2025 ᠣᠷᠣᠨ᠎ᠤ᠋ ᠬᠤᠶᠠᠷ ᠬᠤᠷᠠᠯ > ᠮᠡᠳᠡᠭᠡᠯᠡᠯ

2025-01-13 09:44:13

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠤᠨ ᠵᠢᠯ ᠰᠤᠯᠢᠬᠳᠠᠵᠤ᠂ ᠠᠯᠢᠪᠠ ᠪᠦᠬᠦᠨ ᠰᠢᠨᠡᠳᠤᠨ ᠬᠤᠪᠢᠷᠠᠨ᠎ᠠ᠃ ᠥᠨᠥᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠦᠪᠡᠳᠡᠭ᠌ᠰᠢ ᠶᠡᠬᠡ᠎ᠪᠡᠷ ᠡᠬᠢᠯᠡᠪᠡ! ᠨᠡᠢᠭᠡᠮ᠎ᠦᠨ ᠡᠯ᠎ᠡ ᠡᠲᠡᠭᠡᠳ᠎ᠦᠨ ᠬᠦᠰᠡᠯ ᠡᠷᠡᠮᠡᠯᠵᠡᠯ᠎ᠢ ᠠᠪᠴᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ ᠎ᠶ᠋ᠢ ᠡᠭᠦᠷᠭᠡᠯᠡᠨ᠂ ᠪᠦᠬᠦ᠌ ᠣᠷᠣᠨ᠎ᠤ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠨᠢᠭᠡ ᠵᠢᠯ᠎ᠦᠨ ᠲᠤᠷᠱᠢᠬᠢ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠣᠯᠤᠯᠲᠠ ᠪᠤᠯᠤᠨ ᠪᠠᠶᠠᠷ ᠪᠠᠶᠠᠰᠤᠯ᠎ᠢ ᠡᠪᠦᠷᠯᠡᠨ᠌᠂ ᠨᠢᠭᠡ ᠲᠠᠩᠬᠢᠮ᠎ᠳᠤ ᠴᠤᠭ᠍ᠯᠠᠷᠠᠵᠤ᠂ ᠬᠥᠭ᠌ᠵᠢᠯᠲᠡ᠎ᠶ᠋ᠢᠨ ᠶᠡᠬᠡ ᠪᠤᠳᠤᠯᠭ᠎ᠠ᠎ᠶ᠋ᠢ ᠬᠠᠮᠲᠤ᠎ᠪᠠᠷ ᠵᠥᠪᠯᠡᠵᠦ᠍᠂ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠰᠦᠪᠡᠭᠴᠢᠯᠡᠨ᠎ᠡ᠃ ᠪᠢᠳᠡ ᠶᠡᠬᠡ ᠬᠤᠷᠠᠯ᠎ᠤᠨ ᠬᠤᠷᠠᠯᠳᠤᠭ᠍ᠰᠠᠨ᠎ᠳᠤ ᠬᠠᠯᠠᠭᠤᠨ ᠪᠠᠶᠠᠷ ᠬᠦᠷᠭᠡᠶ᠎ᠠ!

ᠣᠨ ᠵᠢᠯ᠎ᠦᠨ ᠤᠷᠴᠢᠯ ᠵᠤᠷᠴᠢᠯ ᠡᠷᠡᠮᠡᠭᠡᠢᠯᠡᠨ ᠲᠡᠮᠡᠴᠡᠭ᠌ᠰᠡᠳ᠎ᠦᠨ ᠤᠯᠠ ᠮᠥᠷ᠎ᠢ ᠲᠡᠮᠳᠡᠭᠯᠡᠨ᠎ᠠ᠃ 2024 ᠣᠨ ᠪᠣᠯ ᠱᠢᠨ᠎ᠡ ᠳᠤᠮᠳᠠᠳᠤ ᠤᠯᠤᠰ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠂ 《ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠢ ᠲᠦᠷᠦ᠍᠎ᠶ᠋ᠢᠨ ᠶᠠᠪᠤᠳᠠᠯ ᠎ᠤᠨ ᠬᠣᠷᠢᠶ᠎ᠠ ᠵᠢᠨ ᠰᠠᠨᠠᠯ》 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠤᠬᠰᠠᠨ ᠴᠢᠬᠤᠯᠠ ᠨᠢᠭᠡ ᠵᠢᠯ ᠪᠣᠯᠤᠨ᠎ᠠ᠃ ᠡᠨᠡ ᠨᠢᠭᠡ ᠵᠢᠯ ᠳ᠋ᠤ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠬᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠦᠴᠦᠲᠡᠶ ᠵᠢᠯᠤᠭᠤᠳᠤᠯᠭ᠎ᠠ ᠳᠤᠤᠷ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠳᠤ ᠴᠢᠩᠭ᠎ᠠ ᠤᠳᠤᠷᠢᠳᠤᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠤᠤᠷ᠎ᠠ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ ᠵᠢ ᠪᠠᠷᠢᠮᠳᠠᠯᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠌᠂ ᠠᠷᠭ᠎ᠠ ᠤᠬᠠᠭᠠᠨ ᠭᠠᠷᠭᠠᠵᠤ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠤᠰ ᠴᠢᠭ᠌ᠯᠡᠯ᠎ᠢᠶᠡᠷ ᠬᠦᠴᠦᠯᠡᠬᠦ ᠵᠢ ᠪᠠᠷᠢᠮᠳᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ ᠲᠠᠢ ᠨᠢᠬᠳᠠ ᠤᠶᠠᠯᠳᠤᠭᠤᠯᠵᠤ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ ᠳ᠋ᠤ ᠣᠷᠣᠬᠤ ᠲᠡᠮᠡᠴᠡᠯ᠎ᠦᠨ ᠬᠠᠷᠠᠯᠲᠠ᠎ᠶ᠋ᠢ ᠪᠡᠶᠡᠯᠡᠭᠦᠯᠵᠦ᠂ ᠤᠯᠤᠰ ᠲᠥᠷᠥ᠎ᠶ᠋ᠢᠨ ᠵᠥᠪᠯᠡᠯᠭᠡᠨ᠎ᠦ ᠡᠭᠦᠷᠭᠡ ᠬᠠᠷᠢᠭᠤᠴᠠᠯᠭ᠎ᠠ ᠪᠡᠨ ᠭᠦᠶ᠋ᠴᠡᠳᠭᠡᠬᠦ᠌ ᠠᠵᠢᠯ᠎ᠢ ᠤᠬᠠᠭᠠᠯᠠᠨ ᠲᠥᠯᠦᠪᠯᠡᠵᠤ ᠠᠬᠢᠭᠤᠯᠤᠨ᠂ ᠭᠤᠤᠯᠳᠠᠯᠭ᠎ᠠ᠎ᠶ᠋ᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢᠯᠡᠴᠢᠯᠡᠬᠦ ᠵᠢ ᠪᠠᠷᠢᠮᠳᠠᠯᠠᠵᠤ᠂ ᠭᠤᠤᠯ ᠠᠵᠢᠯ ᠳ᠋ᠤ ᠤᠷᠤᠯᠴᠠᠵᠤ᠂ ᠬᠥᠭ᠌ᠵᠢᠯᠲᠡ᠎ᠳᠦ ᠬᠦᠴᠦᠨ ᠨᠡᠮᠡᠷᠢᠯᠡᠵᠤ᠂ ᠭᠤᠤᠯ ᠠᠵᠢᠯ ᠳ᠋ᠤ ᠠᠭᠤᠰᠤᠯᠴᠠᠵᠤ᠂ ᠠᠷᠠᠳ᠎ᠤᠨ ᠲᠥᠯᠥᠭᠡ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠶ᠋ᠯᠡᠳᠦᠯ ᠎ᠢ ᠭᠦᠶ᠋ᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠳ᠋ᠤ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠤ᠂ ᠡᠯ᠎ᠡ ᠵᠦᠢᠯ᠎ᠦᠨ ᠠᠵᠢᠯ ᠱᠢᠨ᠎ᠡ ᠦᠷ᠎ᠡ ᠪᠦᠲᠦᠮᠵᠢ ᠤᠯᠪᠠ᠃

ᠢᠲᠡᠭᠡᠯ ᠵᠣᠷᠢᠭ᠎ᠢᠶᠠᠨ ᠪᠠᠲᠤᠳᠭᠠᠬᠤ ᠳᠤᠮᠳᠠ ᠬᠦᠴᠦᠨ ᠴᠢᠳᠠᠯ᠎ᠢ ᠨᠢᠭ᠍ᠳᠠᠷᠠᠭᠤᠯᠤᠨ᠎ᠠ; ᠴᠢᠷᠮᠠᠢᠨ ᠲᠡᠮᠡᠴᠡᠬᠦ᠌ ᠳᠤᠮᠳᠠ ᠬᠠᠷᠠᠯᠲᠠ ᠪᠡᠨ ᠪᠡᠶᠡᠯᠡᠬᠦᠯᠦᠨ᠎ᠡ᠃ ᠨᠢᠭᠡ ᠵᠢᠯ᠎ᠦᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠡᠯ᠎ᠡ ᠵᠦᠶ᠋ᠯ᠎ᠦᠨ ᠡᠭᠦᠷᠭᠡ ᠴᠢᠳᠠᠪᠬᠢ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠠᠬᠢᠭᠤᠯᠪᠠ᠃ ᠤᠯᠤᠰ ᠲᠦᠷᠦ᠍᠎ᠶ᠋ᠢ ᠡᠷᠬᠢᠮᠯᠡᠬᠦ᠌᠂ ᠴᠢᠭ᠌ᠯᠡᠯ᠎ᠢ ᠲᠣᠳᠣᠷᠬᠠᠢ ᠪᠣᠯᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠨᠡᠩ ᠬᠦᠴᠦᠲᠡᠢ ᠪᠣᠯᠪᠠ; ᠰᠠᠢ᠌ᠨ ᠠᠷᠭ᠎ᠠ ᠪᠤᠳᠤᠯᠭ᠎ᠠ ᠰᠦᠪᠡᠭ᠌ᠴᠢᠯᠡᠬᠦ᠌᠂ ᠬᠥᠭ᠌ᠵᠢᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠳ᠋ᠤ ᠬᠦᠴᠦ᠍ᠨ ᠨᠡᠮᠡᠷᠢᠯᠡᠬᠦ᠎ᠳᠤ ᠨᠡᠩ ᠵᠢᠳᠭᠦᠯ ᠴᠢᠷᠮᠠᠢᠯᠭ᠎ᠠ ᠭᠠᠷᠭᠠᠪᠠ; ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠂ ᠪᠦᠯᠬᠦᠮᠳᠡᠯ᠎ᠢ ᠴᠢᠩᠭᠠᠳᠭᠠᠬᠤ᠎ᠵᠢ ᠪᠠᠷᠢᠮᠲᠠᠯᠠᠵᠤ᠂ ᠱᠢᠨ᠎ᠡ ᠵᠠᠮ ᠨᠡᠬᠡᠬᠡᠵᠤ ᠳᠤᠮᠳᠠ ᠲᠦᠪᠰᠢᠨ᠎ᠳᠤ ᠤᠷᠤᠬᠤ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ ᠎ᠶ᠋ᠢ ᠨᠡᠩ ᠪᠡᠬᠢᠵᠢᠭᠦᠯᠪᠡ; ᠬᠠᠮᠢᠶᠠᠷᠤᠯᠲᠠ᠎ᠶ᠋ᠢ ᠠᠳᠭᠤᠬᠤ᠂ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ ᠎ᠦ ᠲᠤᠰ ᠪᠡᠶ᠎ᠡ᠎ᠶ᠋ᠢᠨ ᠪᠠᠢᠭᠤᠯᠤᠯᠲᠠ ᠨᠡᠩ ᠪᠠᠲᠤ ᠴᠢᠩᠭ᠎ᠠ ᠪᠣᠯᠪᠠ; ᠰᠠᠭᠤᠷᠢ᠎ᠶ᠋ᠢ ᠴᠢᠩᠭᠠᠳᠭᠠᠬᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠠᠬᠢᠭᠤᠯᠬᠤ᠎ᠶ᠋ᠢ ᠪᠠᠷᠢᠮᠲᠠᠯᠠᠵᠤ᠂ ᠪᠠᠢᠩᠭᠤ᠎ᠶ᠋ᠢᠨ ᠴᠢᠨᠠᠷᠲᠠᠢ ᠠᠵᠢᠯ᠎ᠢ ᠨᠡᠩ ᠯᠠᠪᠳᠠᠭᠤᠨ ᠪᠠᠲᠤᠲᠠᠢ ᠠᠬᠢᠭᠤᠯᠪᠠ; ᠥᠭᠡᠷᠡᠴᠢᠯᠡᠯᠲᠡ᠎ᠶ᠋ᠢ ᠠᠳᠭᠤᠬᠤ᠂ ᠱᠢᠨ᠎ᠡ᠎ᠶ᠋ᠢ ᠡᠭᠦᠳᠬᠦ᠌᠎ᠶ᠋ᠢ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠱᠢᠶᠠᠯ ᠬᠠᠷᠢᠭᠤᠴᠠᠯᠭ᠎ᠠ ᠎ᠪᠠᠨ ᠭᠦᠢᠴᠡᠳᠭᠡᠬᠦ᠌ ᠲᠠᠪᠴᠠᠩ ᠨᠡᠩ ᠤᠯᠠᠨ ᠡᠱᠢᠵᠢᠪᠡ᠃ ᠪᠦᠬᠦ᠌ ᠣᠷᠣᠨ᠎ᠤ ᠡᠯ᠎ᠡ ᠱᠠᠲᠤᠨ᠎ᠤ ᠤᠯᠤᠰ ᠲᠦᠷᠦ᠍ ᠎ᠶ᠋ᠢᠨ ᠵᠥᠪᠯᠡᠯᠭᠡᠨ ᠎ᠦ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠢᠮᠠᠭ᠍ᠲᠠ ᠬᠠᠷᠢᠭᠤᠴᠠᠯᠭ᠎ᠠ ᠡᠭᠦᠷᠭᠡᠯᠡᠵᠦ᠍᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠤᠨ ᠲᠦᠯᠦᠬᠡ ᠪᠤᠳᠤᠵᠤ᠂ ᠪᠦᠬᠦ᠌ ᠬᠦᠴᠦᠨ᠎ᠢᠶᠡᠷ᠎ᠢᠶᠡᠨ ᠴᠢᠷᠮᠠᠢᠨ᠂ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠲᠤᠰ ᠪᠡᠶ᠎ᠡ᠎ᠶ᠋ᠢᠨ ᠣᠨᠴᠠᠯᠢᠭ ᠪᠠ ᠳᠠᠪᠠᠭᠤᠯᠢᠭ᠎ᠢᠶᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠪᠡ᠃

ᠨᠢᠭᠡ ᠵᠢᠯ᠎ᠦᠨ ᠲᠤᠷᠰᠢ ᠣᠯᠤᠭ᠍ᠰᠠᠨ ᠠᠵᠢᠯ᠎ᠤᠨ ᠠᠮᠵᠢᠯᠲᠠ ᠪᠦᠲᠦᠮᠵᠢ ᠪᠣᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ ᠵᠢᠯᠣᠭᠣᠳᠤᠯᠭ᠎ᠠ ᠵᠢ ᠪᠠᠷᠢᠮᠲᠠᠯᠠᠬᠰᠠᠨ᠎ᠤ ᠦᠷ᠎ᠡ ᠳ᠋ᠦᠩ ᠮᠥᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠦᠲᠡᠶ ᠵᠢᠯᠣᠭᠣᠳᠤᠭ᠍ᠰᠠᠨ ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠭ᠍ᠰᠠᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠠᠷᠠᠳ᠎ᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠂ ᠨᠡᠢᠭᠡᠮ᠎ᠦᠨ ᠡᠯ᠎ᠡ ᠡᠲᠡᠭᠡᠳ᠎ᠦᠨ ᠬᠦᠴᠦᠲᠡᠶ ᠳᠡᠮᠵᠢᠭ᠌ᠰᠡᠨ᠎ᠦ ᠦᠷ᠎ᠡ ᠳ᠋ᠦᠩ ᠮᠥᠨ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ᠂ ᠡᠯ᠎ᠡ ᠠᠢᠮᠠᠭ ᠬᠣᠲᠠ ᠪᠣᠯᠤᠨ ᠬᠣᠱᠢᠭᠤ ᠱᠢᠶᠠᠨ(ᠬᠣᠲᠠ᠂ ᠲᠣᠭᠣᠷᠢᠭ)᠎ᠤ᠋ ᠤᠯᠤᠰ ᠲᠥᠷᠥ᠎ᠶ᠋ᠢᠨ ᠵᠥᠪᠯᠡᠯᠭᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠎ᠦ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠦᠭ᠌ᠰᠡᠨ᠎ᠦ ᠦᠷ᠎ᠡ ᠳ᠋ᠦᠩ ᠮᠥᠨ᠃

2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠤᠯᠤᠨ᠎ᠠ᠂ ᠪᠠᠰᠠ ᠴᠤ᠌ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠨᠢᠭᠡ ᠵᠢᠯ ᠮᠥᠨ᠃ ᠱᠢᠨ᠎ᠡ ᠴᠠᠭ ᠬᠤᠭᠤᠴᠠᠭᠠᠨ᠎ᠤ ᠪᠠᠢᠷᠢᠱᠢᠯ ᠪᠠ ᠠᠶᠠᠨ᠎ᠳᠤ ᠤᠷᠤᠰᠢᠵᠤ ᠪᠠᠢᠭ᠎ᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠠᠪᠴᠠᠩ ᠨᠡᠩ ᠥᠷᠭᠡᠨ ᠠᠭᠤᠳᠠᠮ᠂ ᠬᠠᠷᠢᠭᠤᠴᠠᠯᠭ᠎ᠠ ᠨᠡᠩ ᠬᠦᠨᠳᠦ ᠶᠡᠬᠡ᠂ ᠡᠭᠦᠷᠭᠡ ᠨᠡᠩ ᠢᠷᠠᠭᠤ ᠠᠯᠳᠠᠷ ᠲᠠᠢ ᠶᠤᠮ᠃ ᠱᠢᠨ᠎ᠡ ᠨᠢᠭᠡ ᠵᠢᠯ᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠶ᠋ᠢ ᠱᠤᠭᠤᠬᠤ᠎ᠶ᠋ᠢ ᠪᠠᠷᠢᠮᠲᠠᠯᠠᠵᠤ᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍ ᠎ᠶ᠋ᠢᠨ ᠰᠠᠭᠤᠷᠢ᠎ᠶ᠋ᠢ ᠪᠠᠲᠤ ᠴᠣᠭ᠍ᠴᠠᠯᠠᠬᠤ ᠬᠡᠷᠡᠭᠳᠡᠢ; ᠨᠠᠮ ᠎ᠤᠨ ᠬᠣᠷᠢᠶ᠎ᠠ᠎ᠶ᠋ᠢᠨ ᠭᠤᠤᠯ ᠠᠵᠢᠯ ᠎ᠤᠨ ᠲᠣᠭᠣᠷᠢᠨ᠎ᠳᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠦ ᠠᠩᠬᠠᠷᠤᠯ᠎ᠢᠶᠡᠨ ᠲᠦᠪᠯᠡᠷᠡᠬᠦᠯᠦᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ 《ᠵᠢᠷᠭᠤᠭᠠᠨ ᠢᠨᠵᠧᠨᠧᠷᠢᠩ》 ᠢ᠋ ᠭᠦᠨᠵᠡᠭᠡᠢᠷᠡᠭᠦᠯᠬᠦ᠌᠂ 《ᠵᠢᠷᠭᠤᠭᠠᠨ ᠠᠵᠢᠯᠯᠠᠭ᠎ᠠ》 ᠶ᠋ᠢ ᠠᠬᠢᠭᠤᠯᠬᠤ᠂ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ᠎ᠳᠤ ᠬᠦᠴᠦᠨ ᠨᠡᠮᠡᠷᠢᠯᠡᠬᠦ᠌ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠬᠦ ᠬᠡᠷᠡᠭᠳᠡᠢ; ᠬᠠᠮᠲᠤ ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ ᠪᠦᠯᠬᠦᠮᠳᠡᠯ᠎ᠢ ᠠᠬᠢᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠠᠮᠤᠭ᠎ᠤᠨ ᠶᠡᠬᠡ ᠢᠵᠢᠯ ᠲᠥᠪᠲᠦ ᠲᠣᠭᠣᠷᠢᠭ᠎ᠢ ᠴᠢᠷᠮᠠᠢᠨ ᠵᠢᠷᠤᠭ᠍ᠯᠠᠬᠤ ᠬᠡᠷᠡᠭᠳᠡᠢ; ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠪᠠᠷ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ ᠎ᠦ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ ᠬᠡᠷᠡᠭᠳᠡᠢ; ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ ᠎ᠪᠠᠷ ᠴᠢᠩᠭᠠᠳᠭᠠᠬᠤ ᠬᠡᠷᠡᠭᠳᠡᠢ᠃ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠨᠠᠩ ᠥᠨᠳᠥᠷ ᠵᠣᠭ᠍ᠰᠣᠴᠠ᠂ ᠨᠠᠩ ᠥᠨᠳᠥᠷ ᠪᠠᠷᠢᠮᠵᠢᠶ᠎ᠠ᠂ ᠨᠠᠩ ᠥᠨᠳᠥᠷ ᠲᠦᠪᠱᠢᠨ᠂ ᠨᠠᠩ ᠴᠢᠨᠠᠷ ᠰᠠᠢᠲᠠᠶ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠠᠵᠢᠯ᠎ᠳᠤ ᠣᠷᠣᠯᠴᠠᠵᠤ᠂ ᠢᠳᠡᠪᠬᠢᠲᠡᠶ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠡᠯ᠎ᠡ ᠲᠠᠯ᠎ᠠ᠎ᠶ᠋ᠢᠨ ᠣᠶᠤᠨ ᠤᠬᠠᠭᠠᠨ ᠪᠠ ᠬᠦᠴᠦᠨ ᠴᠢᠳᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠬᠥᠭ᠌ᠵᠢᠭᠡᠵᠦ᠍᠂ ᠱᠢᠨ᠎ᠡ ᠠᠶᠠᠨ ᠳ᠋ᠤ ᠪᠦᠯᠬᠦᠮᠳᠡᠨ ᠤᠷᠤᠭ᠍ᠰᠢᠯᠠᠬᠤ 《ᠨᠠᠢᠷᠠᠯ ᠳᠠᠭᠤᠤ》 ᠶ᠋ᠢ ᠬᠠᠮᠲᠤ᠎ᠪᠠᠷ ᠬᠠᠩᠭᠢᠨᠠᠭᠤᠯᠬᠤ ᠬᠡᠷᠡᠭᠳᠡᠢ᠃

ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠭᠤᠤ ᠦᠢᠯᠡᠰ᠎ᠢ ᠬᠦᠭᠵᠢᠬᠦᠯᠦᠨ ᠮᠠᠨᠳᠤᠭᠤᠯᠬᠤ ᠵᠢᠨ ᠲᠦᠯᠦᠬᠡ ᠡᠷᠡᠮᠡᠬᠡᠢᠯᠡᠨ ᠲᠡᠮᠡᠴᠡᠨ᠎ᠡ᠃ ᠲᠡᠮᠡᠴᠡᠯ᠎ᠤᠨ ᠰᠢᠨ᠎ᠠ ᠬᠠᠷᠠᠯᠲᠠ ᠵᠢ ᠵᠤᠷᠢᠨ ᠤᠷᠤᠭ᠍ᠰᠢᠯᠠᠬᠤ᠎ᠳᠤ᠂ ᠮᠥᠨ ᠬᠦ᠌ ᠬᠦᠴᠦ᠍ ᠬᠥᠯᠥᠰᠥ᠎ᠤᠷᠤᠰᠬᠠᠨ᠂ ᠦᠨᠡᠨ ᠬᠦ᠌ ᠴᠷᠢᠮᠠᠢᠨ ᠪᠣᠳᠠᠲᠠᠢ ᠠᠵᠢᠯᠯᠠᠵᠤ ᠯᠠᠪᠳᠠᠭᠤᠨ᠎ᠢᠶᠡᠷ ᠤᠷᠤᠭ᠍ᠰᠢᠯᠠᠬᠤ ᠬᠡᠷᠡᠭ᠌ᠲᠡᠢ᠃ ᠬᠤᠷᠠᠯ᠎ᠳᠤ ᠣᠷᠣᠯᠴᠠᠭ᠍ᠰᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠯᠠᠪᠲᠠᠢ ᠴᠠᠭ ᠦᠶ᠎ᠡ᠎ᠶ᠋ᠢᠨ ᠢᠷᠠᠭᠤ ᠠᠯᠳᠠᠷ᠎ᠢ ᠬᠥᠰᠡᠷᠳᠡᠭᠦᠯᠬᠦ᠌ ᠦᠭᠡᠢ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ᠂ ᠤᠯᠤᠰ ᠲᠦᠷᠦ᠍᠎ᠶ᠋ᠢᠨ ᠤᠷᠬᠢᠯᠤᠮ᠎ᠠ ᠬᠠᠯᠠᠭᠤᠨ ᠰᠡᠳᠭᠢᠯᠭᠡ᠎ᠪᠡᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠰᠠᠨᠠᠯ ᠰᠠᠨᠠᠭᠤᠯᠭ᠎ᠠ ᠲᠤᠷᠠᠳᠤᠨ ᠠᠷᠭ᠎ᠠ ᠤᠬᠠᠭᠠᠨ ᠭᠠᠷᠭᠠᠵᠤ᠂ ᠡᠨᠡ ᠤᠳᠠᠭ᠎ᠠ᠎ᠶ᠋ᠢᠨ ᠬᠤᠷᠠᠯ᠎ᠢ ᠨᠢᠬᠳᠠᠷᠠᠨ ᠪᠦᠯᠬᠦᠮᠳᠡᠵᠤ ᠡᠷᠴᠢ ᠵᠣᠷᠢᠭ᠎ᠢᠶᠠᠨ ᠬᠥᠪᠴᠢᠯᠡᠭ᠌ᠰᠡᠨ᠂ ᠬᠥᠮᠦᠰ ᠎ᠦᠨ ᠰᠡᠳᠭᠢᠯ ᠎ᠢ ᠬᠥᠭ᠌ᠵᠢᠭᠡᠭ᠌ᠰᠡᠨ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ ᠎ᠶ᠋ᠢ ᠡᠭᠦᠳᠦᠭ᠌ᠰᠡᠨ᠂ ᠬᠥᠭ᠌ᠵᠢᠯᠲᠡ᠎ᠳᠦ ᠬᠦᠴᠦᠨ ᠨᠡᠮᠡᠷᠢᠯᠡᠭ᠌ᠰᠡᠨ ᠶᠡᠬᠡ ᠬᠤᠷᠠᠯ ᠪᠣᠯᠭᠠᠨ ᠬᠤᠷᠠᠯᠳᠤᠭᠤᠯᠵᠤ᠂ ᠳᠤᠮᠳᠠᠳᠤ ᠤᠯᠤᠰ ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠬᠤ᠎ᠶ᠋ᠢ ᠪᠢᠳᠡ ᠢᠲᠡᠭᠡᠵᠦ᠍ ᠪᠠᠢᠨ᠎ᠠ᠃

ᠶᠡᠬᠡ ᠬᠤᠷᠠᠯ᠎ᠤᠨ ᠲᠡᠭᠦᠰ ᠠᠮᠵᠢᠯᠲᠠ ᠲᠠᠢ ᠬᠤᠷᠠᠯᠳᠤᠬᠤ ᠵᠢ ᠵᠥᠩᠨᠡᠶ᠎ᠡ!


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面