ᠲᠤᠰᠬᠠᠢ ᠮᠡᠳᠡᠭᠡᠯᠡᠯ > ᠥᠪᠥᠷ ᠮᠣᠩᠭᠤᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ

2026-08-29 14:19:38

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

8 ᠰᠠᠷ᠎ᠠ ᠶ᠋ᠢᠨ 28 ᠤ᠋ ᠡᠳᠦᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨ ᠤ᠋ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ 《ᠠᠯᠳᠠᠨ ᠨᠠᠮᠤᠷ ᠤ᠋ᠨ ᠶᠡᠬᠡ ᠬᠢᠩᠭᠠᠨ ᠳᠠᠪᠠᠭ᠎ᠠ》 ᠰᠤᠶᠤᠯ ᠵᠢᠭᠤᠯᠴᠢᠯᠠᠯ ᠤ᠋ᠨ ᠲᠦᠷᠦᠯ ᠳᠡᠮᠳᠡᠭ ᠢ᠋ ᠠᠩᠬ᠎ᠠ ᠨᠡᠢᠳᠡᠯᠡᠵᠤ᠂ 《ᠠᠯᠳᠠᠨ ᠨᠠᠮᠤᠷ ᠤ᠋ᠨ ᠶᠡᠬᠡ ᠬᠢᠩᠭᠠᠨ ᠳᠠᠪᠠᠭ᠎ᠠ》 ᠲᠤᠰᠬᠠᠢ ᠰᠡᠳᠦᠪᠳᠦ ᠰᠣᠶᠣᠯ ᠵᠢᠭᠤᠯᠴᠢᠯᠠᠯ ᠤ᠋ᠨ ᠲᠥᠷᠥᠯ ᠲᠡᠮᠳᠡᠭᠲᠦ ᠠᠵᠢᠯᠯᠠᠭ᠎ᠠ ᠵᠢ 9 ᠰᠠᠷ᠎ᠠ ᠶ᠋ᠢᠨ 1 ᠡᠴᠡ 10 ᠰᠠᠷ᠎ᠠ ᠶ᠋ᠢᠨ 10 ᠤ᠋ ᠡᠳᠦᠷ ᠪᠣᠯᠲᠠᠯ᠎ᠠ ᠡᠷᠬᠢᠯᠡᠨ ᠶᠠᠪᠤᠭᠳᠠᠭᠤᠯᠤᠨ᠎ᠠ ᠭᠡᠵᠦ ᠨᠡᠢᠲᠡᠯᠡᠪᠡ᠃

ᠰᠣᠶᠣᠯ ᠵᠢᠭᠤᠯᠴᠢᠯᠠᠯ ᠤ᠋ᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠨ᠂ ᠳᠥᠷᠪᠡᠨ ᠤᠯᠠᠷᠢᠯ ᠤ᠋ᠨ ᠵᠢᠭᠤᠯᠴᠢᠯᠠᠯ ᠤ᠋ᠨ ᠬᠥᠭᠵᠢᠯᠲᠡ ᠶ᠋ᠢᠨ ᠪᠠᠢᠷᠢᠰᠢᠯ ᠢ᠋ ᠲᠦᠷᠭᠡᠳᠬᠡᠨ ᠪᠠᠢᠭᠤᠯᠵᠤ᠂ ᠶᠡᠬᠡ ᠬᠢᠩᠭᠠᠨ ᠳᠠᠪᠠᠭ᠎ᠠ ᠵᠢᠨ 《ᠵᠥᠪᠬᠡᠨ ᠵᠤᠨ ᠪᠠ ᠡᠪᠦᠯ ᠬᠣᠶᠠᠷ ᠤᠯᠠᠷᠢᠯ ᠳ᠋ᠤ ᠵᠤᠭᠠᠴᠠᠵᠤ ᠪᠣᠯᠬᠤ》 ᠤᠯᠠᠮᠵᠢᠯᠠᠯᠲᠤ ᠰᠠᠭᠤᠭᠳᠠᠯ ᠪᠤᠯᠤᠨ ᠬᠢᠵᠠᠭᠠᠷᠳᠠᠮᠠᠯ ᠪᠠᠢᠳᠠᠯ ᠢ᠋ ᠬᠦᠴᠦᠯᠡᠨ ᠬᠤᠪᠢᠷᠠᠭᠤᠯᠬᠤ ᠶ᠋ᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠨᠢ ᠬᠥᠯᠥᠨ ᠪᠤᠢ᠍ᠢᠷ ᠬᠤᠳᠠ᠂ ᠬᠢᠩᠭᠠᠨ ᠠᠢᠮᠠᠭ᠂ ᠤᠯᠠᠭᠠᠨᠬᠠᠳᠠ ᠬᠤᠳᠠ ᠲᠠᠢ ᠬᠣᠯᠪᠤᠭᠠᠯᠠᠨ ᠥᠪᠥᠷ ᠮᠣᠩᠭᠣᠯ ᠤ᠋ᠨ ᠶᠡᠬᠡ ᠬᠢᠩᠭᠠᠨ ᠳᠠᠪᠠᠭ᠎ᠠ ᠶ᠋ᠢᠨ ᠦᠵᠡᠮᠵᠢ ᠶ᠋ᠢᠨ ᠵᠠᠮ ᠤ᠋ᠨ ᠭᠣᠣᠯ ᠪᠣᠯᠬᠤ ᠰᠣᠶᠣᠯ ᠵᠢᠭᠤᠯᠴᠢᠯᠠᠯ ᠤ᠋ᠨ 40 ᠴᠡᠭ ᠤ᠋ᠨ ᠡᠬᠢ ᠪᠠᠶᠠᠯᠢᠭ᠋ ᠢ᠋ ᠨᠢᠭᠡᠳᠦᠯᠲᠡᠢ ᠲᠥᠯᠥᠪᠵᠢᠭᠦᠯᠦᠨ ᠨᠡᠢᠳᠬᠡᠵᠦ᠂ 《ᠠᠯᠳᠠᠨ ᠨᠠᠮᠤᠷ ᠤ᠋ᠨ ᠶᠡᠬᠡ ᠬᠢᠩᠭᠠᠨ ᠳᠠᠪᠠᠭ᠎ᠠ》 ᠰᠣᠶᠣᠯ ᠵᠢᠭᠤᠯᠴᠢᠯᠠᠯ ᠤ᠋ᠨ ᠲᠤᠰᠬᠠᠢ ᠲᠦᠷᠦᠯ ᠲᠡᠮᠳᠡᠭ ᠢ᠋ ᠬᠦᠴᠦᠯᠡᠨ ᠴᠤᠭᠴᠠᠯᠠᠵᠦ᠂ ᠨᠠᠮᠤᠷ ᠤ᠋ᠨ ᠤᠯᠠᠷᠢᠯ ᠤ᠋ᠨ 5 ᠵᠤᠷᠪᠤᠰ ᠰᠣᠳᠣᠨ ᠵᠢᠭᠤᠯᠴᠢᠯᠠᠯ ᠤ᠋ᠨ ᠵᠠᠮ ᠱᠤᠭᠤᠮ ᠪᠤᠯᠤᠨ 5 ᠶᠡᠬᠡ ᠰᠢᠷᠢᠰ ᠭᠣᠣᠯ ᠰᠡᠳᠦᠪᠲᠦ ᠠᠵᠢᠯᠯᠠᠭ᠎ᠠ ᠪᠡᠷ ᠬᠤᠯᠠ ᠤᠢᠷ᠎ᠠ ᠡᠴᠡ ᠬᠦᠷᠦᠯᠴᠡᠨ ᠢᠷᠡᠬᠦ ᠵᠢᠭᠤᠯᠴᠢᠯᠠᠭᠰᠠᠳ ᠲᠦ᠍ ᠠᠯᠳᠠᠨ ᠨᠠᠮᠤᠷ ᠤ᠋ᠨ ᠮᠠᠷᠳᠠᠭᠳᠠᠰᠢ ᠦᠭᠡᠢ ᠵᠢᠭᠤᠯᠴᠢᠯᠠᠯ ᠢ᠋ ᠬᠦᠷᠳᠡᠬᠡᠬᠦ ᠪᠡᠷ ᠲᠤᠭᠳᠠᠵᠠᠢ᠃

ᠶᠡᠬᠡ ᠬᠢᠩᠭᠠᠨ ᠳᠠᠪᠠᠭ᠎ᠠ ᠶ᠋ᠢᠨ ᠦᠵᠡᠮᠵᠢ ᠶ᠋ᠢᠨ ᠵᠠᠮ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ᠋ ᠲᠦ᠍ ᠰᠠᠭᠤᠷᠢᠯᠠᠨ ᠥᠪᠡᠷ ᠵᠢᠡᠨ ᠮᠠᠰᠢᠨ ᠪᠠᠷᠢᠵᠤ ᠬᠡᠭᠡᠷ᠎ᠡ ᠠᠶᠠᠯᠠᠬᠤ᠂ ᠬᠡᠷᠡᠯ ᠵᠢᠷᠤᠭ ᠲᠠᠳᠠᠵᠤ ᠤᠷᠠᠨ ᠵᠢᠷᠤᠭ ᠵᠢᠷᠤᠬᠤ᠂ ᠬᠡᠷ ᠪᠦᠯᠢ ᠪᠡᠷ ᠵᠢᠡᠨ ᠰᠤᠳᠤᠯᠤᠨ ᠰᠤᠷᠤᠯᠴᠠᠬᠤ᠂ ᠡᠷᠡᠭᠦᠯᠵᠢᠯ ᠰᠤᠪᠢᠯᠠᠯᠲᠠ ᠬᠢᠵᠤ ᠵᠤᠭᠠᠴᠠᠨ ᠰᠡᠯᠡᠬᠦᠴᠡᠬᠦ᠂ ᠣᠢᠷ᠎ᠠ ᠵᠠᠮ ᠤ᠋ᠨ ᠵᠢᠭᠤᠯᠴᠢᠯᠠᠯ ᠳ᠋ᠤ ᠣᠷᠣᠯᠴᠠᠬᠤ ᠵᠡᠷᠬᠡ ᠠᠳᠠᠯᠢ ᠪᠤᠰᠤ ᠬᠥᠮᠥᠰ ᠤ᠋ᠨ ᠬᠡᠷᠡᠭᠴᠡᠬᠡ ᠱᠠᠭᠠᠷᠳᠠᠯᠭ᠎ᠠ ᠵᠢ ᠬᠠᠮᠲᠤ ᠳ᠋ᠤᠨᠢ ᠬᠠᠷᠠᠭᠠᠯᠵᠠᠵᠤ᠂ ᠤᠮᠠᠷᠠᠲᠤ ᠬᠡᠰᠡᠭ ᠤ᠋ᠨ ᠪᠠᠯᠠᠷ ᠡᠷᠲᠡᠨ ᠤ᠋ ᠰᠢᠭᠤᠢᠲᠤ ᠣᠷᠣᠨ᠂ ᠳᠤᠮᠳᠠ ᠬᠡᠰᠡᠭ ᠤ᠋ᠨ ᠣᠶ ᠰᠢᠭᠤᠢ ᠨᠤᠭᠤ ᠭᠠᠵᠠᠷ᠂ ᠡᠮᠦᠨᠡᠲᠦ ᠬᠡᠰᠡᠭ ᠤ᠋ᠨ ᠰᠡᠢᠷᠡᠭ ᠰᠢᠭᠤᠢᠲᠤ ᠣᠷᠣᠨ ᠤ᠋ ᠡᠯ᠎ᠡ ᠶᠡᠬᠡ ᠭᠣᠣᠯᠯᠠᠬᠤ ᠴᠡᠭ ᠢ᠋ ᠬᠣᠯᠪᠣᠵᠤ᠂ ᠠᠯᠳᠠᠨ ᠨᠠᠮᠤᠷ ᠤ᠋ᠨ ᠥᠩᠭᠡ ᠦᠵᠡᠮᠵᠢ ᠵᠢ ᠪᠦᠷᠢᠨ ᠪᠦᠲᠦᠨ ᠢᠯᠡᠷᠡᠭᠦᠯᠬᠦ ᠪᠡᠷ ᠰᠣᠳᠣᠨ ᠵᠢᠭᠤᠯᠴᠢᠯᠠᠯ ᠤ᠋ᠨ ᠵᠠᠮ ᠱᠤᠭᠤᠮ ᠭᠠᠷᠭᠠᠨ ᠭᠣᠣᠯ ᠰᠡᠳᠦᠪᠲᠦ ᠠᠵᠢᠯᠯᠠᠭ᠎ᠠ ᠲᠤᠬᠢᠷᠠᠭᠤᠯᠵᠠᠢ᠃ ᠡᠬᠦᠨ ᠳ᠋ᠤ᠂ 5 ᠵᠤᠷᠪᠤᠰ ᠰᠣᠳᠣᠨ ᠵᠢᠭᠤᠯᠴᠢᠯᠠᠯ ᠤ᠋ᠨ ᠵᠠᠮ ᠱᠤᠭᠤᠮ ᠳ᠋ᠤ ᠶᠡᠬᠡ ᠬᠢᠩᠭᠠᠨ ᠳᠠᠪᠠᠭ᠎ᠠ ᠶ᠋ᠢᠨ ᠬᠥᠯᠥᠨ ᠪᠤᠢ᠍ᠢᠷ ᠤ᠋ᠨ ᠬᠢᠯᠢ ᠶ᠋ᠢᠨ ᠤᠢ ᠰᠢᠭᠤᠢ ᠶ᠋ᠢᠨ ᠨᠢᠭᠤᠴᠠ ᠵᠢ ᠬᠠᠢᠬᠤ 5 ᠡᠳᠦᠷ ᠤ᠋ᠨ ᠵᠢᠭᠤᠯᠴᠢᠯᠠᠯ᠂ ᠶᠡᠬᠡ ᠬᠢᠩᠭᠠᠨ ᠳᠠᠪᠠᠭ᠎ᠠ ᠶ᠋ᠢᠨ ᠬᠥᠯᠥᠨ ᠪᠤᠢ᠍ᠢᠷ ᠤ᠋ᠨ ᠤᠢ ᠰᠢᠭᠤᠢ ᠶ᠋ᠢᠨ ᠨᠠᠮᠤᠷ ᠤ᠋ᠨ ᠦᠵᠡᠮᠵᠢ ᠵᠢ ᠰᠣᠨᠢᠷᠬᠠᠬᠤ 5 ᠡᠳᠦᠷ ᠤ᠋ᠨ ᠵᠢᠭᠤᠯᠴᠢᠯᠠᠯ᠂ ᠶᠡᠬᠡ ᠬᠢᠩᠭᠠᠨ ᠳᠠᠪᠠᠭ᠎ᠠ ᠶ᠋ᠢᠨ ᠬᠥᠯᠥᠨ ᠪᠤᠢ᠍ᠢᠷ ᠤ᠋ᠨ ᠣᠨᠴᠠᠯᠢᠭ᠍ᠲᠤ ᠠᠷᠠᠳ ᠤ᠋ᠨ ᠵᠠᠩ ᠦᠢᠯᠡ ᠵᠢ ᠪᠡᠶᠡᠴᠢᠯᠡᠨ ᠣᠢᠯᠠᠭᠠᠬᠤ 7 ᠡᠳᠦᠷ ᠤ᠋ᠨ ᠵᠢᠭᠤᠯᠴᠢᠯᠠᠯ᠂ ᠶᠡᠬᠡ ᠬᠢᠩᠭᠠᠨ ᠳᠠᠪᠠᠭ᠎ᠠ ᠶ᠋ᠢᠨ ᠷᠠᠰᠢᠶᠠᠨ ᠤ᠋ ᠤᠢ ᠰᠢᠭᠤᠢ ᠬᠠᠯᠠᠭᠤᠨ ᠷᠠᠰᠢᠶᠠᠨ ᠤ᠋ ᠡᠷᠡᠭᠦᠯᠵᠢᠯ ᠰᠤᠪᠢᠯᠠᠯᠲᠠ ᠵᠢᠨ 3 ᠡᠳᠦᠷ ᠤ᠋ᠨ ᠵᠢᠭᠤᠯᠴᠢᠯᠠᠯ᠂ ᠶᠡᠬᠡ ᠬᠢᠩᠭᠠᠨ ᠳᠠᠪᠠᠭ᠎ᠠ ᠶ᠋ᠢᠨ ᠤᠯᠠᠭᠠᠨᠬᠠᠳᠠ ᠶ᠋ᠢᠨ ᠠᠭᠤᠯᠠᠨ ᠭᠠᠵᠠᠷ ᠤ᠋ᠨ ᠤᠢ ᠰᠢᠭᠤᠢ ᠶ᠋ᠢ ᠰᠤᠨᠢᠷᠬᠠᠬᠤ 4 ᠡᠳᠦᠷ ᠤ᠋ᠨ ᠵᠢᠭᠤᠯᠴᠢᠯᠠᠯ ᠪᠠᠭᠳᠠᠵᠤ᠂ 5 ᠶᠡᠬᠡ ᠰᠢᠷᠢᠰ ᠭᠣᠣᠯ ᠰᠡᠳᠦᠪᠲᠦ ᠠᠵᠢᠯᠯᠠᠭ᠎ᠠ ᠳ᠋ᠤ 《ᠬᠢᠩᠭᠠᠨ ᠳᠠᠪᠠᠭᠠᠨ ᠤ᠋ ᠨᠠᠮᠤᠷ ᠤ᠋ᠨ ᠬᠤᠷᠢᠶᠠᠯᠳᠠ》 ᠤᠢ ᠰᠢᠭᠤᠢ ᠶ᠋ᠢᠨ ᠵᠠᠩ ᠦᠢᠯᠡ ᠵᠢ ᠪᠡᠶᠡᠴᠢᠯᠡᠨ ᠣᠢᠯᠠᠭᠠᠬᠤ᠂ 《ᠬᠢᠩᠭᠠᠨ᠎ᠳᠠᠪᠠᠭᠠᠨ ᠤ᠋ ᠨᠠᠮᠤᠷ ᠤ᠋ᠨ ᠠᠶᠠᠯᠠᠯ》 ᠬᠡᠭᠡᠷ᠎ᠡ ᠶ᠋ᠢᠨ ᠠᠶᠠᠯᠠᠯ᠂ 《ᠬᠢᠩᠭᠠᠨ ᠳᠠᠪᠠᠭᠠᠨ ᠤ᠋ ᠨᠠᠮᠤᠷ ᠤ᠋ᠨ ᠵᠢᠷᠤᠭᠯᠠᠯ》 ᠪᠦᠬᠦ ᠤᠯᠤᠰ ᠤ᠋ᠨ ᠭᠡᠷᠡᠯ ᠵᠢᠷᠤᠭ ᠤ᠋ᠨ ᠤᠷᠤᠯᠳᠤᠭᠠᠨ᠂ 《ᠬᠢᠩᠭᠠᠨ ᠳᠠᠪᠠᠭᠠᠨ ᠤ᠋ ᠨᠠᠮᠤᠷ ᠤ᠋ᠨ ᠰᠤᠪᠢᠯᠠᠯᠳᠠ》 ᠤᠢ ᠰᠢᠭᠤᠢ ᠶ᠋ᠢᠨ ᠡᠷᠡᠭᠦᠯᠵᠢᠯ ᠰᠤᠪᠢᠯᠠᠯᠲᠠ᠂ 《ᠬᠢᠩᠭᠠᠨ ᠳᠠᠪᠠᠭᠠᠨ ᠤ᠋ ᠨᠠᠮᠤᠷ ᠤ᠋ᠨ ᠵᠢᠭᠤᠯᠴᠢᠯᠠᠯ》 ᠵᠢᠭᠤᠯᠴᠢᠯᠠᠯ ᠤ᠋ᠨ ᠲᠤᠰᠬᠠᠢ ᠭᠠᠯᠲᠤ ᠲᠡᠷᠭᠡ ᠪᠡᠷ ᠲᠣᠭᠣᠷᠢᠨ ᠰᠡᠯᠡᠭᠦᠴᠡᠬᠦ ᠰᠢᠷᠢᠰ ᠠᠵᠢᠯᠯᠠᠭ᠎ᠠ ᠪᠠᠭᠳᠠᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面