ᠲᠤᠰᠬᠠᠢ ᠮᠡᠳᠡᠭᠡᠯᠡᠯ > ᠲᠡᠷᠢᠭᠦᠨ᠎ᠦ᠌ ᠬᠢ᠎ᠡᠴᠡ ᠰᠤᠷᠤᠯᠴᠠᠵᠤ ᠵᠣᠷᠢᠭᠲᠠᠢ᠎ᠪᠠᠷ ᠡᠭᠦᠷᠭᠡᠯᠡᠶ᠎ᠡ

2025-02-02 16:10:47

ᠵᠣᠬᠢᠶᠠᠭ᠍ᠴᠢ᠄ ᠬᠤᠤ ᠪᠢᠶᠤᠤ ᠣᠩᠱᠢᠭ᠍ᠰᠠᠨ ᠣᠳᠠᠭ᠎ᠠ᠄ 3

— ᠳᠣᠯᠣᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠠᠯᠪᠠᠲᠠᠨ》 ᠭᠦᠸᠧ ᠸᠠᠩ ᠶᠠᠩ ᠢ᠋ ᠲᠡᠮᠳᠡᠭ᠌ᠯᠡᠪᠠ


1 ᠰᠠᠷ᠎ᠠ᠎ᠶ᠋ᠢᠨ 13᠎ᠤ᠋ ᠡᠳᠦᠷ᠂ ᠡᠪᠦᠯ᠎ᠦᠨ ᠠᠮᠠᠷᠠᠯᠲᠠ᠎ᠶ᠋ᠢᠨ ᠨᠢᠭᠡᠳᠦᠭᠡᠷ ᠡᠳᠦᠷ᠂ ᠦᠬᠠᠶ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠎ᠦᠨ ᠪᠡᠶ᠎ᠡ᠎ᠶ᠋ᠢᠨ ᠲᠠᠮᠢᠷ ᠴᠢᠳᠠᠯ᠎ᠤᠨ ᠪᠣᠯᠪᠠᠰᠤᠷᠠᠯ᠎ᠤᠨ ᠣᠷᠳᠣᠨ᠎ᠳᠤ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠡᠪᠦᠯ᠎ᠦᠨ ᠪᠣᠯᠪᠠᠰᠤᠷᠠᠯ᠎ᠤᠨ ᠬᠢᠴᠢᠶᠡᠯ ᠶᠠᠪᠤᠭ᠍ᠳᠠᠵᠤ ᠪᠠᠢᠯ᠎ᠠ᠃ ᠦᠬᠠᠶ ᠬᠣᠲᠠ᠎ᠶ᠋ᠢᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶ᠋ᠢᠨ ᠣᠯᠠᠨ ᠲᠦᠮᠡᠨ᠎ᠦ ᠪᠡᠶ᠎ᠡ᠎ᠶ᠋ᠢᠨ ᠲᠠᠮᠢᠷ᠎ᠤᠨ ᠰᠠᠯᠠᠭᠠᠨ᠎ᠤ ᠳᠠᠷᠤᠭ᠎ᠠ ᠭᠦᠸᠧ ᠸᠠᠩ ᠶᠠᠩ ᠪᠡᠶ᠎ᠡ᠎ᠶ᠋ᠢᠨ ᠲᠠᠮᠢᠷ᠎ᠤᠨ ᠳᠤᠮᠳᠠᠳᠤ ᠰᠤᠷᠭᠠᠭᠤᠯᠢ᠎ᠶ᠋ᠢᠨ 13 ᠰᠣᠷᠣᠭ᠍ᠴᠢ᠎ᠶ᠋ᠢ ᠳᠠᠭᠠᠭᠤᠯᠤᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠬᠠᠮᠢᠶ᠎ᠠ ᠪᠥᠬᠥᠶ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢ ᠨᠠᠷᠢᠨ ᠣᠢᠯᠠᠭᠠᠭ᠍ᠰᠠᠨ ᠪᠥᠭᠡᠳ ᠬᠠᠨᠳᠤᠯᠭᠠᠲᠤ ᠴᠢᠨᠠᠷᠲᠠᠶ ᠪᠡᠶ᠎ᠡ᠎ᠶ᠋ᠢᠨ ᠲᠠᠮᠢᠷ ᠴᠢᠳᠠᠯ᠎ᠤᠨ ᠪᠣᠯᠪᠠᠰᠤᠷᠠᠯ ᠥᠷᠨᠢᠭᠦᠯᠪᠡ᠃ ᠨᠢᠭᠡ ᠨᠢᠭᠡ ᠬᠦᠮᠦᠨ᠎ᠢᠶᠡᠷ ᠵᠢᠭᠠᠨ ᠵᠢᠯᠣᠭᠣᠳᠴᠤ᠌᠂ ᠨᠢᠭᠡ ᠦᠳᠡ ᠵᠢᠨ ᠡᠮᠦᠨ᠎ᠡ ᠰᠤᠷᠤᠭ᠍ᠴᠢᠳ ᠮᠠᠰᠢ ᠤᠯᠤᠯᠳᠠ ᠲᠠᠢ ᠪᠠᠢᠵᠤ᠂ ᠲᠡᠳᠡᠨ᠎ᠤ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠳᠤᠷ᠎ᠠ ᠪᠠᠬ᠎ᠠ᠎ᠶ᠋ᠢ ᠨᠡᠮᠡᠭᠳᠡᠬᠦᠯᠪᠠ᠃

ᠡᠨᠡ ᠵᠢᠯ 39 ᠨᠠᠰᠤᠲᠠᠶ ᠭᠦᠸᠧ ᠸᠠᠩ ᠶᠠᠩ ᠨᠢᠭᠡᠨᠲᠡ ᠪᠡᠶ᠎ᠡ᠎ᠶ᠋ᠢᠨ ᠲᠠᠮᠢᠷ᠎ᠤᠨ ᠪᠤᠯᠪᠠᠰᠤᠷᠠᠯ᠎ᠤᠨ ᠠᠵᠢᠯ ᠳ᠋ᠤ 16 ᠵᠢᠯ ᠵᠢᠳᠬᠦᠪᠡ᠃ ᠲᠡᠷᠡ ᠡᠩ᠎ᠦᠨ ᠦᠶ᠎ᠡ᠎ᠳᠦ ᠤᠯᠠᠨ ᠲᠦᠮᠡᠨᠴᠢ ᠴᠢᠨᠠᠷᠲᠠᠢ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠥᠷᠨᠢᠭᠦᠯᠬᠦ᠌᠎ᠡᠴᠡ ᠭᠠᠳᠠᠨ᠎ᠠ ᠪᠠᠰᠠ ᠥᠪᠥᠷ ᠮᠣᠩᠭᠣᠯ᠎ᠤᠨ ᠦᠬᠠᠢ᠎ᠶ᠋ᠢᠨ ᠡᠯᠡᠰᠦᠨ ᠲᠠᠩ᠎ᠤᠨ ᠬᠦᠯ ᠪᠥᠮᠪᠥᠭᠡ᠎ᠶ᠋ᠢᠨ ᠠᠩᠬᠢ᠎ᠶ᠋ᠢᠨ ᠭᠡᠱᠢᠭᠦᠨ ᠤ᠋ ᠨᠢᠬᠡ ᠨᠢ ᠶᠤᠮ᠃ ᠪᠣᠯᠪᠠᠰᠤᠷᠠᠯ ᠪᠠ ᠤᠷᠤᠯᠳᠤᠭᠠᠨ᠎ᠳᠤ ᠣᠷᠣᠯᠴᠠᠬᠤ᠎ᠶ᠋ᠢᠨ ᠬᠠᠮᠲᠤ ᠭᠦᠸᠧ ᠸᠠᠩ ᠶᠠᠩ ᠣᠯᠠᠨ ᠲᠦᠮᠡᠨ᠎ᠦ ᠳᠤᠮᠳᠠ ᠡᠯᠡᠰᠦᠨ ᠲᠠᠩ᠎ᠤᠨ ᠬᠥᠯ ᠪᠥᠮᠪᠥᠭᠡ᠎ᠶ᠋ᠢ ᠲᠦᠭᠡᠮᠡᠯᠵᠢᠭᠦᠯᠦᠨ ᠳᠡᠯᠭᠡᠷᠡᠭᠦᠯᠵᠦ᠍᠂ ᠡᠨᠡ ᠬᠦ᠌ ᠲᠠᠮᠢᠷ᠎ᠤᠨ ᠬᠥᠳᠡᠯᠭᠡᠭᠡᠨ᠎ᠢ ᠨᠠᠩ ᠣᠯᠠᠨ ᠬᠥᠮᠦᠨ᠎ᠳᠦ ᠤᠢᠯᠠᠭᠠᠭᠤᠯᠪᠠ᠃

《ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠨᠢᠭᠡ ᠵᠦᠶ᠋ᠯ᠎ᠦᠨ ᠬᠡᠯᠪᠡᠷᠢ ᠪᠣᠯᠤᠭ᠍ᠰᠠᠨ᠎ᠤ ᠬᠤᠪᠢ᠎ᠳᠤ ᠡᠯᠡᠰᠦᠨ ᠲᠠᠩ᠎ᠤᠨ ᠬᠥᠯ ᠪᠥᠮᠪᠥᠭᠡ ᠨᠢ ᠥᠪᠡᠷᠮᠢᠴᠡ ᠲᠠᠲᠠᠬᠤ ᠬᠦᠴᠦᠨ᠎ᠢᠶᠡᠷ ᠵᠢᠡᠨ ᠦᠳᠲᠡᠷ ᠲᠦᠷᠭᠡᠨ ᠬᠥᠭ᠌ᠵᠢᠪᠡ᠃》 ᠭᠦᠸᠧ ᠸᠠᠩ ᠶᠠᠩ᠎ᠤᠨ ᠲᠠᠨᠢᠯᠴᠠᠭᠤᠯᠤᠭᠰᠠᠨ ᠵᠢᠡᠷ᠂ ᠦᠬᠠᠶ ᠬᠣᠲᠠ ᠡᠯᠡᠰᠦᠨ ᠲᠠᠩ᠎ᠤᠨ ᠬᠥᠯ ᠪᠥᠮᠪᠥᠭᠡ᠎ᠶ᠋ᠢ ᠬᠥᠭ᠌ᠵᠢᠭᠦᠯᠬᠦ ᠣᠯᠠᠨ ᠲᠦᠮᠡᠨ᠎ᠦ ᠰᠠᠭᠤᠷᠢ᠎ᠲᠠᠶ᠎ᠪᠠᠷ ᠪᠠᠷᠠᠬᠤ ᠥᠬᠡᠶ ᠪᠠᠰᠠ ᠡᠯᠡᠰᠦᠨ ᠲᠠᠩ᠎ᠤᠨ ᠥᠪᠡᠷᠮᠢᠴᠡ ᠪᠠᠢᠭᠠᠯᠢ᠎ᠶ᠋ᠢᠨ ᠨᠥᠬᠥᠴᠡᠯ᠎ᠲᠡᠶ ᠶᠤᠮ᠃ 2018 ᠣᠨ᠎ᠳᠤ ᠲᠠᠳᠠ ᠦᠬᠠᠶ ᠬᠣᠲᠠ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠺᠯᠦᠪ᠎ᠦᠨ ᠤᠷᠤᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠦᠭ᠌ᠰᠡᠨ ᠪᠥᠭᠡᠳ ᠤᠷᠤᠯᠳᠤᠭᠠᠨ᠎ᠤ ᠳᠤᠮᠳᠠ᠎ᠡᠴᠡ ᠱᠢᠯᠢᠳᠡᠭ ᠲᠠᠮᠢᠷᠴᠢᠨ ᠰᠣᠩᠭᠣᠵᠤ᠂ ᠥᠪᠥᠷ ᠮᠣᠩᠭᠣᠯ᠎ᠤᠨ ᠦᠬᠠᠶ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠠᠩᠭᠢ᠎ᠶ᠋ᠢ ᠪᠠᠢᠭᠤᠯᠵᠠᠢ᠃ ᠲᠡᠷᠡ ᠦᠶ᠎ᠡ᠎ᠡᠴᠡ ᠡᠬᠢᠯᠡᠨ ᠡᠯᠡᠰᠦᠨ ᠲᠠᠩ᠎ᠤᠨ ᠬᠥᠯ ᠪᠥᠮᠪᠥᠭᠡ ᠭᠡᠬᠦ᠌ ᠲᠠᠮᠢᠷ᠎ᠤᠨ ᠬᠥᠳᠡᠯᠭᠡᠭᠡᠨ ᠦᠬᠠᠶ᠎ᠳᠤ ᠥᠷᠨᠢᠨ ᠬᠥᠭ᠌ᠵᠢᠭᠰᠡᠨ ᠪᠠᠢᠨ᠎ᠠ᠃

《ᠡᠬᠢᠨ᠎ᠳᠡᠭᠡᠨ ᠪᠢᠳᠡ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠳᠦᠷᠢᠮ ᠲᠣᠭ᠍ᠲᠠᠭᠠᠯ ᠨᠢ ᠶᠠᠭᠤ ᠬᠡᠳᠡᠭ᠎ᠢ ᠮᠡᠳᠡᠬᠦ᠌ ᠦᠭᠡᠢ᠂ ᠬᠠᠮᠲᠤ᠎ᠪᠠᠷ ᠸᠢᠳᠢᠣ᠋ ᠦᠵᠡᠵᠦ᠍᠂ ᠪᠤᠰᠤᠳ᠎ᠢ ᠳᠠᠭᠤᠷᠢᠶᠠᠵᠤ᠂ ᠬᠦᠮᠦᠨ᠎ᠤ ᠬᠢ ᠵᠢ ᠰᠤᠳᠤᠯᠵᠤ᠂ ᠪᠣᠯᠪᠠᠰᠤᠷᠠᠯ᠎ᠢ ᠵᠣᠬᠢᠶᠠᠨ ᠪᠠᠢᠭᠤᠯᠵᠦ ᠪᠠᠢᠭᠰᠠᠨ᠃ ᠠᠩᠭᠢ᠎ᠶ᠋ᠢᠨ ᠭᠡᠱᠢᠭᠦᠳ ᠡᠯ᠎ᠡ ᠠᠵᠢᠯ ᠲᠥᠷᠥᠯ᠎ᠤᠨ ᠬᠢᠨ᠎ᠡᠴᠡ ᠢᠷᠡᠵᠤ᠂ ᠠᠯᠪᠠᠲᠠᠨ᠂ ᠪᠠᠭ᠍ᠰᠢ᠂ ᠦᠢᠯᠡᠳᠪᠦᠷᠢ ᠬᠤᠳᠠᠯᠳᠤᠭᠠᠨ᠎ᠤ ᠬᠤᠪᠢ ᠡᠷᠦᠬᠡ ᠵᠢᠨ ᠡᠵᠡᠩᠨᠡᠭᠴᠢ ᠪᠦᠷ ᠪᠤᠢ ᠃ ᠭᠠᠷᠠᠭ ᠪᠦᠷᠢ ᠬᠠᠮᠲᠤ ᠴᠤᠭ᠍ᠯᠠᠷᠠᠵᠤ ᠪᠣᠯᠪᠠᠰᠤᠷᠠᠯ ᠬᠢᠵᠦ᠍᠂ ᠤᠷᠤᠯᠳᠤᠭᠠᠨ ᠡᠷᠬᠢᠯᠡᠳᠡᠭ》 ᠭᠡᠵᠦ ᠭᠦᠸᠧ ᠸᠠᠩ ᠶᠠᠩ ᠳᠠᠨᠢᠯᠴᠠᠭᠤᠯᠤᠨ᠎ᠠ᠃ ᠪᠥᠮᠪᠥᠭᠡ ᠢᠰᠭᠦᠯᠬᠦ᠌ ᠬᠢᠷᠢ ᠲᠦᠪᠱᠢᠨ᠎ᠦ ᠠᠯᠬᠤᠮ ᠠᠯᠬᠤᠮ᠎ᠢᠶᠠᠷ ᠳᠡᠭᠡᠭ᠌ᠰᠢᠯᠡᠬᠦ᠌᠎ᠶ᠋ᠢ ᠳᠠᠭᠠᠯᠳᠤᠨ ᠲᠡᠳᠡ ᠪᠠᠰᠠ ᠦᠬᠠᠶ ᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠨ ᠤᠷᠤᠯᠳᠤᠭᠠᠨ᠎ᠳᠤ ᠣᠷᠣᠯᠴᠠᠪᠠ᠃ ᠡᠨᠡ ᠵᠢᠯ ᠦᠬᠠᠶ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠠᠩᠭᠢ ᠪᠠᠰᠠ ᠥᠪᠡᠷᠲᠡᠭᠡᠨ ᠵᠠᠰᠠᠬᠤ ᠣᠷᠣᠨ᠎ᠢ ᠲᠥᠯᠥᠭᠡᠯᠡᠨ 《ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ》 ᠤ᠋ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠤᠷᠤᠯᠳᠤᠭᠠᠨ᠎ᠳᠤ ᠣᠷᠣᠯᠴᠠᠬᠤ ᠪᠤᠯᠤᠨ᠎ᠠ᠃

ᠦᠬᠠᠶ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠠᠩᠭᠢ᠎ᠶ᠋ᠢᠨ ᠭᠤᠤᠯ ᠳᠠᠰᠭᠠᠯᠵᠢᠭᠤᠯᠤᠭ᠍ᠴᠢ ᠰᠦᠨ ᠪᠥᠸᠧ ᠰᠤᠷᠪᠤᠯᠵᠢᠯᠠᠭ᠍ᠴᠢ᠎ᠳᠤ᠂ ᠭᠦᠸᠧ ᠸᠠᠩ ᠶᠠᠩ ᠪᠣᠯ ᠬᠦᠯ ᠪᠦᠮᠪᠦᠬᠡ ᠵᠢᠨ ᠲᠠᠯᠠᠪᠠᠶ ᠳ᠋ᠤ ᠤᠷᠤᠯᠳᠤᠬᠴᠢ ᠲᠠᠮᠢᠷᠴᠢᠨ ᠪᠣᠯᠬᠤ ᠪᠥᠭᠡᠳ ᠦᠬᠠᠶ ᠬᠣᠲᠠ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠵᠣᠬᠢᠶᠠᠨ ᠪᠠᠢᠭᠤᠯᠤᠭ᠍ᠴᠢ ᠪᠣᠯᠤᠨ᠎ᠠ᠃ ᠡᠩ᠎ᠦᠨ ᠦᠶ᠎ᠡ᠎ᠶ᠋ᠢᠨ ᠪᠣᠯᠪᠠᠰᠤᠷᠠᠯ ᠪᠠ ᠤᠷᠤᠯᠳᠤᠭᠠᠨ᠎ᠳᠤ ᠭᠦᠸᠧ ᠸᠠᠩ ᠶᠠᠩ ᠪᠦᠷ ᠢᠳᠡᠪᠬᠢᠲᠡᠢ ᠲᠡᠮᠡᠴᠡᠬᠦ᠌ ᠵᠣᠷᠢᠭ ᠰᠠᠨᠠᠭ᠎ᠠ᠎ᠶ᠋ᠢ ᠢᠯᠡᠷᠡᠭᠦᠯᠳᠡᠭ᠃ ᠲᠡᠭᠦᠨ᠎ᠦ ᠡᠨᠡ ᠬᠦ᠌ ᠵᠣᠷᠢᠭ ᠰᠠᠨᠠᠭᠠᠨ᠎ᠤ ᠳᠠᠭᠠᠭᠤᠯᠭ᠎ᠠ ᠳᠤᠤᠷ᠎ᠠ ᠦᠬᠠᠶ ᠬᠣᠲᠠ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ ᠵᠢᠴᠢ ᠪᠤᠰᠤᠳ ᠣᠯᠠᠨ ᠲᠦᠮᠡᠨᠴᠢ ᠴᠢᠨᠠᠷᠲᠠᠶ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ ᠴᠥᠮ ᠰᠠᠢᠨ ᠰᠠᠢᠬᠠᠨ ᠬᠥᠭ᠌ᠵᠢᠯᠲᠡ ᠲᠠᠢ ᠪᠤᠯᠪᠠ ᠭᠡᠪᠡ᠃

ᠡᠲᠡᠭᠡᠷ ᠵᠢᠯ᠎ᠦᠳ᠎ᠲᠦ ᠦᠬᠠᠶ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠠᠩᠭᠢ ᠤᠷᠢᠳ ᠬᠣᠵᠢᠳ ᠳᠤᠮᠳᠠᠳᠤ ᠤᠯᠤᠰ᠎ᠤᠨ ᠣᠯᠠᠨ ᠤᠯᠤᠰ᠎ᠤᠨ ᠠᠵᠢᠯᠲᠠᠨ ᠠᠵᠢᠯᠴᠢᠨ᠎ᠤ ᠡᠯᠡᠰᠦᠨ ᠲᠠᠩ᠎ᠤᠨ ᠲᠠᠮᠢᠷ᠎ᠤᠨ ᠴᠤᠭ᠍ᠯᠠᠭᠠᠨ᠎ᠤ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠲᠥᠷᠥᠯ ᠵᠦᠶ᠋ᠯ᠎ᠦᠨ ᠮᠠᠩᠯᠠᠶ᠂ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠦᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠲᠣᠭᠣᠷᠢᠨ ᠤᠷᠤᠯᠳᠤᠬᠤ ᠤᠷᠤᠯᠳᠤᠭᠠᠨ (ᠬᠠᠢᠨᠠᠨ᠎ᠤ ᠯᠢᠩ ᠱᠦᠶ ᠥᠷᠲᠡᠭᠡ)᠎ᠤ᠋ ᠳᠡᠳ᠋᠂ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠦᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ (ᠥᠪᠥᠷ ᠮᠣᠩᠭᠣᠯ᠎ᠤᠨ ᠦᠬᠠᠶ ᠥᠷᠲᠡᠭᠡ)᠎ᠤ᠋ ᠭᠤᠷᠪᠠᠳᠤᠭᠠᠷ ᠲᠤ᠌ ᠤᠷᠤᠬᠰᠠᠨ ᠵᠡᠷᠭᠡ ᠮᠠᠰᠢ ᠣᠯᠠᠨ ᠢᠷᠠᠭᠤ ᠠᠯᠳᠠᠷ᠎ᠢ ᠭᠥᠷᠳᠡᠭᠰᠡᠨ ᠶᠤᠮ᠃ ᠦᠬᠠᠶ ᠬᠣᠲᠠ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ 3 ᠲᠠᠮᠢᠷᠴᠢᠨ ᠪᠠᠰᠠ ᠳᠤᠮᠳᠠᠳᠤ ᠤᠯᠤᠰ᠎ᠤᠨ ᠡᠷᠡᠭ᠌ᠲᠡᠶ᠎ᠶ᠋ᠢᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠤᠯᠤᠰ᠎ᠤᠨ ᠠᠩᠭᠢ᠎ᠳᠤ ᠰᠣᠩᠭᠣᠭ᠍ᠳᠠᠪᠠ᠃

ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠲᠡᠮᠢᠷ᠎ᠤᠨ ᠬᠥᠳᠡᠯᠭᠡᠭᠡᠨ᠎ᠦ ᠬᠥᠭ᠌ᠵᠢᠯᠲᠡ ᠨᠢ ᠵᠥᠪᠬᠡᠨ ᠦᠬᠠᠶ ᠬᠣᠲᠠ᠎ᠶ᠋ᠢᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠥᠷᠨᠢᠩᠭᠦᠶ ᠬᠥᠭ᠌ᠵᠢᠯᠲᠡ᠎ᠶ᠋ᠢᠨ ᠨᠢᠭᠡᠨ ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃ ᠡᠳᠦᠭᠡ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠥᠳᠡᠯᠭᠡᠭᠡᠨ᠎ᠳᠦ ᠣᠷᠣᠯᠴᠠᠬᠤ ᠬᠠᠯᠠᠮᠱᠢᠯ ᠨᠢ ᠠᠭᠠᠵᠢᠮ᠎ᠢᠶᠠᠷ ᠮᠠᠰᠢ ᠤᠯᠠᠨ ᠦᠬᠠᠢ᠎ᠶ᠋ᠢᠨ ᠬᠥᠮᠦᠰ᠎ᠦᠨ ᠬᠥᠭᠡᠭᠡᠴᠡᠯᠳᠦᠯ ᠪᠣᠯᠪᠠ᠃

ᠭᠦᠸᠧ ᠸᠠᠩ ᠶᠠᠩ᠎ᠤᠨ ᠲᠠᠨᠢᠯᠴᠠᠭᠤᠯᠤᠭ᠍ᠰᠠᠨ᠎ᠢᠶᠠᠷ᠂ ᠣᠳᠣᠬᠠᠨ᠎ᠳᠤ ᠦᠬᠠᠶ ᠬᠣᠲᠠ᠎ᠳᠤ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ 56᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ 5᠂ ᠨᠡᠢᠭᠡᠮ ᠲᠣᠭᠣᠷᠢᠭ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ 13᠂ ᠡᠯ᠎ᠡ ᠱᠠᠲᠤᠨ᠎ᠤ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ 38 ᠪᠠᠢᠵᠤ᠂ ᠪᠥᠬᠥ᠌ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ 169.47 ᠲᠦᠮᠡᠨ ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠬᠥᠮᠦᠨ ᠳᠤᠮᠳᠠᠴᠢ᠎ᠳ᠋ᠤ ᠨᠤᠬᠳᠠᠬᠤ ᠪᠡᠶ᠎ᠡ᠎ᠶ᠋ᠢᠨ ᠲᠠᠮᠢᠷ᠎ᠤᠨ ᠲᠠᠯᠠᠪᠠᠶ 3.04 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠪᠥᠬᠥ᠌ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠳᠠᠭ ᠬᠥᠮᠦᠨ ᠠᠮᠠ᠎ᠶ᠋ᠢᠨ ᠬᠠᠷᠢᠴᠠᠯ 38.7%᠎ᠳ᠋ᠤ ᠬᠦᠷᠴᠡᠶ᠃ ᠡᠭᠦᠨ᠎ᠦ ᠬᠠᠮᠲᠤ ᠦᠬᠠᠶ ᠬᠣᠲᠠ ᠪᠠᠰᠠ ᠣᠯᠠᠨ ᠲᠦᠮᠡᠨᠴᠢ ᠴᠢᠨᠠᠷᠲᠠᠶ ᠤᠷᠤᠯᠳᠤᠭᠠᠨ᠎ᠤ ᠠᠵᠢᠯᠯᠠᠭ᠎ᠠ᠎ᠶ᠋ᠢ ᠢᠳᠡᠪᠬᠢᠲᠡᠶ ᠵᠣᠬᠢᠶᠠᠨ ᠪᠠᠢᠭᠤᠯᠤᠨ ᠥᠷᠨᠢᠭᠦᠯᠵᠦ᠍᠂ 2024 ᠣᠨ᠎ᠳᠤ ᠤᠷᠢᠳ ᠬᠣᠵᠢᠳ 2024 ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠦᠨ 《ᠨᠢᠭᠡ ᠪᠦᠰᠡ ᠨᠢᠭᠡ ᠵᠠᠮ》 ᠬᠤᠨᠳᠠᠭᠠᠲᠤ ᠣᠯᠠᠨ ᠤᠯᠤᠰ᠎ᠤᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠤᠷᠢᠯᠭ᠎ᠠ᠎ᠶ᠋ᠢᠨ ᠤᠷᠤᠯᠳᠤᠭᠠᠨ᠂ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠨᠡᠢᠭᠡᠮᠯᠢᠭ᠎ᠦᠨ ᠡᠯᠡᠰᠦᠨ ᠲᠠᠩ᠎ᠤᠨ ᠬᠥᠯ ᠪᠥᠮᠪᠥᠭᠡ᠎ᠶ᠋ᠢᠨ ᠲᠣᠭᠣᠷᠢᠨ ᠤᠷᠤᠯᠳᠤᠬᠤ ᠤᠷᠤᠯᠳᠤᠭᠠᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ᠂ ᠬᠠᠲᠤᠨ ᠭᠤᠤᠯ᠎ᠳᠠᠭᠠᠤ᠎ᠵᠢᠨ ᠶᠢᠰᠦᠨ ᠮᠤᠵᠢ ᠣᠷᠣᠨ᠎ᠤ ᠦᠬᠠᠶ ᠨᠠᠭᠤᠷ᠎ᠤᠨ ᠢᠯᠡ ᠤᠰᠤᠨ ᠣᠷᠣᠨ᠎ᠤ ᠤᠮᠪᠠᠯᠲᠠ᠎ᠶ᠋ᠢᠨ ᠤᠷᠤᠯᠳᠤᠭᠠᠨ ᠵᠡᠷᠭᠡ 91 ᠵᠦᠶ᠋ᠯ᠎ᠦᠨ ᠠᠵᠢᠯᠯᠠᠭ᠎ᠠ᠎ᠥᠷᠨᠢᠭᠦᠯᠵᠦ᠍᠂ 22.8 ᠲᠦᠮᠡᠨ ᠬᠥᠮᠦᠨ ᠤᠳᠠᠭ᠎ᠠ᠎ᠵᠢ ᠳᠠᠢᠴᠢᠯᠠᠨ ᠤᠷᠤᠯᠳᠤᠭᠠᠨ᠎ᠳᠦ ᠣᠷᠣᠯᠴᠠᠭᠤᠯᠵᠤ᠂ ᠣᠯᠠᠨ ᠲᠦᠮᠡᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠭᠤᠤᠯ ᠴᠤᠬᠴᠠ ᠪᠣᠯᠤᠭ᠍ᠰᠠᠨ ᠪᠠᠢᠨ᠎ᠠ᠃

ᠠᠵᠢᠯ᠎ᠤᠨ ᠳᠤᠮᠳᠠ ᠭᠦᠸᠧ ᠸᠠᠩ ᠶᠠᠩ ᠶᠡᠷᠦ ᠡᠴᠡ ᠪᠠᠷᠤᠭ᠎ᠢ ᠨᠢ ᠦᠵᠡᠵᠤ ᠪᠤᠯᠭᠠᠳᠠᠭ ᠦᠬᠡᠢ᠂ ᠬᠠᠷᠢᠨ ᠶᠠᠪᠤᠳᠠᠯ ᠪᠦᠬᠦᠨ ᠳ᠋ᠤ ᠨᠢᠬᠳᠠ ᠡᠴᠡ ᠨᠢᠬᠳᠠ ᠪᠠᠢᠬᠤ ᠵᠢ ᠬᠦᠭᠡᠭᠡᠴᠡᠯᠳᠦᠳᠡᠭ᠃ ᠶᠠᠭ ᠡᠢᠮᠦᠷᠬᠦᠦ ᠨᠢᠭ᠍ᠲᠠ᠎ᠠᠴᠠ ᠨᠢᠭ᠍ᠲᠠ᠂ ᠲᠡᠭᠦᠰ ᠰᠠᠢᠬᠠᠨ᠎ᠢ ᠬᠥᠭᠡᠭᠡᠴᠡᠯᠳᠦᠬᠦ᠌ ᠢᠲᠡᠭᠡᠯ ᠵᠣᠷᠢᠭ ᠪᠠᠢᠭ᠍ᠰᠠᠨ᠎ᠠᠴᠠ ᠭᠦᠸᠧ ᠸᠠᠩ ᠶᠠᠩ ᠤᠷᠢᠳ ᠬᠣᠵᠢᠳ ᠪᠦᠬᠦ᠌ ᠤᠯᠤᠰ᠎ᠤᠨ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠲᠡᠷᠢᠭᠦᠨ᠎ᠦ ᠬᠤᠪᠢ ᠬᠥᠮᠦᠨ᠂ ᠪᠦᠬᠦ᠌ ᠣᠷᠣᠨ᠎ᠤ ᠤᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠲᠡᠷᠢᠭᠦᠨ᠎ᠦ ᠬᠤᠪᠢ ᠬᠥᠮᠦᠨ᠎ᠤ ᠢᠷᠠᠭᠤ ᠠᠯᠳᠠᠷ᠎ᠢ ᠬᠦᠷᠳᠡᠵᠤ ᠪᠢᠯᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面