2025 ᠣᠷᠣᠨ᠎ᠤ᠋ ᠬᠤᠶᠠᠷ ᠬᠤᠷᠠᠯ > ᠮᠡᠳᠡᠭᠡᠯᠡᠯ

2025-01-13 11:08:12

ᠵᠣᠬᠢᠶᠠᠭ᠍ᠴᠢ᠄ ᠬᠠᠨ ᠱᠢᠤᠸᠠᠢ ᠷᠦ᠋ ᠭᠤᠤ ᠬᠤᠢ ᠣᠩᠱᠢᠭ᠍ᠰᠠᠨ ᠣᠳᠠᠭ᠎ᠠ᠄ 3

ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠥᠭ᠌ᠵᠢᠯᠲᠡ ᠵᠢ ᠬᠠᠮᠲᠤ᠎ᠪᠠᠷ ᠶᠠᠷᠢᠯᠴᠠᠨ᠎ᠠ᠃ 1 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠳᠥᠷᠪᠡᠳᠦᠭᠡᠷ ᠬᠤᠭᠤᠴᠠᠭᠠᠨ ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ᠎ᠳᠤ ᠣᠷᠣᠯᠴᠠᠬᠤ ᠠᠷᠠᠳ᠎ᠤᠨ ᠲᠥᠯᠥᠭᠡᠯᠡᠭ᠌ᠴᠢᠳ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠎ᠳᠤ ᠣᠷᠣᠯᠴᠠᠬᠤ ᠤᠯᠤᠰ ᠲᠥᠷᠥ ᠎ᠶ᠋ᠢᠨ ᠵᠥᠪᠯᠡᠯᠭᠡᠨ᠎ᠦ ᠭᠡᠱᠢᠭᠦᠳ ᠵᠠᠯᠭᠠᠭ᠎ᠠ ᠎ᠪᠠᠷ ᠬᠥᠬᠡᠬᠣᠲᠠ᠎ᠳᠤ ᠬᠦᠷᠴᠤ ᠢᠷᠡᠵᠤ᠂ ᠶᠡᠬᠡ ᠬᠤᠷᠠᠯ᠎ᠳᠤ ᠨᠡᠷ᠎ᠡ ᠮᠡᠳᠡᠭᠦᠯᠪᠡ᠃ ᠲᠥᠯᠥᠭᠡᠯᠡᠭ᠌ᠴᠢᠳ ᠭᠡᠱᠢᠭᠦᠳ ᠠᠷᠠᠳ ᠲᠦᠮᠡᠨ ᠎ᠦ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠡᠪᠤᠷᠯᠡᠨ᠂ ᠣᠯᠠᠨ ᠲᠦᠮᠡᠨ᠎ᠦ ᠠᠩᠬᠠᠷᠴᠤ᠌ ᠪᠠᠢᠭ᠎ᠠ᠂ ᠨᠡᠢᠭᠡᠮ ᠨᠡᠢᠲᠡ᠎ᠶ᠋ᠢᠨ ᠠᠩᠬᠠᠷᠴᠤ᠌ ᠪᠠᠢᠭ᠎ᠠ ᠬᠠᠯᠠᠮᠰᠢᠯ ᠵᠥᠪᠯᠡᠬᠦ᠌ ᠰᠡᠳᠦᠪ ᠎ᠢ ᠶᠡᠬᠡ ᠬᠤᠷᠠᠯ ᠳᠡᠭᠡᠷ᠎ᠡ ᠠᠪᠴᠢᠷᠠᠵᠤ᠂ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠶ ᠭᠦᠶ᠋ᠴᠡᠳᠭᠡᠨ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠪᠣᠯᠤᠨ᠎ᠠ᠃

ᠮᠡᠳᠡᠭᠡ ᠵᠠᠩᠭᠢ᠎ᠶ᠋ᠢ ᠬᠠᠷᠭᠤᠭᠤᠯᠵᠤ᠂ ᠬᠤᠷᠠᠯ ᠳ᠋ᠤ ᠤᠷᠤᠯᠴᠠᠬᠤ ᠦᠨᠡᠮᠯᠡᠯ ᠲᠠᠷᠬᠠᠭᠠᠵᠤ᠂ ᠮᠠᠲ᠋ᠧᠷᠢᠶᠠᠯ ᠵᠢᠡᠨ ᠠᠪᠤᠨ᠎ᠠ ᠁ ᠠᠵᠢᠯᠲᠠᠨ ᠎ᠤ ᠵᠢᠯᠣᠭᠣᠳᠣᠯᠭ᠎ᠠ ᠳᠤᠤᠷ᠎ᠠ ᠲᠥᠯᠥᠭᠡᠯᠡᠭ᠌ᠴᠢᠳ ᠭᠡᠰᠢᠭᠦᠳ ᠨᠡᠷ᠎ᠡ ᠮᠡᠳᠡᠭᠦᠯᠬᠦ᠌ ᠭᠠᠷᠳᠠᠮ᠎ᠢᠶᠡᠨ ᠡᠮᠬᠢ ᠵᠢᠷᠦᠮ᠎ᠲᠡᠶ ᠪᠡᠶᠡᠯᠡᠭᠦᠯᠪᠡ᠃ ᠥᠩᠭᠡᠷᠡᠭ᠌ᠰᠡᠨ ᠨᠢᠭᠡ ᠵᠢᠯ᠎ᠳᠦ᠂ ᠲᠥᠯᠥᠭᠡᠯᠡᠭ᠌ᠴᠢᠳ ᠭᠡᠱᠢᠭᠦᠳ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠠᠷᠠᠳ᠎ᠤᠨ ᠰᠠᠨᠠᠭ᠎ᠠ᠎ᠶ᠋ᠢ ᠢᠳᠡᠪᠬᠢᠲᠡᠶ ᠰᠣᠨᠣᠰᠴᠤ᠌᠂ ᠡᠯᠪᠡᠭ ᠪᠠᠶᠠᠯᠢᠭ ᠰᠠᠨᠠᠯ ᠰᠠᠨᠠᠭᠤᠯᠭ᠎ᠠ᠎ᠶ᠋ᠢ ᠪᠦᠷᠢᠯᠳᠦᠭᠦᠯᠵᠡᠶ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠸᠠᠩ ᠱᠢᠶᠠᠨ ᠹᠧᠩ ᠪᠠᠭ᠎ᠠ ᠵᠢᠵᠢᠭ ᠠᠵᠤ ᠠᠬᠤᠢᠯᠠᠯ ᠎ᠤᠨ ᠡᠷᠡᠭᠦᠯ᠎ᠢᠶᠡᠷ ᠬᠥᠭ᠌ᠵᠢᠬᠦ᠌᠎ᠶ᠋ᠢ ᠠᠩᠬᠠᠷᠤᠭ᠍ᠰᠠᠭᠠᠷ ᠢᠷᠡᠪᠡ᠃ 《2025 ᠣᠨ᠎ᠳᠤ᠂ ᠮᠠᠨ ᠎ᠤ ᠦᠢᠯᠡᠰ ᠪᠣᠰᠭᠠᠭ᠍ᠴᠢᠳ ᠢᠲᠡᠭᠡᠯ ᠲᠦᠬᠦᠷᠡᠩ ᠪᠠᠢᠨ᠎ᠠ᠃ ᠪᠠᠭ᠎ᠠ ᠵᠢᠵᠢᠭ ᠠᠵᠤ ᠠᠬᠤᠢᠯᠠᠯ ᠡᠷᠡᠭᠦᠯ᠎ᠢᠶᠡᠷ ᠬᠥᠭ᠌ᠵᠢᠵᠦ᠍᠂ ᠨᠡᠢᠭᠡᠮ᠎ᠳᠦ ᠨᠡᠩ ᠤᠯᠠᠨ ᠠᠵᠢᠯ᠎ᠤᠨ ᠪᠠᠢᠷᠢ ᠬᠠᠩᠭᠠᠬᠤ᠎ᠶ᠋ᠢᠨ ᠵᠡᠷᠭᠡ ᠪᠡᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ》 ᠭᠡᠵᠦ᠍ ᠸᠠᠩ ᠱᠢᠶᠠᠨ ᠹᠸᠩ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠯᠢ ᠬᠣᠩ ᠱᠧᠩ ᠄ 《ᠮᠢᠨᠦ᠍ ᠡᠨᠡ ᠤᠳᠠᠭ᠎ᠠ᠎ᠶ᠋ᠢᠨ ᠬᠤᠷᠠᠯ᠎ᠳᠤ ᠲᠡᠪᠰᠢᠭᠦᠯᠬᠦ ᠰᠠᠨᠠᠯ ᠳᠤᠷᠠᠳᠤᠯᠭ᠎ᠠ ᠪᠤᠯ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠠᠢᠵᠢᠷᠠᠭᠤᠯᠬᠤ᠂ ᠠᠵᠤ ᠠᠬᠤᠢᠯᠠᠯ᠎ᠤᠨ ᠢᠲᠡᠭᠡᠯ ᠵᠣᠷᠢᠭ᠎ᠢ ᠬᠥᠪᠴᠢᠯᠡᠬᠦ᠌ ᠲᠤᠬᠠᠢ ᠠᠭᠤᠯᠭ᠎ᠠ ᠎ᠲᠠᠶ ᠶᠤᠮ᠃ ᠬᠤᠷᠠᠯ᠎ᠳᠤ ᠣᠷᠣᠯᠴᠠᠬᠤ ᠬᠤᠭᠤᠴᠠᠭᠠᠨ᠎ᠳᠤ᠂ ᠪᠢ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠵᠦ᠍᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠵᠤ ᠠᠬᠤᠢᠯᠠᠯ᠎ᠤᠨ ᠰᠡᠳᠭᠢᠯ᠎ᠦᠨ ᠲᠠᠭᠤᠨ᠎ᠢ ᠶᠡᠬᠡ ᠬᠤᠷᠠᠯ ᠳᠡᠭᠡᠷ᠎ᠡ ᠳᠠᠮᠵᠢᠭᠤᠯᠵᠤ᠂ ᠪᠥᠬᠥ᠌ ᠣᠷᠣᠨ ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠠᠢᠵᠢᠷᠠᠭᠤᠯᠬᠤ᠎ᠡᠴᠡ ᠭᠠᠷᠳᠠᠵᠤ᠂ ᠠᠵᠤ ᠠᠬᠤᠢᠯᠠᠯ᠎ᠤᠨ ᠡᠷᠡᠭᠦᠯ᠎ᠢᠶᠡᠷ ᠬᠥᠭ᠌ᠵᠢᠬᠦ᠌᠎ᠳᠦ ᠰᠠᠢᠨ ᠰᠠᠢᠬᠠᠨ ᠣᠷᠴᠢᠨ ᠨᠥᠬᠥᠴᠡᠯ᠎ᠢ ᠡᠭᠦᠳᠴᠦ᠍ ᠥᠭ᠌ᠭᠦᠨ᠎ᠡ》ᠬᠡᠵᠤ ᠰᠡᠳᠬᠢᠯ ᠲᠤᠬᠳᠤᠯᠤᠨ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠯᠢᠦ ᠱᠤ᠌ ᠷᠧᠨ ᠪᠣᠯᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠴᠢᠦ ᠵᠢᠶᠦ᠋ᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠳᠠᠭᠠᠳᠭᠠᠯ᠎ᠳᠤ ᠣᠷᠣᠯᠴᠠᠬᠤ ᠠᠵᠢᠯ᠎ᠢ ᠲᠤᠢᠯ᠎ᠢᠶᠠᠷ ᠠᠩᠬᠠᠷᠴᠤ᠌ ᠪᠠᠢᠨ᠎ᠠ᠃

ᠯᠢᠦ ᠱᠤ᠌ ᠷᠧᠨ ᠰᠤᠷᠪᠤᠯᠵᠢᠯᠠᠭ᠍ᠴᠢ᠎ᠳᠤ᠂ ᠡᠨᠡ ᠤᠳᠠᠭ᠎ᠠ ᠬᠤᠷᠠᠯ᠎ᠳᠤ ᠣᠷᠣᠯᠴᠠᠬᠤ᠎ᠳᠠᠭᠠᠨ ᠪᠢ ᠬᠣᠲᠠ ᠬᠥᠳᠡᠭᠡ ᠎ᠶ᠋ᠢᠨ ᠰᠠᠭᠤᠭᠠᠯᠢ ᠠᠷᠠᠳ ᠎ᠤᠨ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠰᠦᠶ᠋ᠳᠭᠡᠯ ᠲᠤᠱᠢᠶᠠᠬᠤ ᠪᠠᠷᠢᠮᠵᠢᠶ᠎ᠠ᠎ᠶ᠋ᠢ ᠵᠦᠶ ᠵᠣᠬᠢᠰᠲᠠᠶ ᠲᠣᠬᠢᠷᠠᠭᠤᠯᠬᠤ ᠲᠤᠬᠠᠢ ᠰᠠᠨᠠᠭᠤᠯᠭ᠎ᠠ ᠪᠡᠯᠡᠳᠭᠡᠭᠰᠡᠨ ᠪᠠᠢᠨ᠎ᠠ ᠭᠡᠪᠡ᠃ 《ᠣᠷᠳᠣ ᠬᠤᠭᠤᠴᠠᠭ᠎ᠠ ᠎ᠪᠠᠷ ᠳᠠᠭᠠᠳᠭᠠᠯ᠎ᠳᠤ ᠣᠷᠣᠯᠴᠠᠭ᠍ᠰᠠᠨ ᠰᠠᠭᠤᠭᠠᠯᠢ ᠠᠷᠠᠳ᠎ᠤᠨ ᠰᠦᠶ᠋ᠳᠭᠡᠯ ᠲᠤᠱᠢᠶᠠᠬᠤ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠌ ᠎ᠪᠡᠷ ᠳᠠᠮᠵᠢᠨ᠂ ᠨᠠᠩ ᠣᠯᠠᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠲᠤ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠤᠨ ᠪᠠᠲᠤᠯᠠᠭ᠎ᠠ ᠬᠦᠷᠲᠡᠭᠡᠬᠦ᠌᠎ᠶ᠋ᠢ ᠬᠦᠰᠡᠵᠦ᠍ ᠪᠠᠢᠨ᠎ᠠ》 ᠭᠡᠵᠦ᠍ ᠯᠢᠦ ᠱᠣ᠌ ᠷᠧᠨ ᠬᠡᠯᠡᠨ᠎ᠠ᠃

ᠴᠢᠦ ᠵᠢᠶᠦ᠋ᠨ᠄《ᠡᠨᠡ ᠵᠢᠯ ᠬᠤᠷᠠᠯ᠎ᠳᠤ ᠣᠷᠣᠯᠴᠠᠬᠤ᠎ᠳᠠᠭᠠᠨ ᠪᠦᠬᠦ᠌ ᠠᠷᠠᠳ᠎ᠤᠨ ᠳᠠᠭᠠᠳᠭᠠᠯ᠎ᠳᠤ ᠣᠷᠣᠯᠴᠠᠬᠤ ᠠᠵᠢᠯ᠎ᠢ ᠴᠢᠩᠭᠠᠳᠭᠠᠬᠤ ᠲᠤᠬᠠᠢ ᠰᠠᠨᠠᠯ ᠳᠤᠷᠠᠳᠤᠯᠭ᠎ᠠ ᠪᠡᠯᠡᠳᠭᠡᠭᠰᠡᠨ ᠶᠤᠮ᠂ ᠬᠤᠳᠠ ᠬᠥᠳᠡᠭᠡ ᠎ᠶ᠋ᠢᠨ ᠰᠠᠭᠤᠭᠠᠯᠢ ᠠᠷᠠᠳ᠎ᠤᠨ ᠳᠠᠭᠠᠳᠭᠠᠯ᠎ᠳᠤ ᠣᠷᠣᠯᠴᠠᠬᠤ ᠬᠠᠮᠲᠤ᠎ᠶ᠋ᠢᠨ ᠲᠠᠨᠢᠯᠲᠠ ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠮᠠᠨ ᠎ᠤ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠤᠨ ᠤᠯᠠᠨ ᠲᠦᠮᠡᠨ᠎ᠦ ᠡᠷᠡᠭᠦᠯ ᠮᠡᠨᠳᠦ᠍ ᠎ᠶ᠋ᠢ ᠨᠡᠩ ᠥᠷᠭᠡᠨ᠎ᠢᠶᠡᠷ ᠪᠠᠲᠤᠯᠠᠬᠤ᠎ᠶ᠋ᠢ ᠬᠦᠰᠡᠵᠦ᠍ ᠪᠠᠢᠨ᠎ᠠ 》 ᠭᠡᠪᠡ᠃

ᠠᠷᠠᠳ᠎ᠤᠨ ᠰᠡᠳᠬᠢᠯ᠎ᠤᠨ ᠲᠠᠭᠤᠨ᠎ᠢ ᠲᠠᠮᠵᠢᠭᠤᠯᠵᠤ᠂ ᠠᠷᠠᠳ ᠤ᠋ᠨ ᠲᠦᠯᠦᠭᠡ ᠥᠭᠡ ᠬᠡᠯᠡᠨ᠎ᠡ᠃ ᠲᠥᠯᠥᠭᠡᠯᠡᠭ᠌ᠴᠢᠳ ᠭᠡᠱᠢᠭᠦᠳ᠂ ᠠᠷᠠᠳ ᠲᠦᠮᠡᠨ᠎ᠡᠴᠡ ᠣᠯᠭᠣᠭ᠍ᠰᠠᠨ ᠡᠬᠦᠷᠭᠡ ᠬᠠᠷᠢᠭᠤᠴᠠᠯᠭ᠎ᠠ᠎ᠪᠠᠨ ᠰᠠᠢᠲᠤᠷ ᠭᠦᠶ᠋ᠴᠡᠳᠭᠡᠵᠦ᠍᠂ ᠨᠠᠩ ᠣᠯᠠᠨ ᠦᠨᠳᠦᠰᠦᠨ ᠱᠠᠲᠤᠨ᠎ᠤ ᠲᠠᠭᠤᠨ᠎ᠢ ᠶᠡᠬᠡ ᠬᠤᠷᠠᠯ᠎ᠳᠤ ᠳᠠᠮᠵᠢᠭᠤᠯᠤᠨ᠂ ᠣᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠤᠨ ᠲᠣᠭᠣᠷᠢᠨ᠎ᠳᠤ ᠰᠠᠢᠨ ᠰᠠᠨᠠᠯ ᠰᠠᠨᠠᠭᠤᠯᠭ᠎ᠠ ᠳᠤᠷᠠᠳᠴᠤ᠌᠂ ᠰᠠᠢᠨ ᠠᠷᠭ᠎ᠠ ᠪᠣᠳᠣᠯᠭ᠎ᠠ ᠳᠡᠪᠱᠢᠭᠦᠯᠵᠦ᠍᠂ ᠦᠪᠡᠷᠳᠡᠭᠡᠨ ᠵᠠᠰᠠᠬᠤ ᠤᠷᠤᠨ ᠤ᠋ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面