2025-01-13 09:29:31
ᠨᠡᠭᠡᠭᠡᠯᠲᠡ ᠬᠢᠪᠡᠯ ᠰᠠᠶᠢ ᠳᠠᠪᠰᠢᠵᠤ᠂ ᠬᠠᠮᠳᠤᠷᠠᠯᠴᠠᠪᠠᠯ ᠰᠠᠶᠢ ᠠᠱᠢᠭ ᠬᠦᠷᠲᠡᠨ᠎ᠠ᠃ 2024 ᠣᠨ᠎ᠢ ᠡᠷᠭᠢᠴᠡᠭᠦᠯᠬᠦᠶ᠎ᠡ᠂ ᠭᠠᠳᠠᠭᠠᠳᠤ ᠨᠡᠭᠡᠭᠡᠯᠲᠡ ᠬᠢᠬᠦ᠌ 20 ᠬᠢᠯᠢ ᠵᠢᠨ ᠪᠣᠭᠣᠮᠲᠠ᠎ᠶ᠋ᠢᠨ ᠨᠡᠪᠲᠡᠷᠡᠬᠦ᠌ ᠵᠠᠮ᠎ᠤᠨ ᠪᠦᠯᠦᠭ᠌ᠵᠢᠯ᠎ᠦᠨ ᠳᠠᠪᠠᠭᠤᠯᠢᠭ᠎ᠲᠤ ᠲᠦᠱᠢᠭ᠌ᠯᠡᠨ᠂ ᠱᠢᠨ᠎ᠡ ᠴᠠᠭ ᠦᠶ᠎ᠡ᠎ᠳᠦ ᠪᠥᠬᠥ᠌ ᠲᠠᠯ᠎ᠠ᠎ᠪᠠᠷ ᠭᠠᠳᠠᠭᠠᠳᠤ ᠨᠡᠭᠡᠭᠡᠯᠲᠡ ᠬᠢᠬᠦ᠌ ᠱᠢᠨ᠎ᠡ ᠪᠠᠢᠷᠢᠱᠢᠯ᠎ᠢ ᠪᠠᠢᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍᠂ ᠥᠪᠥᠷ ᠮᠣᠩᠭᠣᠯ ᠤ᠋ᠨᠨᠡᠭᠡᠭᠡᠯᠲᠡ ᠬᠢᠵᠦ᠍ ᠬᠠᠮᠲᠤᠷᠠᠯᠴᠠᠬᠤ ᠵᠠᠮ᠎ᠢᠶᠡᠷ ᠲᠦᠷᠬᠡᠨ ᠤᠷᠤᠬᠰᠢᠯᠠᠵᠤ᠂ ᠠᠯᠬᠤᠮ ᠪᠦᠷᠢᠳᠦ ᠠᠮᠢᠵᠢᠷᠠᠯ᠎ᠤᠨ ᠬᠦᠴᠦᠨ ᠪᠠ ᠤᠷᠮᠠᠰ ᠵᠤᠷᠢᠭ ᠪᠠᠳᠠᠷᠠᠵᠤ᠂ ᠠᠯᠬᠤᠮ ᠪᠦᠷᠢᠳᠦ ᠬᠦᠴᠦᠨ ᠴᠢᠳᠠᠯ ᠪᠠ ᠬᠦᠰᠡᠯ ᠡᠷᠡᠮᠡᠯᠵᠡᠯ ᠢ᠋ ᠬᠤᠷᠠᠮᠳᠤᠭᠤᠯᠪᠠ᠃
2024 ᠣᠨ᠎ᠳᠤ᠂ ᠥᠪᠥᠷ ᠮᠣᠩᠭᠣᠯ ᠤᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠡᠮᠵᠢᠶ᠎ᠡ 1.234 ᠳ᠋ᠦᠩᠱᠢᠭᠤᠷ ᠲᠣᠨ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 14.5% ᠪᠠᠷ ᠨᠡᠮᠡᠭ᠌ᠳᠡᠨ᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍ ᠂ ᠪᠥᠬᠥ᠌ ᠤᠯᠤᠰ᠎ᠤᠨ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ ᠵᠢᠨ ᠬᠡᠮᠵᠢᠶ᠎ᠡ ᠪᠡᠷ᠎ᠢᠶᠡᠨ ᠦᠷᠭᠦᠯᠵᠢᠯᠡᠨ ᠲᠦᠷᠦᠭᠦᠯᠡᠪᠡ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ᠎ᠶ᠋ᠢᠨ ᠠᠶᠠᠨᠴᠢᠳ᠎ᠤᠨ ᠵᠦᠭᠡᠭᠡᠪᠦᠷᠢ᠎ᠶ᠋ᠢᠨ ᠬᠡᠮᠵᠢᠶ᠎ᠡ 511 ᠲᠦᠮᠡᠨ ᠬᠥᠮᠦᠨ ᠤᠳᠠᠭ᠎ᠠ᠎ᠳᠤ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 53% ᠪᠠᠷ ᠨᠡᠮᠡᠭ᠌ᠳᠡᠵᠦ᠍᠂ ᠬᠢᠯᠢ ᠵᠢᠨ ᠪᠣᠭᠣᠮᠲᠠ ᠦᠷᠭᠦᠯᠵᠢᠯᠡᠨ ᠴᠡᠴᠡᠭ᠌ᠯᠡᠨ ᠬᠥᠭ᠌ᠵᠢᠬᠦ ᠪᠠᠢᠳᠠᠯ ᠢᠯᠡᠷᠡᠪᠡ᠃
2024 ᠣᠨ᠎ᠳᠤ᠂ ᠥᠪᠥᠷ ᠮᠣᠩᠭᠣᠯ ᠤᠨ ᠬᠢᠯᠢ ᠵᠢᠨ ᠪᠣᠭᠣᠮᠲᠠ᠎ᠶ᠋ᠢᠨ ᠴᠢᠳᠠᠮᠵᠢ ᠲᠠᠰᠤᠷᠠᠯᠲᠠ ᠥᠬᠡᠶ ᠥᠷᠭᠡᠵᠢᠪᠡ᠃ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠬᠢᠯᠢ᠎ᠶ᠋ᠢᠨ ᠠᠷᠠᠳ ᠤ᠋ᠨ ᠵᠠᠬ᠎ᠠ ᠵᠢᠨ ᠠᠷᠠᠯᠵᠢᠶᠠᠨ᠎ᠤ ᠣᠷᠣᠨ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠂ B ᠬᠡᠯᠪᠡᠷᠢ᠎ᠶ᠋ᠢᠨ ᠭᠠᠢᠯᠢ ᠪᠠᠲᠤᠯᠠᠬᠤ ᠪᠠᠷᠠᠭᠠᠨ᠎ᠤ ᠭᠦᠶ᠋ᠯᠭᠡᠭᠡ ᠵᠢᠨ ᠬᠦᠷᠢᠶᠡᠯᠡᠩ ᠲᠣᠭᠣᠷᠢᠭ ᠵᠡᠷᠭᠡ ᠡᠯ᠎ᠡ ᠲᠥᠷᠥᠯ᠎ᠦᠨ ᠨᠡᠭᠡᠭᠡᠯᠲᠡ᠎ᠶ᠋ᠢᠨ ᠲᠠᠪᠴᠠᠩ᠎ᠤᠨ ᠦᠢᠯᠡᠳᠦᠯ ᠡᠳᠦᠷ ᠢᠷᠡᠬᠦᠶ᠎ᠡ ᠲᠣᠪᠣᠢᠮ᠎ᠠ ᠪᠣᠯᠵᠣ᠂ ᠮᠢᠬᠠᠨ᠎ᠤ ᠵᠦᠶ᠋ᠯ᠂ ᠠᠮᠤ ᠪᠤᠳᠠᠭ᠎ᠠ᠂ ᠡᠪᠡᠰᠦ ᠪᠣᠷᠳᠣᠭ᠎ᠠ ᠵᠡᠷᠭᠡ ᠡᠯ᠎ᠡ ᠲᠥᠷᠥᠯ᠎ᠦᠨ ᠪᠣᠭᠣᠮᠲᠠ᠎ᠶ᠋ᠢᠨ ᠵᠢᠭᠠᠨ ᠲᠣᠭ᠍ᠲᠠᠭᠠᠭ᠍ᠰᠠᠨ ᠬᠢᠨᠠᠯᠲᠠ ᠬᠠᠮᠢᠶᠠᠷᠤᠯᠲᠠ᠎ᠶ᠋ᠢᠨ ᠲᠠᠯᠠᠪᠤᠷ ᠭᠠᠵᠠᠷ 19 ᠪᠠᠢᠵᠤ᠂ ᠮᠣᠩᠭᠣᠯ ᠤᠯᠤᠰ ᠲᠤ᠌ ᠬᠠᠨᠳᠤᠭᠤᠯᠤᠭᠰᠠᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ 8 ᠰᠠᠭᠤᠳᠠᠯ ᠡᠴᠡ ᠳᠣᠷᠣᠭ᠍ᠰᠢᠬᠢ ᠵᠢᠵᠢᠭ ᠬᠡᠯᠪᠡᠷᠢ᠎ᠶ᠋ᠢᠨ ᠲᠡᠷᠭᠡ ᠵᠢ ᠨᠡᠪᠳᠡᠷᠡᠭᠦᠯᠬᠦ ᠶᠤᠰᠤᠳᠠᠢ ᠵᠢ ᠨᠢ ᠪᠦᠬᠦᠨ ᠢ᠋ ᠨᠠᠪᠳᠡᠷᠡᠬᠥᠯᠬᠥ ᠵᠢ ᠪᠡᠶᠡᠯᠡᠭᠦᠯᠪᠡ᠃
2024 ᠣᠨ᠎ᠳᠤ᠂ ᠥᠪᠥᠷ ᠮᠣᠩᠭᠣᠯ ᠤᠨ ᠬᠢᠯᠢ ᠵᠢᠨ ᠪᠣᠭᠣᠮᠲᠠ᠎ᠶ᠋ᠢᠨ ᠣᠶᠤᠨᠴᠢᠯᠠᠭ᠍ᠰᠠᠨ ᠲᠦᠪᠱᠢᠨ ᠲᠠᠰᠤᠷᠠᠯᠲᠠ ᠥᠬᠡᠶ ᠳᠡᠭᠡᠭ᠌ᠰᠢᠯᠡᠪᠡ᠃ ᠪᠥᠬᠥ᠌ ᠣᠷᠣᠨ᠎ᠤ 12 ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ ᠪᠣᠭᠣᠮᠲᠠ᠂ ᠬᠢᠯᠢ᠎ᠶ᠋ᠢᠨ ᠪᠠᠢᠴᠠᠭᠠᠯᠲᠠ ᠵᠡᠷᠭᠡ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢ 《ᠨᠢᠭᠡ ᠴᠣᠠᠠᠴᠠᠵᠢᠭᠤᠯᠥᠨ ᠴᠤᠭ᠍ᠯᠠᠭᠤᠯᠵᠤ᠂ ᠨᠢᠭᠡ ᠥᠷᠲᠡᠭᠡᠴᠢᠯᠡᠭᠰᠠᠨ ᠮᠠᠶᠢᠭ᠎ᠢᠶᠡᠨ ᠪᠠᠢᠴᠠᠭᠠᠨ ᠱᠢᠯᠭᠠᠬᠤ 》 ᠶ᠋ᠢ ᠪᠡᠶᠡᠯᠡᠭᠦᠯᠵᠦ᠍᠂ ᠡᠳ᠋ ᠪᠠᠷᠠᠭ᠎ᠠ ᠵᠢ ᠬᠢᠯᠢ᠎ᠪᠡᠷ ᠤᠷᠤᠭᠤᠯᠵᠤ ᠭᠠᠷᠭᠠᠬᠤ ᠳ᠋ᠤ 《ᠰᠧᠺᠦ᠋ᠨ᠋ᠳ᠋ ᠲᠤᠭᠠᠯᠠᠨ》 ᠥᠩᠭᠡᠷᠡᠭᠦᠯᠬᠦ᠌ ᠱᠠᠲᠤᠨ᠎ᠳᠤ ᠤᠷᠤᠵᠠᠢ᠃ AGV ᠵᠢᠯᠤᠭᠤᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ ᠨᠢ ᠭᠠᠭ᠍ᠴᠠᠮᠤᠳᠤ᠂ ᠴᠡᠬᠡ ᠪᠣᠭᠣᠮᠲᠠ᠎ᠳᠤ ᠬᠣᠶᠠᠷ ᠵᠢᠯ ᠲᠣᠭ᠍ᠲᠠᠭᠤᠨ᠎ᠢᠶᠠᠷ ᠠᠵᠢᠯᠯᠠᠵᠤ᠂ ᠮᠠᠨᠳᠤᠯ᠎ᠠ᠂ ᠵᠡᠭᠦᠨ ᠬᠠᠲᠠᠪᠴᠢ᠂ ᠠᠷᠤᠬᠠᠱᠢᠶᠠᠲᠤ ᠵᠡᠷᠭᠡ ᠬᠢᠯᠢ ᠵᠢᠨ ᠪᠣᠭᠣᠮᠲᠠ᠎ᠳᠤ ᠵᠡᠷᠭᠡ ᠪᠡᠷ ᠲᠡᠷᠡ ᠶᠤᠰᠤᠭᠠᠷ ᠨᠢ ᠳᠡᠯᠭᠡᠷᠡᠭᠦᠯᠵᠦ᠍᠂ ᠪᠣᠬᠢᠷᠲᠤᠯ ᠥᠬᠡᠶ ᠵᠢᠯᠤᠭᠤᠴᠢ ᠥᠬᠡᠶ ᠬᠦᠨᠳᠦ ᠠᠴᠢᠶᠠᠨ᠎ᠤ ᠮᠠᠱᠢᠨ ᠲᠡᠷᠭᠡ ᠵᠢ ᠴᠡᠬᠡ ᠪᠣᠭᠣᠮᠲᠠ᠎ᠳᠤ ᠲᠤᠷᠱᠢᠨ ᠠᠵᠢᠯᠯᠠᠭᠤᠯᠵᠤ᠂ ᠨᠢᠭᠡᠨᠲᠡ ᠪᠥᠬᠥ᠌ ᠤᠯᠤᠰ᠎ᠤᠨ ᠣᠶᠤᠨᠴᠢᠯᠠᠭ᠍ᠰᠠᠨ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠱᠢᠨ᠎ᠡ ᠵᠠᠭ᠍ᠪᠤᠷ᠎ᠤᠨ ᠠᠮᠵᠢᠯᠲᠠ᠎ᠲᠠᠶ ᠥᠯᠢᠭᠡᠷ ᠵᠢᠱ᠌ᠢᠶ᠎ᠡ ᠪᠣᠯᠤᠭ᠍ᠰᠠᠨ ᠪᠠᠢᠨ᠎ᠠ᠃
2024 ᠣᠨ᠎ᠳᠤ᠂ ᠥᠪᠥᠷ ᠮᠣᠩᠭᠣᠯ᠎ᠤᠨ ᠬᠢᠯᠢ ᠵᠢᠨ ᠪᠣᠭᠣᠮᠲᠠ᠎ᠶ᠋ᠢᠨ ᠠᠵᠤ ᠠᠬᠤᠶ ᠡᠳᠦᠷ ᠢᠷᠡᠬᠦᠶ᠎ᠡ ᠴᠡᠴᠡᠭ᠌ᠯᠡᠨ ᠬᠥᠭ᠌ᠵᠢᠪᠡ᠃ ᠮᠠᠨ᠎ᠤ ᠣᠷᠣᠨ᠎ᠤ ᠬᠢᠯᠢ ᠵᠢᠨ ᠪᠣᠭᠣᠮᠲᠠ᠎ᠪᠠᠷ ᠣᠷᠣᠵᠤ ᠭᠠᠷᠤᠭ᠍ᠰᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠨᠡᠢᠲᠡ 6 ᠲᠦᠮᠡ ᠱᠢᠬᠠᠮ ᠴᠤᠪᠤᠭ᠎ᠠ ᠪᠠᠢᠵᠤ᠂ ᠠᠶᠠᠯᠠᠯ᠎ᠤᠨ ᠱᠤᠭᠤᠮ 126 ᠵᠤᠷᠪᠤᠰ ᠲᠤ᠌ ᠬᠦᠷᠴᠦ᠍᠂ ᠲᠤᠳᠤᠭᠠᠳᠤ ᠳ᠋ᠠᠭᠠᠨ 22 ᠮᠤᠵᠢ (ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ) ᠶ᠋ᠢᠨ 64 ᠬᠣᠲᠠ᠎ᠶ᠋ᠢ ᠬᠠᠮᠤᠷᠴᠤ᠌᠂ ᠭᠠᠳᠠᠭ᠍ᠰᠢ᠎ᠪᠠᠨ 10 ᠤᠯᠤᠰ᠎ᠤᠨ 22 ᠡᠴᠦᠰ᠎ᠦᠨ ᠴᠡᠭ ᠤ᠋ᠨ ᠬᠣᠲᠠ᠎ᠶ᠋ᠢ ᠲᠠᠢᠴᠢᠯᠠᠨ ᠨᠥᠯᠥᠭᠡᠯᠡᠪᠡ᠃ ᠬᠢᠯᠢ ᠵᠢᠨ ᠪᠣᠭᠣᠮᠲᠠ᠎ᠶ᠋ᠢᠨ ᠬᠦᠴᠦᠲᠡᠶ ᠳᠠᠢᠴᠢᠯᠠᠯᠲᠠ ᠳᠤᠤᠷ᠎ᠠ ᠪᠥᠬᠥ᠌ ᠣᠷᠣᠨ᠎ᠤ ᠭᠠᠳᠠᠭᠠᠳᠤ ᠠᠷᠠᠯᠵᠢᠶ᠎ᠠ ᠲᠦᠷᠭᠡᠨ ᠬᠥᠭ᠌ᠵᠢᠵᠦ᠍᠂ 《ᠪᠣᠭᠣᠮᠲᠠ + ᠬᠦᠷᠢᠶᠡᠯᠡᠩ ᠲᠣᠭᠣᠷᠢᠭ》᠂ 《ᠬᠢᠯᠢ ᠵᠢᠨ ᠪᠣᠭᠣᠮᠲᠠ + ᠳᠣᠲᠣᠷ ᠭᠠᠵᠠᠷ 》 ᠤ᠋ᠨ ᠬᠣᠯᠪᠣᠭᠠᠯᠠᠨ ᠬᠥᠭ᠌ᠵᠢᠬᠦ᠌ ᠱᠢᠨ᠎ᠡ ᠪᠠᠢᠷᠢᠱᠢᠯ ᠶᠠᠭ ᠪᠦᠷᠢᠯᠳᠦᠵᠦ᠍ ᠪᠣᠶ᠃ ᠨᠡᠭᠦᠷᠡᠰᠦ᠂ ᠲᠡᠮᠦᠷ᠎ᠦᠨ ᠬᠦᠳᠡᠷ᠂ ᠵᠡᠰ᠎ᠦᠨ ᠨᠠᠷᠢᠯᠢᠭ ᠨᠤᠨᠲᠠᠭ᠂ ᠴᠢᠯᠠᠭᠤᠨ ᠲᠣᠰᠣ ᠪᠠᠢᠭᠠᠯᠢ ᠵᠢᠨ ᠰᠢᠳᠠᠮᠠᠬᠠᠢ ᠬᠡᠶ᠂ ᠬᠠᠢᠯᠤᠭᠤᠷ ᠵᠣᠩᠰᠢ ᠵᠡᠷᠭᠡ ᠲᠠᠪᠤᠨ ᠶᠡᠬᠡ ᠲᠥᠷᠥᠯ᠎ᠦᠨ ᠭᠠᠳᠠᠭᠠᠳᠤ᠎ᠡᠴᠡ ᠣᠷᠣᠭᠤᠯᠤᠭ᠍ᠰᠠᠨ ᠪᠥᠭᠡᠮ ᠲᠠᠸᠠᠷ᠎ᠢ ᠬᠥᠮᠥᠷᠭᠡᠯᠡᠬᠦ᠌ ᠱᠢᠯᠵᠢᠭᠦᠯᠦᠨ ᠲᠡᠭᠡᠭᠡᠪᠦᠷᠢᠯᠡᠬᠦ᠌ ᠬᠦᠷᠢᠶᠡᠯᠡᠩ ᠲᠣᠭᠣᠷᠢᠭ ᠨᠢᠭᠡᠨᠲᠡ ᠠᠩᠬ᠎ᠠ ᠠᠯᠬᠤᠮ ᠪᠠᠢᠭᠤᠯᠤᠭ᠍ᠳᠠᠵᠤ᠂ ᠨᠡᠭᠦᠷᠡᠰᠦ ᠬᠡᠸ᠋ᠷᠡᠰᠦ ᠵᠢᠨ ᠬᠢᠮᠢ᠎ᠶ᠋ᠢᠨ ᠠᠵᠤ ᠦᠶ᠋ᠯᠡᠳᠪᠦᠷᠢ᠂ ᠠᠮᠤ ᠪᠤᠳᠠᠭ᠎ᠠ ᠲᠣᠰᠣ ᠵᠢ ᠨᠠᠷᠢᠯᠢᠭ ᠡᠳ᠋ᠰᠢᠬᠦᠯᠬᠦ᠂ ᠬᠠᠢᠯᠤᠭᠤᠷ ᠵᠣᠩᠰᠢ ᠵᠢ ᠨᠠᠷᠢᠯᠢᠭ ᠰᠣᠩᠭᠣᠬᠤ᠂ ᠢᠮᠠᠭᠠᠨ ᠨᠣᠤᠯᠤᠭᠤᠷ ᠪᠣᠯᠪᠠᠰᠤᠷᠠᠭᠤᠯᠬᠤ ᠵᠡᠷᠭᠡ ᠨᠠᠶ᠋ᠮᠠᠨ ᠶᠡᠬᠡ ᠰᠠᠭᠤᠷᠢᠰᠢᠯ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ ᠲᠠᠰᠤᠷᠠᠯᠲᠠ ᠥᠬᠡᠶ ᠪᠤᠵᠠᠭᠠᠢᠷᠠᠪᠠ ᠁
ᠥᠩᠭᠡᠷᠡᠭ᠌ᠰᠡᠨ ᠨᠢᠭᠡ ᠵᠢᠯ᠎ᠳᠦ᠂ ᠴᠠᠭ ᠬᠤᠭᠤᠴᠠᠭ᠎ᠠ ᠪᠣᠯᠤᠨ ᠲᠣᠭ᠎ᠠ ᠪᠠᠷᠢᠮᠲᠠ ᠨᠢ ᠨᠢᠬᠡᠨ ᠰᠦᠷᠯᠢᠭ ᠦᠵᠡᠮᠵᠢᠳᠤ ᠨᠡᠭᠡᠭᠡᠯᠲᠡ ᠬᠢᠬᠦ ᠵᠢᠷᠤᠭ ᠲᠦᠰᠦᠪ᠎ᠢ ᠵᠢᠷᠤᠭ᠍ᠯᠠᠪᠠ᠄ ᠳᠡᠯᠡᠬᠡᠢ ᠳ᠋ᠠᠬᠢᠨ᠎ᠢ ᠬᠣᠯᠪᠣᠭ᠍ᠰᠠᠨ ᠶᠡᠬᠡ ᠨᠡᠪᠳᠡᠷᠡᠬᠦ ᠵᠠᠮ᠂ ᠥᠪᠥᠷ ᠮᠣᠩᠭᠣᠯ᠎ᠤᠨ 4200 ᠭᠠᠷᠤᠢ ᠺᠢᠯᠤᠮᠸᠲᠷ᠎ᠤᠨ ᠬᠢᠯᠢ᠎ᠶ᠋ᠢᠨ ᠱᠤᠭᠤᠮ ᠲᠠᠭᠠᠤ ᠰᠤᠨᠤᠯᠵᠠᠨ ᠦᠷᠬᠦᠯᠵᠢᠯᠡᠵᠤ᠂ ᠮᠢᠩᠭᠠᠨ ᠤᠷᠤᠰᠭᠠᠯ ᠢ᠋ ᠨᠡᠢᠯᠡᠬᠦᠯᠦᠨ᠂ ᠬᠦᠭᠵᠢᠯ ᠪᠠᠳᠠᠷᠠᠯ᠎ᠢᠶᠡᠷ ᠪᠢᠯᠬᠠᠨ᠎ᠠ᠃ ᠥᠪᠥᠷ ᠮᠣᠩᠭᠣᠯᠡᠷᠭᠢᠨ ᠲᠣᠭᠣᠷᠢᠨ᠎ᠤ ᠤᠯᠤᠰ᠎ᠤᠳ᠎ᠤᠨ ᠦᠬᠡᠳᠡ ᠡᠴᠡ ᠨᠥᠬᠥᠷᠯᠡᠯ᠎ᠦᠨ ᠭᠠᠷ ᠰᠤᠩᠭᠠᠨ᠂ ᠴᠢᠩᠭ᠎ᠠ ᠠᠳᠭᠤᠯᠴᠠᠵᠤ᠂ ᠡᠶ᠎ᠡ ᠨᠠᠢᠷᠠᠮᠳᠠᠭᠤ ᠬᠠᠮᠳᠤᠷᠠᠯᠴᠠᠭᠠᠨ ᠤ᠋ ᠳᠠᠭᠤᠨ᠎ᠢ ᠴᠤᠤᠷᠢᠶᠠᠲᠤᠭᠤᠯᠪᠠ᠃ ᠡᠢᠮᠦᠷᠬᠦᠦ ᠪᠠᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ᠄ ᠪᠦᠬᠦ᠌ ᠣᠷᠣᠨ᠎ᠤ ᠡᠯ᠎ᠡ ᠱᠠᠲᠤᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠥᠷ ᠮᠣᠩᠭᠣᠯ ᠨᠡᠬᠡᠬᠡᠯᠳᠡ ᠬᠢᠵᠦ᠍ ᠬᠠᠮᠲᠤᠷᠠᠯᠴᠠᠬᠤ ᠲᠦᠷᠬᠡᠨ ᠠᠯᠬᠤᠭ᠎ᠠ ᠵᠢ ᠠᠯᠬᠤᠬᠰᠠᠨ ᠪᠠᠢᠨ᠎ᠠ ᠭᠡᠵᠤ ᠵᠢᠭᠠᠵᠤ ᠭᠠᠷᠭᠠᠪᠠ᠃
ᠬᠦᠢᠳᠡᠨ᠎ᠤ ᠡᠷᠴᠢ ᠴᠢᠩᠭᠠᠷᠠᠬᠰᠠᠨ ᠦᠶ᠎ᠠ ᠪᠡᠷ᠂ ᠡᠷᠢᠶᠡᠨ ᠬᠤᠳᠠᠳ᠋ᠡᠬᠢ ᠥᠪᠥᠷ ᠮᠣᠩᠭᠣᠯ᠎ᠤᠨ ᠳ᠋ᠠ ᠹᠸᠩ ᠠᠵᠤ ᠠᠬᠤᠢ ᠠᠷᠠᠯᠵᠢᠶᠠᠨ᠎ᠤ ᠭᠠᠳᠠᠭᠠᠳᠤᠤᠷᠤᠭᠤᠯᠤᠯᠳᠠ ᠭᠠᠷᠭᠠᠯᠳᠠ ᠵᠢᠨ ᠬᠢᠵᠠᠭᠠᠷᠲᠤ ᠺᠣᠮᠫᠠᠨᠢ᠎ᠳᠤ ᠬᠦᠷᠪᠠᠯ᠂ ᠮᠠᠱᠢᠨ ᠲᠡᠷᠭᠡᠨ᠎ᠦ ᠬᠥᠳᠡᠯᠭᠡᠭᠦᠷ ᠲᠠᠰᠤᠷᠠᠯᠳᠠ ᠦᠭᠡᠢ ᠬᠦᠷᠴᠢᠭᠢᠨᠡᠵᠦ᠍᠂ 20 ᠰᠡᠦᠬᠡ ᠮᠠᠱᠢᠨ᠂ SUV᠂ ᠫᠢᠺᠠ ᠲᠡᠷᠭᠡ ᠵᠡᠷᠭᠡ ᠭᠠᠷ ᠳᠠᠮᠵᠢᠭ᠍ᠰᠠᠨ ᠮᠠᠱᠢᠨ ᠲᠡᠷᠭᠡ ᠡᠩᠨᠡᠬᠡ ᠪᠤᠯᠵᠤ ᠬᠤᠸᠠᠨ ᠢᠦᠢ ᠪᠠᠷᠠᠭᠠᠨ᠎ᠤ ᠭᠦᠢᠯᠭᠡᠭᠡ ᠵᠢᠨ ᠭᠠᠳᠠᠭᠠᠳᠤ᠎ᠳᠤ ᠭᠠᠷᠭᠠᠬᠤ ᠬᠦᠷᠢᠶᠡᠯᠡᠩ ᠲᠣᠭᠣᠷᠢᠭ᠎ᠲᠤ ᠵᠢᠯᠤᠭᠤᠳᠤᠨ ᠬᠦᠷᠴᠦ᠍᠂ ᠬᠤᠯᠪᠤᠬᠳᠠᠯ ᠪᠦᠬᠦᠢ ᠭᠠᠷᠳᠠᠮ ᠪᠣᠯᠤᠨ ᠭᠠᠳᠠᠭᠠᠳᠤ᠎ᠳᠤ ᠭᠠᠷᠭᠠᠬᠤ᠎ᠶ᠋ᠢ ᠭᠤᠶᠤᠴᠢᠯᠠᠨ ᠮᠡᠳᠡᠭᠦᠯᠬᠦ᠌ ᠶᠠᠪᠤᠴᠠ᠎ᠶ᠋ᠢ ᠭᠦᠢᠴᠡᠳᠭᠡᠭ᠌ᠰᠡᠨᠦ ᠲᠠᠷᠠᠭ᠎ᠠ᠂ ᠮᠣᠩᠭᠣᠯ ᠤᠯᠤᠰ ᠪᠣᠯᠤᠨ ᠤᠷᠤᠰ᠎ᠲᠤ ᠭᠠᠷᠭᠠᠬᠤ ᠪᠣᠯᠤᠨ᠎ᠠ᠃
《ᠡᠷᠢᠶᠡᠨ ᠬᠣᠲᠠ᠎ᠶ᠋ᠢᠨ ᠬᠢᠯᠢ ᠵᠢᠨ ᠪᠣᠭᠣᠮᠲᠠ ᠭᠠᠷ ᠳᠠᠮᠵᠢᠭ᠍ᠰᠠᠨ ᠮᠠᠱᠢᠨ ᠲᠡᠷᠭᠡ᠂ ᠲᠠᠸᠠᠷ᠎ᠤᠨ ᠮᠠᠱᠢᠨ ᠲᠡᠷᠭᠡ ᠵᠡᠷᠭᠡ ᠲᠡᠷᠭᠡ ᠬᠦᠰᠬᠡ ᠵᠢ ᠪᠤᠭᠤᠮᠳᠠ ᠦᠩᠬᠡᠷᠡᠬᠦᠯᠬᠦ᠂ ᠬᠢᠨᠠᠨ ᠬᠠᠮᠢᠶᠠᠷᠬᠤ᠂ ᠪᠠᠢᠴᠠᠭᠠᠨ ᠱᠢᠯᠭᠠᠬᠤ ᠴᠢᠳᠠᠪᠤᠷᠢ᠎ᠲᠠᠶ᠂ ᠡᠷᠢᠶᠡᠨ ᠬᠣᠲᠠ᠎ᠶ᠋ᠢᠨ ᠲᠤᠬᠠᠶ᠎ᠶ᠋ᠢᠨ ᠭᠠᠵᠠᠷ᠎ᠤᠨ᠎ᠬᠢᠨ ᠴᠦ᠍ ᠠᠵᠤ ᠠᠬᠤᠢᠯᠠᠯ᠎ᠤᠨ ᠭᠠᠷ ᠳᠠᠮᠵᠢᠭ᠍ᠰᠠᠨ ᠮᠠᠱᠢᠨ ᠲᠡᠷᠭᠡ ᠵᠢ ᠭᠠᠳᠠᠭᠠᠳᠤ ᠳ᠋ᠤ ᠭᠠᠷᠭᠠᠬᠤ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠮᠠᠰᠢ ᠵᠣᠷᠢᠭ᠍ᠵᠢᠭᠤᠯᠵᠤ ᠪᠤᠢ᠃ ᠡᠢᠮᠦ᠍᠎ᠡᠴᠡ ᠨᠢᠳᠤᠨᠤᠨ ᠺᠣᠮᠫᠠᠨᠢ᠎ᠶ᠋ᠢᠨ ᠭᠠᠷ ᠳᠠᠮᠵᠢᠭ᠍ᠰᠠᠨ ᠮᠠᠱᠢᠨ ᠲᠡᠷᠭᠡ ᠵᠢ ᠭᠠᠳᠠᠭᠠᠳᠤ ᠳ᠋ᠤ ᠭᠠᠷᠭᠠᠬᠤ ᠲᠤᠬᠠᠢᠯᠠᠭ᠍ᠰᠠᠨ ᠠᠵᠢᠯ ᠮᠠᠰᠢ ᠲᠦᠷᠭᠡᠨ ᠬᠥᠭ᠌ᠵᠢᠵᠠᠢ》 ᠭᠡᠵᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠼᠦᠢ ᠮᠢᠨ ᠢᠦᠢ ᠬᠡᠯᠡᠵᠤ ᠪᠢᠯᠡ᠃
ᠣᠯᠠᠨ ᠤᠯᠤᠰ᠎ᠤᠨ ᠠᠷᠠᠯᠵᠢᠶᠠᠨ᠎ᠤ ᠣᠯᠠᠨ ᠡᠱᠢᠵᠢᠬᠦ᠌ ᠬᠥᠭ᠌ᠵᠢᠯᠲᠡ᠎ᠶ᠋ᠢᠨ ᠬᠠᠨᠳᠤᠰᠢ ᠲᠤᠮᠳᠠ᠂ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠱᠢᠨ ᠲᠡᠷᠭᠡ ᠵᠢ ᠭᠠᠳᠠᠭᠠᠳᠤ ᠳ᠋ᠤ ᠭᠠᠷᠭᠠᠬᠤ ᠲᠤᠬᠠᠢᠯᠠᠭ᠍ᠰᠠᠨ ᠠᠵᠢᠯ ᠲᠦᠷᠭᠡᠨ ᠬᠦᠭᠵᠢᠵᠦ᠂ ᠤᠷᠢᠳ ᠡᠮᠦᠨ᠎ᠡ ᠪᠠᠢᠭ᠎ᠠ ᠥᠬᠡᠶ ᠬᠤᠷᠳᠤᠴᠠ᠎ᠪᠠᠷ ᠥᠷᠨᠢᠨ ᠬᠥᠭ᠌ᠵᠢᠪᠡ᠃ ᠲᠣᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠡᠷ᠂ 2024 ᠣᠨ᠎ᠳᠤ ᠥᠪᠥᠷ ᠮᠣᠩᠭᠣᠯ᠎ᠤᠨ ᠭᠠᠷ ᠳᠠᠮᠵᠢᠭ᠍ᠰᠠᠨ ᠮᠠᠱᠢᠨ ᠲᠡᠷᠭᠡ ᠵᠢ ᠭᠠᠳᠠᠭᠠᠳᠤ ᠳ᠋ᠤ ᠭᠠᠷᠭᠠᠬᠰᠠᠨ ᠬᠡᠮᠵᠢᠶ᠎ᠡ ᠨᠡᠢᠲᠡ 8357 ᠮᠠᠱᠢᠨ ᠲᠡᠷᠭᠡ ᠪᠠᠢᠵᠤ᠂ ᠠᠳᠠᠯᠢ ᠬᠤᠭᠤᠴᠠᠭᠠᠨ᠎ᠤ ᠬᠢ᠎ᠡᠴᠡ 65% ᠪᠠᠷ ᠨᠡᠮᠡᠭ᠌ᠳᠡᠪᠡ᠃
1 ᠰᠠᠷ᠎ᠠ᠎ᠶ᠋ᠢᠨ 10 ᠤ᠋ 14 ᠴᠠᠭ 02 ᠮᠢᠨᠦ᠋ᠲ᠎ᠲᠤ ᠨᠢᠭᠡᠨ ᠨᠢᠰᠭᠡᠯ᠂ ᠥᠪᠥᠷ ᠮᠣᠩᠭᠣᠯ᠎ᠤᠨ ᠪᠤᠭᠤᠲᠤ᠎ᠶ᠋ᠢᠨ ᠳ᠋ᠦᠩ ᠾᠧ ᠣᠯᠠᠨ ᠤᠯᠤᠰ᠎ᠤᠨ ᠨᠢᠰᠭᠡᠯ᠎ᠦᠨ ᠪᠠᠭᠤᠳᠠᠯ ᠡᠴᠨ ᠤᠷᠤᠭ᠍ᠰᠢᠲᠠᠶ᠎ᠪᠡᠷ ᠨᠢᠰᠴᠤ᠂ 2 ᠴᠠᠭ ᠭᠠᠷᠤᠶ᠎ᠶ᠋ᠢᠨ ᠳᠠᠷᠠᠭ᠎ᠠ ᠮᠣᠩᠭᠣᠯ ᠤᠯᠤᠰ᠎ᠤᠨ ᠱᠢᠨ᠎ᠡ ᠴᠢᠩᠭᠢᠰ ᠬᠠᠭᠠᠨ ᠨᠢᠰᠭᠡᠯ᠎ᠦᠨ ᠪᠠᠭᠤᠳᠠᠯ᠎ᠳᠤ ᠬᠥᠷᠪᠡ᠃
2024 ᠣᠨ᠎ᠳᠤ ᠤᠮᠠᠷᠠᠲᠤ ᠣᠷᠣᠨ᠎ᠤ ᠠᠭᠠᠷ᠎ᠤᠨ ᠠᠶᠠᠯᠠᠯ ᠤᠨ ᠬᠠᠮᠢᠶᠠᠷᠤᠯᠲᠠ᠎ᠶ᠋ᠢᠨ ᠲᠣᠪᠴᠢᠶ᠎ᠠ ᠵᠡᠷᠭᠡ ᠳᠡᠭᠡᠳᠦ ᠱᠠᠲᠤᠨ᠎ᠤ ᠨᠢᠭᠡᠴᠢ᠎ᠡᠴᠡ ᠪᠤᠭᠤᠲᠤ᠎ᠶ᠋ᠢᠨ ᠨᠢᠰᠭᠡᠯ᠎ᠦᠨ ᠪᠠᠭᠤᠳᠠᠯ᠎ᠢ 2024 ᠣᠨ᠎ᠤ 10 ᠰᠠᠷ᠎ᠠ᠎ᠶ᠋ᠢᠨ 31 ᠡᠴᠡ ᠡᠬᠢᠯᠡᠨ ᠵᠢᠩᠬᠢᠨᠢ᠎ᠪᠡᠷ ᠭᠠᠳᠠᠭᠰᠢ ᠨᠡᠭᠡᠭᠡᠬᠦ᠌᠎ᠶ᠋ᠢ ᠴᠤᠬᠤᠯᠠᠪᠤᠷᠢᠯᠠᠨ ᠵᠥᠪᠱᠢᠶᠡᠷᠡᠪᠡ᠃ ᠲᠤᠰ ᠵᠢᠯ᠎ᠤᠨ 9 ᠰᠠᠷ᠎ᠠ᠎ᠳᠤ ᠠᠷᠠᠳ᠎ᠤᠨ ᠠᠭᠠᠷ ᠤᠨ ᠲᠡᠭᠡᠭᠡᠪᠦᠷᠢ᠎ᠶ᠋ᠢᠨ ᠲᠣᠪᠴᠢᠶ᠎ᠠ᠎ᠶ᠋ᠢᠨ ᠵᠥᠪᠱᠢᠶᠡᠷᠡᠯ᠎ᠢᠶᠡᠷ᠂ 《ᠪᠤᠭᠤᠲᠤ᠎ᠶ᠋ᠢᠨ ᠳ᠋ᠦᠩ ᠾᠧ ᠨᠢᠰᠭᠡᠯ᠎ᠦᠨ ᠪᠠᠭᠤᠳᠠᠯ》᠎ᠢ᠋ ᠵᠢᠩᠬᠢᠨᠢ᠎ᠪᠡᠷ《ᠪᠤᠭᠤᠲᠤ᠎ᠶ᠋ᠢᠨ ᠳ᠋ᠦᠩ ᠾᠧ ᠣᠯᠠᠨ ᠤᠯᠤᠰ᠎ᠤᠨ ᠨᠢᠰᠭᠡᠯ᠎ᠦᠨ ᠪᠠᠭᠤᠳᠠᠯ》 ᠭᠡᠵᠦ᠍ ᠬᠠᠯᠠᠪᠠ᠂ 12 ᠰᠠᠷ᠎ᠠ᠎ᠶ᠋ᠢᠨ 27᠎ᠤ᠋ ᠡᠳᠦᠷ ᠨᠢ ᠪᠤᠭᠤᠲᠤ — ᠤᠯᠠᠭᠠᠨᠪᠠᠭᠠᠲᠤᠷᠬᠦᠷᠬᠦ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠱᠤᠭᠤᠮ ᠠᠮᠵᠢᠯᠲᠠ᠎ᠲᠠᠶ ᠨᠡᠪᠲᠡᠷᠡᠵᠦ᠂ ᠪᠤᠭᠤᠲᠤ ᠶ᠋ᠢᠨ ᠠᠭᠠᠷ᠎ᠤᠨ ᠠᠶᠠᠯᠠᠯ᠎ᠤᠨ ᠬᠢᠯᠢ᠎ᠶ᠋ᠢᠨ ᠪᠣᠭᠣᠮᠲᠠ ᠵᠢᠩᠬᠢᠨᠢ᠎ᠪᠡᠷ ᠭᠠᠳᠠᠭ᠍ᠰᠢ ᠨᠡᠭᠡᠭᠡᠯᠲᠡ ᠬᠢᠭ᠌ᠰᠡᠨ᠎ᠦ ᠳᠠᠷᠠᠭᠠᠬᠢ ᠠᠩᠬᠠᠳᠠᠭ᠍ᠴᠢ ᠣᠯᠠᠨ ᠤᠯᠤᠰ᠎ᠤᠨ ᠠᠭᠠᠷ᠎ᠤᠨ ᠠᠶᠠᠯᠠᠯ᠎ᠤᠨ ᠱᠤᠭᠤᠮ ᠪᠤᠯᠪᠠ᠃ ᠱᠢᠨ᠎ᠡ ᠠᠭᠠᠷ᠎ᠤᠨ ᠠᠶᠠᠯᠠᠯ᠎ᠤᠨ ᠱᠤᠭᠤᠮ᠎ᠢ ᠨᠡᠪᠲᠡᠷᠡᠭᠦᠯᠦᠭ᠌ᠰᠡᠨ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠ ᠮᠣᠩᠭᠣᠯ ᠤᠯᠤᠰ᠎ᠤᠨ ᠠᠵᠤ ᠠᠬᠤᠶ ᠠᠷᠠᠯᠵᠢᠶᠠᠨ᠎ᠤ ᠶᠠᠪᠤᠯᠴᠠᠭ᠎ᠠ᠎ᠶ᠋ᠢᠨ ᠬᠤᠷᠳᠤᠴᠠ᠎ᠶ᠋ᠢ ᠤᠯᠠᠮ ᠨᠢᠭᠡ ᠠᠯᠬᠤᠮ ᠲᠦᠷᠭᠡᠳᠭᠡᠪᠡ᠃
ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠤᠤᠰ ᠣᠷᠴᠢᠯ᠎ᠢ ᠬᠣᠯᠪᠣᠯᠳᠤᠭᠤᠯᠤᠨ ᠨᠡᠪᠲᠡᠷᠡᠭᠦᠯᠬᠦ᠌ ᠳᠤᠮᠳᠠ ᠨᠠᠩ ᠶᠡᠬᠡ ᠦᠶ᠋ᠯᠡᠳᠦᠯ᠎ᠢᠶᠡᠨ ᠪᠠᠳᠠᠷᠠᠭᠤᠯᠵᠤ ᠪᠠᠢᠨ᠎ᠠ᠂ ᠡᠨᠡ ᠬᠦ᠌ ᠶᠠᠪᠤᠴᠠ᠎ᠳᠤ᠂ ᠥᠪᠥᠷ ᠮᠣᠩᠭᠤᠯ ᠴᠤ᠌ 《ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠪᠣᠯ ᠮᠥᠨ ᠴᠦ᠍ ᠨᠡᠭᠡᠭᠡᠯᠲᠡ ᠬᠢᠵᠦ᠍ ᠪᠠᠢᠭ᠎ᠠ ᠶᠠᠪᠤᠳᠠᠯ ᠮᠥᠨ》 ᠭᠡᠬᠦ᠌ ᠦᠵᠡᠯᠲᠡ᠎ᠶ᠋ᠢ ᠪᠣᠶ ᠪᠣᠯᠭᠠᠪᠠ᠃ ᠳᠣᠲᠣᠭᠠᠳᠤ ᠬᠠᠭᠤᠷᠠᠶ᠎ᠶ᠋ᠢᠨ ᠬᠢᠯᠢ ᠳᠠᠭᠠᠤ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠶᠡᠭᠡ ᠪᠤᠯᠤᠩ᠎ᠤᠨ ᠣᠷᠣᠨ ᠪᠣᠯᠤᠨ ᠵᠡᠭᠦᠨ ᠭᠤᠷᠪᠠᠨ ᠮᠤᠵᠢ ᠯᠤᠭ᠎ᠠ ᠨᠡᠪᠲᠡᠷᠡᠯᠴᠡᠬᠦ᠌᠎ᠶ᠋ᠢ ᠲᠦᠷᠭᠡᠳᠭᠡᠵᠦ᠍᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠤ ᠠᠵᠤ ᠦᠢᠯᠡᠰ᠎ᠤᠨ ᠱᠢᠯᠵᠢᠯᠲᠡ᠎ᠶ᠋ᠢ ᠢᠳᠡᠪᠬᠢᠲᠡᠶ᠎ᠪᠠᠷ ᠵᠤᠯᠭᠠᠭᠤᠯᠵᠤ᠌᠂ ᠮᠠᠨ᠎ᠤ ᠣᠷᠣᠨ᠎ᠢ ᠪᠥᠬᠦ᠌ ᠤᠯᠤᠰ᠎ᠤᠨ ᠲᠣᠮᠣ ᠵᠠᠬ᠎ᠠ ᠳᠡᠯᠭᠡᠭᠦᠷ᠎ᠯᠦᠭᠡ ᠪᠥᠬᠦ᠌ ᠲᠠᠯ᠎ᠠ᠎ᠪᠠᠷ ᠵᠤᠯᠭᠠᠭᠤᠯᠵᠤ᠂ ᠭᠦᠨᠵᠡᠭᠡᠶ ᠠᠭᠤᠰᠤᠯᠴᠠᠬᠤ᠎ᠶ᠋ᠢ ᠠᠬᠢᠭᠤᠯᠪᠠ᠃
ᠪᠡᠭᠡᠵᠢᠩ ᠲᠢᠶᠠᠨᠵᠢᠨ ᠾᠧᠪᠧᠢ᠎ᠶ᠋ᠢ ᠬᠠᠮᠵᠢᠯᠴᠠᠭᠤᠯᠤᠨ ᠬᠥᠭ᠌ᠵᠢᠭᠦᠯᠬᠦ᠌ ᠲᠠᠯ᠎ᠠ᠎ᠪᠠᠷ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠢᠨ 2024 ᠣᠨ᠎ᠤ 《ᠵᠢᠷᠭᠤᠭᠠᠨ ᠳᠠᠬᠢᠨ᠎ᠢᠶᠠᠷ ᠨᠡᠮᠡᠭ᠌ᠳᠡᠭᠦᠯᠬᠦ᠌》 ᠲᠥᠯᠥᠪᠯᠡᠭᠡ ᠶ᠋ᠢ ᠦᠷᠭᠦᠯᠵᠢᠯᠡᠨ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠰᠤᠷᠭᠠᠨ ᠬᠥᠮᠦᠵᠢᠯ᠂ ᠡᠮ ᠡᠮᠨᠡᠯᠭᠡ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠣᠷᠤᠯᠠᠭᠤᠯᠭ᠎ᠠ᠂ ᠵᠢᠭᠤᠯᠴᠢᠯᠠᠯ᠂ ᠠᠵᠤ ᠦᠢᠯᠡᠰ ᠤᠨ ᠬᠠᠮᠲᠤᠷᠠᠯᠴᠠᠭ᠎ᠠ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠱᠢᠨ᠎ᠡ᠎ᠶ᠋ᠢ ᠡᠭᠦᠳᠬᠦ᠌ ᠵᠡᠷᠭᠡ ᠬᠦᠷᠢᠶᠡᠨ᠎ᠳᠤ ᠴᠥᠮ ᠦᠯᠡᠮᠵᠢ ᠦᠷ᠎ᠡ ᠪᠦᠲᠦᠭᠡᠯ ᠤᠯᠪᠠ; ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ᠎ᠤᠨ ᠶᠡᠭᠡ ᠳᠡᠭᠡᠳᠦ ᠰᠤᠷᠭᠠᠭᠤᠯᠢ᠎ᠶ᠋ᠢᠨ ᠬᠤᠯᠪᠣᠭ᠎ᠠ ᠪᠠᠢᠭᠤᠯᠤᠭ᠍ᠳᠠᠪᠠ; ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠢᠩᠬᠢᠮ ᠬᠢᠭᠡᠳ ᠪᠡᠭᠡᠵᠢᠩ ᠲᠢᠶᠠᠨᠵᠢᠨ ᠾᠧᠪᠸᠢ᠎ᠶ᠋ᠢᠨ ᠤᠯᠤᠰ ᠤᠨ ᠮᠡᠷᠭᠡᠵᠢᠯ ᠤᠨ ᠱᠢᠨ᠎ᠡ᠎ᠶ᠋ᠢ ᠡᠭᠦᠳᠬᠦ᠌ ᠲᠥᠪ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌ ᠬᠠᠮᠲᠤᠷᠠᠯᠴᠠᠭᠠᠨ᠎ᠤ ᠵᠥᠪᠯᠡᠯᠴᠡᠭᠡᠷ᠎ᠲᠤ ᠭᠠᠷᠤᠨ ᠦᠰᠦᠭ ᠵᠢᠷᠤᠪᠠ᠃
ᠬᠥᠬᠡᠮᠥ᠋ᠷᠡᠨ᠎ᠦ ᠭᠤᠷᠪᠠᠯᠵᠢᠨ ᠬᠣᠢᠭ᠎ᠤᠨ ᠭᠠᠵᠠᠷ ᠣᠷᠣᠨ᠎ᠯᠤᠭ᠎ᠠ ᠬᠠᠮᠲᠤᠷᠠᠯᠴᠠᠬᠤ ᠲᠠᠯ᠎ᠠ᠎ᠪᠠᠷ᠂ 2024 ᠣᠨ᠎ᠳᠤ 《ᠱᠠᠩᠬᠠᠶ ᠥᠪᠥᠷ ᠮᠣᠩᠭᠣᠯ᠎ᠤᠨ ᠬᠠᠢᠷ᠎ᠠ ᠰᠡᠳᠭᠢᠯᠭᠡ ᠵᠤᠵᠠᠭᠠᠨ 〈ᠬᠡᠦᠬᠡᠳ〉᠎ᠤ᠋ᠨ ᠬᠠᠷᠠᠭᠠᠨ᠎ᠳᠡᠬᠢ ᠦᠪᠦᠷ ᠮᠤᠨᠭᠭᠤᠯ》 ᠭᠤᠤᠯ ᠰᠡᠳᠦᠪᠲᠦ ᠵᠤᠰᠠᠯᠠᠩ᠎ᠤᠨ ᠠᠵᠢᠯᠯᠠᠭ᠎ᠠ ᠥᠷᠨᠢᠭᠦᠯᠪᠡ; ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ ᠬᠢᠭᠡᠳ ᠱᠠᠩᠬᠠᠶ ᠬᠣᠲᠠ᠎ᠶ᠋ᠢᠨ ᠶᠡᠬᠡ ᠳᠡᠭᠡᠳᠦ ᠰᠤᠷᠭᠠᠭᠤᠯᠢ᠂ ᠰᠠᠯᠠᠭ᠎ᠠ ᠮᠥᠴᠢᠷ ᠠᠯᠢ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠦᠨ ᠬᠠᠮᠲᠤᠷᠠᠯᠴᠠᠭ᠎ᠠ ᠥᠷᠨᠢᠭᠦᠯᠪᠡ ; ᠱᠠᠩᠬᠠᠶ ᠬᠣᠲᠠ᠎ᠶ᠋ᠢᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ᠎ᠯᠤᠭ᠎ᠠ 《ᠥᠪᠥᠷ ᠮᠣᠩᠭᠣᠯ ᠱᠠᠩᠬᠠᠶ ᠬᠣᠶᠠᠷ ᠭᠠᠵᠠᠷ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠣᠯᠪᠣᠭ᠎ᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ》 ᠲᠣᠭ᠍ᠲᠠᠪᠠ; ᠱᠠᠩᠬᠠᠶ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠂ ᠱᠠᠩᠬᠠᠶ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠨᠡᠢᠭᠡᠮᠯᠢᠭ ᠯᠤᠭᠡ ᠣᠷᠳᠣ ᠬᠤᠭᠤᠴᠠᠭᠠᠨ᠎ᠤ ᠬᠠᠮᠲᠤᠷᠠᠯᠴᠠᠭᠠᠨ᠎ᠤ ᠲᠣᠭ᠍ᠲᠠᠴᠠ ᠵᠢ ᠪᠠᠢᠭᠤᠯᠪᠠ᠃
ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ ᠤᠨ ᠣᠷᠣᠨ᠎ᠯᠤᠭ᠎ᠠ ᠬᠠᠮᠲᠤᠷᠠᠯᠴᠠᠬᠤ ᠲᠠᠯ᠎ᠠ᠎ᠪᠠᠷ᠂ ᠭᠤᠸᠠᠩᠳᠦ᠋ᠩ ᠥᠪᠥᠷ ᠮᠣᠩᠭᠣᠯ ᠬᠣᠶᠠᠷ ᠭᠠᠵᠠᠷ ᠲᠣᠰ ᠲᠣᠰ᠎ᠤᠨ ᠣᠨᠴᠠᠯᠢᠭ ᠪᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠠᠭᠠᠨ ᠰᠠᠭᠤᠷᠢᠯᠠᠵᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠰᠣᠯᠢᠯᠴᠠᠭ᠎ᠠ ᠵᠣᠯᠭᠠᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ 2024 ᠣᠨ ᠳᠤ ᠡᠨᠧᠷᠭᠢ᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠬᠦᠷᠢᠶᠡᠨ᠎ᠳᠦ 3 ᠬᠠᠮᠲᠤᠷᠠᠯᠴᠠᠭᠠᠨ᠎ᠤ ᠲᠥᠷᠥᠯ ᠵᠦᠶ᠋ᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠪᠠᠷᠤᠭ 15 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ᠂ ᠮᠥᠩᠭᠥᠨ ᠭᠦᠶ᠋ᠯᠭᠡᠭᠡᠨ ᠦ ᠦᠶ᠋ᠯᠡᠴᠢᠯᠡᠭᠡᠨ᠎ᠦ ᠬᠦᠷᠢᠶᠡᠨ᠎ᠳᠡᠬᠢ ᠬᠠᠮᠲᠤᠷᠠᠯᠴᠠᠭ᠎ᠠ᠎ᠶ᠋ᠢᠨ ᠲᠠᠯ᠎ᠠ᠎ᠪᠠᠷ᠂ ᠥᠪᠥᠷ ᠮᠣᠩᠭᠣᠯ᠎ᠤᠨ 1 ᠠᠵᠤ ᠠᠬᠤᠢᠯᠠᠯ᠎ᠤᠨ ᠱᠧᠨᠵᠧᠨ᠎ᠦ ᠠᠷᠠᠯᠵᠢᠶᠠᠨ᠎ᠤ ᠭᠠᠵᠠᠷ᠎ᠲᠤ ᠰᠲ᠋ᠤᠺ᠎ᠢᠶᠡᠨ ᠵᠠᠬ᠎ᠠ ᠳᠡᠯᠭᠡᠭᠦᠷ᠎ᠲᠦ ᠭᠠᠷᠭᠠᠬᠤ᠎ᠶ᠋ᠢ ᠠᠬᠢᠭᠤᠯᠪᠠ᠃
ᠦᠪᠡᠷ᠎ᠢ ᠪᠠᠨ ᠬᠦᠴᠦᠷᠭᠡᠭᠵᠢᠬᠦᠯᠵᠤ ᠪᠤᠰᠤᠳ᠎ᠢ ᠬᠠᠪᠰᠤᠷᠤᠨ ᠡᠶ᠎ᠡ ᠨᠠᠢᠷᠳᠠᠢ ᠬᠠᠮᠲᠤ ᠪᠡᠷ ᠣᠷᠣᠱᠢᠨ᠎ᠠ᠃ 2024 ᠣᠨ᠎ᠳᠤ᠂ ᠥᠪᠥᠷ ᠮᠣᠩᠭᠣᠯ ᠭᠠᠳᠠᠭᠠᠳᠤ ᠨᠡᠭᠡᠭᠡᠯᠲᠡ ᠪᠣᠯᠤᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠪᠠᠨ ᠲᠦᠷᠭᠡᠳᠭᠡᠵᠦ᠍᠂ ᠰᠠᠨᠠᠭᠠᠴᠢᠯᠠᠭ᠎ᠠ᠎ᠡᠴᠡ᠎ᠪᠠᠨ ᠨᠡᠭᠡᠭᠡᠯᠲᠡ ᠬᠢᠬᠦ᠌ ᠳᠤᠮᠳᠠ ᠥᠪᠥᠷ ᠮᠣᠩᠭᠣᠯ᠎ᠤᠨ 《ᠨᠠᠢᠵᠠ᠎ᠶ᠋ᠢᠨ ᠲᠣᠭᠣᠷᠢᠭ》 ᠵᠢᠡᠨ ᠥᠷᠭᠡᠳᠭᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ ᠳᠡᠭᠡᠷ᠎ᠡ᠂ 《ᠰᠠᠢᠨ ᠬᠠᠨᠢᠲᠠᠨ》 ᠶᠠᠪᠤᠬᠤ ᠲᠤᠲᠤᠮ ᠣᠯᠠᠱᠢᠷᠠᠵᠤ᠂ ᠬᠥᠭ᠌ᠵᠢᠯᠲᠡ᠎ᠶ᠋ᠢᠨ ᠢᠷᠡᠭᠡᠳᠦᠶ ᠶᠠᠪᠤᠬᠤ ᠲᠤᠲᠤᠮ ᠬᠡᠭᠡᠨ ᠰᠠᠷᠠᠭᠤᠯ ᠪᠣᠯᠪᠠ᠃
2025 ᠣᠨ᠎ᠳᠤ᠂ ᠣᠷᠣᠰ ᠮᠣᠩᠭᠣᠯᠲᠡᠢᠰᠢ ᠨᠡᠭᠡᠭᠡᠯᠲᠡ ᠬᠢᠬᠦ᠎ᠶ᠋ᠢ ᠤᠯᠠᠮ ᠨᠢᠭᠡ ᠠᠯᠬᠤᠮ ᠥᠷᠭᠡᠳᠭᠡᠬᠦ᠌ ᠲᠠᠯ᠎ᠠ᠎ᠪᠠᠷ᠂ ᠥᠪᠥᠷ ᠮᠣᠩᠭᠣᠯ ᠬᠢᠯᠢ᠎ᠶ᠋ᠢᠨ ᠠᠷᠠᠳ᠎ᠤᠨ ᠵᠠᠬ᠎ᠠ ᠵᠢᠨ ᠠᠷᠠᠯᠵᠢᠶ᠎ᠠ ᠵᠢᠨ ᠰᠠᠭᠤᠷᠢᠱᠢᠯ ᠡᠳ᠋ᠱᠢᠭᠦᠯᠦᠨ ᠪᠤᠯᠪᠪᠠᠰᠤᠷᠠᠭᠤᠯᠬᠤ ᠵᠢ ᠦᠷᠭᠦᠯᠵᠢᠯᠡᠨ ᠰᠠᠢᠲᠤᠷ ᠬᠢᠵᠦ᠍᠂ ᠠᠷᠠᠯᠵᠢᠶᠠᠨ ᠤ ᠬᠡᠪᠴᠢᠶ᠎ᠡ ᠶ᠋ᠢ ᠦᠷᠭᠦᠯᠵᠢᠯᠡᠨ ᠥᠷᠭᠡᠳᠭᠡᠨ᠎ᠡ; ᠣᠷᠣᠰ ᠮᠣᠩᠭᠣᠯ᠎ᠯᠤᠭ᠎ᠠ᠎ᠶ᠋ᠢᠨ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ ᠪᠠ ᠭᠠᠷ ᠳᠠᠮᠵᠢᠭ᠍ᠰᠠᠨ ᠮᠠᠱᠢᠨ ᠲᠡᠷᠭᠡ᠎ᠶ᠋ᠢ ᠭᠠᠳᠠᠭᠠᠳᠤ᠎ᠳᠤ ᠭᠠᠷᠭᠠᠬᠤ ᠲᠤᠬᠠᠢᠯᠠᠭ᠍ᠰᠠᠨ ᠠᠵᠢᠯ᠎ᠢ ᠥᠷᠭᠡᠳᠭᠡᠨ᠎ᠡ ; 《ᠭᠠᠷ ᠲᠠᠮᠵᠢᠪᠠᠴᠤ ᠠᠰᠢᠭ ᠬᠦᠷᠳᠡᠬᠦ ᠦᠭᠡᠢ》ᠠᠰᠠᠭᠤᠳᠠᠯ ᠢ ᠨᠢᠭᠡ ᠴᠤᠭ᠍ᠴᠠᠵᠢᠭᠤᠯᠤᠨ ᠠᠬᠢᠭᠤᠯᠵᠤ ᠱᠢᠶ᠋ᠳᠪᠦᠷᠢᠯᠡᠨ᠎ᠡ; ᠣᠷᠣᠰ ᠮᠣᠩᠭᠣᠯ ᠯᠤᠭ᠎ᠠ ᠶ᠋ᠢᠨ ᠤᠯᠤᠯᠴᠠᠭ᠎ᠠ ᠵᠣᠬᠢᠴᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠰᠠᠭᠤᠷᠢ ᠲᠦᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠳᠠᠯᠢ ᠲᠡᠭ᠌ᠰᠢ᠎ᠪᠡᠷ ᠬᠥᠭ᠌ᠵᠢᠬᠦ᠌᠎ᠶ᠋ᠢ ᠠᠬᠢᠭᠤᠯᠤᠨ᠎ᠠ; ᠥᠪᠥᠷ ᠮᠣᠩᠭᠣᠯ᠎ᠤᠨ ᠲᠠᠸᠠᠷ᠎ᠤᠨ ᠮᠣᠩᠭᠣᠯ ᠤᠯᠤᠰ᠎ᠤᠨ ᠵᠠᠬ᠎ᠠ ᠳᠡᠯᠭᠡᠭᠦᠷ᠎ᠲᠡᠬᠢ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ; ᠣᠷᠣᠰ ᠮᠣᠩᠭᠣᠯ ᠤᠨ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠬᠠᠮᠲᠤᠷᠠᠯᠴᠠᠭ᠎ᠠ᠎ᠶ᠋ᠢ ᠴᠢᠩᠭᠠᠳᠭᠠᠨ᠎ᠠ; ᠭᠠᠳᠠᠭᠠᠳᠤ᠎ᠲᠠᠶ ᠬᠠᠮᠲᠤᠷᠠᠯᠴᠠᠨ ᠰᠣᠯᠢᠯᠴᠠᠭ᠎ᠠ ᠬᠢᠬᠦ᠌ ᠲᠠᠪᠴᠠᠩ᠎ᠢ ᠪᠠᠢᠭᠤᠯᠤᠨ ᠰᠠᠢᠲᠤᠷ ᠬᠡᠷᠡᠭ᠌ᠯᠡᠵᠦ᠍᠂ ᠣᠷᠣᠰ ᠮᠣᠩᠭᠣᠯ᠎ᠯᠤᠭ᠎ᠠ᠎ᠶ᠋ᠢᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃ ᠣᠷᠣᠨ ᠪᠦᠰᠡ ᠶ᠋ᠢᠨ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠲᠠᠯ᠎ᠠ᠎ᠪᠠᠷ᠂ ᠥᠪᠥᠷ ᠮᠣᠩᠭᠣᠯ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ ᠪᠠ ᠵᠡᠭᠦᠨ ᠬᠤᠢᠳᠤ ᠵᠢᠨ ᠭᠤᠷᠪᠠᠨ ᠮᠤᠵᠢ ᠵᠡᠷᠭᠡ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠪᠡᠭᠡᠵᠢᠩ ᠥᠪᠥᠷ ᠮᠣᠩᠭᠣᠯ᠎ᠤᠨ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠦᠨ᠂ ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ ᠦᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃
ᠵᠠᠭᠤᠨ ᠵᠢᠯ ᠳ᠋ᠤ ᠲᠤᠬᠢᠶᠯᠠᠳᠤᠭᠠ ᠦᠬᠡᠢ ᠬᠤᠪᠢᠰᠤᠯᠲᠠ ᠲᠦᠷᠭᠡᠰᠦᠨ ᠤᠯᠠᠷᠢᠵᠤ ᠪᠠᠢᠨ᠎ᠠ᠂ ᠴᠠᠭ ᠦᠶ᠎ᠡ᠎ᠶ᠋ᠢᠨ ᠰᠠᠯᠬᠢ ᠳᠠᠪᠠᠯᠭᠠᠨ᠎ᠤ ᠡᠮᠦᠨ᠎ᠡ᠂ ᠥᠪᠥᠷ ᠮᠣᠩᠭᠣᠯ᠎ᠤᠨ ᠨᠡᠬᠡᠬᠡᠯᠳᠡ ᠬᠢᠬᠦ᠌ ᠡᠷᠡᠰ ᠵᠣᠷᠢᠭ ᠬᠤᠪᠢᠷᠠᠬᠤ ᠦᠬᠡᠢ᠂ ᠬᠠᠮᠲᠤᠷᠠᠯᠴᠠᠬᠤ ᠢᠲᠡᠭᠡᠯ ᠵᠣᠷᠢᠭ ᠪᠠᠭᠤᠷᠠᠬᠤ ᠦᠬᠡᠢ᠂ ᠤᠷᠤᠭ᠍ᠰᠢᠯᠠᠯᠲᠠ᠎ᠶ᠋ᠢᠨ ᠠᠯᠬᠤᠭ᠎ᠠ ᠵᠤᠬ᠍ᠰᠤᠰᠢ ᠦᠬᠡᠢ᠂ ᠡᠯ᠎ᠡ ᠲᠠᠯ᠎ᠠ᠎ᠶ᠋ᠢᠨ ᠬᠢᠨ᠎ᠲᠡᠶ ᠨᠡᠩ ᠨᠢᠭ᠍ᠲᠠᠷᠠᠨ ᠪᠦᠯᠬᠦᠮᠳᠡᠵᠦ᠍᠂ ᠦᠷᠬᠦᠯᠵᠢᠯᠡᠨ ᠨᠡᠬᠡᠬᠡᠯᠳᠡ ᠬᠢᠬᠦ᠌ ᠰᠦᠷ ᠳᠠᠯᠠᠢᠴᠠᠲᠠᠢ ᠦᠷᠬᠡᠨ ᠳᠠᠷᠳᠠᠩ ᠵᠠᠮ᠎ᠢᠶᠠᠷ᠂ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃