2025 ᠣᠷᠣᠨ᠎ᠤ᠋ ᠬᠤᠶᠠᠷ ᠬᠤᠷᠠᠯ > ᠮᠡᠳᠡᠭᠡᠯᠡᠯ

2025-01-11 12:38:40

ᠵᠣᠬᠢᠶᠠᠭ᠍ᠴᠢ᠄ ᠺᠠᠩ ᠯᠢ ᠨᠠ ᠣᠩᠱᠢᠭ᠍ᠰᠠᠨ ᠣᠳᠠᠭ᠎ᠠ᠄ 3

ᠣᠨ ᠵᠢᠯ ᠰᠣᠯᠢᠭ᠍ᠳᠠᠵᠤ ᠴᠠᠭ ᠦᠶ᠎ᠡ ᠱᠢᠨᠡᠳᠦᠨ᠎ᠡ᠃ ᠦᠪᠦᠷ ᠮᠤᠡᠭᠭᠤᠯ ᠠᠮᠢ ᠠᠬᠤᠢ ᠵᠢ ᠤᠷᠢᠳ ᠶ᠋ᠢᠡᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠲᠠᠢ ᠬᠦᠭᠵᠢᠯᠲᠡ ᠶ᠋ᠢᠨ ᠵᠠᠮ ᠶ᠋ᠢᠡᠷ ᠡᠷᠡᠰ ᠭᠤᠢᠪᠢᠰᠢ ᠦᠭᠡᠢ ᠵᠠᠮᠨᠠᠨ᠂ ᠪᠤᠬᠢᠷᠳᠤᠯ ᠦᠭᠡᠢ ᠬᠦᠭᠵᠢᠯᠲᠡ ᠪᠠ ᠠᠮᠢ ᠠᠬᠤᠢ ᠶ᠋ᠢᠨ ᠦᠨ᠎ᠡ ᠦᠷᠲᠡᠭ ᠢ᠋ ᠵᠡᠷᠭᠡ ᠪᠡᠷ ᠳᠡᠭᠡᠭᠰᠢᠯᠡᠭᠦᠯᠵᠦ᠂ ᠡᠬᠡ ᠤᠯᠤᠰ ᠤ᠋ᠨ ᠦᠵᠡᠰᠭᠦᠯᠡᠡᠭᠲᠦ ᠰᠠᠢᠬᠠᠨ ᠤᠮᠠᠷᠠᠲᠤ ᠬᠢᠯᠢ ᠪᠤᠬᠢᠷᠳᠤᠯ ᠦᠭᠡᠢ ᠬᠦᠭᠵᠢᠯᠲᠡ ᠶ᠋ᠢᠨ ᠢᠳᠡ ᠬᠦᠴᠦ ᠪᠡᠷ ᠪᠢᠯᠬᠠᠨ᠎ᠠ᠃

ᠪᠤᠬᠢᠷᠳᠤᠯ ᠦᠭᠡᠢ ᠬᠦᠭᠵᠢᠯᠲᠡ ᠶ᠋ᠢᠨ ᠢᠳᠡ ᠬᠦᠴᠦ ᠨᠢ ᠥᠪᠥᠷ ᠮᠣᠩᠭᠣᠯ ᠤ᠋ᠨ ᠱᠢᠨ᠎ᠡ ᠡᠨᠧᠷᠭᠢ ᠪᠡᠷ ᠱᠢᠨ᠎ᠡ ᠠᠵᠤ ᠦᠢᠯᠡᠳᠪᠦᠷᠢ ᠵᠢᠨ ᠬᠦᠭᠵᠢᠯᠳᠡ ᠵᠢ ᠲᠠᠢ᠌ᠴᠢᠯᠠᠨ᠂ ᠱᠢᠨ᠎ᠡ ᠡᠨᠧᠷᠭᠢ ᠶ᠋ᠢᠨ ᠬᠦᠷᠢᠶᠡᠨ ᠳ᠋ᠦ 《ᠪᠠᠰᠠ ᠨᠢᠬᠡᠨ ᠠᠵᠤ ᠦᠢᠯᠡᠳᠪᠦᠷᠢ ᠵᠢᠨ ᠥᠪᠥᠷ ᠮᠣᠩᠭᠣᠯ ᠢ᠋ ᠴᠣᠭ᠍ᠴᠠᠯᠠᠬᠤ》 ᠲᠡᠮᠡᠴᠡᠯ ᠤ᠋ᠨ ᠦᠢᠯᠡᠳᠦᠯᠭᠡ ᠳᠤᠮᠳᠠ ᠪᠢᠯᠬᠠᠵᠤ ᠪᠠᠢᠨ᠎ᠠ᠃

ᠪᠤᠭᠤᠲᠤ ᠬᠣᠲᠠ ᠶ᠋ᠢᠨ ᠮᠢᠩ ᠶᠠᠩ ᠱᠢᠨ᠎ᠡ ᠡᠨᠧᠷᠭᠢ ᠶ᠋ᠢᠨ ᠣᠶᠤᠨᠴᠢ ᠦᠢᠯᠡᠳᠭᠡᠯ ᠤ᠋ᠨ ᠠᠵᠤ ᠦᠶ᠋ᠯᠡᠰ ᠤ᠋ᠨ ᠬᠦᠷᠢᠶᠡᠯᠡᠩ ᠳ᠋ᠦ ᠰᠠᠯᠬᠢᠨ ᠬᠦᠴᠦᠨ ᠤ᠋ ᠴᠠᠬᠢᠯᠭᠠᠨ ᠰᠠᠡᠭᠰᠡ ᠶ᠋ᠢᠨ ᠳᠡᠯᠪᠢ ᠵᠢᠨ ᠦᠶ᠋ᠯᠡᠳᠪᠦᠷᠢᠯᠡᠯ ᠤ᠋ᠨ ᠱᠤᠭᠤᠮ ᠲᠠᠰᠤᠷᠠᠯᠲᠠ ᠥᠬᠡᠢ ᠠᠵᠢᠯᠯᠠᠨ᠎ᠠ; ᠲᠦᠩᠯᠢᠶᠣᠤ ᠬᠤᠳᠠ ᠶ᠋ᠢᠨ ᠬᠣᠷᠴᠢᠨ ᠲᠣᠭᠣᠷᠢᠭ ᠤ᠋ᠨ ᠥᠪᠥᠷ ᠮᠣᠩᠭᠣᠯ ᠤ᠋ᠨ ᠵᠡᠭᠦᠨ ᠪᠡᠶ᠎ᠡ (ᠲᠦᠩᠯᠢᠶᠣᠤ) ᠶ᠋ᠢᠨ ᠰᠠᠯᠬᠢᠨ ᠬᠦᠴᠦᠨ ᠤ᠋ ᠴᠠᠬᠢᠯᠭᠠᠨ ᠤ᠋ ᠲᠤᠨᠤᠭᠯᠠᠯ ᠦᠢᠯᠡᠳᠬᠦ᠌ ᠠᠵᠤ ᠦᠢᠯᠡᠰ ᠤ᠋ᠨ ᠰᠠᠭᠤᠷᠢᠨ ᠳ᠋ᠦ ᠵᠢᠯ ᠳ᠋ᠦ 20 ᠲᠦᠮᠡᠨ ᠲᠣᠨ ᠠᠮᠠᠳᠠᠭᠤᠯ ᠦᠢᠯᠡᠳᠪᠦᠷᠢᠯᠡᠬᠦ ᠲᠥᠷᠥᠯ ᠵᠦᠢᠯ ᠪᠣᠯᠤᠨ ᠵᠢᠯ ᠳ᠋ᠦ 200 ᠲᠦᠮᠡᠨ ᠲᠣᠨ ᠤ᠋ ᠰᠢᠷᠡᠮᠦ ᠬᠤᠭᠤᠯᠠᠢ ᠶ᠋ᠢᠨ ᠪᠤᠯᠤᠳ ᠠᠮᠠᠳᠠᠭᠤᠯ ᠦᠢᠯᠡᠳᠪᠦᠷᠢᠯᠡᠬᠦ᠌ ᠲᠥᠷᠥᠯ ᠵᠦᠢᠯ ᠤ᠋ᠨ ᠪᠥᠳᠥᠭᠡᠨ ᠪᠠᠢᠭᠤᠯᠤᠯᠲᠠ ᠢᠳᠡ ᠬᠦᠭ ᠲᠠᠢ ᠶᠠᠪᠤᠭᠳᠠᠵᠤ ᠪᠠᠢᠨ᠎ᠠ; ᠤᠷᠳᠤᠰ ᠬᠤᠳᠠ ᠶ᠋ᠢᠨ ᠮᠸᠩ ᠰᠦ᠍ ᠠᠵᠤ ᠠᠬᠤᠢ ᠶ᠋ᠢᠨ ᠨᠡᠭᠡᠭᠡᠯᠳᠠ ᠶ᠋ᠢᠨ ᠣᠷᠣᠨ ᠤ᠋ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠢᠯᠡᠰ ᠤ᠋ᠨ ᠬᠦᠷᠢᠶᠡᠯᠡᠩ ᠤ᠋ᠨ ᠵᠡᠭᠦᠨᠰᠢ ᠪᠠᠷᠠᠭᠤᠨᠰᠢ 530 ᠮᠸᠲᠷ ᠰᠤᠨᠳᠠᠯᠠᠭ᠍ᠰᠠᠨ ᠠᠯᠤᠰ ᠦᠵᠡᠭᠳᠡᠯᠲᠦ ᠬᠥᠳᠡᠯᠭᠡᠬᠦ᠌ ᠬᠦᠴᠦᠨ ᠤ᠋ ᠳ᠋ᠢᠶᠠᠨ ᡂᠢ ᠶ᠋ᠢᠨ ᠦᠢᠯᠡᠳᠪᠦᠷᠢ ᠳ᠋ᠦ ᠹᠣᠰᠹᠣᠷ ᠬᠦᠴᠢᠯ ᠤ᠋ᠨ ᠲᠡᠮᠦᠷ ᠯᠢᠲ᠋ᠢ ᠳ᠋ᠢᠶᠠᠨ ᡂᠢ ᠵᠢ ᠦᠢᠯᠡᠳᠪᠦᠷᠢᠯᠡᠵᠦ ᠶᠠᠭᠠᠷᠠᠨ᠎ᠠ ᠁ ᠡᠬᠡ ᠤᠯᠤᠰ ᠤ᠋ᠨ ᠤᠮᠠᠷᠠᠲᠤ ᠬᠢᠯᠢ ᠶ᠋ᠢᠨ ᠡᠭᠡ ᠭᠠᠵᠠᠷ ᠲᠦ᠍ ᠱᠢᠨ᠎ᠡ ᠡᠨᠧᠷᠭᠢ ᠶ᠋ᠢᠨ ᠠᠵᠤ ᠦᠢᠯᠡᠰ ᠬᠤᠷ᠎ᠠ ᠵᠢᠨ ᠳᠠᠷᠠᠭᠠᠬᠢ ᠬᠤᠯᠤᠰᠤᠨ ᠰᠦᠶᠦᠬᠡ ᠮᠡᠲᠦ ᠪᠠᠳᠠᠷᠠᠯ᠎ᠠ᠃

2024 ᠣᠨ ᠳ᠋ᠤ᠂ ᠥᠪᠥᠷ ᠮᠣᠩᠭᠣᠯ ᠰᠠᠯᠬᠢᠨ ᠬᠦᠴᠦᠨ᠂ ᠨᠡᠭᠦᠷᠡᠰᠦ᠂ ᠴᠠᠬᠢᠯᠭᠠᠨ ᠲᠤᠤᠷ ᠤ᠋ᠨ ᠦᠪᠡᠷᠮᠢᠴᠡ ᠳᠠᠪᠠᠭᠤᠯᠢᠭ ᠶ᠋ᠢᠡᠨ ᠭᠦᠢᠴᠡᠳ ᠠᠰᠢᠭᠯᠠᠵᠤ᠂ 《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ ᠡᠭᠦᠷᠭᠡ ᠵᠢ ᠲᠤᠭᠲᠠᠭᠠᠨ᠂ ᠪᠥᠬᠥ᠌ ᠤᠯᠤᠰ ᠴᠢᠨᠠᠭ᠍ᠰᠢᠯᠠᠪᠠᠯ ᠳᠡᠯᠡᠬᠡᠶ ᠶ᠋ᠢᠨ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠥᠨᠳᠥᠷᠯᠢᠭ ᠭᠠᠵᠠᠷ ᠢ᠋ ᠬᠦᠴᠦ᠍᠎ᠪᠡᠨ ᠲᠥᠪᠯᠡᠷᠡᠭᠦᠯᠦᠨ ᠴᠣᠭ᠍ᠴᠠᠯᠠᠪᠠ᠃

2024 ᠣᠨ ᠳ᠋ᠤ᠂ ᠥᠪᠥᠷ ᠮᠣᠩᠭᠣᠯ ᠤ᠋ᠨ ᠱᠢᠨ᠎ᠡ ᠪᠡᠷ ᠨᠡᠮᠡᠭ᠌ᠳᠡᠭ᠌ᠰᠡᠨ ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ 4100 ᠲᠦᠮᠡᠨ ᠺᠢᠯᠦᠸᠠᠲ ᠢ᠋ ᠳᠠᠪᠠᠨ᠂ ᠱᠢᠨ᠎ᠡ ᠡᠨᠧᠷᠭᠢ ᠶ᠋ᠢᠨ ᠶᠡᠷᠦᠩᠬᠡᠢ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ 1.35 ᠳ᠋ᠦᠩᠱᠢᠭᠤᠷ ᠺᠢᠯᠦᠸᠠᠲ ᠲᠦ᠍ ᠬᠦᠷᠴᠦ᠍᠂ ᠵᠢᠯ ᠤ᠋ᠨ ᠳᠣᠲᠣᠷ᠎ᠠ ᠱᠢᠨ᠎ᠡ ᠪᠡᠷ ᠨᠡᠮᠡᠭ᠌ᠳᠡᠭ᠌ᠰᠡᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠪᠠ ᠶᠡᠷᠦᠡᠭᠬᠡᠢ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠬᠣᠶᠠᠷ ᠵᠢᠯ ᠳᠠᠷᠠᠭᠠᠯᠠᠨ ᠪᠦᠬᠦ᠌ ᠤᠯᠤᠰ ᠲᠦ᠍ ᠲᠦᠷᠦᠬᠦᠯᠡᠪᠡ᠃

2024 ᠣᠨ ᠳ᠋ᠤ᠂ ᠥᠪᠥᠷ ᠮᠣᠩᠭᠣᠯ ᠱᠢᠨ᠎ᠡ ᠬᠡᠯᠪᠡᠷᠢ ᠶ᠋ᠢᠨ ᠡᠨᠧᠷᠭᠢ ᠨᠥᠭᠡᠴᠡᠯᠡᠬᠦ᠌ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠵᠢ ᠨᠡᠢᠲᠡ 1032 ᠲᠦᠮᠡᠨ ᠺᠢᠯᠦᠸᠠᠲ ᠨᠡᠮᠡᠭᠳᠡᠬᠦᠯᠵᠤ᠂ ᠪᠥᠬᠥ᠌ ᠤᠯᠤᠰ ᠤ᠋ᠨ ᠠᠩᠬᠠᠳᠠᠭ᠍ᠴᠢ ᠱᠢᠨ᠎ᠡ ᠬᠡᠯᠪᠡᠷᠢ ᠶ᠋ᠢᠨ ᠡᠨᠧᠷᠭᠢ ᠨᠥᠭᠡᠴᠡᠯᠡᠬᠦ᠌ ᠮᠠᠱᠢᠨ ᠴᠣᠭ᠍ᠴᠠᠯᠠᠪᠤᠷᠢ ᠶ᠋ᠢᠨ ᠬᠡᠪᠴᠢᠶ᠎ᠠ 1000 ᠲᠦᠮᠡᠨ ᠺᠢᠯᠦᠸᠠᠲ ᠢ᠋ ᠳᠠᠪᠠᠭ᠍ᠰᠠᠨ ᠮᠤᠵᠢ ᠣᠷᠣᠨ ᠪᠣᠯᠵᠠᠢ᠃

2024 ᠣᠨ ᠳ᠋ᠤ᠂ ᠥᠪᠥᠷ ᠮᠣᠩᠭᠣᠯ ᠱᠢᠨ᠎ᠡ ᠡᠨᠧᠷᠭᠢ ᠶ᠋ᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ ᠵᠢ ᠢᠯᠴᠢ ᠶ᠋ᠢᠨ ᠴᠠᠬᠢᠯᠭᠠᠨ ᠤ᠋ ᠮᠠᠱᠢᠨ ᠴᠣᠭ᠍ᠴᠠᠯᠠᠪᠤᠷᠢ᠎ᠵᠢᠨ ᠬᠡᠪᠴᠢᠶ᠎ᠠ ᠡᠴᠡ ᠲᠠᠪᠠᠭᠤᠯᠬᠤ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ᠍᠂ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠪᠥᠬᠥ᠌ ᠤᠯᠤᠰ ᠤ᠋ᠨ ᠲᠡᠷᠢᠭᠦᠨ ᠤ᠋ ᠪᠠᠢᠷᠢ ᠰᠠᠭᠤᠷᠢ ᠪᠠᠨ ᠤᠯᠠᠮ ᠨᠢᠭᠡ ᠠᠯᠬᠤᠮ ᠲᠣᠭ᠍ᠲᠠᠪᠤᠷᠢᠵᠢᠭᠤᠯᠵᠤ᠂ ᠱᠢᠨ᠎ᠡ ᠬᠡᠯᠪᠡᠷᠢ ᠶ᠋ᠢᠨ ᠴᠠᠬᠢᠯᠭᠠᠨ ᠬᠦᠴᠦᠨ ᠤ᠋ ᠱᠢᠰᠲ᠋ᠧᠮ ᠢ᠋ ᠪᠠᠢᠭᠤᠯᠬᠤ ᠲᠠᠯ᠎ᠠ ᠪᠠᠷ ᠲᠡᠦᠬᠡᠲᠦ ᠴᠢᠨᠠᠷᠲᠠᠶ ᠵᠠᠩᠭᠢᠯᠠᠭ᠎ᠠ ᠶ᠋ᠢᠨ ᠠᠯᠬᠤᠮ ᠢ᠋ ᠠᠯᠬᠤᠪᠠ᠃

2024 ᠣᠨ ᠳ᠋ᠤ᠂ ᠥᠪᠥᠷ ᠮᠣᠩᠭᠣᠯ ᠪᠤᠬᠢᠷᠳᠤᠯ ᠦᠭᠡᠢ ᠴᠠᠬᠢᠯᠭᠠᠨ ᠤ᠋ ᠠᠷᠠᠯᠵᠢᠶ᠎ᠠ ᠵᠢ ᠡᠬᠢᠯᠡᠭᠦᠯᠵᠦ᠍᠂ ᠮᠠᠨ ᠤ᠋ ᠣᠷᠣᠨ ᠪᠤᠬᠢᠷᠳᠤᠯ ᠦᠭᠡᠢ ᠴᠠᠬᠢᠯᠭᠠᠨ ᠤ᠋ ᠠᠷᠠᠯᠵᠢᠶ᠎ᠠ ᠥᠬᠡᠶ ᠪᠠᠢᠭ᠍ᠰᠠᠨ ᠡᠴᠡ ᠪᠠᠨ ᠪᠠᠢᠬᠤ ᠪᠣᠯᠵᠣ᠂ ᠪᠠᠢᠬᠤ ᠪᠤᠯᠤᠭᠰᠠᠨ ᠡᠴᠡ ᠪᠠᠨ ᠪᠥᠬᠥ᠌ ᠤᠯᠤᠰ ᠲᠦ᠍ ᠲᠦᠷᠦᠭᠦᠯᠡᠭ᠌ᠰᠡᠨ ᠯᠤᠲᠤ ᠶᠡᠬᠡ ᠳᠠᠪᠠᠯᠲᠠ ᠵᠢ ᠪᠡᠶᠡᠯᠡᠭᠦᠯᠵᠦ᠍᠂ ᠪᠤᠬᠢᠷᠳᠤᠯ ᠦᠭᠡᠢ ᠴᠠᠬᠢᠯᠭᠠᠨ ᠤ᠋ ᠠᠷᠠᠯᠵᠢᠶᠠᠨ ᠤ᠋ ᠬᠡᠮᠵᠢᠶ᠎ᠠ ᠪᠡᠷ ᠪᠥᠬᠥ᠌ ᠤᠯᠤᠰ ᠤ᠋ᠨ ᠡᠮᠦᠨ᠎ᠡ ᠡᠩᠨᠡᠭᠡᠨ ᠳ᠋ᠦ ᠣᠷᠣᠵᠤ᠂ ᠪᠥᠬᠥ᠌ ᠤᠯᠤᠰ ᠲᠦ᠍ ᠲᠦᠷᠦᠭᠦᠯᠡᠨ ᠮᠤᠵᠢ ᠣᠷᠣᠨ ᠠᠯᠤᠰᠯᠠᠭ᠍ᠰᠠᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠭᠡᠢ ᠴᠠᠬᠢᠯᠭᠠᠨ ᠤ᠋ ᠠᠷᠠᠯᠵᠢᠶ᠎ᠠ ᠵᠢ ᠥᠷᠨᠢᠭᠦᠯᠪᠡ᠃

2024 ᠣᠨ ᠤ᠋ 1 — 11 ᠰᠠᠷ᠎ᠠ ᠪᠣᠯᠲᠠᠯ᠎ᠠ᠂ ᠥᠪᠥᠷ ᠮᠣᠩᠭᠣᠯ ᠤ᠋ᠨ ᠱᠢᠨ᠎ᠡ ᠡᠨᠧᠷᠭᠢ ᠶ᠋ᠢᠨ ᠪᠠᠯᠠ ᠣᠷᠣᠭᠤᠯᠤᠯᠲᠠ ᠲᠠᠬᠡᠷ᠎ᠠ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 5.1% ᠪᠡᠷ ᠨᠡᠮᠡᠭ᠌ᠳᠡᠵᠦ᠍᠂ ᠪᠥᠬᠥ᠌ ᠣᠷᠣᠨ ᠤ᠋ ᠶᠡᠷᠤᠩᠬᠡᠢ ᠪᠠᠯᠠ ᠣᠷᠣᠭᠤᠯᠤᠯᠲᠠ ᠵᠢᠨ 23% ᠵᠢ ᠡᠵᠡᠯᠡᠨ᠂ ᠪᠥᠬᠥ᠌ ᠣᠷᠣᠨ ᠤ᠋ ᠪᠠᠯᠠ ᠣᠷᠣᠭᠤᠯᠤᠯᠲᠠ ᠶ᠋ᠢᠨ ᠨᠡᠮᠡᠭ᠌ᠳᠡᠯ ᠤ᠋ᠨ ᠬᠤᠷᠳᠤᠴᠠ ᠵᠢ ᠵᠠᠭᠤᠨ ᠤ᠋ ᠬᠠᠷᠢᠴᠠᠯ ᠶ᠋ᠢᠡᠷ 1.3 ᠬᠤᠪᠢ ᠳᠠᠢᠴᠢᠯᠠᠪᠠ᠃

ᠪᠤᠬᠢᠷᠳᠤᠯ ᠦᠭᠡᠢ ᠬᠦᠭᠵᠢᠯᠲᠡ ᠶ᠋ᠢᠨ ᠢᠳᠡ ᠬᠦᠴᠦ ᠨᠢ ᠥᠪᠥᠷ ᠮᠣᠩᠭᠣᠯ ᠤ᠋ᠨ ᠤᠯᠤᠰ ᠤ᠋ᠨ ᠶᠡᠬᠡ ᠶᠠᠪᠤᠳᠠᠯ ᠢ᠋ ᠪᠠᠲᠤ ᠴᠡᠭᠡᠵᠢᠯᠡᠨ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠬᠡ ᠤᠯᠤᠰ ᠤ᠋ᠨ ᠤᠮᠠᠷᠠᠲᠤ ᠬᠢᠯᠢ ᠶ᠋ᠢᠨ ᠨᠤᠮᠢᠨ ᠨᠤᠭᠤᠭᠠᠨ ᠤᠷᠳᠤ ᠴᠠᠭᠠᠨ ᠬᠡᠷᠡᠮ ᠪᠤᠯᠤᠨ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠱᠢᠨ᠎ᠡ ᠵᠢ ᠡᠭᠦᠳᠬᠦ᠌ ᠦᠢᠯᠡᠳᠦᠯᠭᠡ ᠳᠤᠮᠳᠠ ᠢᠯᠡᠷᠡᠵᠤ ᠪᠠᠢᠨ᠎ᠠ᠃

ᠣᠷᠳᠣᠰ ᠪᠣᠯ ᠬᠠᠲᠤᠨ ᠭᠤᠤᠯ ᠤ᠋ᠨ 《ᠶᠡᠬᠡ ᠲᠤᠬᠤᠢ》 ᠶ᠋ᠢᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠭᠤᠤᠯ ᠲᠡᠢᠨ ᠤ᠋ ᠲᠠᠯᠠᠪᠤᠷ᠂ ᠭᠤᠤᠯ ᠵᠢᠭ᠍ᠰᠠᠭᠠᠯ ᠤ᠋ᠨ ᠭᠠᠵᠠᠷ ᠮᠥᠨ᠃ 2024 ᠣᠨ ᠤ᠋ ᠬᠠᠪᠤᠷ ᠣᠷᠳᠣᠰ ᠬᠣᠲᠠ ᠬᠥᠪᠴᠢ ᠶ᠋ᠢᠨ ᠡᠯᠡᠰᠦ ᠪᠤᠯᠤᠨ ᠮᠤᠤᠠᠤᠰᠤ ᠶ᠋ᠢᠨ ᠡᠯᠡᠰᠦᠷᠬᠡᠭ ᠭᠠᠵᠠᠷ ᠲᠦ᠍ ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠪᠠᠢᠷᠢᠯᠠᠭᠤᠯᠤᠨ ᠪᠥᠲᠥᠭᠡᠨ ᠪᠠᠢᠭᠤᠯᠵᠤ᠂ ᠡᠯᠡᠰᠦᠨ ᠲᠡᠯᠡᠶ ᠳᠣᠲᠣᠷᠠᠬᠢ 《ᠬᠡᠷᠡᠯᠴᠢ ᠴᠡᠨᠡᠭ ᠤ᠋ᠨ ᠣᠷᠳᠣ ᠴᠠᠭᠠᠨ ᠬᠡᠷᠡᠮ》 ᠢ᠋ ᠪᠠᠢᠭᠤᠯᠵᠤ ᠡᠬᠢᠯᠡᠪᠡ᠃

ᠡᠨᠡ ᠬᠦ᠌ ᠪᠥᠬᠥ᠌ ᠣᠷᠳᠣ ᠨᠢ 400 ᠺᠢᠯᠣᠮᠧᠲ᠋ᠷ᠂ ᠳᠤᠮᠳᠠᠴᠢ ᠥᠷᠭᠡᠨ ᠨᠢ 5 ᠺᠢᠯᠣᠮᠧᠲ᠋ᠷ᠂ ᠶᠡᠷᠦᠡᠭᠬᠡᠢ ᠲᠠᠯᠠᠪᠠᠶ ᠨᠢ 2000 ᠰᠢᠬᠠᠮ ᠲᠡᠭ᠌ᠰᠢ ᠳᠥᠷᠪᠡᠯᠵᠢᠨ ᠺᠢᠯᠣᠮᠧᠲ᠋ᠷ ᠲᠦ᠍ ᠬᠦᠷᠦᠭᠰᠡᠨ 《ᠬᠡᠷᠡᠯᠴᠢ ᠴᠡᠨᠡᠭ ᠤ᠋ᠨ ᠣᠷᠳᠣ ᠴᠠᠭᠠᠨ ᠬᠡᠷᠡᠮ》 ᠢ᠋ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ ᠬᠡᠷᠡᠯᠴᠢ ᠴᠡᠨᠡᠭ ᠶ᠋ᠢᠡᠷ 300 ᠲᠦᠮᠡᠨ ᠮᠥ᠍ ᠡᠯᠡᠰᠦ ᠵᠢ ᠵᠠᠰᠠᠵᠤ᠂ ᠠᠮᠢ ᠠᠬᠤᠶ ᠪᠠᠷ 900 ᠲᠦᠮᠡᠨ ᠮᠥ᠍ ᠡᠯᠡᠰᠦ ᠵᠢ ᠵᠠᠰᠠᠬᠤ ᠵᠢ ᠪᠡᠶᠡᠯᠡᠭᠦᠯᠬᠦ ᠪᠣᠯᠤᠨ᠎ᠠ᠃

2024 ᠣᠨ ᠳ᠋ᠤ᠂ ᠥᠪᠥᠷ ᠮᠣᠩᠭᠣᠯ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠢ᠋ ᠠᠬᠢᠭᠤᠯᠬᠤ ᠲᠤᠬᠠᠶ ᠨᠠᠮ ᠤ᠋ᠨ ᠲᠥᠪ ᠬᠣᠷᠢᠶᠠᠨ ᠤ᠋ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠶᠣᠰᠣᠭᠠᠷ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠪᠠ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠢ᠋ ᠪᠥᠬᠥ᠌ ᠬᠦᠴᠦᠨ ᠶ᠋ᠢᠡᠷ ᠶ᠋ᠢᠡᠨ ᠰᠠᠢᠲᠤᠷ ᠬᠢᠵᠦ᠍᠂ ᠡᠯᠡᠰᠦᠷᠭᠡᠭᠵᠢᠯ ᠢ᠋ ᠰᠡᠷᠭᠡᠢᠯᠡᠵᠦ᠍ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠢ᠋ ᠲᠦᠷᠭᠡᠳᠭᠡᠨ ᠬᠡᠷᠡᠭ᠌ᠵᠢᠭᠦᠯᠪᠡ᠃

ᠪᠦᠬᠦ᠌ ᠣᠷᠣᠨ ᠤ᠋ 《ᠨᠢᠭᠡ ᠬᠥᠯᠭᠡ ᠱᠢᠲᠠᠷ᠎ᠠ》 ᠢ᠋ᠢᠨ ᠬᠠᠮᠲᠤᠷᠠᠭ᠍ᠰᠠᠨ ᠱᠢᠪᠲᠤᠯᠤᠯᠲᠠ ᠳᠣᠣᠷ᠎ᠠ 《ᠤᠮᠠᠷᠠᠲᠤ ᠢ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠪᠠ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠳ᠋ᠤ ᠴᠢᠬᠤᠯᠠ ᠶᠡᠬᠡ ᠠᠮᠵᠢᠯᠲᠠ ᠣᠯᠵᠤ᠂ ᠡᠯᠡᠰᠦ ᠢ᠋ᠢ ᠵᠠᠰᠠᠬᠤ᠂ ᠣᠢᠵᠢᠭᠤᠯᠬᠤ᠂ ᠡᠪᠡᠰᠦ ᠲᠠᠷᠢᠬᠤ ᠣᠨ ᠤ᠋ ᠡᠭᠦᠷᠭᠡ ᠪᠡᠨ ᠳᠠᠪᠠᠭᠤᠯᠤᠨ ᠪᠡᠶᠡᠯᠡᠭᠦᠯᠵᠦ᠍᠂ ᠡᠳᠦᠷ ᠳᠤᠮᠳᠠᠴᠢ ᠳ᠋ᠤ 6 ᠲᠦᠮᠡᠨ ᠮᠦ᠍ ᠢ᠋ᠢᠨ ᠡᠯᠡᠰᠤ ᠢ᠋ᠢ ᠵᠠᠰᠠᠬᠤ ᠬᠤᠷᠳᠤᠴᠠ ᠪᠠᠷ ᠪᠦᠬᠦ᠌ ᠵᠢᠯ ᠳ᠋ᠤ 1954 ᠲᠦᠮᠡᠨ ᠮᠦ᠍ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠪᠠ; ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠢ᠋ᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ ᠢᠨᠵᠧᠨᠧᠷᠢᠩ ᠤ᠋ᠨ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠤ᠋ᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠠ 2727 ᠲᠦᠮᠡᠨ ᠺᠢᠯᠦᠸᠠᠲ ᠲᠤ᠌ ᠬᠦᠷᠴᠤ᠂ 238 ᠲᠦᠮᠡᠨ ᠮᠦ᠍ ᠡᠯᠡᠰᠦ ᠢ᠋ᠢ ᠢᠵᠢ ᠪᠦᠷᠢᠳᠦᠭᠦᠯᠦᠨ ᠵᠠᠰᠠᠵᠡᠢ᠃

ᠠᠮᠢ ᠠᠬᠤᠶ ᠢ᠋ᠢᠨ ᠳᠠᠪᠠᠭᠤᠯᠢᠭ ᠢ᠋ ᠦᠨᠡᠨ ᠬᠦ᠌ ᠠᠵᠤ ᠠᠬᠤᠶ ᠢ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠢ᠋ᠢᠨ ᠲᠥᠯᠥᠭᠡ ᠥᠪᠥᠷ ᠮᠣᠩᠭᠣᠯ CCER (ᠤᠯᠤᠰ ᠤ᠋ᠨ ᠬᠢᠨᠠᠨ ᠵᠥᠪᠱᠢᠶᠡᠷᠡᠭ᠌ᠰᠡᠨ ᠰᠠᠢᠨ ᠳᠤᠷ᠎ᠠ ᠡᠴᠡ ᠪᠠᠨ ᠭᠠᠳᠠᠭ᠍ᠰᠢᠯᠠᠭᠤᠯᠤᠯᠲᠠ ᠢ᠋ᠢ ᠪᠠᠭᠠᠰᠭᠠᠬᠤ ᠦᠨᠡᠮᠯᠡᠯ) ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠲᠥᠷᠥᠯ ᠵᠦᠶ᠋ᠯ ᠢ᠋ ᠨᠡᠭᠡᠭᠡᠨ ᠬᠥᠭ᠌ᠵᠢᠭᠦᠯᠬᠦ᠌ ᠢ᠋ᠢ ᠯᠠᠪᠳᠠᠭᠤᠨ ᠪᠠᠲᠤᠲᠠᠶ ᠠᠬᠢᠭᠤᠯᠵᠤ᠂ ᠣᠯᠠᠨ ᠵᠦᠶ᠋ᠯ ᠤ᠋ᠨ ᠬᠡᠯᠪᠡᠷᠢ ᠪᠡᠷ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ ᠢ᠋ᠢ ᠢᠳᠡᠪᠬᠢᠲᠡᠶ ᠠᠬᠢᠭᠤᠯᠤᠨ᠂ ᠨᠡᠢᠲᠡ 83.4 ᠲᠦᠮᠡᠨ ᠲᠣᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠷᠠᠯᠵᠢᠶ᠎ᠠ ᠢ᠋ᠢ ᠪᠠᠶᠠᠯᠠᠭᠦᠯᠵᠤ᠂ ᠠᠷᠠᠯᠵᠢᠶᠠᠨ ᠤ᠋ ᠬᠡᠮᠵᠢᠶ᠎ᠠ ᠨᠢ 3323.4 ᠲᠦᠮᠡᠨ ᠲᠥᠭᠥᠷᠢᠭ ᠲᠤ᠌ ᠬᠦᠷᠪᠠ᠃

ᠪᠤᠬᠢᠷᠳᠤᠯ ᠦᠭᠡᠢ ᠬᠦᠭᠵᠢᠯᠲᠡ ᠶ᠋ᠢᠨ ᠢᠳᠡ ᠬᠦᠴᠦ ᠨᠢ ᠥᠪᠥᠷ ᠮᠣᠩᠭᠣᠯ ᠤ᠋ᠨ ᠲᠡᠷᠢᠭᠦᠨ ᠤ᠋ ᠦᠢᠯᠡᠳᠬᠦ᠌ ᠦᠢᠯᠡᠰ ᠵᠢᠡᠷ ᠱᠢᠨ᠎ᠡ ᠬᠡᠯᠪᠡᠷᠢ ᠢ᠋ᠢᠨ ᠠᠵᠤ ᠦᠢᠯᠡᠳᠪᠦᠷᠢᠵᠢᠯᠲᠡ ᠢ᠋ᠢ ᠲᠠᠢ᠌ᠴᠢᠯᠠᠨ᠂ ᠤᠷᠢᠳ ᠢ᠋ᠢᠡᠷ 《ᠰᠢᠨ᠎ᠠ ᠢ᠋ᠢ ᠪᠠᠢᠭᠤᠯᠵᠤ》 ᠲᠠᠷᠠᠭ᠎ᠠ ᠨᠢ 《ᠬᠠᠭᠤᠴᠢᠨ ᠢ᠋ ᠡᠪᠳᠡᠬᠦ》 ᠵᠢ ᠪᠠᠷᠢᠮᠲᠠᠯᠠᠵᠤ᠂ ᠠᠵᠤ ᠦᠢᠯᠡᠰ ᠤ᠋ᠨ ᠪᠦᠲᠦᠴᠡ ᠢ᠋ᠢ ᠪᠣᠬᠢᠷᠲᠤᠯ ᠦᠭᠡᠢ ᠪᠤᠯᠭᠠᠨ ᠲᠠᠬᠢᠨ ᠴᠣᠭ᠍ᠴᠠᠯᠠᠬᠤ ᠢ᠋ᠢ ᠠᠬᠢᠭᠤᠯᠬᠤ ᠲᠡᠮᠡᠴᠡᠯ ᠤ᠋ᠨ ᠦᠢᠯᠡᠳᠦᠯᠭᠡ ᠲᠤᠮᠳᠠ ᠢᠯᠡᠷᠡᠵᠤ ᠪᠠᠢᠨ᠎ᠠ᠃

ᠤᠯᠠᠭᠠᠨᠴᠠᠪ ᠬᠤᠲᠠ ᠢ᠋ᠢᠨ ᠲᠡᠮᠦᠷ ᠤ᠋ᠨ ᠬᠠᠢᠯᠤᠰᠢ ᠢ᠋ᠢᠨ ᠠᠵᠤ ᠦᠢᠯᠡᠳᠪᠦᠷᠢ ᠢ᠋ᠢᠨ ᠬᠦᠷᠢᠶᠡᠯᠡᠩ ᠳ᠋ᠤ ᠬᠦᠷᠬᠦ ᠳ᠋ᠤ ᠬᠠᠷ᠎ᠠ ᠤᠲᠤᠭ᠎ᠠ ᠬᠠᠷᠠᠭ᠍ᠳᠠᠬᠤ ᠦᠭᠡᠢ᠂ ᠬᠠᠮᠠᠷ ᠭᠠᠳᠠᠮ᠎ᠠ ᠬᠠᠴᠢᠨ ᠦᠨᠦᠷ ᠦᠨᠦᠷᠲᠦᠭ᠌ᠳᠡᠬᠦ᠌ ᠦᠭᠡᠢ᠂ ᠬᠠᠷᠢᠨ ᠴᠡᠪᠡᠷ ᠴᠡᠮᠴᠡᠭᠡᠷ ᠦᠢᠯᠡᠳᠪᠦᠷᠢ ᠢ᠋ᠢᠨ ᠲᠣᠭᠣᠷᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠭᠦᠢᠴᠡᠳ ᠦᠢᠯᠡᠳᠪᠦᠷᠢᠯᠡᠯ ᠤ᠋ᠨ ᠱᠤᠭᠤᠮ ᠨᠢᠳᠤᠨ ᠳ᠋ᠤ ᠢᠯᠡᠭᠡᠨ ᠲᠤᠰᠤᠨ᠎ᠠ ᠁ ᠳᠡᠭᠡᠳᠦ ᠲᠡᠰᠵᠢᠯᠲᠠ᠂ ᠤᠶᠤᠨᠴᠢᠯᠠᠯᠲᠠ᠂ ᠪᠣᠬᠢᠷᠲᠤᠯ ᠦᠭᠡᠢ ᠬᠦᠭᠵᠢᠯᠳᠡ ᠨᠢ ᠤᠯᠠᠭᠠᠨᠴᠠᠪ ᠬᠤᠲᠠ ᠢ᠋ᠢᠨ ᠲᠡᠮᠦᠷ ᠤ᠋ᠨ ᠬᠠᠢᠯᠤᠰᠢ ᠢ᠋ᠢᠨ ᠠᠵᠤ ᠦᠢᠯᠡᠰ ᠤ᠋ᠨ ᠱᠢᠨ᠎ᠡ ᠲᠦᠯᠦᠭᠡᠨ ᠤ᠋ ᠨᠡᠷ᠎ᠡ ᠪᠣᠯᠵᠠᠢ᠃

2024 ᠣᠨ ᠳ᠋ᠤ᠂ ᠥᠪᠥᠷ ᠮᠣᠩᠭᠣᠯ ᠪᠣᠬᠢᠷᠲᠤᠯ ᠥᠬᠡᠶ ᠬᠥᠭ᠌ᠵᠢᠯᠲᠡ ᠪᠡᠷ ᠴᠢᠭ᠌ᠯᠡᠯ ᠢ᠋ᠢᠡᠨ ᠪᠣᠯᠭᠠᠬᠤ ᠢ᠋ᠢ ᠪᠠᠷᠢᠮᠲᠠᠯᠠᠨ᠂ ᠬᠥᠭ᠌ᠵᠢᠯᠲᠡ ᠢ᠋ᠢᠨ ᠠᠷᠭ᠎ᠠ ᠬᠡᠯᠪᠡᠷᠢ ᠪᠡᠨ ᠲᠦᠷᠭᠡᠳᠭᠡᠨ ᠬᠤᠪᠢᠷᠠᠭᠤᠯᠵᠤ᠂ ᠠᠵᠤ ᠦᠶ᠋ᠯᠡᠰ ᠤ᠋ᠨ ᠪᠦᠲᠦᠴᠡ ᠢ᠋ᠢᠨ ᠲᠣᠬᠢᠷᠠᠭᠤᠯᠤᠯᠲᠠ ᠢ᠋ᠢ ᠲᠦᠷᠭᠡᠳᠭᠡᠨ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠪᠡᠷ ᠣᠨᠴᠠᠯᠢᠭ ᠢ᠋ᠢᠡᠨ ᠪᠣᠯᠭᠠᠭ᠍ᠰᠠᠨ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠶᠡᠬᠡ ᠪᠡᠷ ᠪᠣᠢᠵᠢᠭᠤᠯᠪᠠ᠃

《ᠬᠠᠭᠤᠴᠢᠨ》 ᠢ᠋ ᠡᠪᠳᠡᠵᠦ᠍᠂ ᠠᠵᠤ ᠦᠢᠯᠡᠰ ᠤ᠋ᠨ 《ᠨᠡᠭᠦᠷᠡᠰᠦᠲᠥ᠋ᠷᠥᠭ᠌ᠴᠢ ᠢ᠋ᠢᠨ ᠠᠭᠤᠯᠤᠭ᠍ᠳᠠᠴᠠ》 ᠢ᠋ᠢ ᠪᠠᠭᠤᠷᠠᠭᠤᠯᠤᠨ᠂ ᠬᠥᠭ᠌ᠵᠢᠯᠲᠡ ᠢ᠋ᠢᠨ 《ᠪᠤᠬᠢᠷᠳᠤᠯ ᠦᠭᠡᠢ》 ᠬᠡᠮᠵᠢᠶ᠎ᠡ ᠢ᠋ᠢ ᠨᠡᠮᠡᠭ᠌ᠳᠡᠭᠦᠯᠪᠠ᠃ ᠤᠯᠠᠮᠵᠢᠯᠠᠯᠲᠤ ᠠᠵᠤ ᠦᠢᠯᠡᠰ ᠢ᠋ ᠪᠡᠬᠢᠵᠢᠭᠦᠯᠦᠨ ᠳᠡᠭᠡᠭ᠌ᠰᠢᠯᠡᠭᠦᠯᠵᠦ᠍᠂ ᠥᠨᠳᠥᠷ ᠪᠠᠷᠢᠮᠵᠢᠶ᠎ᠠ᠂ ᠥᠨᠳᠥᠷ ᠲᠦᠪᠱᠢᠨ ᠢ᠋ᠢᠡᠷ ᠦᠨᠳᠦᠷ ᠠᠴᠢᠶᠠᠯᠠᠪᠤᠷᠢ ᠲᠠᠢ ᠠᠵᠤ ᠦᠢᠯᠡᠰ ᠢ᠋ ᠬᠦᠯᠢᠶᠡᠨ ᠠᠪᠴᠤ᠌ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠳᠪᠦᠷᠢ ᠢ᠋ᠢᠨ ᠪᠣᠬᠢᠷᠲᠤᠯ ᠦᠭᠡᠢ ᠬᠦᠭᠵᠢᠯᠲᠡ ᠢ᠋ᠢᠨ ᠠᠵᠢᠯᠯᠠᠭᠠᠨ ᠤ᠋ ᠲᠥᠰᠦᠯ ᠢ᠋ ᠰᠤᠳᠤᠯᠤᠨ ᠲᠣᠭ᠍ᠲᠠᠭᠠᠵᠤ᠂ ᠲᠡᠮᠦᠷ ᠬᠠᠢᠯᠤᠭᠤᠯᠬᠤ᠂ ᠪᠣᠯᠣᠳ ᠬᠠᠢᠯᠤᠭᠤᠯᠬᠤ᠂ ᠲᠡᠮᠦᠷ ᠤ᠋ᠨ ᠬᠠᠢᠯᠤᠰᠢ᠂ ᠴᠠᠬᠢᠯᠠᠭᠤᠷ ᠴᠢᠯᠠᠭᠤ᠂ ᠬᠡᠦᠷᠡᠰᠦ ᠵᠡᠷᠭᠡ ᠬᠢᠵᠠᠭᠠᠷᠯᠠᠬᠤ ᠲᠥᠷᠥᠯ ᠤ᠋ᠨ ᠦᠢᠯᠡᠳᠪᠦᠷᠢᠯᠡᠬᠦ᠌ ᠴᠢᠳᠠᠪᠤᠷᠢ ᠢ᠋ᠢ ᠡᠮᠬᠢ ᠵᠢᠷᠤᠮ ᠲᠠᠢ ᠪᠠᠷ ᠪᠤᠴᠠᠭᠠᠨ ᠭᠠᠷᠭᠠᠬᠤ ᠪᠠᠷ ᠳᠠᠮᠵᠢᠨ ᠡᠨᠧᠷᠭᠢ ᠬᠡᠷᠡᠭ᠌ᠯᠡᠬᠦ᠌ ᠣᠷᠣᠨ ᠵᠠᠶ ᠵᠢᠨ ᠲᠠᠯ᠎ᠠ ᠪᠡᠷ 700 ᠲᠦᠮᠡ ᠭᠠᠷᠤᠶ ᠲᠣᠨ ᠪᠠᠷᠢᠮᠵᠢᠶ᠎ᠠ ᠨᠡᠭᠦᠷᠡᠰᠦ ᠢ᠋ᠢ ᠠᠷᠪᠢᠯᠡᠵᠤ᠂ ᠨᠡᠭᠦᠷᠡᠰᠦᠲᠥ᠋ᠷᠥᠭ᠌ᠴᠢ ᠢ᠋ᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ ᠢ᠋ᠢ 1800 ᠭᠠᠷᠤᠶ ᠲᠦᠮᠡᠨ ᠲᠣᠨ ᠪᠠᠭᠠᠰᠭᠠᠪᠠ᠃ ᠠᠵᠤ ᠠᠬᠤᠢᠯᠠᠯ ᠤ᠋ᠨ ᠲᠡᠷᠢᠭᠦᠨ ᠤ᠋ ᠮᠡᠷᠭᠡᠵᠢᠯ ᠢ᠋ ᠬᠡᠷᠡᠭ᠌ᠯᠡᠨ ᠡᠨᠧᠷᠭᠢ ᠠᠷᠪᠢᠯᠠᠵᠤ ᠤᠰᠤ ᠠᠷᠪᠢᠯᠠᠬᠤ ᠮᠡᠷᠭᠡᠵᠢᠯ ᠤ᠋ᠨ ᠥᠭᠡᠷᠡᠴᠢᠯᠡᠯᠲᠡ ᠬᠢᠬᠦ᠌ ᠢ᠋ᠢ ᠳᠡᠮᠵᠢᠵᠦ᠍᠂ ᠱᠦᠶ᠋ᠨᠢ᠂ ᠸᠠᠭᠠᠷ ᠱᠠᠭᠠᠵᠠᠩ᠂ ᠮᠧᠲ᠋ᠢᠯ ᠠᠯᠺᠣᠣᠯ᠂ ᠣᠯᠠᠨ ᠲᠠᠯᠠᠰᠲᠤ ᠴᠠᠬᠢᠭᠤᠷ᠂ ᠵᠡᠰ᠂ ᠲᠤᠭᠤᠯᠭ᠎ᠠ᠂ ᠮᠠᠭ᠍ᠨᠢ ᠵᠡᠷᠭᠡ 15 ᠦᠶ᠋ᠯᠡᠳᠬᠦᠨ ᠤ᠋ ᠡᠨᠧᠷᠭᠢ ᠢ᠋ᠢᠨ ᠬᠣᠷᠣᠭ᠍ᠳᠠᠭᠤᠯᠤᠯ ᠤ᠋ᠨ ᠭᠦᠶ᠋ᠴᠡᠳᠭᠡᠯ ᠲᠣᠭ᠎ᠠ ᠢ᠋ᠢ ᠤᠯᠤᠰ ᠤ᠋ᠨ ᠡᠨᠧᠷᠭᠢ ᠢ᠋ᠢᠨ ᠬᠣᠷᠣᠭ᠍ᠳᠠᠭᠤᠯᠤᠯ ᠤ᠋ᠨ ᠬᠢᠵᠠᠭᠠᠷᠯᠠᠭᠰᠠᠨ ᠪᠠᠷᠢᠮᠵᠢᠶ᠎ᠠ ᠢ᠋ᠢᠨ ᠲᠡᠷᠢᠭᠦᠨ ᠤ᠋ ᠬᠡᠮᠵᠢᠭᠳᠡᠯ ᠳ᠋ᠤ ᠬᠦᠷᠭᠡᠵᠤ᠂ ᠭᠤᠤᠯᠳᠠᠯᠭ᠎ᠠ ᠲᠠᠢ ᠠᠵᠢᠯ ᠲᠥᠷᠥᠯ ᠤ᠋ᠨ ᠡᠨᠧᠷᠭᠢ ᠢ᠋ᠢᠨ ᠠᠱᠢᠭ᠍ᠯᠠᠮᠵᠢ ᠢ᠋ᠢᠨ ᠲᠦᠪᠰᠢᠨ ᠢ᠋ ᠢᠯᠡᠳᠲᠡ ᠳᠡᠭᠡᠭ᠌ᠰᠢᠯᠡᠭᠦᠯᠪᠠ᠃

《ᠱᠢᠨ᠎ᠡ》 ᠵᠢ ᠪᠠᠢᠭᠤᠯᠵᠤ᠂ ᠠᠵᠤ ᠦᠢᠯᠡᠰ ᠤ᠋ᠨ 《ᠱᠢᠨ᠎ᠡ ᠵᠢᠨ ᠠᠭᠤᠯᠤᠭᠳᠠᠴᠠ》 ᠵᠢ ᠨᠡᠮᠡᠭ᠌ᠳᠡᠭᠦᠯᠤᠨ᠂ ᠬᠥᠭ᠌ᠵᠢᠯᠲᠡ ᠢ᠋ᠢᠨ 《ᠦᠨ᠎ᠡ ᠴᠠᠨ᠎ᠠ》 ᠵᠢ ᠳᠡᠭᠡᠭ᠌ᠰᠢᠯᠡᠭᠦᠯᠪᠠ᠃ ᠱᠢᠨ᠎ᠡ ᠡᠨᠧᠷᠭᠢ᠂ ᠣᠲᠣ ᠦᠶ᠎ᠡ ᠢ᠋ᠢᠨ ᠲᠤᠨᠤᠭᠯᠠᠯ ᠦᠶ᠋ᠯᠡᠳᠬᠦ᠌᠂ ᠠᠮᠢᠳᠤ ᠪᠣᠳᠠᠰ ᠤ᠋ᠨ ᠡᠮ ᠡᠮᠨᠡᠯᠭᠡ᠂ ᠲᠣᠮᠣ ᠳ᠋ᠠᠢᠲ᠋ᠠ ᠵᠡᠷᠭᠡ ᠱᠢᠨ᠎ᠡ ᠪᠡᠷ ᠬᠦᠭᠵᠢᠭᠰᠡᠨ ᠠᠵᠤ ᠦᠶ᠋ᠯᠡᠰ ᠢ᠋ ᠲᠦᠷᠭᠡᠳᠭᠡᠨ ᠪᠤᠵᠠᠭᠠᠢᠷᠠᠭᠤᠯᠵᠤ᠂ 13 ᠲᠡᠷᠢᠭᠦᠨ ᠤ᠋ ᠦᠶ᠋ᠯᠡᠳᠬᠦ᠌ ᠦᠶ᠋ᠯᠡᠰ ᠤ᠋ᠨ ᠪᠦᠯᠦᠭ᠌ᠵᠢᠯ ᠤ᠋ᠨ ᠬᠡᠪᠴᠢᠶᠡᠵᠢᠨ ᠲᠠᠰ ᠳᠡᠪᠱᠢᠬᠦ᠌ ᠢ᠋ᠢ ᠠᠬᠢᠭᠤᠯᠪᠠ᠃ 《9 + 5 + 3》 ᠢᠷᠡᠭᠡᠳᠦᠶ ᠢ᠋ᠢᠨ ᠠᠵᠤ ᠦᠶ᠋ᠯᠡᠰ ᠤ᠋ᠨ ᠬᠥᠭ᠌ᠵᠢᠯᠲᠡ ᠢ᠋ᠢᠨ ᠪᠠᠢᠷᠢᠱᠢᠯ ᠢ᠋ ᠪᠠᠢᠭᠤᠯᠵᠤ᠂ ᠬᠣᠪᠣᠷ ᠱᠢᠷᠣᠶ ᠢ᠋ᠢᠨ ᠱᠢᠨ᠎ᠡ ᠮᠠᠲ᠋ᠧᠷᠢᠶᠠᠯ᠂ ᠤᠰᠤᠲᠥ᠋ᠷᠥᠭ᠌ᠴᠢ ᠡᠨᠧᠷᠭᠢ᠂ ᠱᠢᠨ᠎ᠡ ᠬᠡᠯᠪᠡᠷᠢ ᠢ᠋ᠢᠨ ᠡᠨᠧᠷᠭᠢ ᠬᠠᠳᠠᠭᠠᠯᠠᠬᠤ᠂ ᠪᠤᠳᠤᠯᠭ᠎ᠠ ᠢ᠋ᠢᠨ ᠬᠦᠴᠦᠨ ᠤ᠋ ᠲᠤᠤᠷ᠂ ᠤᠢᠷ᠎ᠠ ᠤᠭᠲᠠᠷᠭᠤᠢ ᠢ᠋ᠢᠨ ᠠᠵᠤ ᠠᠬᠤᠶ᠂ ᠵᠣᠬᠢᠶᠠᠮᠠᠯ ᠣᠶᠤᠨ ᠴᠢᠳᠠᠪᠤᠷᠢ ᠵᠡᠷᠭᠡ ᠢᠷᠡᠭᠡᠳᠦᠶ ᠢ᠋ᠢᠨ ᠠᠵᠤ ᠦᠶ᠋ᠯᠡᠰ ᠢ᠋ ᠭᠤᠤᠯᠳᠠᠯᠭ᠎ᠠ ᠲᠠᠢ ᠬᠥᠭ᠌ᠵᠢᠭᠦᠯᠵᠦ᠍᠂ ᠣᠯᠠᠨ ᠡᠱᠢᠵᠢᠨ ᠬᠥᠭ᠌ᠵᠢᠭ᠌ᠰᠡᠨ᠂ ᠣᠯᠠᠨ ᠲᠤᠢᠯ ᠢ᠋ᠢᠡᠷ ᠲᠤᠯᠭᠠᠭᠤᠷᠢᠯᠠᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠢ᠋ ᠪᠠᠢᠭᠤᠯᠪᠠ᠃

ᠥᠩᠭᠡᠷᠡᠭ᠌ᠰᠡᠨ ᠢ᠋ ᠡᠷᠭᠢᠴᠡᠭᠦᠯᠬᠦᠶ᠎ᠡ᠂ ᠥᠪᠥᠷ ᠮᠣᠩᠭᠣᠯ ᠠᠮᠢ ᠠᠬᠤᠶ ᠢ᠋ᠢ ᠤᠷᠢᠳ ᠢ᠋ᠢᠡᠷ ᠪᠣᠳᠣᠯᠬᠢᠯᠠᠬᠤ ᠪᠤᠬᠢᠷᠳᠤᠯ ᠦᠭᠡᠢ ᠬᠦᠭᠵᠢᠭᠦᠯᠬᠦ ᠪᠡᠷ ᠤᠳᠤᠷᠢᠳᠤᠮᠵᠢ ᠪᠤᠯᠭᠠᠭᠰᠠᠨ ᠴᠢᠨᠠᠷ ᠰᠠᠢᠲᠠᠢ ᠬᠦᠭᠵᠢᠯᠲᠡ ᠶ᠋ᠢᠨ ᠵᠠᠮ ᠶ᠋ᠢᠡᠷ ᠡᠷᠡᠰ ᠭᠤᠢᠪᠢᠰᠢ ᠦᠭᠡᠢ ᠵᠠᠮᠨᠠᠨ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠤ ᠠᠵᠤ ᠠᠬᠤᠶ ᠢ᠋ᠢᠨ ᠱᠢᠰᠲ᠋ᠧᠮ ᠢ᠋ ᠬᠦᠴᠦᠯᠡᠨ ᠪᠠᠢᠭᠤᠯᠵᠤ᠂ ᠪᠣᠬᠢᠷᠲᠤᠯ ᠥᠬᠡᠶ ᠬᠥᠭ᠌ᠵᠢᠯᠲᠡ ᠢ᠋ᠢᠨ ᠱᠢᠨ᠎ᠡ ᠦᠷ᠎ᠡ ᠪᠦᠲᠦᠮᠵᠢ ᠪᠡᠷ ᠱᠢᠨ᠎ᠡ ᠴᠢᠨᠠᠷ ᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠲᠠᠰᠤᠷᠠᠯᠲᠠ ᠥᠬᠡᠶ ᠬᠥᠭ᠌ᠵᠢᠭᠡᠵᠦ᠍᠂ ᠪᠣᠬᠢᠷᠲᠤᠯ ᠥᠬᠡᠶ ᠬᠥᠭ᠌ᠵᠢᠯᠲᠡ ᠢ᠋ᠢᠨ ᠴᠢᠳᠠᠪᠬᠢ ᠵᠢᠨ ᠲᠡᠰ ᠢ᠋ ᠮᠡᠳᠡᠭᠳᠡᠮ᠎ᠠ ᠳᠡᠭᠡᠭ᠌ᠰᠢᠯᠡᠭᠦᠯᠪᠡ᠃ ᠢᠷᠡᠭᠡᠳᠦᠶ ᠵᠢ ᠪᠠᠷᠠᠯᠠᠬᠤᠶ᠎ᠠ᠂ ᠥᠪᠥᠷ ᠮᠣᠩᠭᠣᠯ ᠦᠷᠭᠦᠯᠵᠢᠯᠡᠨ ᠪᠣᠬᠢᠷᠲᠤᠯ ᠥᠬᠡᠶ ᠬᠥᠭ᠌ᠵᠢᠯᠲᠡ ᠢ᠋ᠢᠨ ᠣᠢᠯᠠᠭᠠᠭ᠍ᠳᠠᠬᠤᠨ ᠢ᠋ᠢᠡᠷ ᠶᠡᠷᠦᠩᠬᠡᠢᠯᠡᠨ ᠵᠢᠯᠣᠭᠣᠳᠣᠭᠤᠯᠵᠤ᠂ ᠨᠡᠭᠦᠷᠡᠰᠦᠲᠥ᠋ᠷᠥᠭ᠌ᠴᠢ ᠢ᠋ᠢ ᠪᠠᠭᠠᠰᠬᠠᠨ᠂ ᠪᠣᠬᠢᠷᠲᠤᠯ ᠢ᠋ ᠪᠠᠭᠠᠰᠬᠠᠵᠤ᠂ ᠨᠣᠭᠣᠭᠠᠷᠠᠭᠤᠯᠤᠯᠲᠠ ᠢ᠋ᠢ ᠥᠷᠭᠡᠳᠭᠡᠨ᠂ ᠨᠡᠮᠡᠭ᠌ᠳᠡᠯ ᠢ᠋ ᠬᠠᠮᠵᠢᠯᠴᠠᠨ ᠠᠬᠢᠭᠤᠯᠵᠤ᠂ ᠪᠣᠬᠢᠷᠲᠤᠯ ᠥᠬᠡᠶ ᠬᠥᠭ᠌ᠵᠢᠯᠲᠡ᠂ ᠡᠷᠬᠢᠯᠳᠡᠳᠤ ᠬᠥᠭ᠌ᠵᠢᠯᠲᠡ᠂ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ ᠢ᠋ᠢ ᠨᠠᠩ ᠤᠬᠠᠮᠰᠠᠷ ᠡᠴᠡ ᠪᠠᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠠᠭᠤᠯᠤᠭ᠍ᠳᠠᠴᠠ ᠪᠠᠷ ᠥᠨᠳᠥᠷ᠂ ᠡᠬᠢ ᠪᠠᠶᠠᠯᠢᠭ ᠤ᠋ᠨ ᠬᠣᠷᠣᠭ᠍ᠳᠠᠯ ᠢ᠋ᠢᠡᠷ ᠪᠠᠭ᠎ᠠ᠂ ᠣᠷᠴᠢᠨ ᠲᠣᠭᠣᠷᠢᠨ ᠤ᠋ ᠪᠣᠬᠢᠷᠲᠤᠯ ᠢ᠋ᠢᠡᠷ ᠪᠠᠭ᠎ᠠ ᠠᠵᠤ ᠦᠶ᠋ᠯᠡᠰ ᠤ᠋ᠨ ᠪᠦᠲᠦᠴᠡ ᠪᠠ ᠪᠣᠬᠢᠷᠲᠤᠯ ᠥᠬᠡᠶ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠢ᠋ᠢ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ ᠢ᠋ᠢᠨ ᠪᠣᠬᠢᠷᠲᠤᠯ ᠥᠬᠡᠶ ᠥᠩᠭᠡ ᠢ᠋ᠢ ᠵᠤᠵᠠᠭᠠᠳᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面