ᠲᠤᠰᠬᠠᠢ ᠮᠡᠳᠡᠭᠡᠯᠡᠯ > ᠥᠪᠥᠷ ᠮᠣᠩᠭᠤᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ

2026-09-16 15:22:24

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

— 《ᠰᠢᠵᠢᠷ ᠠᠯᠳᠠᠨ ᠤᠯᠠᠷᠢᠯ ᠳ᠋ᠦ ᠦᠪᠦᠷ ᠮᠤᠨᠭᠭᠤᠯ ᠢ᠋ᠶ᠋ᠡᠷ ᠳᠠᠪᠠᠳᠠᠢ ᠵᠢᠭᠤᠯᠴᠢᠯᠠᠬᠤ》 ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠶ᠋ᠢᠨ ᠲᠤᠬᠠᠢ ᠮᠡᠳᠡᠭᠡᠯᠡᠯ


ᠬᠤᠩᠭᠤᠷ ᠰᠠᠯᠬᠢ ᠬᠠᠴᠠᠷ᠎ᠢ ᠢᠯᠪᠢᠨ᠂ ᠵᠤᠨᠵᠢᠨ ᠲᠤᠭᠯᠠᠭᠰᠠᠨ ᠬᠡᠥᠬᠡᠳ ᠰᠤᠷᠭᠠᠭᠤᠯᠢ ᠳ᠋ᠠᠭᠠᠨ ᠪᠤᠴᠠᠵᠦ᠂ ᠰᠢᠨ᠎ᠠ ᠰᠤᠷᠤᠯᠭ᠎ᠠ ᠶ᠋ᠢᠨ ᠠᠶᠠᠨ ᠵᠢᠡᠨ ᠡᠬᠢᠯᠡᠬᠦᠯᠦᠯ᠎ᠠ᠃ ᠡᠨᠡ ᠵᠤᠨ ᠤ᠋ ᠠᠮᠠᠷᠠᠯᠳᠠ ᠳ᠋ᠤ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠤᠨᠴᠠᠭᠠᠢ ᠬᠦᠭᠵᠢᠶᠡᠨ ᠲᠠᠢ ᠶᠠᠪᠤᠭᠳᠠᠵᠤ᠂ ᠰᠤᠷᠤᠭᠴᠢᠳ ᠪᠤᠯᠤᠨ ᠬᠡᠷ ᠤ᠋ᠨ ᠠᠬᠠᠮᠠᠳ ᠤ᠋ᠨ ᠠᠯᠵᠢᠶᠠᠯ ᠢ᠋ ᠳᠠᠢᠯᠤᠭᠰᠠᠨ ᠵᠢᠡᠷ ᠪᠠᠷᠡᠬᠤ ᠦᠬᠡᠢ ᠬᠡᠷᠡᠭᠯᠡᠭᠡ ᠵᠢ ᠴᠦ᠍ ᠬᠦᠭᠵᠢᠬᠡᠵᠡᠢ᠃

ᠡᠨᠡ ᠵᠢᠯ ᠤ᠋ᠨ ᠵᠣᠨ ᠤ᠋ ᠠᠮᠠᠷᠠᠯᠲᠠ ᠳ᠋ᠦ᠂ ᠮᠠᠨ ᠤ᠋ ᠣᠷᠣᠨ ᠰᠣᠶᠣᠯ ᠵᠢᠭᠤᠯᠴᠢᠯᠠᠯ ᠢ᠋ᠶ᠋ᠠᠷ ᠠᠷᠠᠳ ᠲᠦ᠍ ᠠᠰᠢᠭ᠋ ᠬᠦᠷᠲᠡᠭᠡᠬᠦ ᠬᠡᠷᠡᠭᠯᠡᠭᠡᠨ ᠤ᠋ ᠲᠡᠮᠳᠡᠭᠲᠦ ᠲᠠᠷᠬᠠᠭᠠᠬᠤ᠂ ᠦᠵᠡᠮᠵᠢ ᠶ᠋ᠢᠨ ᠣᠷᠣᠨ ᠤ᠋ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠭᠠᠷᠭᠠᠬᠤ᠂ ᠰᠣᠶᠣᠯ ᠪᠡᠶ᠎ᠡ ᠶ᠋ᠢᠨ ᠲᠠᠮᠢᠷ ᠎ᠦᠨ ᠤᠷᠤᠯᠳᠤᠭᠠᠨ ᠠᠷᠠᠳ ᠤ᠋ᠨ ᠵᠠᠩ ᠦᠶ᠋ᠯᠡ ᠶ᠋ᠢᠨ ᠠᠵᠢᠯᠯᠠᠭ᠎ᠠ ᠡᠷᠭᠢᠯᠡᠬᠦ᠂ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠡᠵᠡᠩᠨᠡᠯᠲᠡ ᠶ᠋ᠢᠨ ᠬᠡᠯᠪᠡᠷᠢ ᠵᠢ ᠲᠠᠰ ᠳᠡᠪᠰᠢᠭᠦᠯᠬᠦ ᠵᠡᠷᠭᠡ ᠣᠯᠠᠨ ᠵᠦᠢᠯ ᠤ᠋ᠨ ᠠᠷᠭ᠎ᠠ ᠬᠡᠮᠵᠢᠶ᠎ᠡ ᠪᠡᠷ ᠳᠠᠮᠵᠢᠨ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠥᠭᠵᠢᠭᠡᠵᠦ᠂ ᠬᠥᠮᠥᠨ ᠤ᠋ ᠤᠷᠤᠰᠬᠠᠯ ᠬᠤᠳᠠᠯᠳᠤᠭᠠᠨ ᠤ᠋ ᠲᠣᠬᠢᠶᠠᠯ ᠢ᠋ ᠲᠥᠪᠯᠡᠷᠡᠭᠦᠯᠦᠨ᠂ ᠰᠣᠶᠣᠯ ᠵᠢᠭᠤᠯᠴᠢᠯᠠᠯ ᠬᠥᠭᠵᠢᠭᠰᠡᠨ᠂ ᠬᠡᠷᠡᠭᠯᠡᠭᠡ ᠬᠠᠯᠠᠮᠰᠢᠯ ᠲᠠᠢ᠂ ᠠᠷᠠᠳ ᠤᠯᠠᠨ ᠵᠢᠷᠭᠠᠯ ᠲᠠᠢ ᠪᠠᠢᠬᠤ ᠰᠠᠢᠨ ᠰᠠᠢᠬᠠᠨ ᠪᠠᠢᠳᠠᠯ ᠢ᠋ ᠪᠤᠢ ᠪᠤᠯᠭᠠᠵᠠᠢ᠃


QQ截图20260916152626.png


ᠵᠢᠭᠤᠯᠴᠢᠯᠠᠬᠰᠠᠳ 2026 ᠤᠨ ᠤ᠋ ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠵᠤᠨ ᠤ᠋ ᠤᠯᠠᠷᠢᠯ ᠤ᠋ᠨ ᠰᠤᠶᠤᠯ ᠵᠢᠭᠤᠯᠴᠢᠯᠠᠯ ᠤ᠋ᠨ ᠬᠡᠷᠡᠭᠯᠡᠭᠡᠨ ᠤ᠋ ᠤᠯᠠᠷᠢᠯ ᠤ᠋ᠨ ᠡᠬᠢᠯᠡᠯᠳᠡ ᠵᠢᠨ ᠠᠵᠢᠯᠯᠠᠭ᠎ᠠ ᠳ᠋ᠡᠬᠢ ᠬᠤᠸᠠᠷ ᠫᠤᠤᠵᠢᠩ ᠤ᠋ᠨ ᠦᠵᠡᠬᠦᠯᠭᠡ ᠵᠢ ᠰᠤᠨᠢᠷᠬᠠᠵᠦ ᠪᠠᠢᠭ᠎ᠠ ᠨᠢ᠃


《ᠭᠠᠷᠠᠭ ᠤ᠋ᠨ ᠰᠡᠭᠦᠯᠴᠢ ᠪᠣᠯᠬᠤ ᠪᠦᠷᠢ ᠪᠢ ᠬᠡᠦᠬᠡᠳ ᠢ᠋ᠶ᠋ᠡᠨ ᠳᠠᠭᠠᠭᠤᠯᠤᠨ ᠤᠢᠷ᠎ᠠ ᠤᠷᠴᠢᠮ ᠳ᠋ᠤ ᠵᠤᠭᠠᠴᠠᠬᠤ ᠪᠠᠷ ᠭᠠᠷᠳᠠᠭ᠂ ᠵᠢᠭᠤᠯᠴᠢᠯᠠᠯ ᠤ᠋ᠨ ᠺᠠᠷᠲ ᠬᠢᠯᠭᠡᠭᠰᠡᠨ ᠪᠠ ᠺᠠᠷᠲ ᠬᠢᠯᠭᠡᠭᠰᠡᠨ ᠦᠭᠡᠢ ᠶ᠋ᠢᠨ ᠢᠯᠭᠠᠭ᠎ᠠ ᠨᠢ ᠨᠡᠯᠢᠶᠡᠳ ᠶᠡᠬᠡ᠃ ᠪᠢᠳᠡ ᠭᠤᠷᠪᠠᠭᠤᠯᠠ ᠬᠥᠪᠴᠢ ᠶ᠋ᠢᠨ ᠡᠯᠡᠰᠦᠨ ᠤ᠋ ᠵᠢᠭᠤᠯᠴᠢᠯᠠᠯ ᠤ᠋ᠨ ᠣᠷᠣᠨ ᠳ᠋ᠦ ᠬᠦᠷᠴᠦ᠂ ᠪᠦᠷᠢᠨ ᠴᠢᠳᠠᠮᠵᠢᠳᠦ ᠺᠠᠷᠲ ᠢ᠋ ᠬᠡᠷᠡᠭᠯᠡᠭᠡᠳ 600 ᠲᠥᠭᠥᠷᠢᠭ ᠠᠷᠪᠢᠯᠠᠪᠠ》 ᠭᠡᠵᠦ ᠬᠡᠤᠬᠡᠳ ᠵᠢᠡᠨ ᠲᠠᠭᠠᠭᠤᠯᠤᠨ ᠲᠤᠭᠯᠠᠵᠤ ᠪᠠᠢᠭᠰᠠᠨ ᠰᠢᠶᠧ ᠠᠪᠠᠬᠠᠢ ᠲᠥᠷᠥᠭᠳᠡᠯ ᠢ᠋ᠶ᠋ᠡᠨ ᠬᠡᠯᠡᠨ᠎ᠠ᠃ ᠮᠠᠨ ᠤ᠋ ᠣᠷᠣᠨ ᠤ᠋ ᠰᠣᠶᠣᠯ ᠵᠢᠭᠤᠯᠴᠢᠯᠠᠯ ᠤ᠋ᠨ ᠠᠷᠠᠳ ᠲᠦ᠍ ᠠᠰᠢᠭ᠋ ᠬᠦᠷᠲᠡᠭᠡᠬᠦ ᠲᠥᠷᠥ ᠶ᠋ᠢᠨ ᠪᠣᠳᠣᠯᠭ᠎ᠠ ᠵᠢ ᠪᠣᠳᠠᠲᠠᠢ ᠳ᠋ᠤ ᠨᠠᠢᠳᠠᠪᠤᠷᠢᠵᠢᠭᠤᠯᠤᠭᠰᠠᠨ ᠦᠷ᠎ᠠ ᠪᠦᠳᠦᠮᠵᠢ ᠲᠤᠪᠤᠢᠮ᠎ᠠ ᠪᠠᠢᠵᠦ᠂ ᠲᠦᠭᠡᠮᠡᠯ ᠬᠠᠷᠠᠭᠠᠯᠵᠠᠯᠲᠤ᠂ ᠳᠥᠭᠥᠮ ᠳᠥᠲᠡ᠂ ᠣᠯᠠᠨ ᠶᠠᠩᠵᠤᠳᠤ ᠰᠣᠶᠣᠯ ᠵᠢᠭᠤᠯᠴᠢᠯᠠᠯ ᠢ᠋ᠶ᠋ᠠᠷ ᠠᠷᠠᠳ ᠲᠦ᠍ ᠠᠰᠢᠭ᠋ ᠬᠦᠷᠲᠡᠭᠡᠬᠦ ᠠᠷᠭ᠎ᠠ ᠬᠡᠮᠵᠢᠶ᠎ᠡ ᠨᠢ ᠬᠡᠷᠡᠭᠯᠡᠭᠡᠨ ᠤ᠋ ᠳᠠᠯᠳᠠ ᠬᠦᠴᠦᠨ ᠢ᠋ ᠡᠷᠴᠢᠮᠳᠠᠢ ᠬᠦᠭᠵᠢᠬᠡᠵᠦ᠂ ᠡᠷᠬᠢᠨ ᠲᠣᠭᠣᠷᠢᠨ ᠤ᠋ ᠵᠢᠭᠤᠯᠴᠢᠯᠠᠯ᠂ ᠬᠡᠷ ᠪᠦᠯᠢ ᠵᠢᠨ ᠵᠢᠭᠤᠯᠴᠢᠯᠠᠯ ᠢ᠋ ᠦᠷᠭᠦᠯᠵᠢᠯᠡᠨ ᠳᠠᠶ᠋ᠢᠴᠢᠯᠠᠪᠠ᠃

ᠡᠨᠡ ᠵᠣᠨ ᠤ᠋ ᠠᠮᠠᠷᠠᠯᠲᠠ ᠳ᠋ᠦ᠂ ᠥᠪᠥᠷ ᠮᠣᠩᠭᠣᠯ ᠪᠥᠬᠥ ᠣᠷᠣᠨ ᠤ᠋ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠤᠯᠠᠷᠢᠯ ᠢ᠋ ᠡᠬᠢᠯᠡᠭᠦᠯᠵᠦ᠂ ᠰᠣᠶᠣᠯ ᠵᠢᠭᠤᠯᠴᠢᠯᠠᠯ᠂ ᠬᠣᠨᠣᠭ ᠪᠠᠭᠤᠳᠠᠯ᠂ ᠶᠠᠪᠤᠵᠤ ᠰᠠᠭᠤᠬᠤ ᠡᠯ᠎ᠡ ᠲᠥᠷᠥᠯ ᠤ᠋ᠨ ᠠᠷᠠᠳ ᠲᠦ᠍ ᠠᠰᠢᠭ᠋ ᠬᠦᠷᠲᠡᠭᠡᠬᠦ ᠬᠡᠷᠡᠭᠯᠡᠭᠡᠨ ᠤ᠋ ᠲᠡᠮᠳᠡᠭᠲᠦ ᠲᠠᠷᠬᠠᠭᠠᠨ᠂ ᠪᠦᠬᠦ ᠵᠤᠭᠤᠰ ᠤ᠋ᠨ ᠬᠡᠮᠵᠢᠶ᠎ᠠ ᠨᠢ 1600 ᠲᠦᠮᠡᠨ ᠲᠥᠭᠥᠷᠢᠭ ᠲᠦ᠍ ᠬᠦᠷᠴᠦ᠂ ᠬᠦᠮᠦᠰ ᠤ᠋ᠨ ᠶᠠᠪᠤᠵᠤ ᠰᠠᠭᠤᠬᠤ ᠵᠠᠷᠤᠳᠠᠯ ᠢ᠋ ᠠᠷᠪᠢᠯᠠᠨ᠂ ᠣᠯᠠᠨ ᠲᠦᠮᠡᠨ ᠤ᠋ ᠠᠶᠠᠯᠠᠨ ᠵᠤᠭᠠᠴᠠᠬᠤ ᠬᠦᠰᠡᠯ ᠡᠷᠡᠮᠡᠯᠵᠡᠯ ᠢ᠋ ᠬᠥᠭᠵᠢᠭᠡᠪᠡ᠃

ᠡᠯ᠎ᠡ ᠭᠠᠵᠠᠷ ᠤ᠋ᠨ ᠬᠢᠨ ᠳᠠᠭᠤᠤ ᠬᠥᠭᠵᠢᠮ ᠤ᠋ᠨ ᠴᠤᠭᠯᠠᠭᠠᠨ᠂ ᠪᠡᠶ᠎ᠡ ᠶ᠋ᠢᠨ ᠲᠠᠮᠢᠷ ᠤ᠋ᠨ ᠤᠷᠤᠯᠳᠤᠭᠠᠨ ᠵᠡᠷᠭᠡ ᠲᠣᠮᠣ᠌ ᠬᠡᠯᠪᠡᠷᠢ ᠶ᠋ᠢᠨ ᠠᠵᠢᠯᠯᠠᠭ᠎ᠠ ᠳ᠋ᠦ ᠲᠦᠰᠢᠭᠯᠡᠨ ᠦᠨᠳᠦᠰᠦᠨ ᠪᠢᠯᠧᠲ ᠢ᠋ᠶ᠋ᠡᠷ ᠠᠷᠠᠳ ᠲᠦ᠍ ᠠᠰᠢᠭ᠋ ᠬᠦᠷᠲᠡᠭᠡᠬᠦ᠂ ᠬᠤᠳᠠᠯᠳᠤᠭᠠᠴᠢᠨ ᠡᠷᠦᠬᠡ ᠬᠣᠯᠪᠤᠭᠠᠯᠠᠨ ᠬᠥᠳᠡᠯᠦᠯᠴᠡᠵᠦ ᠠᠰᠢᠭ᠋ ᠬᠦᠷᠲᠡᠭᠡᠬᠦ ᠵᠡᠷᠭᠡ ᠰᠢᠨ᠎ᠠ ᠠᠷᠭ᠎ᠠ ᠬᠡᠮᠵᠢᠶ᠎ᠡ᠎ᠠᠪᠴᠠᠢ᠃ ᠬᠥᠬᠡᠬᠣᠲᠠ ᠵᠢᠨ 200 ᠭᠠᠷᠤᠢ ᠬᠤᠳᠠᠯᠳᠤᠭᠠᠴᠢᠨ ᠡᠷᠦᠬᠡ ᠬᠣᠯᠪᠤᠭᠠᠯᠠᠨ ᠬᠥᠳᠡᠯᠦᠯᠴᠡᠵᠦ 50 ᠭᠠᠷᠤᠢ ᠵᠦᠢᠯ ᠤ᠋ᠨ ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠦ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠰᠣᠶᠣᠯ ᠤ᠋ᠨ ᠡᠭᠦᠳᠦᠯᠲᠡ ᠶ᠋ᠢᠨ ᠬᠣᠶᠠᠳᠠᠭᠢ ᠤᠳᠠᠭ᠎ᠠ ᠶ᠋ᠢᠨ ᠬᠡᠷᠡᠭᠯᠡᠭᠡ ᠶ᠋ᠢᠨ ᠨᠡᠮᠡᠭᠳᠡᠯ ᠢ᠋ ᠪᠦᠲᠦᠮᠵᠢᠲᠡᠶ ᠳᠠᠶ᠋ᠢᠴᠢᠯᠠᠪᠠ᠃

《ᠵᠤᠨ ᠤ᠋ ᠠᠮᠠᠷᠠᠯᠲᠠ ᠶ᠋ᠢᠨ ᠬᠦᠯ ᠪᠥᠮᠪᠥᠭᠡᠨ ᠤᠷᠤᠯᠳᠤᠭᠠᠨ ᠪᠠ ᠲᠣᠭᠯᠠᠯᠲᠠ ᠨᠢ ᠬᠤᠳᠠᠯᠳᠤᠭᠠᠴᠢᠳ ᠢ᠋ ᠶᠡᠬᠡ ᠪᠡᠷ ᠳᠠᠶ᠋ᠢᠴᠢᠯᠠᠨ᠂ ᠦᠨᠳᠦᠰᠦᠨ ᠪᠢᠯᠧᠲ ᠤ᠋ᠨ ᠬᠠᠷᠠᠭᠠᠯᠵᠠᠯ ᠨᠢ ᠮᠠᠰᠢ ᠣᠯᠠᠨ ᠵᠢᠭᠤᠯᠴᠢᠯᠠᠭᠰᠠᠳ ᠢ᠋ ᠲᠠᠳᠠᠵᠤ᠂ ᠢᠯᠠᠩᠭᠤᠶ᠎ᠠ ᠭᠠᠳᠠᠷ ᠣᠷᠣᠨ ᠤ᠋ ᠵᠤᠭᠠᠴᠠᠭᠰᠠᠳ ᠢᠯᠡᠳᠲᠡ ᠨᠡᠮᠡᠭᠳᠡᠵᠡᠢ》 ᠭᠡᠵᠦ ᠥᠪᠥᠷ ᠮᠣᠩᠭᠣᠯ ᠤ᠋ᠨ ᠯᠤᠤ ᠰᠦᠢ ᠶᠤᠸᠠᠨ ᠢᠳᠡᠭᠡᠨ ᠤᠮᠳᠠᠭᠠᠨ ᠤ᠋ ᠬᠠᠮᠢᠶᠠᠷᠤᠯᠲᠠ ᠶ᠋ᠢᠨ ᠬᠢᠵᠠᠭᠠᠷᠲᠤ ᠺᠣᠮᠫᠠᠨᠢ ᠶ᠋ᠢᠨ ᠳᠡᠳ᠋ ᠶᠡᠷᠦᠩᠬᠡᠢ ᠳᠠᠭᠠᠭᠠᠮᠠᠯ ᠷᠧᠨ ᠯᠧ ᠬᠡᠯᠡᠨ᠎ᠠ᠃ ᠰᠣᠶᠣᠯ ᠪᠡᠶ᠎ᠡ ᠶ᠋ᠢᠨ ᠲᠠᠮᠢᠷ ᠤ᠋ᠨ ᠠᠵᠢᠯᠯᠠᠭ᠎ᠠ ᠡᠴᠡ ᠪᠣᠯᠤᠭᠰᠠᠨ ᠵᠢᠭᠤᠯᠴᠢᠯᠠᠭᠰᠠᠳ ᠤ᠋ᠨ ᠤᠷᠤᠰᠬᠠᠯ ᠨᠢ ᠬᠣᠲᠠ ᠶ᠋ᠢᠨ ᠬᠤᠳᠠᠯᠳᠤᠭᠠᠨ ᠤ᠋ ᠲᠣᠭᠣᠷᠢᠭ᠋ ᠪᠠ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠤ᠋ᠨ ᠡᠵᠡᠩᠨᠡᠯᠲᠡ ᠶ᠋ᠢᠨ ᠬᠡᠯᠪᠡᠷᠢ ᠵᠢ ᠪᠠᠶᠠᠯᠢᠭᠵᠢᠭᠤᠯᠵᠦ᠂ ᠵᠠᠬ᠎ᠠ ᠳᠡᠯᠭᠡᠭᠦᠷ ᠤ᠋ᠨ ᠭᠣᠣᠯ ᠴᠣᠭᠴᠠ ᠶ᠋ᠢᠨ ᠣᠷᠣᠯᠭ᠎ᠠ ᠵᠢ ᠨᠡᠮᠡᠭᠳᠡᠭᠦᠯᠬᠦ ᠳ᠋ᠤ ᠬᠦᠴᠦᠨ ᠨᠡᠮᠡᠷᠢᠯᠡᠪᠡ᠃

ᠪᠤᠭᠤᠲᠤ ᠬᠣᠲᠠ ᠤᠷᠤᠯᠳᠤᠭᠠᠨ ᠤ᠋ ᠬᠠᠯᠠᠮᠰᠢᠯ ᠢ᠋ ᠠᠰᠢᠭ᠍ᠯᠠᠨ ᠬᠥᠳᠡᠭᠡ ᠲᠣᠰᠬᠣᠨ ᠤ᠋ ᠰᠣᠶᠣᠯ ᠵᠢᠭᠤᠯᠴᠢᠯᠠᠯ ᠤ᠋ᠨ ᠡᠵᠡᠩᠨᠡᠯᠲᠡ ᠶ᠋ᠢᠨ ᠪᠠᠢᠳᠠᠯ ᠢ᠋ ᠲᠠᠰ ᠳᠡᠪᠰᠢᠭᠦᠯᠵᠦ᠂ ᠵᠠᠰᠠᠭ ᠤ᠋ᠨ ᠣᠷᠳᠣᠨ ᠤ᠋ ᠬᠡᠷᠡᠭᠯᠡᠭᠡᠨ ᠤ᠋ ᠲᠡᠮᠳᠡᠭᠲᠦ ᠪᠡᠷ ᠨᠥᠬᠥᠪᠦᠷᠢ ᠦᠭᠬᠦᠭᠰᠡᠨ ᠢ᠋ᠶ᠋ᠡᠷ ᠬᠥᠳᠡᠭᠡ ᠲᠣᠰᠬᠣᠨ ᠤ᠋ ᠰᠣᠶᠣᠯ ᠵᠢᠭᠤᠯᠴᠢᠯᠠᠯ ᠤ᠋ᠨ ᠬᠡᠷᠡᠭᠯᠡᠭᠡ ᠦᠷᠭᠦᠯᠵᠢᠯᠡᠨ ᠬᠥᠭᠵᠢᠶᠡᠨ ᠲᠠᠢ ᠪᠣᠯᠵᠠᠢ᠃ 《ᠡᠨᠡ ᠬᠡᠳᠦᠨ ᠡᠳᠦᠷ ᠳᠡᠯᠭᠡᠭᠦᠷ ᠤ᠋ᠨ ᠵᠣᠴᠢᠳ ᠢᠯᠡᠳᠲᠡ ᠣᠯᠠᠰᠢᠷᠠᠵᠤ᠂ ᠬᠡᠷᠡᠭᠯᠡᠭᠡᠨ ᠤ᠋ ᠲᠡᠮᠳᠡᠭᠲᠦ ᠨᠢ ᠠᠷᠠᠯᠵᠢᠶ᠎ᠠ ᠵᠢ ᠢᠯᠡᠳᠲᠡ ᠳᠠᠶ᠋ᠢᠴᠢᠯᠠᠵᠤ ᠪᠠᠢᠨ᠎ᠠ》 ᠭᠡᠵᠦ ᠲᠤᠬᠠᠢ ᠶ᠋ᠢᠨ ᠭᠠᠵᠠᠷ ᠤ᠋ᠨ ᠴᠠᠢ ᠶ᠋ᠢᠨ ᠮᠤᠬᠤᠯᠠᠭ ᠤ᠋ᠨ ᠬᠠᠷᠢᠭᠤᠴᠠᠯᠭᠠᠲᠠᠨ ᠵᠦ᠍ ᠮᠢᠩ ᠵᠢᠶᠧ ᠬᠡᠯᠡᠨ᠎ᠠ᠃

ᠪᠠᠶᠠᠷ ᠳᠤᠷᠠᠰᠬᠠᠯ ᠵᠠᠩ ᠦᠢᠯᠡ ᠶ᠋ᠢᠨ ᠠᠵᠢᠯᠯᠠᠭ᠎ᠠ ᠭᠣᠢᠳᠠ ᠰᠠᠢᠬᠠᠨ ᠶᠠᠪᠤᠭᠳᠠᠵᠦ᠂ ᠲᠠᠯ᠎ᠠ ᠨᠤᠲᠤᠭ ᠤ᠋ᠨ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ ᠢ᠋ ᠠᠯᠳᠠᠷᠰᠢᠭᠤᠯᠤᠨ᠎ᠠ᠃ ᠵᠣᠨ ᠤ᠋ ᠠᠮᠠᠷᠠᠯᠲᠠ ᠡᠴᠡ ᠨᠠᠭᠠᠰᠢ᠂ ᠦᠪᠤᠷ ᠮᠤᠩᠭᠤᠯ ᠤ᠋ᠨ ᠣᠯᠠᠨ ᠭᠠᠵᠠᠷ ᠨᠠᠭᠠᠳᠤᠮ ᠤ᠋ᠨ ᠰᠢᠷᠢᠰ ᠠᠵᠢᠯᠯᠠᠭ᠎ᠠ ᠡᠷᠬᠢᠯᠡᠨ᠂ ᠤᠯᠠᠮᠵᠢᠯᠠᠯᠲᠤ ᠵᠠᠩ ᠦᠶ᠋ᠯᠡ ᠪᠣᠯᠣᠨ ᠴᠣ ᠰᠢᠨ᠎ᠡ ᠵᠢᠭᠤᠯᠴᠢᠯᠠᠯ ᠤ᠋ᠨ ᠠᠬᠤᠢ ᠪᠠᠢᠳᠠᠯ ᠢ᠋ ᠭᠦᠨᠵᠡᠭᠡᠢ ᠠᠭᠤᠰᠤᠯᠴᠠᠭᠤᠯᠵᠤ᠂ ᠣᠷᠣᠨ ᠤ᠋ ᠳᠣᠲᠣᠨ᠎ᠠ ᠭᠠᠳᠠᠨᠠᠬᠢ ᠶᠡᠬᠡ ᠬᠡᠮᠵᠢᠶᠡᠨ ᠤ᠋ ᠵᠢᠭᠤᠯᠴᠢᠯᠠᠭ᠍ᠰᠠᠳ ᠤ᠋ᠨ ᠰᠤᠨᠢᠷᠬᠠᠯ ᠢ᠋ ᠲᠠᠲᠠᠪᠠ᠃

ᠳᠠᠷᠬᠠᠨ ᠮᠤᠤᠮᠢᠩᠭᠠᠨ ᠬᠤᠯᠪᠤᠭᠠᠳᠦ ᠬᠣᠰᠢᠭᠤᠨ ᠤ᠋ ᠨᠠᠭᠠᠳᠤᠮ ᠤ᠋ᠨ ᠬᠤᠷᠠᠯ ᠳ᠋ᠤ ᠠᠭᠤᠰᠤᠯᠴᠠᠭᠤᠯᠤᠭᠰᠠᠨ ᠠᠷᠠᠳ ᠤ᠋ᠨ ᠵᠠᠩ ᠦᠢᠯᠡ ᠶ᠋ᠢᠨ ᠦᠵᠡᠭᠦᠯᠭᠡ ᠶ᠋ᠢᠨ ᠲᠣᠭᠯᠠᠯᠲᠠ ᠪᠠ ᠤᠷᠤᠰᠬᠠᠯ᠎ᠳᠠᠭᠠᠭᠰᠠᠨ ᠰᠤᠶᠤᠯ ᠵᠢᠭᠤᠯᠴᠢᠯᠠᠯ ᠤ᠋ᠨ ᠠᠵᠢᠯᠯᠠᠭ᠎ᠠ ᠨᠢ ᠵᠢᠭᠤᠯᠴᠢᠯᠠᠭᠰᠠᠳ ᠤ᠋ᠨ ᠥᠷᠭᠡᠨ ᠳᠡᠯᠭᠡᠷ ᠰᠠᠢᠨ ᠦᠨᠡᠯᠡᠯᠳᠡ ᠵᠢ ᠣᠯᠵᠠᠢ᠃ 《ᠨᠠᠢᠷ ᠤ᠋ᠨ ᠳᠠᠯᠠᠪᠠᠢ ᠮᠠᠰᠢ ᠬᠦᠭᠵᠢᠶᠡᠨᠳᠡᠢ᠂ ᠲᠠᠯ᠎ᠠ ᠨᠤᠲᠤᠭ ᠤ᠋ᠨ ᠵᠠᠩ ᠦᠶ᠋ᠯᠡ ᠨᠠᠳᠠ ᠳ᠋ᠤ ᠭᠦᠨ ᠰᠠᠭᠤᠭᠳᠠᠯ ᠦᠯᠡᠳᠡᠭᠡᠵᠡᠢ》 ᠭᠡᠵᠦ ᠵᠢᠶᠠᠩᠰᠤ ᠶ᠋ᠢᠨ ᠵᠢᠭᠤᠯᠴᠢᠯᠠᠭᠴᠢ ᠳ᠋ᠢᠩ ᠯᠧᠢ ᠬᠡᠯᠡᠨ᠎ᠠ᠃

ᠰᠢᠯᠢ ᠶ᠋ᠢᠨ ᠭᠣᠣᠯ ᠠᠢᠮᠠᠭ ᠲᠦ᠍ ᠪᠤᠯᠤᠭᠰᠠᠨ 36 ᠳ᠋ᠤᠭᠠᠷ ᠬᠤᠭᠤᠴᠠᠭᠠᠨ ᠤ᠋ ᠦᠪᠦᠷ ᠮᠤᠨᠭᠭᠤᠯ ᠤ᠋ᠨ ᠵᠢᠭᠤᠯᠴᠢᠯᠠᠯ ᠤ᠋ᠨ ᠨᠠᠭᠠᠳᠤᠮ ᠳ᠋ᠤ 《ᠵᠢᠭᠤᠯᠴᠢᠯᠠᠭᠰᠠᠳ ᠤ᠋ᠨ ᠲᠦᠷᠪᠡᠨ ᠨᠠᠭᠠᠳᠤᠮ》 ᠭᠠᠷᠭᠠᠨ᠂ ᠲᠠᠯ᠎ᠠ ᠨᠤᠲᠤᠭ ᠤ᠋ᠨ ᠬᠠᠢᠷ᠎ᠠ ᠬᠠᠯᠠᠮᠵᠢ ᠵᠢ ᠬᠦᠷᠲᠡᠭᠡᠪᠡ᠃ ᠪᠡᠭᠡᠵᠢᠩ ᠤ᠋ᠨ ᠵᠢᠭᠤᠯᠴᠢᠯᠠᠭᠴᠢ ᠵᠦ᠍ ᠬᠤᠢ᠄ 《ᠡᠨᠳᠡ ᠮᠠᠨᠤᠰ ᠢ᠋ ᠬᠦᠨᠳᠦᠳᠬᠡᠨ᠂ ᠶᠣᠰᠣᠷᠬᠠᠭ ᠢ᠋ᠶ᠋ᠠᠷ ᠬᠠᠨᠳᠤᠵᠤ ᠪᠠᠢᠬᠤ ᠵᠢ ᠦᠨᠡᠨ ᠬᠦ᠌ ᠮᠡᠳᠡᠷᠡᠯ᠎ᠠ᠃ ᠶᠡᠬᠡ ᠳᠤᠳᠤᠨᠤ ᠰᠠᠨᠠᠭᠳᠠᠵᠤ ᠪᠠᠢᠨ᠎ᠠ》 ᠭᠡᠪᠡ᠃ ᠬᠢᠩᠭᠠᠨ ᠠᠢᠮᠠᠭ ᠤ᠋ᠨ ᠵᠠᠭᠤᠨ ᠡᠳᠦᠷ ᠤ᠋ᠨ ᠨᠠᠭᠠᠳᠤᠮ ᠤ᠋ᠨ ᠦᠷ᠎ᠡ ᠪᠦᠲᠦᠮᠵᠢ ᠢᠯᠡ ᠲᠣᠳᠣ᠌ ᠪᠠᠢᠵᠤ᠂ ᠣᠬᠣᠷ ᠬᠤᠭᠤᠴᠠᠭᠠᠨ ᠳ᠋ᠦ 63 ᠲᠦᠮᠡᠨ ᠬᠥᠮᠥᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠤ᠂ 6.17 ᠳ᠋ᠦᠩᠰᠢᠭᠤᠷ ᠲᠥᠭᠥᠷᠢᠭ ᠤ᠋ᠨ ᠬᠡᠷᠡᠭᠯᠡᠭᠡ ᠵᠢ ᠰᠢᠭᠤᠳ ᠳᠠᠶ᠋ᠢᠴᠢᠯᠠᠵᠠᠢ᠃

ᠡᠯᠪᠡᠭ ᠪᠠᠶᠠᠯᠢᠭ ᠠᠭᠤᠯᠭ᠎ᠠ ᠲᠠᠢ ᠵᠢᠭᠤᠯᠴᠢᠯᠠᠯ ᠤ᠋ᠨ ᠠᠵᠢᠯᠯᠠᠭ᠎ᠠ᠂ ᠬᠠᠷᠠᠭᠠᠯᠵᠠᠯ ᠤ᠋ᠨ ᠲᠥᠷᠥ ᠶ᠋ᠢᠨ ᠪᠣᠳᠣᠯᠭ᠎ᠠ ᠨᠢ ᠪᠥᠬᠥ ᠣᠷᠣᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠲᠣᠭᠲᠠᠭᠤᠨ ᠢ᠋ᠶ᠋ᠠᠷ ᠰᠡᠷᠭᠦᠬᠦ᠂ ᠶᠠᠰᠤ ᠴᠢᠨᠠᠷ ᠢ᠋ᠶ᠋ᠠᠨ ᠳᠡᠭᠡᠭᠰᠢᠯᠡᠭᠦᠯᠦᠨ ᠲᠠᠰ ᠳᠡᠪᠰᠢᠬᠦ ᠵᠢ ᠠᠬᠢᠭᠤᠯᠵᠠᠢ᠃ 《ᠡᠨᠡ ᠵᠢᠯ ᠤ᠋ᠨ ᠵᠣᠨ ᠤ᠋ ᠠᠮᠠᠷᠠᠯᠲᠠ ᠶ᠋ᠢᠨ ᠬᠤᠭᠤᠴᠠᠭᠠᠨ ᠤ᠋ ᠵᠤᠰᠠᠯᠠᠩ ᠤ᠋ᠨ ᠵᠢᠭᠤᠯᠴᠢᠯᠠᠯ ᠤ᠋ᠨ ᠵᠠᠬᠢᠶᠠᠯᠠᠭ᠎ᠠ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 40% ᠪᠠᠷ ᠨᠡᠮᠡᠭᠳᠡᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ᠋ ᠭᠤᠷᠪᠠᠯᠵᠢᠨ ᠬᠣᠢᠭ᠋ ᠤ᠋ᠨ ᠵᠢᠭᠤᠯᠴᠢᠯᠠᠭᠴᠢ ᠶᠡᠬᠡ ᠪᠡᠷ ᠨᠡᠮᠡᠭᠳᠡᠪᠡ》 ᠭᠡᠵᠦ ᠥᠪᠥᠷ ᠮᠣᠩᠭᠣᠯ ᠤ᠋ᠨ ᠱᠧᠩ ᠰᠢᠶᠠᠩ ᠵᠢᠭᠤᠯᠴᠢᠯᠠᠯ ᠤ᠋ᠨ ᠺᠤᠮᠫᠠᠨᠢ ᠶ᠋ᠢᠨ ᠬᠡᠷᠡᠭ ᠮᠡᠳᠡᠭᠴᠢᠳ ᠤ᠋ᠨ ᠳᠠᠷᠤᠭ᠎ᠠ ᠢᠦᠢ ᠬᠣᠩ ᠶᠠᠨ ᠲᠠᠨᠢᠯᠴᠠᠭᠤᠯᠪᠠ᠃

ᠰᠣᠶᠣᠯ ᠢ᠋ᠶ᠋ᠠᠷ ᠵᠢᠭᠤᠯᠴᠢᠯᠠᠯ ᠢ᠋ ᠮᠠᠨᠳᠤᠭᠤᠯᠵᠤ᠂ ᠵᠢᠭᠤᠯᠴᠢᠯᠠᠯ ᠢ᠋ᠶ᠋ᠠᠷ ᠬᠤᠳᠠᠯᠳᠤᠭ᠎ᠠ ᠵᠢ ᠬᠥᠭᠵᠢᠭᠦᠯᠤᠨ᠂ ᠬᠤᠳᠠᠯᠳᠤᠭ᠎ᠠ ᠪᠠᠷ ᠪᠣᠷᠤᠯᠠᠭᠤᠯᠭ᠎ᠠ᠎ᠵᠢ ᠠᠬᠢᠭᠤᠯᠤᠨ᠎ᠠ᠃ ᠡᠨᠡ ᠵᠤᠨ ᠤ᠋ ᠠᠮᠠᠷᠠᠯᠳᠠ ᠳ᠋ᠤ᠂ ᠦᠪᠤᠷ ᠮᠤᠩᠭᠤᠯ ᠤ᠋ᠨ ᠰᠤᠶᠤᠯ ᠵᠢᠭᠤᠯᠴᠢᠯᠠᠯ ᠤ᠋ᠨ ᠦᠢᠯᠡᠰ ᠤ᠋ᠨ ᠲᠦᠷᠦ ᠶ᠋ᠢᠨ ᠪᠣᠳᠣᠯᠭ᠎ᠠ ᠡᠷᠴᠢᠮ ᠲᠠᠢ᠂ ᠦᠢᠯᠡᠴᠢᠯᠡᠭᠡ ᠬᠠᠢᠷ᠎ᠠ ᠬᠠᠯᠠᠮᠵᠢ ᠲᠠᠢ᠂ ᠡᠵᠡᠩᠨᠡᠯᠲᠡ ᠶ᠋ᠢᠨ ᠬᠡᠯᠪᠡᠷᠢ ᠬᠠᠯᠠᠮᠰᠢᠯ ᠲᠠᠢ ᠪᠠᠢᠵᠤ᠂ ᠲᠠᠯ᠎ᠠ ᠨᠤᠲᠤᠭ ᠤ᠋ᠨ ᠵᠤᠨ ᠤ᠋ ᠤᠯᠠᠷᠢᠯ ᠤ᠋ᠨ ᠠᠵᠤ ᠠᠬᠤᠢ ᠶ᠋ᠢᠨ ᠬᠥᠳᠡᠯᠭᠡᠬᠦ ᠡᠨᠧᠷᠭᠢ ᠵᠢ ᠦᠷᠭᠦᠯᠵᠢᠯᠡᠨ ᠪᠠᠳᠠᠷᠠᠭᠤᠯᠵᠤ᠂ ᠰᠣᠶᠣᠯ ᠵᠢᠭᠤᠯᠴᠢᠯᠠᠯ ᠤ᠋ᠨ ᠠᠵᠤ ᠦᠢᠯᠡᠰ ᠪᠣᠯᠣᠨ ᠬᠡᠷᠡᠭᠯᠡᠭᠡᠨ ᠤ᠋ ᠵᠠᠬ᠎ᠠ ᠳᠡᠯᠭᠡᠭᠦᠷ ᠤ᠋ᠨ ᠴᠢᠨᠠᠷ ᠰᠠᠢᠲᠠᠢ ᠬᠥᠭᠵᠢᠯᠲᠡ ᠵᠢ ᠬᠦᠴᠦᠲᠡᠢ ᠠᠬᠢᠭᠤᠯᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面