠎ᠠ ᠪᠤᠯᠬᠤ ᠠᠮᠲᠠᠲᠤ ᠢᠳᠡᠭᠡᠨ ᠤ᠋ ᠨᠠᠢᠷ ᠲᠦ᠍ ᠣᠷᠭᠠᠨᠢᠭ᠋ ᠠᠮᠤ ᠲᠣᠰᠣ᠌᠂ ᠣᠶ ᠲᠤᠳᠤᠷᠠᠬᠢ ᠬᠡᠭᠡᠷ᠎ᠡ ᠶ᠋ᠢᠨ ᠵᠢᠮᠢᠰ ᠤ᠋ᠨ ᠪᠦᠲᠦᠭᠡᠭᠳᠡᠬᠦᠨ᠂ ᠣᠷᠣᠰ ᠦᠨᠳᠦᠰᠦᠲᠡᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠢᠳᠡᠭᠡᠨ᠂ ᠲᠠᠯ᠎ᠠ ᠨᠤᠲᠤᠭ ᠤ᠋ᠨ ᠦᠬᠡᠷ ᠬᠣᠨᠢᠨ ᠮᠢᠬ᠎ᠠ ᠵᠡᠷᠭᠡ ᠵᠢᠨ ᠪᠤᠷᠤᠯᠠᠭᠤᠯᠭ᠎ᠠ ᠵᠢ ᠤᠷᠢᠳᠤ ᠭᠠᠷᠤᠭ᠎ᠠ ᠦᠬᠡᠢ ᠬᠦᠭᠵᠢᠬᠡᠪᠡ᠃ ᠤᠷᠳᠤᠰ ᠬᠤᠳᠠ ᠵᠢᠨ 2026 ᠣᠨ ᠤ᠋ 《ᠠᠭᠤᠰᠤᠯᠴᠠᠯ·ᠳᠤᠯᠠᠭᠠᠨ ᠬᠣᠲᠠ》 ᠶ᠋ᠢᠨ ᠨᠠᠭᠠᠳᠤᠮ ᠳ᠋ᠦ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠵᠠᠬ᠎ᠠ ᠳᠡᠯᠭᠡᠭᠦᠷ᠂ ᠦᠨᠳᠦᠰᠦᠲᠡᠨ ᠤ᠋ ᠠᠮᠲᠠᠲᠤ ᠢᠳᠡᠭᠡᠨ᠂ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠬᠦᠨ ᠢ᠋ ᠳᠡᠯᠭᠡᠨ ᠪᠤᠷᠤᠯᠠᠭᠤᠯᠵᠦ᠂ 5 ᠡᠳᠦᠷ ᠲᠦ᠍ 28 ᠲᠦᠮᠡᠨ ᠵᠢᠭᠤᠯᠴᠢᠯᠠᠭᠴᠢ ᠵᠢ ᠭᠥᠯᠢᠶᠡᠨ ᠠᠪᠴᠤ᠂ 8600 ᠲᠦᠮᠡ ᠭᠠᠷᠤᠢ ᠲᠥᠭᠥᠷᠢᠭ ᠤ᠋ᠨ ᠬᠡᠷᠡᠭᠯᠡᠭᠡ ᠵᠢ ᠳᠠᠶ᠋ᠢᠴᠢᠯᠠᠪᠠ ᠁

ᠦᠪᠤᠷ ᠮᠤᠩᠭᠤᠯ ᠤ᠋ᠨ ᠤᠯᠠᠮᠵᠢᠯᠠᠯᠳᠤ ᠨᠠᠭᠠᠳᠤᠮ ᠤ᠋ᠨ ᠬᠤᠷᠠᠯ ᠨᠢ ᠦᠩᠬᠡᠷᠡᠭᠰᠡᠨ ᠤ᠋ ᠡᠷ᠎ᠠ ᠶ᠋ᠢᠨ ᠭᠤᠷᠪᠠᠨ ᠨᠠᠭᠠᠳᠤᠮ᠂ ᠤᠷᠠᠨ ᠰᠠᠢᠬᠠᠨ ᠤ᠋ ᠲᠤᠭᠯᠠᠯᠳᠠ ᠪᠡᠷ ᠭᠤᠤᠯᠯᠠᠵᠦ ᠪᠠᠢᠭᠰᠠᠨ ᠡᠴᠡ ᠪᠠᠨ ᠤᠳᠤ ᠰᠤᠶᠤᠯ ᠪᠡᠶ᠎ᠠ ᠵᠢᠨ ᠳᠠᠮᠢᠷ ᠵᠢᠭᠤᠯᠴᠢᠯᠠᠯ ᠠᠷᠠᠯᠵᠢᠶ᠎ᠠ ᠬᠤᠳᠠᠯᠳᠤᠭ᠎ᠠ ᠮᠠᠯ ᠠᠵᠤ ᠠᠬᠤᠢ ᠲᠠᠷᠢᠶᠠᠯᠠᠩ ᠢ᠋ ᠠᠭᠤᠰᠤᠯᠴᠠᠭᠤᠯᠤᠭᠰᠠᠨ ᠲᠠᠯᠬᠡᠷ ᠶᠡᠬᠡ ᠨᠠᠭᠠᠳᠤᠮ ᠪᠤᠯᠵᠤ᠂ ᠪᠦᠬᠦ ᠤᠷᠤᠨ ᠪᠦᠰᠡ ᠵᠢᠨ ᠬᠡᠷᠡᠭᠯᠡᠬᠡ ᠵᠢᠨ ᠬᠠᠯᠠᠭᠤᠨ ᠦᠷᠨᠢᠯᠳᠡ ᠵᠢ ᠲᠠᠢᠴᠢᠯᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面