ᠲᠤᠰᠬᠠᠢ ᠮᠡᠳᠡᠭᠡᠯᠡᠯ > ᠥᠪᠥᠷ ᠮᠣᠩᠭᠤᠯ᠎ᠤᠨ ᠰᠣᠶᠣᠯ᠎ᠤᠨ ᠠᠵᠢᠯᠯᠠᠭ᠎ᠠ᠎ᠶ᠋ᠢᠨ ᠤᠯᠠᠷᠢᠯ

2026-11-01 14:56:55

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠲᠠᠯ᠎ᠠ ᠨᠤᠲᠤᠭ ᠤ᠋ᠨ ᠰᠤᠩᠭᠤᠳᠠᠭ ᠳᠠᠭᠤᠤ ᠳᠠᠬᠢᠨᠲᠠ ᠬᠠᠩᠭᠢᠨᠠᠵᠤ᠂ ᠲᠦᠮᠡᠨ ᠣᠯᠠᠨ ᠤ᠋ ᠬᠦᠰᠡᠨ ᠬᠦᠯᠢᠶᠡᠭᠰᠡᠨ 2026 ᠣᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠲᠡᠬᠦᠰᠬᠦ ᠲᠤᠭᠯᠠᠯᠳᠠ — 《ᠪᠢ ᠲᠠᠯ᠎ᠠ ᠨᠤᠲᠤᠭ ᠲᠠᠢ ᠪᠠᠨ ᠪᠣᠯᠵᠣᠭ᠎ᠠ ᠲᠠᠢ》 ᠳᠠᠭᠤᠤ ᠵᠢᠨ ᠴᠤᠭᠯᠠᠭᠠᠨ ᠴᠤ ᠰᠢᠨ᠎ᠠ ᠲᠦᠷᠢ ᠲᠦᠷᠬᠦ᠂ ᠳᠡᠰ ᠳᠡᠪᠰᠢᠭᠰᠡᠨ ᠠᠭᠤᠯᠭ᠎ᠠ ᠬᠡᠯᠪᠡᠷᠢ ᠪᠡᠷ 10 ᠰᠠᠷ᠎ᠠ ᠵᠢᠨ 30 ᠤ᠋ ᠤᠷᠤᠢ ᠦᠪᠦᠷ ᠮᠤᠩᠭᠤᠯ ᠤ᠋ᠨ ᠪᠡᠶ᠎ᠠ ᠵᠢᠨ ᠳᠠᠮᠢᠷ ᠤ᠋ᠨ ᠤᠷᠳᠤᠨ ᠳ᠋ᠤ ᠨᠢᠵᠢᠬᠢᠷ ᠶᠠᠪᠤᠭᠳᠠᠪᠠ᠃

《ᠳᠠᠭᠤᠤ ᠪᠠᠨ ᠳᠠᠭᠤᠯᠠᠵᠦ ᠡᠷᠬᠡ ᠳᠠᠪᠠᠳᠠᠢ ᠠᠮᠢᠳᠤᠷᠠᠶ᠎ᠠ᠂ ᠳᠡᠬᠦᠯᠢᠨ ᠨᠢᠰᠬᠦ ᠪᠦᠷᠬᠦᠳ ᠢ᠋ ᠬᠠᠷᠠᠨ ᠵᠢᠷᠭᠠᠯᠳᠦ ᠠᠮᠢᠳᠤᠷᠠᠯ ᠵᠢᠡᠨ ᠴᠤᠭᠴᠠᠯᠠᠶ᠎ᠠ ᠁》 ᠦᠳᠡᠰᠢᠯᠡᠬᠡ ᠨᠢ 《ᠳᠠᠭᠤᠤ ᠪᠠᠨ ᠳᠠᠭᠤᠯᠠᠶ᠎ᠠ》 ᠭᠡᠬᠦ ᠳᠠᠭᠤᠤ ᠪᠡᠷ ᠳᠠᠯ᠎ᠠ ᠨᠤᠲᠤᠭ ᠤ᠋ᠨ ᠠᠷᠠᠳ ᠲᠦᠮᠡᠨ ᠤ᠋ ᠬᠦᠰᠡᠯ ᠪᠢᠯᠬᠠᠭᠰᠠᠨ ᠡᠷᠬᠡ ᠵᠢᠷᠭᠠᠯ ᠲᠠᠢ ᠠᠮᠢᠳᠤᠷᠠᠯ ᠵᠢᠡᠨ ᠮᠠᠭᠳᠠᠨ ᠳᠠᠭᠤᠯᠠᠳᠠᠭ ᠰᠡᠳᠬᠢᠯᠬᠡ ᠵᠢ ᠢᠯᠡᠳᠬᠡᠵᠤ᠂ 《ᠮᠠᠯᠴᠢᠨ ᠲᠦᠮᠡᠨ ᠡᠪ ᠬᠠᠮᠳᠦ ᠨᠠᠮ ᠵᠢᠡᠨ ᠮᠠᠭᠳᠠᠨ ᠳᠠᠭᠤᠯᠠᠨ᠎ᠠ》᠂ 《ᠤᠪᠤᠭᠠᠨ ᠳ᠋ᠡᠬᠢ ᠠᠭᠤᠯᠵᠠᠯᠳᠠ》᠂ 《ᠠᠪᠤ ᠡᠵᠢ ᠵᠢᠨ ᠨᠤᠲᠤᠭ ᠤᠰᠤᠨ》 ᠵᠡᠷᠭᠡ ᠳᠠᠯ᠎ᠠ ᠨᠤᠲᠤᠭ ᠤ᠋ᠨ ᠰᠤᠩᠭᠤᠳᠠᠭ ᠳᠠᠭᠤᠤ ᠪᠡᠷ ᠦᠪᠦᠷ ᠮᠤᠨᠭᠭᠤᠯ ᠤ᠋ᠨ ᠰᠢᠨ᠎ᠠ ᠴᠠᠭ ᠦᠶ᠎ᠠ ᠵᠢᠨ ᠤᠳᠬ᠎ᠠ ᠤᠷᠠᠯᠢᠭ ᠤ᠋ᠨ ᠤᠬᠢ ᠰᠢᠮ᠎ᠠ ᠵᠢ ᠠᠷᠠᠳ ᠲᠦᠮᠡᠨ ᠳ᠋ᠡᠭᠡᠨ ᠬᠦᠷᠳᠡᠭᠡᠨ᠂ 《ᠶᠤᠬᠤᠷ》᠂ 《ᠲᠦᠷᠪᠡᠨ ᠨᠠᠰᠤᠳᠠᠢ ᠬᠠᠯᠢᠭᠤᠨ》 ᠵᠡᠷᠭᠡ ᠠᠷᠠᠳ ᠤ᠋ᠨ ᠳᠠᠭᠤᠤ ᠪᠡᠷ ᠠᠷᠠᠳ ᠲᠦᠮᠡᠨ ᠤ᠋ ᠠᠮᠢᠳᠤᠷᠠᠯ ᠤ᠋ᠨ ᠵᠠᠩ ᠠᠭᠠᠯᠢ ᠵᠢ ᠲᠤᠰᠬᠠᠵᠤ᠂ ᠤᠯᠠᠮᠵᠢᠯᠠᠯ ᠰᠢᠨᠡᠴᠢᠯᠡᠯ ᠤᠶᠠᠯᠳᠤᠭᠰᠠᠨ ᠲᠤᠭᠯᠠᠯᠳᠠ ᠪᠡᠷ ᠦᠪᠦᠷ ᠮᠤᠨᠭᠭᠤᠯ ᠤ᠋ᠨ ᠰᠤᠶᠤᠯ ᠤᠷᠠᠯᠢᠭ ᠤ᠋ᠨ ᠠᠮᠵᠢᠯᠳᠠ ᠪᠦᠳᠦᠮᠵᠢ ᠵᠢ ᠬᠠᠷᠠᠭᠤᠯᠪᠠ᠃ ᠡᠬᠦᠨ ᠡᠴᠡ ᠭᠠᠳᠠᠨ᠎ᠠ ᠳᠣᠯᠣᠳᠤᠭᠠᠷ ᠬᠤᠭᠤᠴᠠᠭᠠᠨ ᠤ᠋ ᠪᠦᠬᠦ ᠤᠯᠤᠰ ᠤ᠋ᠨ ᠴᠥᠭᠡᠨ ᠲᠣᠭᠠᠲᠤ ᠦᠨᠳᠦᠰᠦᠲᠡᠨ ᠤ᠋ ᠤᠷᠠᠨ ᠰᠠᠢᠬᠠᠨ ᠤ᠋ ᠬᠠᠮᠲᠤᠷᠠᠭᠰᠠᠨ ᠲᠣᠭᠯᠠᠯᠲᠠ ᠳ᠋ᠤ ᠣᠷᠣᠯᠴᠠᠭᠰᠠᠨ ᠼᠢᠷᠺ᠂ ᠪᠡᠭᠡᠵᠢᠩ ᠰᠢ᠂ ᠤᠷᠤᠰᠬᠠᠯ ᠳᠠᠭᠤᠤ᠂ ᠮᠣᠷᠢᠨ ᠬᠤᠭᠤᠷ᠂ ᠠᠺᠠᠪᠸᠢᠢᠯᠠ᠂ ᠲᠤᠷᠭᠠᠨ ᠳᠡᠬᠦᠵᠢᠩ᠂ ᠦᠨᠳᠦᠰᠦᠲᠡᠨ ᠤ᠋ ᠪᠥᠵᠢᠭ ᠵᠡᠷᠭᠡ ᠤᠷᠠᠨ ᠭᠤᠢᠳᠠ ᠲᠤᠭᠯᠠᠯᠳᠠ ᠨᠢ ᠴᠦ᠍ ᠦᠵᠡᠭᠴᠢ ᠲᠦᠮᠡᠨ ᠤ᠋ ᠬᠠᠷᠠᠭ᠎ᠠ ᠰᠤᠨᠤᠷ ᠢ᠋ ᠪᠠᠶᠠᠰᠬᠠᠵᠠᠢ᠃

《ᠪᠢᠳᠡ ᠥᠪᠡᠷᠲᠡᠭᠡᠨ ᠵᠠᠰᠠᠬᠤ ᠣᠷᠣᠨ ᠤ᠋ ᠭᠣᠣᠯᠳᠠᠯᠭ᠎ᠠ ᠲᠠᠢ ᠳᠠᠭᠤᠤ ᠬᠥᠭᠵᠢᠮ ᠤ᠋ᠨ IP᠂ ᠥᠪᠥᠷ ᠮᠣᠩᠭᠣᠯ ᠤ᠋ᠨ ᠤᠷᠠᠯᠢᠭ᠋ ᠵᠦᠴᠦᠭᠡ ᠵᠢᠨ ᠬᠦᠷᠢᠶᠡᠯᠡᠩ ᠤ᠋ᠨ ᠭᠣᠣᠯᠳᠠᠯᠭ᠎ᠠ ᠲᠠᠢ ᠲᠡᠳᠬᠦᠨ ᠳᠡᠮᠵᠢᠬᠦ ᠲᠥᠷᠥᠯ ᠵᠦᠢᠯ ᠪᠤᠯᠤᠭᠰᠠᠨ 〈ᠪᠢ ᠲᠠᠯ᠎ᠠ ᠨᠤᠲᠤᠭ ᠲᠠᠢ ᠪᠠᠨ ᠪᠣᠯᠵᠣᠭ᠎ᠠ ᠲᠠᠢ〉 ᠳᠠᠭᠤᠤ ᠵᠢᠨ ᠴᠤᠭᠯᠠᠭᠠᠨ ᠨᠢ ᠲᠠᠩ ᠴᠤᠯᠭᠤᠢ ᠳᠠᠭᠤᠯᠠᠬᠤ ᠵᠠᠭᠪᠤᠷ ᠢ᠋ ᠦᠭᠡᠷᠡᠴᠢᠯᠡᠵᠦ᠂ ᠲᠠᠢᠰᠠᠨ ᠤ᠋ ᠦᠵᠡᠮᠦᠷᠢ᠂ ᠦᠨᠳᠦᠰᠦᠲᠡᠨ ᠤ᠋ ᠳᠠᠭᠤᠤ ᠬᠥᠭᠵᠢᠮ ᠢ᠋ ᠤᠯᠠᠨ ᠡᠰᠢᠲᠦ ᠤᠷᠠᠯᠢᠭ᠋ ᠤ᠋ᠨ ᠬᠡᠯᠪᠡᠷᠢ ᠲᠠᠢ ᠤᠶᠠᠯᠳᠤᠭᠤᠯᠤᠨ ᠲᠤᠭᠯᠠᠪᠠ》 ᠭᠡᠵᠦ ᠦᠳᠡᠰᠢᠯᠡᠬᠡ ᠵᠢᠨ ᠤᠳᠤᠷᠢᠳᠤᠭᠠᠴᠢ ᠯᠢ ᠴᠢᠶᠠᠩ ᠳᠠᠨᠢᠯᠴᠠᠭᠤᠯᠤᠨ᠎ᠠ᠃ 《ᠬᠦᠳᠡᠭᠡ ᠳᠠᠯ᠎ᠠ ᠳ᠋ᠤ ᠮᠦᠩᠬᠡ ᠵᠢᠨ ᠨᠠᠷᠠᠨ ᠰᠠᠴᠤᠷᠠᠨ ᠮᠠᠨᠳᠤᠯ᠎ᠠ》 ᠳᠠᠭᠤᠤ ᠪᠡᠷ ᠴᠤᠭᠯᠠᠭᠠᠨ ᠵᠢᠷᠭᠠᠵᠦ᠂ ᠪᠦᠬᠦ ᠤᠯᠤᠰ ᠤ᠋ᠨ ᠦᠵᠡᠭᠴᠢᠳ ᠲᠦ᠍ ᠳᠠᠯ᠎ᠠ ᠨᠤᠲᠤᠭ ᠤ᠋ᠨ ᠳᠠᠭᠤᠤ ᠬᠦᠭᠵᠢᠮ ᠤᠷᠠᠯᠢᠭ ᠰᠤᠶᠤᠯ ᠤ᠋ᠨ ᠪᠤᠯᠵᠤᠭ᠎ᠠ ᠵᠢ ᠠᠬᠢᠨ ᠳᠠᠯᠪᠢᠯ᠎ᠠ᠃

2026 ᠣᠨ ᠤ᠋ ᠥᠪᠥᠷ ᠮᠣᠩᠭᠣᠯ ᠤ᠋ᠨ ᠰᠣᠶᠣᠯ ᠤ᠋ᠨ ᠠᠵᠢᠯᠯᠠᠭ᠎ᠠ ᠶ᠋ᠢᠨ ᠤᠯᠠᠷᠢᠯ ᠤ᠋ᠨ ᠱᠢᠷᠢᠰ ᠠᠵᠢᠯᠯᠠᠭ᠎ᠠ ᠨᠢ ᠲᠡᠥᠬᠡ ᠰᠤᠶᠤᠯ ᠤ᠋ᠨ ᠤᠯᠠᠮᠵᠢᠯᠠᠯ ᠢ᠋ ᠡᠷᠴᠢᠮᠵᠢᠬᠦᠯᠦᠨ᠂ ᠰᠤᠶᠤᠯ ᠤ᠋ᠨ ᠢᠳᠡᠭᠡᠯ ᠢ᠋ ᠪᠠᠳᠤᠳᠬᠠᠵᠤ᠂ ᠰᠤᠶᠤᠯ ᠵᠢᠭᠤᠯᠴᠢᠯᠠᠯ ᠤ᠋ᠨ ᠠᠭᠤᠰᠤᠯᠴᠠᠯ ᠢ᠋ ᠴᠢᠩᠭᠠᠳᠬᠠᠨ᠂ ᠬᠡᠷᠡᠭᠯᠡᠭᠡ ᠵᠢ ᠤᠯᠠᠮ ᠬᠦᠭᠵᠢᠭᠡᠵᠦ᠂ ᠰᠢᠷᠢᠰ ᠲᠤᠭᠯᠠᠯᠳᠠ ᠂ ᠰᠤᠳᠤᠨ ᠪᠦᠳᠦᠭᠡᠯ ᠤ᠋ᠨ ᠦᠵᠡᠬᠦᠯᠬᠡ᠂ ᠦᠵᠡᠰᠬᠦᠯᠡᠩ ᠦᠵᠡᠬᠦᠯᠬᠡ᠂ ᠤᠷᠤᠨ ᠨᠤᠲᠤᠭ ᠤ᠋ᠨ ᠤᠨᠴᠠᠯᠢᠭᠳᠦ ᠲᠦᠷᠦᠯ ᠳᠡᠮᠳᠡᠭᠳᠦ ᠠᠵᠢᠯᠯᠠᠭ᠎ᠠ ᠵᠡᠷᠭᠡ 9 ᠲᠦᠷᠦᠯ ᠤ᠋ᠨ ᠠᠭᠤᠯᠭ᠎ᠠ ᠪᠡᠷ ᠦᠪᠦᠷ ᠮᠤᠨᠭᠭᠤᠯ ᠤ᠋ᠨ ᠰᠤᠶᠤᠯ ᠤᠳᠬ᠎ᠠ ᠤᠷᠠᠯᠢᠭ ᠤ᠋ᠨ ᠦᠢᠯᠡᠰ ᠤ᠋ᠨ ᠬᠦᠭᠵᠢᠯᠳᠡ ᠶ᠋ᠢᠨ ᠦᠷ᠎ᠠ ᠪᠦᠳᠦᠭᠡᠯ ᠢ᠋ ᠪᠦᠬᠦ ᠳᠠᠯ᠎ᠠ ᠪᠡᠷ ᠬᠠᠷᠠᠭᠤᠯᠤᠨ᠂ ᠠᠮᠵᠢᠯᠳᠠ ᠪᠦᠳᠦᠭᠡᠯ ᠢ᠋ ᠠᠷᠠᠳ ᠲᠦᠮᠡᠨ ᠳ᠋ᠦ ᠪᠦᠬᠦ ᠳᠠᠯ᠎ᠠ ᠪᠡᠷ ᠡᠳ᠋ᠯᠡᠬᠦᠯᠵᠤ᠂ ᠠᠷᠠᠳ ᠣᠯᠠᠨ ᠤ᠋ ᠰᠣᠶᠣᠯ ᠤ᠋ᠨ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠢ᠋ ᠤᠯᠠᠮ ᠨᠢᠭᠡ ᠠᠯᠬᠤᠮ ᠨᠡᠮᠡᠭ᠌ᠳᠡᠭᠦᠯᠦᠨ᠂ ᠦᠨᠳᠦᠰᠦᠳᠡᠨ ᠨᠤᠬᠦᠳ ᠤ᠋ᠨ ᠠᠷᠠᠳ ᠲᠦᠮᠡᠨ ᠤ᠋ 《ᠮᠤᠨᠭᠭᠤᠯ ᠮᠤᠷᠢᠨ ᠤ᠋ ᠵᠤᠷᠢᠭ ᠰᠠᠨᠠᠭ᠎ᠠ》 ᠵᠢ ᠦᠷᠬᠦᠯᠵᠢᠯᠡᠨ ᠪᠠᠳᠠᠷᠠᠭᠤᠯᠵᠦ᠂ ᠰᠢᠨ᠎ᠠ ᠴᠠᠭ ᠦᠶ᠎ᠠ ᠵᠢᠨ ᠦᠪᠦᠷ ᠮᠤᠨᠭᠭᠤᠯ ᠵᠢᠡᠨ ᠨᠡᠩ ᠰᠠᠢᠨ ᠪᠦᠳᠦᠭᠡᠨ ᠪᠠᠢᠭᠤᠯᠬᠤ ᠳ᠋ᠤ ᠪᠦᠯᠬᠦᠮᠳᠡᠯ ᠨᠢᠭᠳᠠᠷᠠᠯ ᠤ᠋ᠨ ᠬᠦᠴᠦᠨ ᠢ᠋ ᠴᠢᠩᠭᠠᠳᠬᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面