2025-01-13 10:58:00
1 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠪᠡᠯᠡᠳᠭᠡᠯ ᠠᠵᠢᠯ ᠤᠨ ᠳᠤᠭᠤᠢᠯᠠᠩ ᠲᠥᠯᠥᠭᠡᠯᠡᠭ᠌ᠴᠢᠳ᠎ᠦᠨ ᠪᠦᠯᠬᠦᠮ᠎ᠦᠨ ᠬᠠᠷᠢᠭᠤᠴᠠᠯᠭᠠᠲᠠᠨ᠂ ᠪᠦᠯᠬᠦᠮ ᠳᠠᠭᠠᠭᠰᠠᠨ ᠠᠵᠢᠯᠳᠠᠳ ᠤ᠋ᠨ ᠬᠠᠷᠢᠭᠤᠴᠠᠯᠭᠠᠲᠠᠨ ᠪᠣᠯᠤᠨ ᠶᠡᠬᠡ ᠬᠤᠷᠠᠯ ᠤᠨ ᠠᠵᠢᠯ ᠤᠨ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ᠎ᠤ ᠬᠤᠷᠠᠯ ᠬᠤᠷᠠᠯᠳᠤᠭᠤᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠡᠷᠬᠢᠯᠡᠭ᠌ᠴᠢ᠂ ᠪᠡᠯᠡᠳᠭᠡᠯ ᠠᠵᠢᠯ᠎ᠤᠨ ᠳᠤᠭᠤᠢᠯᠠᠩ᠎ᠤᠨ ᠳᠠᠷᠤᠭ᠎ᠠ ᠯᠢᠨ ᠱᠤᠤ ᠴᠦᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ᠂ ᠪᠡᠯᠡᠳᠭᠡᠯ ᠠᠵᠢᠯ᠎ᠤᠨ ᠳᠤᠭᠤᠢᠯᠠᠩ᠎ᠤᠨ ᠳᠡᠳ᠋ ᠳᠠᠷᠤᠭ᠎ᠠ ᠵᠠᠩ ᠱᠤᠤ ᠴᠦᠨ ᠬᠤᠷᠠᠯ᠎ᠳᠤ ᠣᠷᠣᠯᠴᠠᠵᠠᠶ᠃ ᠬᠤᠷᠠᠯ ᠡᠴᠡ ᠬᠠᠮᠢᠶ᠎ᠠ ᠪᠦᠬᠦᠢ ᠪᠠᠢᠳᠠᠯ ᠢ ᠮᠡᠳᠡᠭ᠌ᠳᠡᠪᠡ᠃
ᠬᠤᠷᠠᠯ᠎ᠡᠴᠡ᠂ ᠤᠯᠤᠰ ᠲᠦᠷᠦ᠍ ᠪᠠ ᠪᠦᠬᠦ᠌ ᠲᠠᠯ᠎ᠠ᠎ᠶ᠋ᠢᠨ ᠦᠨᠳᠦᠷᠴᠡ ᠡᠴᠡ ᠡᠨᠡ ᠤᠳᠠᠭ᠎ᠠ᠎ᠶ᠋ᠢᠨ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ᠎ᠶ᠋ᠢᠨ ᠴᠢᠬᠤᠯᠠ ᠠᠴᠢ ᠬᠣᠯᠪᠣᠭ᠍ᠳᠠᠯ᠎ᠢ ᠲᠠᠨᠢᠵᠤ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠶᠡᠬᠡ ᠬᠤᠷᠠᠯ᠎ᠢ ᠰᠠᠢᠲᠤᠷ ᠬᠤᠷᠠᠯᠳᠤᠭᠤᠯᠬᠤ ᠡᠬᠦᠷᠬᠡ ᠬᠠᠷᠢᠭᠤᠴᠠᠯᠭᠠᠲᠤ ᠰᠡᠳᠭᠢᠯᠭᠡ ᠪᠠᠨ ᠤᠯᠠᠮ ᠨᠢᠭᠡ ᠠᠯᠬᠤᠮ ᠴᠢᠩᠭᠠᠳᠭᠠᠵᠤ᠂ ᠨᠡᠩ ᠥᠨᠳᠥᠷ ᠤᠯᠤᠰ ᠲᠦᠷᠦ᠍᠎ᠶ᠋ᠢᠨ ᠵᠣᠭ᠍ᠰᠣᠴᠠ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠶᠡᠬᠡ ᠬᠤᠷᠠᠯ ᠤᠨ ᠡᠯ᠎ᠡ ᠵᠦᠢᠯ᠎ᠦᠨ ᠠᠵᠢᠯ ᠢ ᠯᠠᠪᠳᠠᠭᠤᠨ ᠪᠠᠲᠤᠲᠠᠢ ᠰᠠᠢᠲᠤᠷ ᠬᠢᠬᠦ᠌ ᠬᠡᠷᠡᠭ᠌ᠲᠡᠢ᠃ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠶᠡᠬᠡ ᠬᠤᠷᠠᠯ᠎ᠤᠨ ᠠᠵᠢᠯ᠎ᠤᠨ ᠡᠯ᠎ᠡ ᠬᠦᠷᠢᠶ᠎ᠠ ᠴᠠᠷᠠᠭ᠎ᠠ ᠡᠯ᠎ᠡ ᠭᠣᠭ᠍ᠴᠣᠭ᠎ᠠ ᠡᠯ᠎ᠡ ᠲᠠᠯ᠎ᠠ᠎ᠳᠤ ᠪᠦᠬᠦ᠌ ᠲᠠᠯ᠎ᠠ᠎ᠪᠠᠷ᠂ ᠱᠢᠰᠲ᠋ᠧᠮ᠎ᠲᠡᠶ᠂ ᠪᠦᠬᠦᠯᠢ ᠴᠣᠭ᠍ᠴᠠ᠎ᠪᠠᠷ ᠨᠠᠢᠳᠠᠪᠤᠷᠢᠵᠢᠭᠤᠯᠵᠤ᠂ ᠨᠠᠮ ᠤᠨ ᠵᠣᠷᠢᠯᠲᠠ᠎ᠶ᠋ᠢ ᠬᠠᠤᠯᠢ᠎ᠳᠤ ᠲᠣᠭ᠍ᠲᠠᠭᠠᠭ᠍ᠰᠠᠨ ᠲᠡᠰ ᠳᠠᠷᠠᠭᠠᠯᠠᠯ ᠢᠶᠠᠷ ᠳᠠᠮᠵᠢᠨ ᠪᠦᠬᠦ᠌ ᠣᠷᠣᠨ ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠦ ᠤᠬᠠᠮᠰᠠᠷᠲᠤ ᠠᠵᠢᠯᠯᠠᠭ᠎ᠠ ᠪᠣᠯᠭᠠᠬᠤ᠎ᠶ᠋ᠢ ᠪᠠᠲᠤᠯᠠᠬᠤ ᠬᠡᠷᠡᠭ᠌ᠲᠡᠢ᠃ ᠵᠣᠬᠢᠶᠠᠨ ᠪᠠᠢᠭᠤᠯᠵᠤ ᠤᠳᠤᠷᠢᠳᠭᠤ ᠪᠠᠨ ᠴᠢᠩᠭᠠᠳᠭᠠᠵᠤ᠂ ᠡᠯ᠎ᠡ ᠵᠦᠢᠯ᠎ᠦᠨ ᠮᠡᠳᠡᠭᠦᠯᠦᠯᠲᠡ᠎ᠶ᠋ᠢ ᠲᠦᠯᠦᠭᠡᠯᠡᠭᠴᠢᠳ ᠰᠠᠢᠲᠤᠷ ᠬᠢᠨᠠᠨ ᠵᠥᠪᠯᠡᠬᠦ᠌᠎ᠶ᠋ᠢ ᠪᠠᠲᠤᠯᠠᠵᠤ᠂ ᠰᠣᠩᠭᠣᠭᠤᠯᠢ ᠬᠢᠬᠦ᠌᠂ ᠪᠠᠲᠤᠯᠠᠯᠳᠠ ᠬᠢᠬᠦ ᠠᠵᠢᠯ᠎ᠢ ᠴᠢᠩᠭ᠎ᠠ ᠨᠢᠮᠪᠠᠢ ᠰᠠᠢᠲᠤᠷ ᠬᠢᠵᠦ᠍᠂ 《ᠨᠢᠭᠡ ᠭᠣᠣᠯ ᠱᠢᠵᠢᠮ ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ ᠢ ᠰᠠᠢᠲᠤᠷ ᠬᠢᠬᠦ᠌᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠬᠡᠬᠡᠵᠤ ᠳᠤᠮᠳᠠ ᠲᠦᠪᠰᠢᠨ᠎ᠳᠤ ᠣᠷᠣᠬᠤ 》 ᠭᠣᠣᠯ ᠠᠵᠢᠯ ᠶᠡᠬᠡ ᠲᠠᠯ᠎ᠠ ᠵᠢᠴᠢ ᠨᠡᠢᠭᠡᠮ᠎ᠦᠨ ᠨᠡᠢᠳᠡᠮ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠂ ᠬᠦᠴᠢᠷ ᠠᠰᠠᠭᠤᠳᠠᠯ᠎ᠤᠨ ᠲᠣᠭᠣᠷᠢᠨ ᠳᠤ ᠴᠢᠨᠠᠷ ᠰᠠᠢᠲᠠᠢ ᠰᠠᠨᠠᠯ ᠰᠠᠨᠠᠭᠤᠯᠭ᠎ᠠ ᠳᠤᠷᠠᠳᠭᠤ ᠬᠡᠷᠡᠭ᠌ᠲᠡᠢ᠃ ᠶᠡᠬᠡ ᠬᠤᠷᠠᠯ᠎ᠤᠨ ᠡᠯ᠎ᠡ ᠵᠦᠶ᠋ᠯ᠎ᠦᠨ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠠᠮᠤᠷ ᠲᠦᠪᠱᠢᠨ ᠢ ᠬᠠᠮᠠᠭᠠᠯᠠᠬᠤ ᠪᠠ ᠰᠣᠨᠢᠨ ᠮᠡᠳᠡᠭᠡᠨ᠎ᠦ ᠰᠤᠷᠳᠡᠯ ᠤᠬᠠᠭᠤᠯᠭ᠎ᠠ ᠵᠡᠷᠭᠡ ᠠᠵᠢᠯ᠎ᠢ ᠨᠠᠷᠢᠨ ᠬᠢᠨᠠᠮᠠᠭᠠᠶ ᠰᠠᠢᠲᠤᠷ ᠬᠢᠵᠦ᠍᠂ ᠬᠤᠷᠠᠯ ᠤᠨ ᠰᠤᠷᠲᠠᠯ ᠬᠤᠷᠠᠯ᠎ᠤᠨ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠪᠠ ᠬᠢᠨᠠᠯᠲᠠ ᠲᠠᠯᠪᠢᠬᠤ ᠴᠢᠬᠤᠯᠠ ᠴᠢᠨᠡᠷ ᠢ ᠴᠢᠩᠭᠠᠳᠭᠠᠵᠤ᠂ ᠶᠡᠬᠡ ᠬᠤᠷᠠᠯ᠎ᠢ ᠲᠣᠭ᠍ᠲᠠᠭ᠍ᠰᠠᠨ ᠬᠤᠭᠤᠴᠠᠭᠠᠨ᠎ᠳᠤ ᠬᠤᠷᠠᠯᠳᠤᠭᠤᠯᠵᠤ᠂ ᠲᠡᠭᠦᠰ ᠠᠮᠵᠢᠯᠲᠠ ᠤᠯᠬᠤ᠎ᠶ᠋ᠢ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃