2025 ᠣᠷᠣᠨ᠎ᠤ᠋ ᠬᠤᠶᠠᠷ ᠬᠤᠷᠠᠯ > ᠮᠡᠳᠡᠭᠡᠯᠡᠯ

2025-01-10 11:46:51

ᠵᠣᠬᠢᠶᠠᠭ᠍ᠴᠢ᠄ ​ᠸᠠᠩ ᠬᠤᠤ ᠣᠩᠱᠢᠭ᠍ᠰᠠᠨ ᠣᠳᠠᠭ᠎ᠠ᠄ 3

— 2024 ᠤᠨ ᠤ᠋ ᠥᠪᠡᠷᠲᠡᠭᠡᠨ ᠵᠠᠰᠠᠬᠤ ᠣᠷᠣᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ᠎ᠵᠢᠨ ᠬᠢᠨᠠᠯᠲᠠ ᠲᠠᠯᠪᠢᠬᠤ ᠠᠵᠢᠯ ᠤ᠋ᠨ ᠡᠷᠬᠢᠴᠡᠬᠦᠯᠦᠯ


ᠪᠦᠬᠦ ᠵᠢᠯ ᠳ᠋ᠦ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠵᠢ 6 ᠤᠳᠠᠭ᠎ᠠ ᠥᠷᠨᠢᠭᠦᠯᠵᠦ᠍᠂ ᠲᠤᠰᠭᠠᠶ ᠲᠥᠷᠥᠯ ᠤ᠋ᠨ ᠠᠵᠢᠯ ᠤ᠋ᠨ ᠮᠡᠳᠡᠭᠦᠯᠦᠯᠲᠡ ᠵᠢ 42 ᠤᠳᠠᠭ᠎ᠠ ᠰᠣᠨᠣᠰᠬᠤ ᠪᠠ ᠬᠢᠨᠠᠨ ᠵᠥᠪᠯᠡᠵᠦ᠍᠂ ᠲᠤᠰᠭᠠᠶ ᠰᠡᠳᠦᠪᠳᠤ ᠠᠰᠠᠭᠤᠨ ᠯᠠᠪᠯᠠᠭ᠎ᠠ᠂ ᠬᠠᠨᠤᠮᠵᠢ ᠵᠢᠨ ᠬᠡᠮᠵᠢᠶ᠎ᠡ ᠵᠢᠨ ᠪᠠᠢᠴᠠᠭᠠᠯᠳᠠ ᠵᠢ 5 ᠤᠳᠠᠭ᠎ᠠ ᠬᠢᠵᠤ᠂ 6 ᠲᠣᠭ᠍ᠲᠠᠭᠠᠯ ᠱᠢᠶ᠋ᠳᠪᠦᠷᠢ ᠭᠠᠷᠭᠠᠬᠰᠠᠨ ᠶᠤᠮ᠃ ᠥᠩᠭᠡᠷᠡᠭ᠌ᠰᠡᠨ ᠨᠢᠭᠡ ᠵᠢᠯ ᠳ᠋ᠦ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ᠎ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ᠎ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠬᠤ ᠵᠢ ᠪᠠᠷᠢᠮᠲᠠᠯᠠᠵᠤ᠂ ᠰᠢ ᠵᠢᠨ ᠫᠢᠩ ᠤ᠋ᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠭᠤᠯᠤᠯ ᠢ᠋ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠤ᠋ᠨ ᠲᠤᠬᠠᠢ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠡᠷ ᠲᠤᠭᠤᠱᠢᠯᠠᠭᠤᠯᠤᠨ ᠨᠠᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠶᠠᠪᠤᠴᠠ ᠵᠢᠨ ᠠᠷᠠᠳ ᠤ᠋ᠨ ᠠᠷᠠᠳᠴᠢᠯᠠᠯ ᠤ᠋ᠨ ᠴᠢᠬᠤᠯᠠ ᠶᠡᠬᠡ ᠣᠢᠯᠠᠭᠠᠭ᠍ᠳᠠᠬᠤᠨ ᠢ᠋ ᠭᠦᠨᠵᠡᠭᠡᠶ ᠦᠶ᠋ᠯᠡᠳᠦᠯᠭᠡᠵᠢᠭᠦᠯᠵᠦ᠂ ᠨᠢᠭᠡ ᠭᠤᠤᠯ ᠰᠢᠵᠢᠮ ᠢ᠋ ᠲᠤᠭᠤᠰᠢᠯᠠᠭᠤᠯᠵᠦ᠂ ᠬᠣᠶᠠᠷ ᠶᠡᠬᠡ ᠶᠠᠪᠤᠳᠠᠯ ᠢ᠋ ᠰᠠᠢ᠌ᠳᠤᠷ ᠬᠢᠵᠦ᠂ ᠮᠣᠩᠭᠣᠯ ᠮᠣᠷᠢᠨ ᠤ᠋ ᠵᠣᠷᠢᠭ ᠰᠠᠨᠠᠭ᠎ᠠ ᠵᠢ ᠪᠠᠳᠠᠷᠠᠭᠤᠯᠤᠨ᠂ ᠱᠢᠨ᠎ᠡ ᠵᠠᠮ ᠨᠡᠭᠡᠭᠡᠨ ᠳᠤᠮᠳᠠ ᠲᠦᠪᠰᠢᠨ ᠳ᠋ᠦ ᠣᠷᠣᠵᠦ᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠣᠭ᠍ᠰᠠᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠡᠨ ᠬᠢᠨᠠᠮᠠᠭᠠᠶ ᠭᠦᠶ᠋ᠴᠡᠳᠭᠡᠵᠦ᠂ ᠨᠠᠮ ᠪᠠ ᠤᠯᠤᠰ ᠤ᠋ᠨ ᠬᠢᠨᠠᠯᠲᠠ ᠲᠠᠯᠪᠢᠬᠤ ᠱᠢᠰᠲ᠋ᠧᠮ᠎ᠳᠦ ᠦᠵᠡᠭᠦᠯᠬᠦ᠌ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠢᠨᠠᠯᠲᠠ ᠲᠠᠯᠪᠢᠬᠤ ᠵᠢᠨ ᠴᠢᠬᠤᠯᠠ ᠦᠢᠯᠡᠳᠦᠯ ᠢ᠋ ᠭᠦᠢᠴᠡᠳ ᠪᠠᠳᠠᠷᠠᠭᠤᠯᠵᠦ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠢᠨᠠᠯᠲᠠ ᠲᠠᠯᠪᠢᠬᠤ ᠵᠢᠨ ᠤᠶᠠᠨ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃

ᠨᠢᠭᠡ ᠵᠢᠯ ᠤ᠋ᠨ ᠲᠤᠷᠰᠢ ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠭᠤᠤᠯ ᠠᠵᠢᠯ ᠤ᠋ᠨ ᠲᠣᠭᠣᠷᠢᠨ ᠳ᠋ᠦ ᠶᠡᠬᠡ ᠲᠠᠯ᠎ᠠ ᠳ᠋ᠦ ᠦᠶ᠋ᠯᠡᠴᠢᠯᠡᠵᠦ ᠂ ᠭᠤᠤᠯᠳᠠᠯᠭ᠎ᠠ ᠵᠢ ᠳᠣᠪᠣᠢᠯᠭᠠᠬᠤ ᠵᠢ ᠪᠠᠷᠢᠮᠲᠠᠯᠠᠵᠤ ᠂ ᠬᠣᠶᠠᠷ ᠶᠡᠬᠡ ᠶᠠᠪᠤᠳᠠᠯ ᠢ᠋ ᠰᠠᠢᠳᠤᠷ ᠬᠢᠬᠦ 6 ᠵᠦᠢᠯ ᠤ᠋ᠨ ᠠᠬᠢᠭᠤᠯᠬᠤ ᠳᠦᠷᠢᠮ᠎ᠢ ᠭᠡᠷᠡᠭᠵᠢᠬᠦᠯᠦᠭᠰᠡᠨ ᠪᠠᠢᠳᠠᠯ ᠤ᠋ᠨ ᠮᠡᠳᠡᠬᠦᠯᠦᠯᠳᠡ᠎ᠵᠢ ᠰᠤᠨᠤᠰᠴᠦ ᠬᠢᠨᠠᠨ ᠵᠦᠪᠯᠡᠵᠦ᠂ 《ᠵᠢᠷᠭᠤᠭᠠᠨ ᠢᠨᠵᠧᠨᠧᠷᠢᠩ》 ᠢ᠋ ᠬᠡᠷᠡᠭ᠌ᠵᠢᠭᠦᠯᠦᠭ᠌ᠰᠡᠨ ᠪᠠᠢᠳᠠᠯ ᠳ᠋ᠦ ᠬᠢᠨᠠᠯᠲᠠ ᠲᠠᠯᠪᠢᠬᠤ ᠵᠢᠨ ᠬᠠᠮᠲᠤ ᠲᠥᠯᠥᠭᠡᠯᠡᠭ᠌ᠴᠢᠳ ᠢ᠋ ᠵᠣᠬᠢᠶᠠᠨ ᠪᠠᠢᠭᠤᠯᠤᠨ ᠬᠠᠮᠲᠤ ᠪᠡᠷ ᠱᠢᠨᠵᠢᠯᠡᠨ ᠪᠠᠢᠴᠠᠭᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠨᠠᠮ ᠤ᠋ᠨ ᠲᠥᠪ ᠬᠣᠷᠢᠶ᠎ᠠ ᠵᠢᠨ ᠦᠨᠳᠦᠰᠦᠨ ᠪᠣᠳᠣᠯᠭ᠎ᠠ ᠴᠢᠭ᠌ᠯᠡᠯᠲᠡ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠠᠢᠷᠢᠯᠠᠭᠤᠯᠤᠯᠲᠠ ᠲᠣᠬᠢᠷᠠᠭᠤᠯᠤᠯᠲᠠ ᠵᠢ ᠪᠦᠲᠦᠮᠵᠢᠲᠡᠶ ᠨᠠᠢᠳᠠᠪᠤᠷᠢᠵᠢᠭᠤᠯᠬᠤ ᠵᠢ ᠠᠬᠢᠭᠤᠯᠪᠠ;ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠳᠠᠷᠤᠮᠠᠯᠯᠠᠨ ᠲᠠᠷᠬᠠᠭᠠᠭ᠍ᠰᠠᠨ 《ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠵᠤ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》 ᠢ᠋ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠠᠢᠩᠭᠤ ᠵᠢᠨ ᠬᠣᠷᠢᠶᠠᠨ ᠤ᠋ ᠭᠤᠤᠯᠳᠠᠯᠭ᠎ᠠ ᠲᠠᠢ ᠬᠢᠨᠠᠯᠲᠠ ᠲᠠᠯᠪᠢᠬᠤ ᠠᠵᠢᠯ ᠤ᠋ᠨ ᠠᠵᠢᠯᠯᠠᠭᠠᠨ ᠤ᠋ ᠲᠥᠰᠦᠯ ᠢ᠋ ᠲᠣᠭ᠍ᠲᠠᠭᠠᠵᠤ᠂ ᠤᠯᠤᠰ ᠤ᠋ᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠦᠷᠭᠡᠳᠬᠡᠨ ᠨᠠᠢᠳᠠᠪᠤᠷᠢᠵᠢᠭᠤᠯᠬᠤ ᠵᠢ ᠠᠬᠢᠭᠤᠯᠪᠠ; ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠢᠨᠠᠯᠲᠠ ᠲᠠᠯᠪᠢᠯᠳᠠ ᠵᠢᠨ ᠭᠣᠣᠯ ᠰᠢᠵᠢᠮ᠎ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳᠡᠯ᠎ᠠ ᠳ᠋ᠡᠬᠢ ᠳᠠᠪᠬᠤᠴᠠᠭ᠎ᠠ ᠬᠠᠮ ᠦᠢᠯᠡᠳᠤᠯ᠎ᠢ ᠪᠠᠳᠠᠷᠠᠭᠤᠯᠵᠤ᠂ 1 ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ᠂ 5 ᠲᠤᠰᠭᠠᠢ ᠲᠦᠷᠦᠯ ᠤ᠋ᠨ ᠬᠢᠨᠠᠯᠲᠠ ᠪᠡᠷ ᠳᠠᠮᠵᠢᠭᠤᠯᠤᠨ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠵᠢ ᠦᠨᠳᠦᠰᠦᠲᠡᠨ᠎ᠨᠦᠭᠦᠳ ᠤ᠋ᠨ ᠺᠠᠳ᠋ᠷ ᠤᠯᠠᠨ ᠲᠦᠮᠡᠨ ᠤ᠋ ᠠᠮᠢᠳᠤᠷᠠᠯ ᠳ᠋ᠦ ᠠᠭᠤᠰᠤᠯᠴᠠᠭᠤᠯᠬᠤ ᠵᠢ ᠠᠬᠢᠭᠤᠯᠪᠠ᠃ ᠬᠡᠯᠪᠡᠷᠢᠴᠢ ᠦᠵᠡᠯ ᠢ᠋ ᠴᠡᠭ᠌ᠴᠡᠯᠡᠨ ᠵᠠᠰᠠᠵᠦ ᠦᠨᠳᠦᠰᠦᠨ ᠱᠠᠲᠤᠨ ᠤ᠋ ᠳᠠᠷᠤᠭᠠᠰᠤ ᠵᠢ ᠬᠥᠩᠭᠡᠷᠡᠭᠦᠯᠬᠦ᠌ ᠠᠵᠢᠯ ᠤ᠋ᠨ ᠳᠤᠮᠳᠠ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ ᠢ᠋ ᠬᠠᠤᠯᠢ ᠲᠤᠭᠳᠠᠭᠠᠯ ᠳᠦᠷᠢᠮ ᠤ᠋ᠨ ᠳᠠᠪᠬᠤᠷᠭ᠎ᠠ ᠡᠴᠡ ᠱᠢᠶ᠋ᠳᠪᠦᠷᠢᠯᠡᠬᠦ᠌ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠴᠠᠭ ᠪᠠ ᠬᠦᠴᠦᠨ ᠵᠢᠡᠨ ᠲᠥᠪᠯᠡᠷᠡᠭᠦᠯᠦᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠦᠭ᠌ᠰᠡᠨ ᠪᠥᠭᠡᠳ ᠪᠠᠢᠴᠠᠭᠠᠨ ᠰᠤᠳᠤᠯᠤᠯᠲᠠ ᠵᠢᠨ ᠮᠡᠳᠡᠭᠦᠯᠦᠯᠲᠡ ᠭᠠᠷᠭᠠᠵᠦ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠳ᠋ᠦ ᠮᠡᠳᠡᠭᠦᠯᠪᠡ᠃

ᠰᠠᠢᠨ ᠰᠠᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠨᠢ ᠶᠠᠭ ᠨᠡᠷᠡᠨ ᠤ᠋ ᠭᠡᠷᠡᠯ᠂ ᠤᠰᠤᠨ ᠰᠤᠷᠪᠤᠯᠵᠢ ᠪᠠ ᠴᠡᠪᠡᠷ ᠠᠭᠠᠷ ᠮᠡᠲᠦ ᠪᠠᠢᠵᠤ᠂ ᠠᠵᠤ ᠠᠬᠤᠢ ᠵᠢᠨ ᠬᠥᠭ᠌ᠵᠢᠯᠲᠡ ᠵᠢᠨ 《ᠵᠥᠭᠡᠯᠡᠨ ᠪᠣᠳᠠᠲᠤ ᠬᠦᠴᠦᠨ》 ᠢ᠋ ᠢᠯᠡᠷᠡᠭᠦᠯᠵᠦ᠍ ᠪᠠᠢᠬᠤ ᠪᠡᠷ ᠪᠠᠷᠠᠬᠤ ᠦᠭᠡᠢ ᠪᠠᠰᠠ ᠡᠯ᠎ᠡ ᠲᠦᠷᠦᠯ ᠤ᠋ᠨ ᠡᠵᠡᠩᠨᠡᠯᠲᠡ ᠵᠢᠨ ᠭᠣᠣᠯ ᠴᠣᠭ᠍ᠴᠠ ᠵᠢᠨ ᠬᠥᠭ᠌ᠵᠢᠯᠲᠡ᠎ᠳᠦ 《ᠬᠠᠲᠠᠭᠤ ᠲᠤᠯᠭᠠᠭᠤᠷᠢᠯᠠᠯ》 ᠬᠠᠩᠭᠠᠵᠤ ᠪᠠᠢᠨ᠎ᠠ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍ ᠠᠷᠠᠳ ᠤ᠋ᠨ ᠡᠵᠡᠡᠭᠨᠠᠯᠳᠠ ᠎ᠵᠢᠨ ᠠᠵᠤ ᠠᠬᠤᠶ ᠵᠢᠨ ᠬᠥᠭ᠌ᠵᠢᠯᠲᠡ ᠵᠢ ᠠᠬᠢᠭᠤᠯᠤᠭ᠍ᠰᠠᠨ ᠪᠠᠢᠳᠠᠯ ᠤ᠋ᠨ ᠲᠤᠬᠠᠶ ᠮᠡᠳᠡᠭᠦᠯᠦᠯᠲᠡ ᠵᠢ ᠣᠯᠠᠨ ᠤᠳᠠᠭ᠎ᠠ ᠰᠣᠨᠣᠰᠴᠦ ᠬᠢᠨᠠᠨ ᠵᠦᠪᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌᠂ ᠠᠷᠠᠳ ᠤ᠋ᠨ ᠡᠵᠡᠡᠭᠨᠡᠯᠳᠠ᠎ᠵᠢᠨ ᠠᠵᠤ ᠠᠬᠤᠶ ᠵᠢᠨ ᠬᠥᠭ᠌ᠵᠢᠯᠲᠡ ᠵᠢ ᠠᠬᠢᠭᠤᠯᠬᠤ ᠪᠠᠢᠳᠠᠯ ᠳ᠋ᠦ ᠵᠠᠯᠭᠠᠭ᠎ᠠ ᠪᠡᠷ ᠬᠢᠨᠠᠯᠲᠠ ᠲᠠᠯᠪᠢᠪᠠ᠃ ᠮᠠᠨ ᠤ᠋ ᠣᠷᠣᠨ ᠤ᠋ ᠮᠠᠯ ᠠᠵᠤ ᠠᠬᠤᠶ ᠲᠠᠷᠢᠶᠠᠯᠠᠩ ᠤ᠋ᠨ ᠳᠠᠪᠠᠭᠤᠯᠢᠭ ᠢ᠋ ᠪᠠᠳᠠᠷᠠᠭᠤᠯᠬᠤ ᠵᠢᠨ ᠲᠣᠭᠣᠷᠢᠨ ᠳ᠋ᠦ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠡᠴᠡ ᠮᠠᠨ ᠤ᠋ ᠣᠷᠣᠨ ᠤ᠋ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠲᠠᠷᠢᠶᠠᠯᠠᠩ ᠤ᠋ᠨ ᠬᠠᠤᠯᠢ》ᠵᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ ᠳ᠋ᠦ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠬᠢᠵᠦ᠍᠂ ᠰᠦ ᠵᠢᠨ ᠦᠶ᠋ᠯᠡᠰ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠴᠢᠨᠠᠷ ᠰᠠᠢᠲᠠᠶ ᠬᠥᠭ᠌ᠵᠢᠯᠲᠡ ᠵᠡᠷᠭᠡ ᠠᠵᠢᠯ ᠳ᠋ᠦ ᠬᠢᠨᠠᠯᠲᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠰᠦᠪ ᠪᠠ ᠲᠥᠰᠦᠪ᠎ᠦᠨ ᠭᠦᠶ᠋ᠴᠡᠳᠭᠡᠯ ᠢ᠋ ᠬᠢᠨᠠᠨ ᠪᠠᠢᠴᠠᠭᠠᠵᠤ ᠬᠢᠨᠠᠯᠲᠠ ᠲᠠᠯᠪᠢᠬᠤ ᠪᠠ ᠮᠥᠩᠭᠥᠨ ᠭᠦᠶ᠋ᠯᠭᠡᠭᠡᠨ᠎ᠦ ᠠᠵᠤ ᠠᠬᠤᠢᠯᠠᠯ ᠤ᠋ᠨ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠶ᠋ᠢᠨ ᠬᠠᠮᠢᠶᠠᠷᠤᠯᠲᠠ ᠬᠢᠨᠠᠯᠲᠠ ᠲᠠᠯᠪᠢᠯᠲᠠ᠎ᠶ᠋ᠢ ᠴᠢᠩᠭᠠᠳᠭᠠᠵᠤ᠂ ᠵᠠᠰᠠᠭ ᠤ᠋ᠨ ᠣᠷᠳᠣᠨ ᠤ᠋ ᠥᠷᠢ ᠥᠭ᠌ᠴᠡᠭᠡ ᠶ᠋ᠢᠨ ᠬᠠᠮᠢᠶᠠᠷᠤᠯᠲᠠ ᠶ᠋ᠢᠨ ᠪᠠᠢᠳᠠᠯ ᠤ᠋ᠨ ᠮᠡᠳᠡᠭᠦᠯᠦᠯᠲᠡ ᠶ᠋ᠢᠨ ᠲᠦᠷᠢᠮ ᠢ᠋ ᠲᠣᠭ᠍ᠲᠠᠭᠠᠨ ᠪᠦᠷᠢᠨᠱᠢᠬᠦᠯᠬᠦ᠌ ᠬᠡᠷᠡᠭ᠌ᠵᠢᠭᠦᠯᠬᠦ᠌ ᠠᠷᠭ᠎ᠠ᠎ᠶ᠋ᠢ ᠨᠡᠢᠲᠡᠯᠡᠵᠦ᠍᠂ ᠵᠠᠰᠠᠭ ᠤ᠋ᠨ ᠣᠷᠳᠣᠨ ᠤ᠋ ᠥᠷᠢ ᠥᠭ᠌ᠴᠡᠭᠡ ᠶ᠋ᠢᠨ ᠬᠠᠮᠢᠶᠠᠷᠤᠯᠲᠠ᠂ ᠮᠥᠩᠭᠥᠨ ᠭᠦᠶ᠋ᠯᠭᠡᠭᠡᠨ᠎ᠦ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠠᠵᠢᠯ ᠤ᠋ᠨ ᠪᠠᠢᠳᠠᠯ ᠤ᠋ᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠵᠠᠰᠠᠭ ᠤ᠋ᠨ ᠣᠷᠳᠣᠨ ᠤ᠋ ᠥᠷᠢ ᠥᠭ᠌ᠴᠡᠭᠡ᠎ᠶ᠋ᠢ ᠠᠷᠢᠯᠭᠠᠬᠤ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠵᠢ ᠱᠠᠯᠠᠪᠳᠠᠭᠤᠯᠵᠤ᠂ ᠮᠥᠩᠭᠥᠨ ᠭᠦᠶ᠋ᠯᠭᠡᠭᠡᠨ᠎ᠦ ᠬᠦᠷᠢᠶ᠎ᠡ ᠴᠠᠷᠠᠭ᠎ᠠ ᠶ᠋ᠢᠨ ᠠᠮᠤᠷ ᠲᠦᠪᠱᠢᠨ ᠢ᠋ ᠦᠨᠡᠨ ᠬᠦ᠌ ᠬᠠᠮᠠᠭᠠᠯᠠᠪᠠ᠃

ᠠᠮᠢ ᠠᠬᠤᠶ ᠣᠷᠴᠢᠨ ᠲᠣᠭᠣᠷᠢᠨ ᠤ᠋ ᠵᠠᠰᠠᠯᠲᠠ ᠳᠤᠮᠳᠠᠬᠢ ᠲᠣᠪᠣᠢᠮ᠎ᠠ ᠠᠰᠠᠭᠤᠳᠠᠯ ᠢ᠋ ᠰᠠᠢᠲᠤᠷ ᠱᠢᠶ᠋ᠳᠪᠦᠷᠢᠯᠡᠬᠦ ᠵᠢ ᠠᠬᠢᠭᠤᠯᠬᠤ ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠡᠴᠡ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠬᠠᠲᠤᠨ ᠭᠤᠤᠯ ᠤ᠋ᠨ ᠬᠠᠮᠠᠭᠠᠯᠠᠯᠲᠠ ᠶ᠋ᠢᠨ ᠬᠠᠤᠯᠢ 》 ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠠᠯ ᠪᠡᠯᠴᠢᠭᠡᠷ᠎ᠢ ᠲᠡᠨᠭᠴᠡᠭᠦᠷᠢ ᠲᠠᠢ ᠪᠠᠢᠯᠭᠠᠬᠤ ᠪᠠ ᠪᠡᠯᠴᠢᠭᠡᠷᠯᠡᠭᠦᠯᠬᠦ ᠵᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠳᠦᠷᠢᠮ 》᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠵᠠᠷ ᠳᠤᠤᠷᠠᠬᠢ ᠤᠰᠤ᠎ᠶ᠋ᠢ ᠬᠠᠮᠠᠭᠠᠯᠠᠬᠤ ᠪᠠ ᠬᠠᠮᠢᠶᠠᠷᠬᠤ ᠲᠦᠷᠢᠮ》 ᠢ᠋ ᠬᠡᠷᠡᠭ᠌ᠵᠢᠭᠦᠯᠦᠭ᠌ᠰᠡᠨ ᠪᠠᠢᠳᠠᠯ ᠪᠠ ᠬᠤᠵᠢᠷᠯᠢᠭ ᠭᠠᠵᠠᠷ ᠢ᠋ ᠶᠡᠷᠦᠩᠬᠡᠢᠯᠡᠨ ᠠᠱᠢᠭ᠍ᠯᠠᠭ᠍ᠰᠠᠨ ᠪᠠᠢᠳᠠᠯ᠂ 《ᠬᠦᠯᠦᠨ ᠨᠠᠭᠤᠷ᠂ ᠳᠠᠭ᠎ᠠ ᠶ᠋ᠢᠨ ᠨᠠᠭᠤᠷ᠂ ᠤᠯᠠᠭᠠᠨᠰᠤᠬᠠᠢ ᠨᠠᠭᠤᠷ》 ᠵᠢᠴᠢ ᠴᠠᠭᠠᠨᠨᠠᠭᠤᠷ ᠤ᠋ᠨ ᠠᠮᠢ ᠠᠬᠤᠶ ᠣᠷᠴᠢᠨ ᠲᠣᠭᠣᠷᠢᠨ ᠤ᠋ ᠶᠡᠷᠦᠩᠬᠡᠢᠯᠡᠭ᠌ᠰᠡᠨ ᠵᠠᠰᠠᠯᠲᠠ᠂ ᠤᠰᠤᠨ ᠤ᠋ ᠡᠬᠢ ᠪᠠᠶᠠᠯᠢᠭ ᠤ᠋ᠨ ᠬᠤᠪᠢᠶᠠᠷᠢᠯᠠᠯᠲᠠ ᠪᠠ ᠬᠠᠮᠢᠶᠠᠷᠤᠯᠲᠠ᠂ 2023 ᠣᠨ ᠤ᠋ ᠣᠷᠴᠢᠨ ᠲᠣᠭᠣᠷᠢᠨ ᠤ᠋ ᠪᠠᠢᠳᠠᠯ ᠪᠣᠯᠤᠨ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ ᠵᠡᠷᠭᠡ᠎ᠳᠦ ᠬᠢᠨᠠᠯᠲᠠ ᠲᠠᠯᠪᠢᠬᠤ ᠠᠵᠢᠯ ᠥᠷᠨᠢᠭᠦᠯᠵᠦ᠂ ᠥᠪᠥᠷ ᠮᠣᠩᠭᠣᠯ ᠤ᠋ᠨ ᠡᠨᠡ ᠬᠦ᠌ ᠨᠤᠮᠢᠨ ᠨᠤᠭᠤᠭᠠᠨ᠂ ᠴᠡᠨᠭᠬᠡᠷ ᠬᠦᠭᠡ᠂ ᠠᠷᠢᠭᠤᠨ ᠴᠡᠪᠡᠷ ᠢ᠋ ᠰᠠᠢᠲᠤᠷ ᠰᠠᠬᠢᠨ ᠬᠠᠮᠠᠭᠠᠯᠠᠬᠤ ᠳ᠋ᠤ 《ᠬᠠᠤᠯᠢᠵᠢᠯ ᠤ᠋ᠨ ᠵᠣᠷ》 ᠢ᠋ ᠭᠠᠷᠭᠠᠵᠤ ᠦᠭᠪᠡ᠃

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ᠎ᠣᠯᠠᠨ ᠲᠦᠮᠡᠨ᠎ᠦ ᠬᠠᠯᠠᠮᠵᠢᠯᠠᠵᠤ ᠪᠠᠢᠭ᠎ᠠ ᠠᠰᠠᠭᠤᠳᠠᠯ ᠳ᠋ᠤ ᠠᠡᠭᠬᠠᠷᠤᠯ᠎ᠵᠢᠡᠨ ᠲᠦᠪᠯᠡᠷᠡᠬᠦᠯᠵᠤ᠌᠂ ᠠᠵᠢᠯ ᠣᠯᠭᠣᠯᠲᠠ᠎ᠶ᠋ᠢ ᠠᠬᠢᠭᠤᠯᠬᠤ 《ᠨᠢᠭᠡ ᠬᠠᠤᠯᠢ ᠨᠢᠭᠡ ᠲᠦᠷᠢᠮ》 ᠤ᠋ᠨ ᠬᠠᠤᠯᠢ ᠬᠡᠷᠡᠭ᠌ᠵᠢᠭᠦᠯᠦᠯᠲᠡ ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠠᠵᠢᠯ ᠣᠯᠭᠣᠯᠲᠠ᠎ᠶ᠋ᠢ ᠤᠷᠢᠳ ᠢ᠋ᠶ᠋ᠡᠷ ᠪᠣᠳᠣᠯᠬᠢᠯᠠᠬᠤ ᠲᠥᠷᠥ ᠶ᠋ᠢᠨ ᠪᠣᠳᠣᠯᠭ᠎ᠠ᠎ᠶ᠋ᠢ ᠪᠣᠳᠠᠲᠠᠶ ᠳ᠋ᠤ ᠨᠠᠢᠳᠠᠪᠤᠷᠢᠵᠢᠭᠤᠯᠬᠤ᠎ᠶ᠋ᠢ ᠠᠬᠢᠭᠤᠯᠪᠠ; ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ ᠢ᠋ ᠣᠷᠣᠭᠤᠯᠤᠨ ᠠᠪᠴᠢᠷᠠᠵᠤ᠂ ᠤᠯᠤᠰ ᠤ᠋ᠨ ᠣᠷᠣᠨ ᠪᠦᠰᠡ ᠶ᠋ᠢᠨ ᠡᠮᠴᠢᠯᠡᠭᠡᠨ᠎ᠦ ᠲᠥᠪ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠤᠭ᠍ᠰᠠᠨ ᠪᠠᠢᠳᠠᠯ ᠤ᠋ᠨ ᠲᠤᠬᠠᠢ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠦ᠂ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ ᠢ᠋ ᠣᠷᠣᠭᠤᠯᠤᠨ ᠠᠪᠴᠢᠷᠠᠬᠤ ᠵᠢ ᠲᠦᠷᠭᠡᠳᠭᠡᠨ᠂ ᠰᠠᠢᠲᠤᠷ ᠠᠰᠢᠬᠯᠠᠵᠤ᠂ ᠠᠷᠠᠳ ᠤᠯᠠᠨ ᠤ᠋ ᠡᠪᠡᠳᠴᠢᠨ ᠦᠵᠡᠭᠦᠯᠬᠦ ᠳ᠋ᠤ ᠬᠦᠴᠢᠷᠲᠡᠢ᠂ ᠡᠪᠡᠳᠴᠢᠨ ᠦᠵᠡᠭᠦᠯᠬᠦ ᠳ᠋ᠤ ᠦᠨᠡᠲᠡᠢ ᠪᠠᠢᠬᠤ ᠠᠰᠠᠭᠤᠳᠠᠯ ᠢ᠋ ᠲᠤᠪᠤᠢ᠌ᠯᠭᠠᠨ ᠱᠢᠢᠳᠪᠦᠷᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ; ᠨᠠᠰᠤᠵᠢᠯ ᠤ᠋ᠨ ᠠᠰᠠᠷᠠᠮᠵᠢ ᠶ᠋ᠢᠨ ᠦᠢᠯᠡᠰ ᠪᠠ ᠨᠠᠰᠤᠵᠢᠯ ᠤ᠋ᠨ ᠠᠰᠠᠷᠠᠮᠵᠢ ᠶ᠋ᠢᠨ ᠠᠵᠤ ᠦᠢᠯᠡᠰ ᠢ᠋ ᠬᠥᠭ᠌ᠵᠢᠭᠦᠯᠦᠭ᠌ᠰᠡᠨ ᠪᠠᠢᠳᠠᠯ᠂ ᠡᠮᠡᠭ᠌ᠲᠡᠢᠴᠦᠳ ᠬᠡᠦᠬᠡᠳ᠎ᠦᠨ ᠦᠢᠯᠡᠰ᠎ᠤᠨ ᠬᠥᠭ᠌ᠵᠢᠯᠲᠡ ᠶ᠋ᠢᠨ ᠬᠦᠲᠦᠯᠪᠦᠷᠢ ᠵᠢ ᠨᠠᠢᠳᠠᠪᠤᠷᠢᠵᠢᠭᠤᠯᠤᠭ᠍ᠰᠠᠨ ᠪᠠᠢᠳᠠᠯ ᠤ᠋ᠨ ᠲᠤᠬᠠᠢ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠦ᠂ 《ᠦᠲᠡᠭᠦᠰ ᠨᠢᠯᠬᠠᠰ》 ᠤ᠋ᠨ ᠦᠢᠯᠡᠰ᠎ᠦᠨ ᠯᠠᠪᠳᠠᠭᠤᠨ ᠢ᠋ᠶ᠋ᠡᠷ ᠬᠥᠭ᠌ᠵᠢᠬᠦ ᠵᠢ ᠠᠬᠢᠭᠤᠯᠪᠠ; ᠬᠠᠤᠯᠢᠵᠢᠯ ᠤ᠋ᠨ ᠥᠪᠥᠷ ᠮᠣᠩᠭᠣᠯ ᠤ᠋ᠨ ᠪᠠᠢᠭᠤᠯᠤᠯᠲᠠ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ ᠵᠢ ᠦᠷᠭᠦᠯᠵᠢᠯᠡᠨ ᠠᠬᠢᠭᠤᠯᠬᠤ ᠶ᠋ᠢᠨ ᠲᠥᠯᠥᠭᠡ᠂ ᠬᠠᠤᠯᠢᠵᠢᠯ ᠤ᠋ᠨ ᠵᠠᠰᠠᠭ ᠤ᠋ᠨ ᠣᠷᠳᠣᠨ ᠤ᠋ ᠪᠠᠢᠭᠤᠯᠤᠯᠲᠠ᠂ ᠱᠢᠭᠦᠬᠦ᠌ ᠬᠣᠷᠢᠶᠠᠨ ᠤ᠋ ᠵᠠᠰᠠᠭ ᠵᠠᠬᠢᠷᠭᠠᠨ ᠤ᠋ ᠱᠢᠭᠦᠨ ᠲᠠᠰᠤᠯᠬᠤ ᠠᠵᠢᠯ ᠳ᠋ᠤ ᠬᠢᠨᠠᠯᠲᠠ ᠲᠠᠯᠪᠢᠵᠤ᠂ ᠬᠠᠤᠯᠢᠵᠢᠯ ᠤ᠋ᠨ ᠦᠨᠳᠦᠰᠦ ᠰᠠᠭᠤᠷᠢ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠲᠦ ᠳ᠋ᠤ ᠠᠱᠢᠭ᠍ᠲᠠᠶ ᠪᠠᠢᠯᠭᠠᠬᠤ ᠪᠠᠲᠤᠯᠠᠭ᠎ᠠ ᠶ᠋ᠢᠨ ᠦᠶ᠋ᠯᠡᠳᠦᠯ ᠢ᠋ ᠨᠠᠩ ᠰᠠᠢᠲᠤᠷ ᠪᠠᠳᠠᠷᠠᠭᠤᠯᠪᠠ᠃

ᠬᠢᠨᠠᠯᠲᠠ ᠲᠠᠯᠪᠢᠬᠤ ᠠᠵᠢᠯ ᠤ᠋ᠨ ᠠᠬᠢᠴᠠ᠎ᠳᠤ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠬᠢᠨᠠᠯᠲᠠ ᠲᠠᠯᠪᠢᠬᠤ ᠬᠠᠤᠯᠢ᠎ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠬᠤ ᠠᠵᠢᠯ ᠤ᠋ᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠠᠢᠵᠢᠷᠠᠭᠤᠯᠵᠤ᠂ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠬᠢᠨᠠᠯᠲᠠ ᠶ᠋ᠢᠨ ᠬᠠᠲᠠᠭᠤ ᠴᠢᠨᠭᠭ᠎ᠠ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠦᠨᠡᠨ ᠬᠦ᠌ ᠴᠢᠩᠭᠠᠳᠭᠠᠪᠠ᠃ ᠠᠰᠠᠭᠤᠨ ᠯᠠᠪᠯᠠᠬᠤ ᠠᠷᠭ᠎ᠠ ᠮᠠᠶᠢᠭ᠎ᠵᠢᠡᠨ ᠰᠢᠨᠡᠴᠢᠯᠠᠵᠤ᠂ ᠬᠠᠮᠲᠤᠷᠠᠭ᠍ᠰᠠᠨ ᠳᠤᠭᠤᠢᠯᠠᠩ ᠤ᠋ᠨ ᠬᠤᠷᠠᠯ ᠤ᠋ᠨ ᠲᠤᠰᠭᠠᠢ ᠰᠡᠳᠦᠪ ᠢ᠋ᠶ᠋ᠡᠷ ᠠᠰᠠᠭᠤᠵᠤ ᠯᠠᠪᠯᠠᠭᠰᠠᠨ ᠰᠠᠭᠤᠷᠢᠨ ᠳᠡᠭᠡᠷ᠎ᠡ᠂ ᠳᠤᠭᠤᠢᠯᠠᠩ ᠬᠤᠪᠢᠶᠠᠨ ᠠᠰᠠᠭᠤᠬᠤ ᠭᠣᠭ᠍ᠴᠣᠭ᠎ᠠ᠎ᠶ᠋ᠢ ᠨᠡᠮᠡᠵᠦ᠍᠂ ᠪᠠᠢᠩᠭᠤ ᠶ᠋ᠢᠨ ᠬᠣᠷᠢᠶᠠᠨ ᠤ᠋ ᠭᠡᠱᠢᠭᠦᠨ ᠪᠠ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠲᠥᠯᠥᠭᠡᠯᠡᠭ᠌ᠴᠢ ᠡᠴᠡ ᠬᠣᠯᠪᠣᠭ᠍ᠳᠠᠯ ᠪᠦᠬᠦᠢ ᠠᠵᠢᠯ ᠤ᠋ᠨ ᠲᠤᠬᠠᠢ ᠠᠬᠤᠢ ᠲᠠᠯᠠᠪᠠᠢ᠎ᠳᠤ ᠠᠰᠠᠭᠤᠯᠲᠠ ᠠᠰᠠᠭᠤᠵᠤ᠂ ᠵᠠᠰᠠᠭ ᠤ᠋ᠨ ᠣᠷᠳᠣᠨ ᠤ᠋ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠠᠬᠤᠢ ᠲᠠᠯᠠᠪᠠᠢ᠎ᠳᠤ ᠬᠦᠷᠴᠦ᠍ ᠬᠠᠷᠢᠭᠤᠯᠲᠠ ᠥᠭ᠌ᠴᠦ᠂ ᠲᠤᠰᠭᠠᠢ ᠰᠡᠳᠦᠪ ᠢ᠋ᠶ᠋ᠡᠷ ᠯᠠᠪᠯᠠᠨ ᠠᠰᠠᠭᠤᠬᠤ ᠳ᠋ᠠᠭᠠᠨ ᠠᠰᠠᠭᠤᠳᠠᠯ ᠳ᠋ᠤ ᠱᠢᠭᠤᠳ ᠬᠠᠨᠳᠤᠵᠤ᠂ ᠬᠦᠨᠳᠦ᠍ ᠡᠴᠡ ᠵᠠᠢᠯᠠᠵᠤ ᠬᠦᠨᠭ᠌ᠭᠡᠨ ᠢ᠋ ᠡᠷᠢᠬᠦ᠌ ᠦᠭᠡᠢ ᠪᠠᠢᠵᠤ᠂ ᠦᠨᠡᠨ ᠬᠦ᠌ ᠬᠠᠷᠢᠭᠤᠴᠠᠯᠭ᠎ᠠ ᠵᠢ ᠴᠢᠨᠭᠭᠠᠳᠬᠠᠵᠤ᠂ ᠳᠠᠷᠤᠯᠲᠠ ᠦᠭᠴᠦ᠂ ᠦᠷ᠎ᠡ ᠪᠦᠲᠦᠮᠵᠢ ᠤᠯᠪᠠ ; ᠬᠢᠨᠠᠯᠲᠠ ᠲᠠᠯᠪᠢᠬᠤ ᠠᠵᠢᠯ ᠤ᠋ᠨ ᠬᠠᠲᠠᠭᠤ ᠴᠢᠨᠭᠭ᠎ᠠ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠬᠤ ᠲᠤᠰᠭᠠᠢ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ᠂ ᠬᠢᠨᠠᠯᠲᠠ ᠲᠠᠯᠪᠢᠬᠤ ᠠᠵᠢᠯ ᠤ᠋ᠨ ᠳᠤᠮᠳᠠ ᠣᠷᠣᠱᠢᠵᠤ ᠪᠠᠢᠭ᠎ᠠ ᠠᠰᠠᠭᠤᠳᠠᠯ ᠳ᠋ᠤ ᠴᠢᠭ᠌ᠯᠡᠭᠦᠯᠦᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠪᠠ; ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ᠋ ᠱᠢᠯᠢᠳᠡᠭ᠌ᠵᠢᠭᠦᠯᠬᠦ᠌᠂ ᠠᠶᠤᠯᠭᠦᠢ ᠦᠢᠯᠡᠳᠪᠦᠷᠢᠯᠡᠯ᠂ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢ ᠶ᠋ᠢᠨ ᠬᠥᠭ᠌ᠵᠢᠯᠲᠡ᠎ᠶ᠋ᠢ ᠠᠬᠢᠭᠤᠯᠬᠤ ᠵᠡᠷᠭᠡ ᠭᠣᠣᠯᠳᠠᠯᠭ᠎ᠠ ᠲᠠᠢ ᠠᠵᠢᠯ ᠤ᠋ᠨ ᠲᠣᠭᠣᠷᠢᠨ ᠳ᠋ᠤ 《ᠡᠷᠬᠢᠨ ᠬᠠᠷᠠᠬᠤ》᠂ 《ᠲᠠᠬᠢᠨ ᠬᠢᠨᠠᠯᠲᠠ ᠲᠠᠯᠪᠢᠬᠤ》 ᠠᠵᠢᠯ ᠦᠷᠨᠢᠭᠦᠯᠪᠡ; ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠬᠢᠨᠠᠯᠲᠠ ᠲᠠᠯᠪᠢᠯᠲᠠ᠎ᠶ᠋ᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠵᠤ ᠂ ᠬᠢᠨᠠᠯᠲᠠ ᠲᠠᠯᠪᠢᠬᠤ ᠠᠵᠢᠯ ᠤ᠋ᠨ ᠳᠤᠮᠳᠠ ᠢᠯᠡᠷᠡᠭᠦᠯᠦᠭ᠌ᠰᠡᠨ ᠨᠡᠢᠳᠡᠮ᠎ᠦᠨ ᠴᠢᠨᠠᠷᠲᠠᠶ᠂ ᠨᠡᠢᠲᠡᠯᠢᠭ ᠴᠢᠨᠠᠷᠲᠠᠶ ᠠᠰᠠᠭᠤᠳᠠᠯ ᠢ᠋ ᠴᠠᠭ ᠲᠤᠬᠠᠶ ᠳ᠋ᠤᠨᠢ ᠲᠤᠱᠢᠶᠠᠵᠤ᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠤ᠋ᠨ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢ ᠴᠠᠭ ᠲᠤᠬᠠᠶ ᠳ᠋ᠤᠨᠢ ᠪᠡᠶᠡᠯᠡᠭᠦᠯᠬᠦ᠌ ᠵᠢ ᠱᠠᠯᠠᠪᠳᠠᠭᠤᠯᠪᠠ᠃

ᠬᠦᠨᠳᠤ ᠨᠠᠢᠳᠡᠯᠭ᠎ᠠ᠎ᠵᠢ ᠵᠤᠷᠢᠬᠳᠠᠢ ᠡᠬᠦᠷᠭᠡᠯᠡᠵᠤ᠂ ᠬᠠᠷᠢᠭᠤᠴᠠᠯᠭ᠎ᠠ ᠡᠬᠦᠷᠭᠡᠯᠡᠯ᠎ᠵᠢᠡᠨ ᠡᠷᠡᠰ ᠬᠦᠢᠴᠡᠳᠭᠡᠨ᠎ᠠ᠃ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠬᠠᠷᠢᠭᠤᠴᠠᠯᠭ᠎ᠠ ᠡᠭᠦᠷᠭᠡᠯᠡᠯ᠎ᠵᠢᠡᠨ ᠰᠠᠢᠳᠤᠷ ᠭᠦᠢᠴᠡᠳᠭᠡᠵᠦ᠍᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠵᠦ᠍᠂ ᠳᠤᠮᠳᠠᠳᠤ ᠤᠯᠤᠰ ᠤ᠋ᠨ ᠮᠠᠶ᠍ᠢᠭ ᠤ᠋ᠨ ᠤᠳᠤᠬᠢᠴᠢᠯᠠᠯᠳᠠ᠎ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠳ᠋ᠤ ᠨᠡᠩ ᠶᠡᠬᠡ ᠬᠦᠴᠦᠨ ᠴᠢᠳᠠᠯ ᠢ᠋ᠶ᠋ᠡᠨ ᠨᠡᠮᠡᠷᠢᠯᠡᠬᠦ ᠪᠠᠷ ᠴᠢᠷᠮᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面