2025-01-10 11:43:03
ᠪᠤᠯᠤᠩ ᠨᠡᠭᠡᠭᠡᠬᠦ᠌ ᠦᠭᠡ
ᠤᠨ ᠵᠢᠯ ᠤᠯᠠᠷᠢᠨ ᠰᠤᠯᠢᠭᠳᠠᠵᠤ᠂ ᠴᠠᠭ ᠮᠥᠴᠡ ᠬᠦᠭᠵᠢᠯᠳᠡ ᠵᠢᠨ ᠤᠯᠠ ᠮᠥᠷᠢ᠋ ᠲᠡᠮᠳᠡᠭᠯᠡᠪᠡ᠃ ᠥᠩᠭᠡᠷᠡᠭ᠌ᠰᠡᠨ ᠨᠢᠭᠡ ᠵᠢᠯ᠎ᠳᠦ᠂ ᠪᠢᠳᠡ ᠴᠢᠷᠮᠠᠢᠯᠭ᠎ᠠ ᠲᠡᠮᠡᠴᠡᠯ ᠪᠠ ᠠᠮᠵᠢᠯᠲᠠ ᠪᠦᠲᠦᠮᠵᠢ᠎ᠶ᠋ᠢ ᠭᠡᠷᠡᠴᠢᠯᠡᠪᠡ᠃ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ ᠢᠯᠡᠳᠲᠡ ᠠᠮᠵᠢᠯᠲᠠ ᠣᠯᠵᠤ᠂ 《ᠲᠠᠪᠤᠨ ᠶᠡᠬᠡ ᠡᠭᠦᠷᠭᠡ》᠎ᠶ᠋ᠢᠨ ᠣᠨ᠎ᠤ ᠭᠤᠤᠯᠳᠠᠯᠭ᠎ᠠ᠎ᠲᠠᠶ ᠠᠵᠢᠯ᠎ᠢ ᠪᠦᠬᠦᠨ᠎ᠢ ᠪᠡᠶᠡᠯᠡᠭᠦᠯᠵᠦ᠍᠂ 《ᠵᠢᠷᠭᠤᠭᠠᠨ ᠢᠨᠵᠧᠨᠧᠷᠢᠩ》 ᠨᠢ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠤᠯᠪᠠ᠃ ᠪᠦᠬᠦ᠌ ᠣᠷᠣᠨ᠎ᠤ ᠡᠯ᠎ᠡ ᠱᠠᠲᠤᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠥᠷ ᠮᠣᠩᠭᠣᠯ᠎ᠤᠨ ᠲᠦᠷᠭᠡᠨ ᠬᠥᠭ᠌ᠵᠢᠯᠲᠡ ᠵᠢᠨᠬᠠᠨᠳᠤᠰᠢ ᠡᠷᠴᠢ ᠬᠦᠴᠦᠳᠠᠢ ᠪᠤᠯᠵᠦ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠴᠢᠳᠠᠪᠤᠷᠢ ᠲᠡᠰ ᠲᠠᠪᠰᠢᠵᠤ᠂ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌ ᠠᠭᠤᠷ ᠠᠮᠢᠰᠭᠤᠯ ᠵᠤᠵᠠᠭᠠᠷᠠᠵᠤ᠂ ᠨᠡᠭᠡᠭᠡᠯᠲᠡ ᠬᠢᠵᠦ᠍ ᠬᠠᠮᠲᠤᠷᠠᠯᠴᠠᠬᠤ ᠠᠯᠬᠤᠭ᠎ᠠ ᠲᠦᠷᠭᠡᠳᠴᠦ᠍᠂ ᠰᠣᠶᠣᠯ᠎ᠤᠨ ᠪᠠᠢᠭᠤᠯᠤᠯᠲᠠ᠎ᠶ᠋ᠢᠨ ᠭᠠᠷᠳᠠᠴᠠ ᠪᠣᠳᠠᠲᠠᠢ ᠪᠤᠯᠵᠤ᠂ ᠥᠭᠡᠳᠡᠯᠡᠨ ᠰᠠᠢᠵᠢᠷᠠᠬᠤ ᠪᠠᠢᠳᠠᠯ ᠨᠢ ᠬᠥᠮᠦᠰ ᠤ᠋ᠨ ᠡᠷᠴᠢ ᠵᠤᠷᠢᠬ᠎ᠢ ᠬᠦᠪᠴᠢᠯᠡᠨ᠂ ᠤᠷᠤᠭ᠍ᠰᠢ ᠲᠠᠪᠱᠢᠬᠤ᠎ᠶ᠋ᠢ ᠵᠣᠷᠢᠭ᠍ᠵᠢᠭᠤᠯᠪᠠ᠃
ᠴᠠᠭ ᠮᠦᠴᠡ ᠵᠢ ᠬᠥᠰᠡᠷᠳᠡᠭᠦᠯᠬᠦ᠌ ᠦᠭᠡᠢ ᠪᠤᠯ ᠠᠯᠤᠰ ᠢᠷᠡᠭᠡᠳᠦᠢ ᠬᠦᠰᠡᠨ ᠬᠦᠯᠢᠶᠡᠭᠦᠰᠢᠳᠡᠢ ᠶᠤᠮ᠃ ᠱᠢᠨ᠎ᠡ ᠨᠢᠭᠡ ᠵᠢᠯ᠎ᠳᠦ᠂ ᠪᠢᠳᠡ ᠦᠷᠭᠦᠯᠵᠢᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠬᠤ ᠬᠡᠷᠡᠭᠳᠡᠢ᠃ ᠥᠨᠥᠳᠦᠷ᠎ᠡᠴᠡ ᠡᠬᠢᠯᠡᠨ᠂ ᠥᠪᠥᠷ ᠮᠣᠩᠭᠣᠯ᠎ᠤᠨ ᠡᠳᠦᠷ᠎ᠦᠨ ᠰᠣᠨᠢᠨ 《ᠦᠨᠡᠨ ᠬᠦ᠌ ᠴᠢᠷᠮᠠᠢᠨ ᠪᠣᠳᠠᠲᠠᠶ ᠠᠵᠢᠯᠯᠠᠵᠤ ᠵᠤᠷᠢᠭᠲᠠᠢ ᠪᠡᠷ ᠱᠢᠨ᠎ᠡ ᠵᠠᠮ ᠨᠡᠭᠡᠭᠡᠰᠤᠭᠡᠢ·2025 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠢ ᠪᠠᠶᠠᠷᠯᠠᠨ ᠤᠭ᠍ᠲᠤᠶ᠎ᠠ》ᠭᠡᠬᠦ᠌ ᠲᠤᠰᠭᠠᠶ ᠪᠤᠯᠤᠩ ᠨᠡᠭᠡᠭᠡᠵᠦ᠍᠂ ᠥᠩᠭᠡᠷᠡᠭ᠌ᠰᠡᠨ ᠨᠢᠭᠡ ᠵᠢᠯ᠎ᠦᠨ ᠮᠠᠨ᠎ᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠣᠯᠤᠭ᠍ᠰᠠᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ᠎ᠶ᠋ᠢ ᠡᠷᠭᠢᠴᠡᠭᠦᠯᠵᠦ᠍᠂ ᠥᠪᠥᠷ ᠮᠣᠩᠭᠣᠯ᠎ᠤᠨ ᠱᠢᠨ᠎ᠡ ᠠᠶᠠᠨ᠎ᠳᠠᠬᠢ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ᠂ ᠱᠢᠨ᠎ᠡ ᠳᠦᠷᠰᠦ ᠪᠠᠢᠳᠠᠯ᠎ᠢ ᠳᠡᠯᠭᠡᠨ ᠦᠵᠡᠭᠦᠯᠬᠦ ᠪᠤᠯᠤᠨ᠎ᠠ᠃ ᠢᠷᠡᠭᠡᠳᠦᠢ᠎ᠪᠡᠨ ᠪᠠᠷᠠᠯᠠᠬᠤᠶ᠎ᠠ᠂ ᠴᠤᠴᠠᠯᠲᠠ ᠦᠭᠡᠢ ᠤᠷᠤᠭ᠍ᠰᠢᠯᠠᠵᠤ ᠱᠢᠨ᠎ᠡ ᠵᠠᠮ ᠨᠡᠭᠡᠭᠡᠨ ᠳᠤᠮᠳᠠᠳᠤ ᠲᠦᠪᠰᠢᠨ ᠳ᠋ᠤ ᠤᠷᠤᠬᠤ ᠪᠡᠷ ᠴᠢᠷᠮᠠᠢᠵᠤ ᠪᠠᠢᠭ᠎ᠠ ᠥᠪᠥᠷ ᠮᠣᠩᠭᠣᠯ᠂ ᠬᠥᠭ᠌ᠵᠢᠯᠲᠡ᠎ᠶ᠋ᠢ ᠡᠷᠢᠯᠬᠢᠯᠡᠬᠦ᠌ ᠢᠲᠡᠭᠡᠯ ᠵᠣᠷᠢᠭ ᠨᠢ ᠡᠷᠡᠰ ᠪᠠᠲᠤ ᠪᠠᠢᠵᠤ᠂ ᠢᠷᠡᠭᠡᠳᠦᠢ ᠪᠡᠨ ᠲᠥᠯᠥᠪᠵᠢᠭᠦᠯᠦᠨᠢᠳᠡᠷᠡᠭᠦᠨ ᠠᠯᠬᠤᠭ᠎ᠠ᠎ᠪᠠᠷ ᠤᠷᠤᠭ᠍ᠰᠢᠯᠠᠵᠤ ᠪᠠᠢᠨ᠎ᠠ᠃
ᠬᠦᠴᠦ ᠬᠥᠯᠥᠰᠥ ᠨᠢ ᠰᠣᠷᠭᠣᠭ ᠴᠡᠴᠡᠭ᠎ᠢ ᠤᠮᠳᠠᠯᠠᠵᠤ᠂ ᠡᠷᠡᠮᠡᠬᠡᠢᠯᠡᠭᠰᠡᠨ ᠤᠷᠤᠬᠰᠢᠯᠠᠯᠳᠠ ᠨᠢ ᠠᠵᠢᠯ ᠦᠢᠯᠡᠰ ᠢ᠋ ᠬᠥᠭ᠌ᠵᠢᠭᠡᠨ ᠮᠠᠨᠳᠤᠭᠤᠯᠤᠨ᠎ᠠ᠃ 2024 ᠣᠨ᠎ᠢ ᠡᠷᠭᠢᠴᠡᠭᠦᠯᠬᠦᠶ᠎ᠡ᠂ ᠬᠣᠶᠠᠷ ᠶᠡᠬᠡ ᠶᠠᠪᠤᠳᠠᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠪᠠ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ ᠱᠢᠨ᠎ᠡ ᠵᠠᠮᠨᠡᠭᠡᠭᠡᠨ ᠳᠤᠮᠳᠠᠳᠤ ᠲᠦᠪᠰᠢᠨ ᠳ᠋ᠤ ᠣᠷᠣᠬᠤ ᠱᠢᠨ᠎ᠡ ᠠᠶᠠᠨ᠎ᠳᠤ᠂ ᠥᠪᠥᠷ ᠮᠣᠩᠭᠣᠯ ᠪᠥᠬᠥ᠌ ᠬᠦᠴᠦᠨ᠎ᠢᠶᠡᠷ᠎ᠢᠶᠡᠨ ᠴᠢᠨᠠᠷ ᠰᠠᠢᠲᠠᠶ ᠬᠥᠭ᠌ᠵᠢᠯᠲᠡ᠎ᠳᠦ ᠵᠠᠮ ᠨᠡᠭᠡᠭᠡᠵᠦ᠍᠂ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠵᠢᠨ ᠦᠭᠰᠦᠬᠦ 《ᠮᠤᠷᠤᠶ ᠱᠤᠭᠤᠮ 》 ᠢ᠋ ᠵᠢᠷᠤᠬᠯᠠᠵᠦ᠂ ᠬᠡᠰᠡᠭ ᠴᠢᠬᠤᠯᠠ ᠭᠦᠶ᠋ᠴᠡᠳᠭᠡᠯ ᠲᠣᠭ᠎ᠠ᠎ᠶ᠋ᠢᠨ ᠨᠡᠮᠡᠭ᠌ᠳᠡᠯ ᠂ ᠨᠡᠮᠡᠭ᠌ᠳᠡᠯ᠎ᠦᠨ ᠬᠤᠷᠳᠤᠴᠠ᠎ᠨᠢ ᠨᠢᠭᠡᠨᠲᠡ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠃
2024 ᠣᠨ᠎ᠳᠤ᠂ ᠥᠪᠥᠷ ᠮᠣᠩᠭᠣᠯ᠎ᠤᠨ ᠠᠮᠤ ᠪᠤᠳᠠᠭᠠᠨ᠎ᠤ ᠤᠨᠠᠯᠲᠠ ᠠᠩᠬ᠎ᠠ ᠤᠳᠠᠭ᠎ᠠ 800 ᠳ᠋ᠦᠩᠱᠢᠭᠤᠷ ᠵᠢᠩ᠎ᠦᠨ ᠳᠡᠭ᠌ᠲᠡᠷ᠎ᠲᠦ ᠭᠠᠷᠴᠤ᠌᠂ 820.1 ᠳ᠋ᠦᠩᠱᠢᠭᠤᠷ ᠵᠢᠩ᠎ᠳᠦ ᠬᠦᠷᠴᠦ᠍᠂ ᠪᠥᠬᠥ᠌ ᠤᠯᠤᠰ᠎ᠲᠤ ᠵᠢᠷᠭᠤᠳᠤᠭᠠᠷ᠎ᠲᠤ ᠣᠷᠣᠪᠠ;ᠠᠮᠤ ᠪᠤᠳᠠᠭᠠᠨ᠎ᠤ ᠤᠨᠠᠯᠲᠠ ᠳᠡᠭᠡᠷ᠎ᠡ ᠵᠢᠯ᠎ᠦᠨ ᠬᠢ᠎ᠡᠴᠡ 28.5 ᠳ᠋ᠦᠩᠱᠢᠭᠤᠷ ᠵᠢᠩ ᠨᠡᠮᠡᠭ᠌ᠳᠡᠵᠦ᠍᠂ ᠨᠡᠮᠡᠭ᠌ᠳᠡᠯ᠎ᠦᠨ ᠬᠡᠮᠵᠢᠶ᠎ᠡ ᠪᠥᠬᠥ᠌ ᠤᠯᠤᠰ᠎ᠤᠨ ᠭᠤᠷᠪᠠᠳᠤᠭᠠᠷ᠎ᠲᠤ ᠣᠷᠣᠵᠤ ᠂ ᠠᠮᠤ ᠪᠤᠳᠠᠭᠠᠨ᠎ᠤ ᠦᠶ᠋ᠯᠡᠳᠪᠦᠷᠢᠯᠡᠯ 《 ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ 》 ᠶ᠋ᠢ ᠪᠡᠶᠡᠯᠡᠭᠦᠯᠪᠡ ᠁ 《 ᠳᠤᠮᠳᠠᠳᠤ ᠤᠯᠤᠰ᠎ᠤᠨ ᠠᠶᠠᠭ᠎ᠠ 》 ᠳᠣᠲᠣᠷᠠᠬᠢ 《 ᠥᠪᠥᠷ ᠮᠣᠩᠭᠣᠯ᠎ᠤᠨ ᠠᠮᠤ ᠪᠤᠳᠠᠭ᠎ᠠ 》 ᠶ᠋ᠢᠨ ᠬᠤᠪᠢ᠎ᠶ᠋ᠢᠨ ᠵᠢᠩ ᠨᠢ ᠨᠠᠩ ᠬᠦᠨᠳᠦ᠂ ᠶᠠᠰᠤ ᠴᠢᠨᠠᠷ ᠨᠢ ᠨᠠᠩ ᠭᠦᠶ᠋ᠴᠡᠳ ᠪᠤᠯᠪᠠ᠃
2024 ᠣᠨ᠎ᠳᠤ᠂ ᠥᠪᠥᠷ ᠮᠣᠩᠭᠣᠯ ᠪᠥᠬᠥ᠌ ᠤᠯᠤᠰ᠎ᠤᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠠᠩᠬ᠎ᠠ ᠤᠳᠠᠭ᠎ᠠ 1 ᠳ᠋ᠦᠩᠱᠢᠭᠤᠷ ᠺᠢᠯᠦᠸᠠᠲ᠎ᠢ ᠳᠠᠪᠠᠭ᠍ᠰᠠᠨ ᠮᠤᠵᠢ ᠣᠷᠣᠨ ᠪᠣᠯᠵᠣ ᠂ ᠵᠢᠯ᠎ᠦᠨ ᠳᠣᠲᠣᠷ᠎ᠠ ᠱᠢᠨ᠎ᠡ᠎ᠪᠡᠷ ᠨᠡᠮᠡᠭ᠌ᠳᠡᠭ᠌ᠰᠡᠨ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 4100 ᠲᠦᠮᠡᠨ ᠺᠢᠯᠦᠸᠠᠲ᠎ᠡᠴᠡ ᠳᠡᠭᠡᠭ᠌ᠰᠢ ᠪᠣᠯᠵᠣ ᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 30% ᠭᠠᠷᠤᠢ ᠨᠡᠮᠡᠭᠳᠡᠵᠦ ᠂ ᠬᠣᠶᠠᠷ ᠵᠢᠯ ᠳᠠᠷᠠᠭᠠᠯᠠᠨ ᠪᠥᠬᠥ᠌ ᠤᠯᠤᠰ᠎ᠲᠤ ᠲᠡᠷᠢᠭᠦᠯᠡᠪᠡ;ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠡᠴᠡ ᠳᠠᠪᠠᠬᠤ ᠬᠠᠷᠠᠯᠲᠠ᠎ᠶ᠋ᠢ ᠨᠢᠭᠡ ᠵᠢᠯ ᠤᠷᠢᠳᠴᠢᠯᠠᠨ ᠪᠡᠶᠡᠯᠡᠭᠦᠯᠵᠦ᠍ ᠂ ᠪᠣᠬᠢᠷᠲᠤᠯ ᠥᠬᠡᠶ ᠴᠠᠬᠢᠯᠭᠠᠨ᠎ᠤ ᠠᠷᠠᠯᠵᠢᠶᠠᠨ᠎ᠤ ᠬᠡᠪᠴᠢᠶ᠎ᠡ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠮᠠᠨ᠎ᠤ ᠣᠷᠣᠨ᠎ᠤ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠪᠥᠬᠥ᠌ ᠤᠯᠤᠰ᠎ᠲᠤ ᠲᠦᠷᠦᠭᠦᠯᠡᠬᠦ᠌ ᠪᠠᠢᠷᠢ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠪᠡ᠃
2024 ᠣᠨ᠎ᠤ 1 — 11 ᠰᠠᠷ᠎ᠠ᠎ᠳᠤ᠂ ᠪᠥᠬᠥ᠌ ᠣᠷᠣᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ᠎ᠶ᠋ᠢ ᠪᠠᠭ᠍ᠲᠠᠭᠠᠬᠤ ᠥᠬᠡᠶ) ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 13.0% ᠵᠢᠡᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠪᠥᠬᠥ᠌ ᠤᠯᠤᠰ᠎ᠲᠤ ᠬᠣᠶᠠᠳᠤᠭᠠᠷ᠎ᠲᠤ ᠣᠷᠣᠵᠤ᠂ ᠱᠢᠨ᠎ᠡ ᠡᠨᠧᠷᠭᠢ᠎ᠶ᠋ᠢᠨ ᠪᠠᠯᠠ ᠣᠷᠣᠭᠤᠯᠤᠯᠲᠠ᠎ᠶ᠋ᠢᠨ ᠪᠥᠬᠥ᠌ ᠪᠠᠯᠠ ᠣᠷᠣᠭᠤᠯᠤᠯᠲᠠ᠎ᠳᠠᠬᠢ ᠡᠵᠡᠯᠡᠬᠦ᠌ ᠬᠤᠪᠢ᠎ᠶ᠋ᠢᠨ ᠵᠢᠩ᠎ᠨᠢ 23.0% ᠪᠣᠯᠤᠨ ᠨᠡᠮᠡᠭ᠌ᠳᠡᠪᠡ ᠁ ᠢᠲᠡᠭᠡᠯ ᠵᠣᠷᠢᠭ᠎ᠢᠶᠠᠨ ᠪᠠᠲᠤᠳᠭᠠᠨ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ ᠳ᠋ᠤ ᠥᠪᠥᠷ ᠮᠣᠩᠭᠣᠯ ᠡᠭᠦᠷᠭᠡ ᠬᠠᠷᠢᠭᠤᠴᠠᠯᠭ᠎ᠠ᠎ᠳᠠᠭᠠᠨ ᠦᠯᠦ ᠤᠰᠤᠯᠳᠤᠪᠠ᠃
2024 ᠣᠨ᠎ᠤ 1 — 11 ᠰᠠᠷ᠎ᠠ ᠳ᠋ᠤ᠂ ᠥᠪᠥᠷ ᠮᠣᠩᠭᠣᠯ᠎ᠤᠨ ᠨᠡᠢᠭᠡᠮ᠎ᠦᠨ ᠬᠡᠷᠡᠭ᠌ᠯᠡᠭᠡᠨ᠎ᠦ ᠵᠦᠶ᠋ᠯᠡᠰ᠎ᠦᠨ ᠵᠢᠵᠢᠭ᠌ᠯᠡᠨ ᠬᠤᠳᠠᠯᠳᠤᠭ᠍ᠰᠠᠨ ᠪᠥᠬᠥ᠌ ᠲᠣᠭ᠎ᠠ 5000 ᠳ᠋ᠦᠩᠱᠢᠭᠤᠷ ᠲᠥᠭᠥᠷᠢᠭ᠎ᠢ ᠳᠠᠪᠠᠵᠤ᠂ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ ᠬᠢ᠎ᠡᠴᠡ 4% ᠪᠠᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠠᠳᠠᠯᠢ ᠬᠤᠭᠤᠴᠠᠭᠠᠨ᠎ᠤ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠥᠨᠳᠥᠷ ᠪᠣᠯᠵᠣ᠂ ᠪᠥᠬᠥ᠌ ᠣᠷᠣᠨ᠎ᠤ ᠬᠡᠷᠡᠭ᠌ᠯᠡᠭᠡᠨ᠎ᠦ ᠵᠠᠬ᠎ᠠ ᠳᠡᠯᠭᠡᠭᠦᠷ 7 ᠰᠠᠷ᠎ᠠ ᠳᠠᠷᠠᠭᠠᠯᠠᠨ ᠳᠡᠭᠡᠭ᠌ᠰᠢᠯᠡᠬᠦ᠌ ᠬᠠᠨᠳᠤᠰᠢ᠎ᠪᠠᠨ ᠪᠠᠲᠤᠯᠠᠪᠠ ᠁ ᠬᠡᠷᠡᠭ᠌ᠴᠡᠭᠡ ᠪᠠᠭᠤᠷᠠᠵᠤ ᠪᠠᠢᠭ᠎ᠠ ᠪᠠᠢᠳᠠᠯ ᠳᠤᠤᠷ᠎ᠠ᠂ ᠡᠨᠡ ᠪᠣᠯ ᠨᠢᠭᠡᠨ ᠶᠡᠷᠦ᠍ ᠪᠤᠰᠤ᠎ᠶ᠋ᠢᠨ ᠠᠮᠵᠢᠯᠲᠠ ᠪᠣᠯᠤᠨ᠎ᠠ᠃
2024 ᠣᠨ᠎ᠤ 1-11 ᠰᠠᠷ᠎ᠠ ᠳ᠋ᠤ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠲᠣᠭ᠎ᠠ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ᠎ᠤ᠎ᠬᠢ᠎ᠡᠴᠡ 9.5% ᠪᠠᠷ ᠨᠡᠮᠡᠭ᠌ᠳᠡᠵᠦ᠍᠂ ᠨᠡᠮᠡᠭ᠌ᠳᠡᠯ᠎ᠦᠨ ᠬᠤᠷᠳᠤᠴᠠ᠎ᠨᠢ ᠪᠥᠬᠥ᠌ ᠤᠯᠤᠰ᠎ᠤᠨ ᠶᠢᠰᠦᠳᠦᠭᠡᠷ᠎ᠲᠦ ᠣᠷᠣᠵᠤ᠂ ᠭᠠᠳᠠᠭᠠᠳᠤ ᠭᠠᠷᠭᠠᠯᠲᠠ᠎ᠶ᠋ᠢᠨ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠨᠢ ᠭᠠᠳᠠᠭᠠᠳᠤ ᠣᠷᠣᠭᠤᠯᠤᠯᠲᠠ᠎ᠶ᠋ᠢᠨ ᠲᠣᠭ᠎ᠠ᠎ᠶ᠋ᠢᠨ ᠨᠡᠮᠡᠭ᠌ᠳᠡᠯ᠎ᠦᠨ ᠬᠤᠷᠳᠤᠴᠠ᠎ᠡᠴᠡ ᠵᠠᠭᠤᠨ ᠤ᠋ ᠬᠠᠷᠢᠴᠠᠯ ᠵᠢᠡᠷ 4 ᠬᠤᠪᠢ ᠥᠨᠳᠥᠷ ᠪᠤᠯᠪᠠ ᠁ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠥᠪᠥᠷ ᠮᠣᠩᠭᠣᠯ ᠴᠣ ᠱᠢᠨ᠎ᠡ ᠬᠠᠭᠤᠳᠠᠰᠤ᠎ᠶ᠋ᠢ ᠰᠡᠬᠦᠯ᠎ᠡ᠃
2024 ᠣᠨ᠎ᠳᠤ᠂ ᠪᠥᠬᠥ᠌ ᠣᠷᠣᠨ᠎ᠤ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 3150.3 ᠳ᠋ᠦᠩᠱᠢᠭᠤᠷ ᠲᠥᠭᠥᠷᠢᠭ᠎ᠲᠦ ᠬᠦᠷᠴᠦ᠍᠂ ᠵᠢᠯ᠎ᠦᠨ ᠡᠬᠢᠨ᠎ᠦ ᠲᠥᠰᠦᠪ᠎ᠢ 101.6% ᠪᠠᠷ ᠪᠡᠶᠡᠯᠡᠭᠦᠯᠵᠦ᠍᠂ ᠣᠷᠣᠯᠭ᠎ᠠ᠎ᠨᠢ ᠲᠤᠰ ᠤᠨ ᠤ᠋ ᠱᠢᠨ᠎ᠡ ᠲᠡᠮᠳᠡᠭ᠌ᠯᠡᠯ᠎ᠢ ᠡᠭᠦᠳᠪᠡ᠁ ᠠᠵᠤ ᠠᠬᠤᠶ᠎ᠶ᠋ᠢᠨ ᠬᠥᠭ᠌ᠵᠢᠯᠲᠡ ᠮᠠᠰᠢ ᠣᠯᠠᠨ ᠬᠦᠴᠢᠷᠳᠡᠯ ᠥᠷᠢᠰᠥᠯᠳᠦᠭᠡᠨ᠎ᠳᠦ ᠲᠤᠯᠭᠠᠷᠠᠵᠤ ᠪᠠᠢᠭ᠎ᠠ ᠪᠠᠢᠳᠠᠯ ᠳᠤᠤᠷ᠎ᠠ᠂ ᠥᠪᠥᠷ ᠮᠣᠩᠭᠣᠯ ᠡᠳ᠋᠎ᠦᠨ ᠵᠠᠰᠠᠭ᠎ᠤᠨ ᠣᠷᠣᠯᠭ᠎ᠠ᠎ᠪᠠᠷ ᠵᠢᠡᠨ ᠢᠲᠡᠭᠡᠯ ᠵᠣᠷᠢᠭ᠎ᠢᠶᠠᠨ ᠬᠥᠪᠴᠢᠯᠡᠪᠡ᠃
2024 ᠣᠨ᠎ᠤ ᠨᠢᠭᠡᠳᠦᠭᠡᠷ ᠤᠯᠠᠷᠢᠯ᠂ ᠳᠡᠭᠡᠷ᠎ᠡ ᠬᠠᠭᠠᠰ ᠵᠢᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ᠌ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 5.8— 6.2% ᠤ᠋ᠨ ᠨᠡᠮᠡᠭ᠌ᠳᠡᠯ᠎ᠦᠨ ᠬᠡᠪᠴᠢᠶᠡᠨ᠎ᠳᠦ ᠣᠷᠣᠱᠢᠵᠤ᠂ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ ᠢᠮᠠᠭ᠍ᠲᠠ ᠠᠳᠠᠯᠢ ᠬᠤᠭᠤᠴᠠᠭᠠᠨ᠎ᠤ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠥᠨᠳᠥᠷ ᠪᠠᠢᠬᠤ᠎ᠪᠠᠷ ᠪᠠᠷᠠᠬᠤ ᠥᠬᠡᠶ᠂ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠁
ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ᠄ ᠪᠦᠬᠦ᠌ ᠣᠷᠣᠨ᠎ᠤ ᠡᠯ᠎ᠡ ᠱᠠᠲᠤᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠥᠷ ᠮᠣᠩᠭᠣᠯ᠎ᠤᠨ ᠲᠦᠷᠭᠡᠨ ᠬᠥᠭ᠌ᠵᠢᠯᠲᠡ ᠵᠢᠨ ᠬᠠᠨᠳᠤᠰᠢ ᠨᠡᠩ ᠡᠷᠴᠢ ᠬᠦᠴᠦᠳᠠᠢ ᠪᠤᠯᠵᠠᠢ ᠭᠡᠵᠦ ᠵᠢᠭᠠᠵᠤ ᠭᠠᠷᠭᠠᠪᠠ᠃
ᠡᠷᠡᠮᠡᠬᠡᠢᠯᠡᠨ ᠤᠷᠤᠭ᠍ᠰᠢᠯᠠᠵᠤ ᠱᠢᠨ᠎ᠡ ᠵᠠᠮᠨᠡᠭᠡᠭᠡᠨ ᠳᠤᠮᠳᠠᠳᠤ ᠲᠦᠪᠰᠢᠨ ᠳ᠋ᠤ ᠤᠷᠤᠬᠤ ᠪᠡᠷ ᠴᠢᠷᠮᠠᠢᠵᠤ ᠪᠠᠢᠭ᠎ᠠ ᠥᠪᠥᠷ ᠮᠣᠩᠭᠣᠯ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠲᠦᠷᠭᠡᠨ᠎ᠦ ᠵᠠᠮ᠎ᠳᠤ ᠭᠠᠪᠰᠢᠭᠠᠢᠯᠠᠨ ᠣᠷᠣᠪᠠ᠃
ᠬᠥᠬᠡᠭᠡ ᠡᠪᠦᠯ᠎ᠦᠨ ᠤᠯᠠᠷᠢᠯ᠎ᠳᠤ᠂ ᠪᠥᠬᠥ᠌ ᠪᠥᠮᠪᠥᠷᠴᠡᠭ᠎ᠦᠨ ᠡᠵᠡᠩᠨᠡᠯᠲᠡ᠎ᠶ᠋ᠢᠨ ᠬᠤᠳᠠᠯᠳᠤᠭᠠᠴᠢᠨ᠎ᠤ ᠬᠠᠮᠤᠭ᠎ᠤᠨ ᠲᠣᠮᠣ ᠲᠠᠩ ᠴᠣᠭ᠍ᠴᠠᠲᠤ ᠣᠶᠤᠨᠴᠢ ᠪᠣᠳᠣᠯᠳᠠ ᠵᠢᠨ ᠲᠥᠪ— ᠳᠤᠮᠳᠠᠳᠤ ᠤᠯᠤᠰ᠎ᠤᠨ ᠱᠢᠯᠵᠢᠮᠡᠯ ᠬᠤᠯᠪᠤᠭ᠎ᠠ ᠵᠢᠨ ᠬᠥᠬᠡᠬᠣᠲᠠ᠎ᠶ᠋ᠢᠨ ᠳ᠋ᠡᠢᠲ᠋ᠠ ᠵᠢᠨ ᠲᠥᠪ᠎ᠦᠨ ᠬᠦᠷᠢᠶᠡᠯᠡᠩ ᠲᠣᠭᠣᠷᠢᠭ᠎ᠲᠤ ᠬᠦᠷᠬᠦ ᠳ᠋ᠤ᠂ ᠣᠶᠤᠨᠴᠢ ᠪᠣᠳᠣᠯᠳᠠ ᠵᠢᠨ ᠦᠢᠯᠡᠴᠢᠯᠡᠭᠦᠷᠢ ᠳᠦᠭᠦᠷᠲᠡᠯ᠎ᠡ ᠠᠴᠢᠶᠠᠯᠠᠭᠰᠠᠨ ᠬᠠᠷ᠎ᠠ ᠥᠩᠭᠡ᠎ᠶ᠋ᠢᠨ ᠮᠠᠱᠢᠨ᠎ᠤ ᠬᠣᠷᠭᠣ ᠶᠠᠭ ᠪᠥᠬᠥ᠌ ᠬᠤᠷᠳᠤᠴᠠ᠎ᠪᠠᠷ᠎ᠢᠶᠠᠨ ᠠᠵᠢᠯᠯᠠᠵᠤ ᠪᠠᠢᠯ᠎ᠠ᠃
ᠡᠨᠡ ᠬᠦ᠌ 1400 ᠭᠠᠷᠤᠶ ᠮᠥ᠍ ᠭᠠᠵᠠᠷ ᠡᠵᠡᠯᠡᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 235 ᠳ᠋ᠦᠩᠱᠢᠭᠤᠷ ᠲᠥᠭᠥᠷᠢᠭ ᠲᠦ᠍ ᠬᠦᠷᠦᠭᠰᠡᠨ ᠬᠦᠷᠢᠶᠡᠯᠡᠩ ᠲᠣᠭᠣᠷᠢᠭ᠎ᠤᠨ ᠤᠶᠤᠨᠲᠤ ᠪᠤᠳᠤᠯᠲᠠ᠎ᠵᠢᠨ ᠬᠦᠴᠦᠨ᠎ᠤ ᠬᠡᠪᠴᠢᠶ᠎ᠡ᠎ᠨᠢ ᠰᠧᠺᠦ᠋ᠨ᠋ᠳ᠋ ᠪᠦᠷᠢ 670 ᠲᠦᠮᠡᠨ ᠮᠸᠭ᠎ᠠ ᠤᠳᠠᠭ᠎ᠠ᠎ᠶ᠋ᠢᠨ ᠬᠥᠪᠦᠮᠡᠯ ᠴᠡᠭ᠎ᠦᠨ ᠪᠤᠳᠤᠯᠭ᠎ᠠ᠎ᠶ᠋ᠢᠨ ᠲᠣᠭ᠎ᠠ᠎ᠳᠤ ᠬᠦᠷᠴᠦ᠍᠂ ᠮᠠᠨ᠎ᠤ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶ᠋ᠢ ᠵᠠᠮ ᠬᠠᠷᠢᠯᠴᠠᠭ᠎ᠠ᠂ ᠡᠮ ᠡᠮᠨᠡᠯᠭᠡ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠬᠦ᠌ ᠪᠤᠳᠤᠯᠲᠠ᠎ᠵᠢᠨ ᠬᠦᠴᠦᠨ᠎ᠤ ᠯᠤᠲᠤ ᠶᠡᠬᠡ ᠳᠤᠲᠠᠭᠤᠳᠠᠯ᠎ᠢ ᠨᠥᠬᠥᠪᠥᠷᠢᠯᠡᠭ᠌ᠰᠡᠨ ᠪᠠᠢᠨ᠎ᠠ᠃
ᠣᠷᠳᠣᠰ ᠬᠣᠲᠠ᠎ᠶ᠋ᠢᠨ ᠪᠣᠷᠣ ᠲᠡᠭᠡ ᠨᠡᠭᠦᠷᠡᠰᠦᠨ ᠠᠭᠤᠷᠬᠠᠶ᠎ᠳᠤ᠂ ᠨᠡᠭᠦᠷᠡᠰᠦ ᠮᠠᠯᠲᠠᠬᠤ ᠮᠠᠱᠢᠨ ᠲᠦᠷᠭᠡᠨ ᠬᠤᠷᠳᠤᠴᠠ᠎ᠪᠠᠷ ᠠᠵᠢᠯᠯᠠᠵᠤ᠂ ᠤᠬᠢᠶᠠᠵᠤ ᠰᠣᠩᠭᠣᠭ᠍ᠰᠠᠨ ᠨᠡᠭᠦᠷᠡᠰᠦ᠎ᠶ᠋ᠢ 《ᠭᠤᠷᠪᠠᠨ ᠬᠥᠨᠳᠡᠯᠡᠨ ᠳᠥᠷᠪᠡᠨ ᠭᠤᠯᠳᠤ》 ᠲᠡᠮᠦᠷ ᠵᠠᠮ᠎ᠤᠨ ᠲᠤᠤᠷ᠎ᠢᠶᠠᠷ ᠪᠥᠬᠥ᠌ ᠤᠯᠤᠰ᠎ᠲᠤ ᠲᠡᠭᠡᠭᠡᠪᠦᠷᠢᠯᠡᠨ ᠬᠦᠷᠭᠡᠨ᠎ᠡ᠃
ᠥᠪᠥᠷ ᠮᠣᠩᠭᠣᠯ 《ᠶᠡᠬᠡᠩᠬᠢ ᠬᠠᠭᠠᠰ ᠳᠤᠮᠳᠠᠳᠤ ᠤᠯᠤᠰ᠎ᠤᠨ ᠬᠠᠯᠠᠭᠤᠨ ᠳᠤᠯᠠᠭᠠᠨ ᠡᠪᠦᠯᠵᠢᠬᠦ᠌᠎ᠶ᠋ᠢ ᠪᠠᠲᠤᠯᠠᠬᠤ》 ᠶ᠋ᠢᠨ ᠲᠥᠯᠥᠭᠡ 《ᠠᠵᠢᠯ》ᠵᠢᠡᠨ ᠴᠢᠩᠭᠠᠳᠭᠠᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠲᠥᠯᠥᠭᠡ ᠦᠨᠳᠦᠰᠦᠨ ᠬᠠᠩᠭᠠᠯᠭ᠎ᠠ᠎ᠶ᠋ᠢ ᠪᠠᠲᠤᠯᠠᠬᠤ᠎ᠪᠠᠷ ᠪᠠᠷᠠᠬᠤ ᠥᠬᠡᠶ᠂ ᠪᠠᠰᠠ ᠢᠷᠡᠭᠡᠳᠦᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠪᠣᠳᠣᠯᠬᠢᠯᠠᠬᠤ ᠬᠡᠷᠡᠭ᠌ᠲᠡᠶ᠃ ᠨᠡᠭᠦᠷᠡᠰᠦ᠎ᠪᠡᠷ ᠲᠣᠰᠣ ᠦᠶ᠋ᠯᠡᠳᠬᠦ᠌᠂ ᠨᠡᠭᠦᠷᠡᠰᠦ᠎ᠪᠡᠷ ᠠᠯᠺᠧᠨ ᠦᠶ᠋ᠯᠡᠳᠬᠦ᠌ ᠵᠡᠷᠭᠡ ᠶᠡᠷᠦᠩᠬᠡᠶ ᠪᠠᠯᠠ ᠣᠷᠣᠭᠤᠯᠤᠯᠲᠠ᠎ᠨᠢ ᠲᠦᠮᠡᠨ ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠨᠡᠭᠦᠷᠡᠰᠦ᠎ᠪᠡᠷ ᠰᠠᠭᠤᠷᠢᠯᠠᠭ᠍ᠰᠠᠨ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠥᠷᠥᠯ ᠵᠦᠶ᠋ᠯ ᠵᠢᠴᠢ 《ᠰᠠᠯᠬᠢ ᠭᠡᠷᠡᠯ᠎ᠢ ᠤᠰᠤᠲᠦ᠋ᠷᠦᠭᠴᠢᠭᠤᠯᠤᠨ ᠬᠠᠳᠠᠭᠠᠯᠠᠬᠤ ᠲᠡᠷᠭᠡ》ᠵᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠥᠷᠥᠯ ᠵᠦᠶ᠋ᠯ᠎ᠳᠦ ᠲᠦᠱᠢᠭ᠌ᠯᠡᠨ᠂ ᠥᠪᠥᠷ ᠮᠣᠩᠭᠣᠯ᠎ᠨᠢ ᠤᠯᠤᠰ᠎ᠤᠨ ᠳᠣᠲᠣᠭᠠᠳᠤ᠎ᠶ᠋ᠢᠨ ᠲᠥᠷᠥᠯ ᠵᠦᠶ᠋ᠯᠵᠢᠡᠷ ᠪᠦᠷᠢᠨ᠂ ᠬᠡᠪᠴᠢᠶ᠎ᠡ᠎ᠪᠡᠷ ᠯᠤᠲᠤ ᠶᠡᠬᠡ ᠣᠲᠣ ᠦᠶ᠎ᠡ᠎ᠶ᠋ᠢᠨ ᠡᠨᠧᠷᠭᠢ ᠵᠢᠴᠢ ᠲᠣᠨᠣᠭ ᠲᠥᠬᠥᠭᠡᠷᠦᠮᠵᠢ ᠦᠶ᠋ᠯᠡᠳᠬᠦ᠌ ᠰᠠᠭᠤᠷᠢᠨ ᠪᠣᠯᠪᠠ᠃
ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠤ ᠳ᠋ᠠ ᠢᠦᠢ ᠱᠤ᠌ ᠪᠠᠯᠭᠠᠰᠤ᠎ᠶ᠋ᠢᠨ ᠭᠦ᠋ ᠢᠦᠢ ᠬᠥᠳᠡᠭᠡ ᠠᠵᠤ ᠠᠬᠤᠢ᠎ᠶ᠋ᠢᠨ ᠠᠮᠢ ᠠᠬᠤᠢ᠎ᠶ᠋ᠢᠨ ᠬᠦᠷᠢᠶᠡᠯᠡᠩ᠎ᠳᠦ᠂ ᠣᠳᠣ ᠦᠶ᠎ᠡ᠎ᠵᠢᠨ ᠣᠶᠤᠨᠴᠢᠯᠠᠭ᠍ᠰᠠᠨ ᠬᠦᠯᠡᠮᠵᠢᠨᠦᠭᠦᠳ ᠵᠠᠯᠭᠠᠯᠳᠤᠨ ᠪᠠᠢᠷᠢᠰᠢᠯᠠᠨᠠ᠃ ᠠᠮᠢ ᠠᠬᠤᠶ᠎ᠶ᠋ᠢᠨ ᠬᠦᠷᠢᠶᠡᠯᠡᠩ᠎ᠦᠨ ᠬᠣᠶᠠᠳᠤᠭᠠᠷ ᠬᠤᠭᠤᠴᠠᠭᠠᠨ᠎ᠤ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠠᠵᠢᠯᠴᠢᠳ ᠤᠳᠠᠯ ᠥᠬᠡᠶ ᠠᠱᠢᠭ᠍ᠯᠠᠯᠲᠠ᠎ᠳᠤ ᠣᠷᠣᠬᠤ ᠭᠡᠵᠦ᠍ ᠪᠠᠢᠭ᠎ᠠ ᠬᠣᠶᠠᠳᠤᠭᠠᠷ ᠬᠤᠭᠤᠴᠠᠭᠠᠨ᠎ᠤ ᠬᠦᠯᠡᠮᠵᠢ᠎ᠵᠢᠨ ᠤᠷᠢᠳᠤᠬᠢ ᠬᠤᠭᠤᠴᠠᠭᠠᠨ᠎ᠤ ᠪᠡᠯᠡᠳᠭᠡᠯ ᠬᠢᠵᠦ᠍ ᠪᠠᠢᠯ᠎ᠠ᠃
ᠪᠦᠬᠦ᠌ ᠣᠷᠣᠨ᠎ᠢ ᠬᠠᠷᠠᠪᠠᠯ᠂ ᠵᠡᠭᠦᠨ᠎ᠡᠴᠡ ᠪᠠᠷᠠᠭᠤᠨᠰᠢ ᠲᠦᠬᠦᠭᠡᠷᠤᠮᠵᠢᠳᠤ ᠲᠠᠷᠢᠶᠠᠯᠠᠩ᠎ᠢ ᠲᠡᠰ ᠳᠡᠪᠱᠢᠭᠦᠯᠵᠦ᠍᠂ ᠭᠤᠷᠪᠠ ᠤᠳᠠᠭ᠎ᠠ᠎ᠵᠢᠨ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌ ᠪᠠ ᠲᠠᠷᠢᠶᠠᠯᠠᠩ᠎ᠤᠨ ᠭᠠᠷᠤᠯᠲᠠ᠎ᠶ᠋ᠢ ᠨᠡᠮᠡᠭ᠌ᠳᠡᠭᠦᠯᠵᠦ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠬᠦᠴᠦᠲᠡᠢ ᠳᠠᠢᠴᠢᠯᠠᠪᠠ᠃
ᠥᠪᠥᠷ ᠮᠣᠩᠭᠣᠯ᠎ᠤᠨ ᠠᠵᠤ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠨᠢᠭᠡᠳᠦᠭᠡᠷ ᠹᠷᠣᠨᠲ᠎ᠲᠤ᠂ ᠴᠢᠬᠤᠯᠠ ᠶᠡᠬᠡ ᠲᠥᠷᠥᠯ ᠵᠦᠶ᠋ᠯᠦᠳ ᠬᠥᠷ ᠬᠥᠭ᠌ᠵᠢᠶᠡᠨᠲᠡᠶ ᠦᠷᠨᠢᠵᠦ᠂ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭᠤᠳᠢ ᠰᠦᠨᠳᠡᠷᠯᠡᠨ ᠪᠤᠰᠤᠨ᠎ᠠ ᠁
《 ᠳᠡᠯᠡᠬᠡᠢ ᠳᠡᠭᠡᠷ᠎ᠡ ᠵᠦᠭᠡᠷ ᠰᠠᠭᠤᠵᠤ ᠪᠡᠯᠡᠨ᠎ᠢ ᠢᠳᠡᠬᠦ᠌ ᠰᠠᠢ᠌ᠨ ᠶᠠᠪᠤᠳᠠᠯ ᠭᠡᠵᠦ᠍ ᠪᠠᠢᠬᠤ ᠦᠭᠡᠢ᠂ ᠵᠣᠯ ᠵᠢᠷᠭᠠᠯ᠎ᠲᠠᠶ ᠠᠮᠢᠳᠤᠷᠠᠶ᠎ᠠ ᠭᠡᠪᠡᠯ ᠴᠢᠷᠮᠠᠢᠨ ᠲᠡᠮᠡᠴᠡᠬᠦ᠌ ᠬᠡᠷᠡᠭ᠌ᠲᠡᠢ》᠃ 2024 ᠣᠨ᠎ᠠᠴᠠ ᠨᠠᠭᠠᠰᠢ᠂ ᠭᠠᠳᠠᠭᠠᠳᠤ ᠣᠷᠴᠢᠨ᠎ᠤ ᠠᠱᠢᠭ ᠥᠬᠡᠶ ᠨᠥᠯᠥᠭᠡ ᠪᠠ ᠳᠣᠲᠣᠭᠠᠳᠤ ᠬᠡᠷᠡᠭ᠌ᠴᠡᠭᠡ ᠬᠦᠷᠦᠯᠴᠡᠬᠦ᠌ ᠥᠬᠡᠶ᠂ ᠬᠡᠰᠡᠭ ᠠᠵᠤ ᠠᠬᠤᠢᠯᠠᠯ᠎ᠤᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠬᠦᠴᠢᠷᠳᠡᠯ ᠵᠡᠷᠭᠡ ᠠᠯᠢ ᠣᠯᠠᠨ ᠥᠷᠢᠰᠥᠯᠳᠦᠭᠡᠨ᠎ᠦ ᠡᠮᠦᠨ᠎ᠡ᠂ ᠥᠪᠥᠷ ᠮᠣᠩᠭᠣᠯ ᠵᠤᠷᠱᠢᠯ᠎ᠠᠴᠠ ᠳᠠᠪᠠᠭ᠍ᠰᠠᠨ ᠠᠷᠭ᠎ᠠ ᠬᠡᠮᠵᠢᠶ᠎ᠡ᠎ᠪᠡᠷ ᠳᠤᠲᠠᠭᠤᠳᠠᠯ᠎ᠢᠶᠠᠨ ᠨᠥᠬᠥᠪᠥᠷᠢᠯᠡᠵᠦ᠍᠂ ᠳᠠᠪᠠᠭᠤᠯᠢᠭ ᠲᠠᠯ᠎ᠠ᠎ᠪᠠᠨ ᠳᠠᠪᠲᠠᠨ ᠪᠣᠯᠪᠠᠰᠤᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠦ ᠵᠠᠮ ᠨᠡᠭᠡᠭᠡᠵᠦ᠍ ᠥᠭ᠌ᠪᠡ᠃
ᠡᠨᠡ ᠪᠣᠯ ᠰᠠᠯᠬᠢ ᠪᠣᠷᠣᠭᠠᠨ᠎ᠠᠴᠠ ᠦᠯᠦ ᠰᠦᠷᠳᠡᠭᠰᠡᠨ ᠬᠥᠭ᠌ᠵᠢᠯᠲᠡ᠎ᠶ᠋ᠢᠨ ᠵᠠᠮ ᠮᠥᠨ᠃ ᠨᠢᠭᠡ ᠵᠢᠯ᠎ᠦᠨ ᠲᠤᠷᠰᠢ᠂ ᠥᠪᠥᠷ ᠮᠣᠩᠭᠣᠯ ᠵᠠᠰᠠᠭ᠎ᠢ ᠴᠣᠮᠬᠠᠳᠭᠠᠨ ᠡᠷᠬᠡ᠎ᠶ᠋ᠢ ᠲᠠᠯᠪᠢᠬᠤ᠎ᠶ᠋ᠢ ᠭᠦᠨᠵᠡᠭᠡᠶ ᠠᠬᠢᠭᠤᠯᠵᠤ᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ ᠨᠢ ᠱᠢᠶ᠋ᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠤᠨ ᠥᠷᠢᠰᠥᠯᠳᠦᠭᠡᠨ᠎ᠢ ᠠᠷᠭᠠᠴᠠᠭᠠᠵᠤ᠂ ᠬᠥᠭ᠌ᠵᠢᠯᠲᠡ᠎ᠶ᠋ᠢᠨ ᠬᠥᠳᠡᠯᠭᠡᠭ᠌ᠴᠢ ᠡᠨᠧᠷᠭᠢ᠎ᠶ᠋ᠢ ᠬᠤᠪᠢᠷᠠᠭᠤᠯᠬᠤ᠎ᠪᠠᠷ ᠪᠠᠯᠠ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠦᠶ᠋ᠯᠡᠳᠦᠯ᠎ᠢ ᠪᠠᠳᠠᠷᠠᠭᠤᠯᠬᠤ᠎ᠪᠠᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠠ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠤᠷᠤᠯᠳᠤᠭᠠᠨ᠎ᠤ ᠵᠠᠮ᠎ᠵᠢᠡᠷ ᠦᠷᠭᠦᠯᠵᠢᠯᠡᠨ ᠤᠷᠤᠭ᠍ᠰᠢᠯᠠᠭ᠍ᠰᠠᠨ ᠪᠠᠢᠨ᠎ᠠ᠃
ᠡᠨᠡ ᠪᠣᠯ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ ᠬᠥᠭ᠌ᠵᠢᠯᠲᠡ᠎ᠶ᠋ᠢᠨ ᠵᠠᠮ ᠮᠥᠨ᠃ ᠨᠢᠭᠡ ᠵᠢᠯ᠎ᠦᠨ ᠲᠤᠷᠰᠢ᠂ ᠥᠪᠥᠷ ᠮᠣᠩᠭᠣᠯ ᠰᠣᠶᠣᠯ ᠵᠢᠭᠤᠯᠴᠢᠯᠠᠯ᠎ᠤᠨ ᠠᠭᠤᠰᠤᠯᠴᠠᠯ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠡᠷᠭᠡ ᠱᠢᠨ᠎ᠡ᠎ᠪᠡᠷ ᠮᠠᠨᠳᠤᠭ᠍ᠰᠠᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ ᠪᠣᠯᠤᠨ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ᠎ᠶ᠋ᠢ ᠦᠷᠭᠦᠯᠵᠢᠯᠡᠨ ᠠᠬᠢᠭᠤᠯᠬᠤ᠎ᠪᠠᠷ ᠬᠡᠷᠡᠭ᠌ᠯᠡᠭᠡᠨ᠎ᠦ ᠳᠠᠯᠳᠠ ᠬᠦᠴᠦᠨ᠎ᠢ ᠠᠭᠤᠳᠠᠯᠵᠤ᠂ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠬᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ᠂ ᠢᠷᠡᠭᠡᠳᠦᠶ᠎ᠶ᠋ᠢᠨ ᠠᠵᠤ ᠦᠶ᠋ᠯᠡᠰ᠎ᠢ ᠪᠣᠢᠵᠢᠭᠤᠯᠬᠤ᠎ᠶ᠋ᠢ ᠠᠬᠢᠭᠤᠯᠬᠤ᠎ᠪᠠᠷ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠰᠦᠪ᠎ᠢ ᠵᠢᠷᠤᠭ᠍ᠯᠠᠪᠠ᠃
ᠡᠨᠡ ᠪᠣᠯ ᠨᠡᠭᠡᠭᠡᠯᠲᠡ ᠬᠢᠵᠦ᠍ ᠬᠠᠮᠲᠤᠷᠠᠯᠴᠠᠬᠤ ᠬᠥᠭ᠌ᠵᠢᠯᠲᠡ᠎ᠶ᠋ᠢᠨ ᠵᠠᠮ ᠮᠥᠨ᠃ ᠨᠢᠭᠡ ᠵᠢᠯ᠎ᠦᠨ ᠲᠤᠷᠰᠢ᠂ ᠥᠪᠥᠷ ᠮᠣᠩᠭᠣᠯ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠢ ᠤᠨᠢᠯᠠᠨ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠵᠡᠭᠦᠨ ᠭᠤᠷᠪᠠᠨ ᠮᠤᠵᠢ ᠪᠣᠯᠤᠨ 《ᠨᠢᠭᠡ ᠪᠦᠰᠡ ᠨᠢᠭᠡ ᠵᠠᠮ》 ᠳᠠᠭᠠᠤ᠎ᠶ᠋ᠢᠨ ᠤᠯᠤᠰ ᠪᠣᠯᠤᠨ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠤᠮᠠᠷᠠᠰᠢ ᠨᠡᠭᠡᠭᠡᠯᠲᠡ ᠬᠢᠬᠦ᠌ 《ᠨᠠᠢᠵᠠ᠎ᠶ᠋ᠢᠨ ᠲᠣᠭᠣᠷᠢᠭ》 ᠢ᠋ ᠲᠠᠰᠤᠷᠠᠯᠲᠠ ᠦᠭᠡᠢ ᠥᠷᠭᠡᠳᠭᠡᠪᠡ᠃
ᠴᠠᠭ ᠮᠥᠴᠡ ᠨᠢ ᠬᠥᠭ᠌ᠵᠢᠯᠲᠡ᠎ᠶ᠋ᠢᠨ ᠤᠯᠠ ᠮᠥᠷ᠎ᠢ ᠦᠯᠡᠳᠡᠭᠡᠵᠦ᠍᠂ ᠦᠯᠡᠮᠵᠢ ᠪᠡᠷᠬᠡ ᠨᠢ ᠦᠢᠯᠡ ᠪᠦᠲᠦᠬᠦ᠎ᠳᠤ ᠲᠤᠰᠠ ᠪᠤᠯᠳᠠᠭ᠃ ᠦᠷᠭᠦᠯᠵᠢᠯᠡᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠡᠴᠡ ᠲᠠᠰᠤᠷᠠᠯᠳᠡ ᠦᠭᠡᠢ ᠱᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠬᠦᠷᠲᠡᠯ᠎ᠡ᠂ ᠵᠠᠩᠬᠢᠯᠠᠭ᠎ᠠ᠎ᠵᠢ ᠠᠳᠬᠤᠵᠤ ᠭᠣᠣᠯᠳᠠᠯᠭ᠎ᠠ᠎ᠲᠠᠶ ᠪᠠᠢᠷᠢᠯᠠᠭᠤᠯᠬᠤ᠎ᠠᠴᠠ ᠲᠥᠪᠯᠡᠷᠡᠭᠦᠯᠦᠨ ᠪᠣᠭᠣᠮᠲᠠ ᠱᠢᠪᠲᠤᠯᠵᠤ ᠤᠳᠠᠭᠠᠨ ᠬᠤᠷᠠᠮᠳᠤᠭᠤᠯᠤᠨ ᠪᠠᠢᠳᠠᠯ᠎ᠢ ᠪᠦᠷᠢᠯᠳᠦᠭᠦᠯᠵᠦ᠍ ᠬᠦᠷᠲᠡᠯ᠎ᠡ᠂ ᠪᠦᠯᠦᠭ ᠪᠦᠯᠦᠭ ᠲᠣᠭ᠎ᠠ ᠪᠠᠷᠢᠮᠲ ᠨᠤᠭᠤᠳ ᠨᠢ ᠥᠪᠥᠷ ᠮᠣᠩᠭᠣᠯ᠎ᠤᠨ ᠱᠢᠨ᠎ᠡ ᠵᠠᠮ᠎ᠨᠡᠭᠡᠭᠡᠵᠦ ᠳᠤᠮᠳᠠ ᠲᠦᠪᠰᠢᠨ᠎ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠲᠠᠢᠯᠪᠤᠷᠢᠯᠠᠵᠤ᠂ ᠪᠦᠬᠦ᠌ ᠣᠷᠣᠨ᠎ᠤ ᠠᠵᠤ ᠠᠬᠤᠢ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ ᠰᠦᠷ ᠳᠠᠯᠠᠢᠴᠠᠲᠠᠢ ᠬᠥᠳᠡᠯᠭᠡᠬᠦ᠌ ᠡᠨᠧᠷᠭᠢ᠎ᠶ᠋ᠢ ᠭᠡᠷᠡᠴᠢᠯᠡᠪᠡ᠃
ᠲᠡᠮᠡᠴᠡᠯ ᠨᠢ ᠥᠪᠥᠷ ᠮᠣᠩᠭᠣᠯ᠎ᠤᠨ ᠬᠥᠭ᠌ᠵᠢᠯᠲᠡ ᠵᠢ ᠲᠠᠢᠯᠪᠤᠷᠢᠯᠠᠬᠤᠲᠦᠯᠬᠢᠭᠦᠷ ᠪᠤᠯᠬᠤ᠎ᠪᠠᠷ ᠪᠠᠷᠠᠬᠤ ᠦᠭᠡᠢ᠂ ᠨᠡᠩ ᠴᠤ᠌ ᠰᠠᠢ᠌ᠨ ᠰᠠᠢᠬᠠᠨ ᠢᠷᠡᠭᠡᠳᠦᠢ᠎ᠳᠦ ᠨᠡᠪᠲᠡᠷᠡᠬᠦ᠌ ᠱᠠᠳᠤ ᠪᠣᠯᠤᠨ᠎ᠠ᠃ ᠦᠢᠯᠡᠳᠦᠯᠭᠡ ᠡᠭᠦᠷᠢᠳᠡ ᠬᠢᠵᠠᠭᠠᠷ ᠦᠭᠡᠢ᠂ ᠬᠥᠭ᠌ᠵᠢᠯᠲᠡ ᠡᠭᠦᠷᠢᠳᠡ ᠵᠤᠭ᠍ᠰᠤᠰᠢ ᠦᠭᠡᠢ ᠶᠤᠮ᠃ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠬᠥᠭ᠌ᠵᠢᠯᠲᠡ᠎ᠶ᠋ᠢ ᠲᠦᠷᠭᠡᠳᠭᠡᠬᠦ᠌ ᠬᠠᠨᠳᠤᠰᠢ᠎ᠪᠠᠨ ᠬᠡᠷᠬᠢᠨ ᠪᠠᠲᠤᠯᠠᠬᠤ ᠪᠤᠢ? ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠢᠷᠡᠭᠡᠳᠦᠶ᠎ᠳᠦ ᠴᠢᠭᠯᠡᠬᠦᠯᠦᠨ ᠢᠳᠡᠭᠡᠯ ᠲᠡᠬᠦᠯᠳᠡᠷ ᠪᠠᠢᠨᠠᠮ᠃
— 《ᠲᠠᠪᠤᠨ ᠶᠡᠬᠡ ᠡᠭᠦᠷᠭᠡ》 ᠪᠣᠯ ᠥᠪᠥᠷ ᠮᠣᠩᠭᠣᠯ᠎ᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠳᠠᠬᠢ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠬᠣᠷ ᠡᠷᠬᠡᠪᠰᠢ ᠦᠷᠭᠦᠯᠵᠢᠯᠡᠨ ᠭᠦᠨᠵᠡᠭᠡᠶ ᠨᠠᠢᠳᠠᠪᠤᠷᠢᠵᠢᠭᠤᠯᠬᠤ ᠬᠡᠷᠡᠭ᠌ᠲᠡᠶ᠃
— 《ᠵᠢᠷᠭᠤᠭᠠᠨ ᠢᠨᠵᠧᠨᠧᠷᠢᠩ》᠎ᠨᠢ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ ᠪᠠ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠳᠤ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ᠂ ᠬᠥᠱᠢᠭᠦᠷᠭᠡ᠎ᠶ᠋ᠢᠨ ᠴᠢᠨᠠᠷᠲᠠᠶ ᠦᠶ᠋ᠯᠡᠳᠦᠯ᠎ᠲᠡᠶ ᠪᠣᠯᠬᠣᠷ ᠡᠷᠬᠡᠪᠰᠢ ᠦᠷᠭᠦᠯᠵᠢᠯᠡᠨ ᠬᠦᠴᠦᠯᠡᠨ ᠠᠳᠭᠤᠬᠤ ᠬᠡᠷᠡᠭ᠌ᠲᠡᠶ᠃
— ᠴᠢᠬᠤᠯᠠ ᠶᠡᠬᠡ ᠲᠥᠷᠥᠯ ᠵᠦᠶ᠋ᠯ᠎ᠢ ᠲᠥᠰᠦᠪᠯᠡᠬᠦ᠌ ᠠᠵᠢᠯᠯᠠᠭ᠎ᠠ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠂ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠂ ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠵᠡᠷᠭᠡ 《 ᠵᠢᠷᠭᠤᠭᠠᠨ ᠠᠵᠢᠯᠯᠠᠭ᠎ᠠ 》 ᠶ᠋ᠢ ᠵᠣᠬᠢᠶᠠᠨ ᠪᠠᠢᠭᠤᠯᠤᠨ ᠥᠷᠨᠢᠭᠦᠯᠦᠨ᠎ᠡ᠃
᠁
ᠲᠡᠦᠬᠡ᠎ᠶ᠋ᠢᠨ ᠤᠷᠳᠤ ᠤᠷᠤᠰᠭᠠᠯ ᠶᠡᠷᠦ᠍ ᠨᠢ ᠮᠤᠷᠤᠢ ᠰᠠᠷᠤᠢ ᠵᠠᠮ᠎ᠢᠶᠠᠷ ᠬᠠᠮᠤᠭ᠎ᠤᠨ ᠰᠦᠷ ᠳᠠᠯᠠᠢᠴᠠᠲᠠᠢ ᠳᠠᠪᠠᠯᠭᠠᠨ᠎ᠢ ᠡᠭᠦᠰᠭᠡᠳᠡᠭ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠬᠥᠭ᠌ᠵᠢᠯᠲᠡ᠎ᠪᠡᠨ ᠲᠦᠷᠭᠡᠳᠭᠡᠬᠦ᠌ ᠵᠠᠮ ᠳᠡᠭᠡᠷ᠎ᠡ ᠪᠢᠳᠡ ᠴᠥᠬᠥᠷᠡᠰᠢ ᠦᠭᠡᠢ ᠤᠷᠤᠭ᠍ᠰᠢᠯᠠᠵᠤ᠂ ᠶᠡᠷᠦ᠍᠎ᠡᠴᠡ ᠴᠠᠯᠠᠭᠠᠢᠷᠠᠵᠤ ᠦᠵᠡᠭᠡ ᠦᠭᠡᠢ;ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌᠎ᠳᠦ᠂ ᠰᠢᠭᠤᠷᠬᠠᠢᠯᠠᠨ ᠲᠡᠮᠡᠴᠡᠬᠦ ᠪᠣᠯ ᠥᠪᠥᠷ ᠮᠣᠩᠭᠣᠯ᠎ᠤᠨ ᠳᠦᠷᠰᠦ ᠪᠠᠢᠳᠠᠯ᠂ ᠡᠷᠡᠯᠬᠡᠭ᠌ᠯᠡᠨ ᠤᠷᠤᠭ᠍ᠰᠢᠯᠠᠬᠤ ᠪᠣᠯ ᠥᠪᠥᠷ ᠮᠣᠩᠭᠣᠯ᠎ᠤᠨ ᠬᠡᠪ ᠪᠠᠢᠳᠠᠯ ᠪᠣᠯᠬᠤ ᠶᠤᠮ !
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃