2025-01-13 11:03:42
ᠪᠦᠬᠦ ᠪᠦᠮᠪᠦᠷᠴᠡᠭ ᠲᠤ᠌ ᠨᠡᠭᠦᠷᠡᠰᠦ ᠤᠰᠤᠲᠥ᠋ᠷᠥᠭ᠌ᠴᠢ ᠵᠢ ᠤᠷᠪᠠᠯ ᠡᠬᠦᠰᠬᠡᠵᠤ ᠬᠡᠢᠵᠢᠭᠦᠯᠬᠦ᠌ ᠮᠡᠷᠭᠡᠵᠢᠯ᠎ᠢ ᠠᠩᠬ᠎ᠠ ᠤᠳᠠᠭ᠎ᠠ ᠡᠭᠦᠳᠴᠦ᠍᠂ ᠬᠠᠮᠤᠭ᠎ᠤᠨ ᠶᠡᠬᠡ ᠪᠠᠭ᠍ᠲᠠᠭᠠᠮᠵᠢᠲᠠᠶ ᠲᠣᠣᠷ ᠪᠦᠲᠦᠭᠡᠬᠦ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠦᠯᠢᠭᠡᠷ ᠮᠠᠱᠢᠨ᠎ᠢ ᠠᠮᠵᠢᠯᠲᠠ ᠲᠠᠢ ᠠᠵᠢᠯᠯᠠᠭᠤᠯᠪᠠ; ᠪᠥᠬᠥ᠌ ᠤᠯᠤᠰ᠎ᠤᠨ ᠠᠩᠬᠠᠳᠠᠭ᠍ᠴᠢ ᠰᠠᠭᠤᠷᠢ 《ᠨᠡᠭᠦᠷᠡᠰᠦᠲᠥ᠋ᠷᠥᠭ᠌ᠴᠢ ᠦᠭᠡᠢ》 ᠬᠦᠨᠳᠦ ᠬᠡᠯᠪᠡᠷᠢ᠎ᠶ᠋ᠢᠨ ᠠᠭᠤᠷᠬᠠᠶ᠎ᠳᠤ ᠬᠡᠷᠡᠭ᠌ᠯᠡᠬᠦ᠌ ᠠᠴᠢᠶᠠᠨ᠎ᠤ ᠮᠠᠱᠢᠨ ᠲᠡᠷᠭᠡ᠂ ᠠᠩᠬᠠᠳᠠᠭ᠍ᠴᠢ ᠵᠤᠷᠪᠤᠰ ᠤᠰᠤᠲᠥ᠋ᠷᠥᠭ᠌ᠴᠢ ᠬᠣᠯᠢᠬᠤ ᠥᠨᠳᠥᠷ ᠬᠦᠴᠦᠳᠡᠯᠳᠤ ᠣᠷᠳᠣ ᠳᠠᠮᠵᠢᠭᠤᠯᠬᠤ ᠬᠣᠭᠣᠯᠠᠶ᠂ ᠡᠨᠧᠷᠭᠢ᠎ᠶ᠋ᠢᠨ ᠬᠦᠷᠢᠶᠡᠨ᠎ᠳᠡᠬᠢ 3 ᠵᠦᠶ᠋ᠯ᠎ᠦᠨ ᠠᠩᠬᠠᠳᠠᠭᠴᠢ ᠰᠠᠭᠤᠷᠢ (ᠢᠵᠢ) ᠴᠢᠬᠤᠯᠠ ᠶᠡᠬᠡ ᠮᠡᠷᠭᠡᠵᠢᠯ᠎ᠦᠨ ᠲᠣᠨᠣᠭ᠍ᠯᠠᠯ᠎ᠢ ᠥᠪᠥᠷ ᠮᠣᠩᠭᠣᠯ᠎ᠳᠤ ᠰᠤᠳᠤᠯᠤᠨ ᠨᠡᠭᠡᠭᠡᠵᠦ᠍ ᠬᠡᠷᠡᠭ᠌ᠯᠡᠪᠡ; ᠬᠣᠪᠣᠷ ᠱᠢᠷᠣᠶ᠎ᠶ᠋ᠢᠨ ᠪᠤᠳᠤᠭ᠍ᠲᠤ ᠳᠡᠯᠭᠡᠴᠡ᠂ ᠬᠡᠲᠦ ᠰᠣᠷᠢᠨᠵᠢᠨ᠎ᠳᠤ ᠰᠤᠨᠵᠤ ᠠᠪᠴᠢᠭᠤᠯᠬᠤ ᠮᠠᠲ᠋ᠧᠷᠢᠶᠠᠯ᠂ ᠰᠦᠨ ᠬᠦᠴᠢᠯ᠎ᠦᠨ ᠪᠠᠺᠲ᠋ᠧᠷᠢ᠎ᠶ᠋ᠢᠨ ᠳᠤᠤᠷ᠎ᠠ ᠳᠤᠯᠠᠭᠠᠨ᠎ᠤ ᠮᠠᠨᠠᠨᠲᠤ ᠰᠦᠷᠴᠢᠭᠦᠷ ᠮᠡᠷᠭᠡᠵᠢᠯ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢ ᠠᠵᠤ ᠦᠢᠯᠡᠰᠵᠢᠭᠦᠯᠦᠨ ᠨᠠᠢᠳᠠᠪᠤᠷᠢᠵᠢᠭᠤᠯᠪᠠ ᠁ 2024 ᠣᠨ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠪᠦᠰᠡᠯᠡᠯᠳᠡ ᠱᠢᠪᠲᠤᠯᠬᠤ》 ᠪᠠᠷ ᠪᠥᠬᠥ᠌ ᠲᠠᠯ᠎ᠠ ᠪᠡᠷ ᠱᠢᠨ᠎ᠡ᠎ᠶ᠋ᠢ ᠡᠭᠦᠳᠬᠦ᠌᠎ᠶ᠋ᠢ ᠶᠡᠷᠦᠩᠬᠡᠢᠯᠡᠨ ᠵᠢᠯᠣᠭᠣᠳᠴᠤ᠌᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠡᠭᠦᠳᠴᠦ᠍᠂ ᠥᠪᠥᠷ ᠮᠣᠩᠭᠣᠯ ᠥᠪᠡᠷᠮᠢᠴᠡ ᠣᠨᠴᠠᠯᠢᠭ ᠪᠦᠬᠦᠢ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠵᠠᠮ᠎ᠢ ᠨᠡᠭᠡᠭᠡᠪᠡ᠃
ᠡᠨᠡ ᠬᠡᠳᠦᠨ ᠡᠳᠦᠷ ᠬᠣᠷᠢᠨᠭᠡᠷ ᠱᠢᠨ᠎ᠡ ᠲᠣᠭᠣᠷᠢᠭ᠎ᠲᠤ ᠪᠠᠢᠷᠢᠯᠠᠵᠤ ᠪᠠᠢᠭ᠎ᠠ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 12.5 ᠳ᠋ᠦᠩᠱᠢᠭᠤᠷ ᠲᠥᠭᠥᠷᠢᠭ᠎ᠤ᠋ᠨ ᠶᠠᠭ ᠢᠳᠡ ᠬᠥᠭ᠌ ᠲᠡᠶ ᠪᠥᠲᠥᠭᠡᠨ ᠪᠠᠢᠭᠤᠯᠵᠤ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠪᠦᠰᠡᠯᠡᠯᠳᠡ ᠱᠢᠪᠲᠤᠯᠬᠤ》ᠢᠨᠵᠧᠨᠧᠷᠢᠩ ᠪᠤᠯᠬᠤ 《ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠯᠭᠠᠰᠠᠯ ᠬᠡᠮᠵᠢᠯᠲᠡ᠎ᠶ᠋ᠢᠨ ᠰᠠᠭᠤᠷᠢ ᠪᠠᠷᠢᠮᠵᠢᠶᠠᠲᠤ ᠶᠡᠬᠡ ᠱᠢᠨᠵᠢᠯᠡᠬᠦ᠌ ᠤᠬᠠᠭᠠᠨ᠎ᠤ ᠲᠣᠨᠣᠭ ᠲᠥᠬᠥᠭᠡᠷᠦᠮᠵᠢ ᠬᠢᠭᠡᠳ ᠳᠡᠭᠡᠳᠦ ᠴᠢᠳᠠᠪᠬᠢᠲᠤ ᠬᠡᠷᠡᠯ ᠰᠡᠷᠡᠯᠵᠢ᠎ᠶ᠋ᠢᠨ ᠠᠵᠤ ᠦᠢᠯᠡᠰᠵᠢᠯᠲᠡ᠎ᠶ᠋ᠢᠨ ᠲᠥᠷᠥᠯ ᠵᠦᠶ᠋ᠯ》᠎ᠤ᠋ᠨ ᠠᠵᠢᠯᠲᠠᠳ ᠶᠠᠭ ᠳᠠᠭᠤᠷᠢᠶᠠᠮᠠᠯ ᠲᠣᠨᠣᠭ ᠲᠥᠬᠥᠭᠡᠷᠦᠮᠵᠢ᠎ᠶ᠋ᠢ ᠲᠤᠷᠱᠢᠨ ᠦᠶ᠋ᠯᠡᠳᠬᠦ᠌ ᠠᠵᠢᠯ᠎ᠢ ᠥᠷᠨᠢᠭᠦᠯᠵᠦ᠍ ᠪᠣᠶ᠃
ᠲᠥᠷᠥᠯ ᠵᠦᠶ᠋ᠯ᠎ᠨᠢ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠬᠡᠮᠵᠢᠯᠲᠡ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠪᠣᠯᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠦᠯᠦᠭ᠌ᠯᠡᠯ ᠵᠡᠷᠭᠡ ᠤᠯᠤᠰ᠎ᠤᠨ ᠳᠣᠲᠣᠭᠠᠳᠤ᠎ᠶ᠋ᠢᠨ ᠤᠯᠠᠨ ᠳᠠᠪᠠᠭᠤᠯᠢᠭ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠠᠵᠢᠯ ᠲᠦᠷᠦᠯ᠎ᠤᠨ ᠣᠷᠣᠢᠯᠠᠭ᠍ᠰᠠᠨ ᠴᠢᠳᠠᠪᠤᠷᠢᠲᠠᠨ᠎ᠢ ᠲᠥᠪᠯᠡᠷᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠢᠶᠡᠷ ᠪᠠᠷᠢᠮᠵᠢᠶᠠᠯᠠᠭ᠍ᠰᠠᠨ ᠠᠭᠠᠷ᠎ᠤᠨ ᠠᠶᠠᠯᠠᠯ ᠰᠠᠨᠰᠠᠷ ᠤ᠋ᠨ ᠠᠶᠠᠯᠠᠯ᠎ᠤᠨ ᠠᠯᠭᠠᠰᠠᠯ ᠬᠡᠮᠵᠢᠯᠲᠡ᠎ᠶ᠋ᠢᠨ ᠰᠠᠭᠤᠷᠢ ᠪᠠᠷᠢᠮᠵᠢᠶᠠᠲᠤ ᠲᠣᠮᠣ ᠱᠢᠨᠵᠢᠯᠡᠬᠦ᠌ ᠤᠬᠠᠭᠠᠨ᠎ᠤ ᠲᠣᠨᠣᠭ ᠲᠦᠬᠦᠭᠡᠷᠦᠮᠵᠢ᠎ᠵᠢ ᠪᠥᠲᠥᠭᠡᠨ ᠪᠠᠢᠭᠤᠯᠬᠤ᠎ᠪᠠᠷ ᠴᠢᠷᠮᠠᠢᠵᠤ ᠪᠤᠢ᠃ 《 ᠥᠨᠳᠥᠷ ᠴᠢᠳᠠᠪᠬᠢᠳᠤ ᠬᠡᠷᠡᠯ ᠰᠡᠷᠡᠯᠵᠢ ᠨᠢ ᠳᠡᠭᠡᠳᠦ ᠲᠡᠰ᠎ᠤᠨ ᠲᠣᠨᠣᠭ᠍ᠯᠠᠯ᠎ᠤᠨ ᠨᠢᠳᠦ ᠪᠣᠯᠤᠭ᠍ᠰᠠᠨ᠎ᠤ ᠬᠤᠪᠢ᠎ᠳᠤ ᠣᠶᠤᠨᠴᠢ ᠦᠢᠯᠡᠳᠭᠡᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠠᠭᠤᠷᠢ ᠴᠢᠯᠠᠭᠤ ᠪᠠᠢᠵᠤ᠂ ᠮᠠᠨ᠎ᠤ ᠤᠯᠤᠰ᠎ᠤᠨ ᠤᠶᠤᠨᠴᠢ ᠦᠢᠯᠡᠳᠭᠡᠯ᠎ᠦᠨ ᠠᠵᠤ ᠦᠢᠯᠡᠰ᠎ᠦᠨ ᠬᠡᠯᠬᠢᠶ᠎ᠠ ᠵᠢᠨ ᠰᠢᠨ᠎ᠠ ᠵᠢ ᠡᠭᠦᠳᠬᠦ᠂ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠠᠵᠤ ᠦᠢᠯᠡᠰ᠎ᠦᠨ ᠬᠡᠯᠬᠢᠶ᠎ᠠ ᠵᠢ ᠬᠦᠴᠦᠷᠬᠡᠭᠵᠢᠭᠦᠯᠬᠦ᠂ ᠲᠤᠮᠤ ᠳ᠋ᠠᠢᠲ᠋ᠠ᠎ᠶ᠋ᠢᠨ ᠠᠵᠤ ᠦᠢᠯᠡᠰ᠎ᠦᠨ ᠬᠡᠯᠬᠢᠶ᠎ᠠ ᠵᠢ ᠠᠭᠤᠰᠤᠯᠴᠠᠭᠤᠯᠬᠤ ᠵᠢ ᠠᠬᠢᠭᠤᠯᠵᠤ᠂ ᠬᠡᠯᠬᠢᠶ᠎ᠠ ᠵᠢᠨ ᠰᠢᠨ᠎ᠠ ᠵᠢ ᠡᠭᠦᠳᠬᠦ᠂ ᠬᠡᠯᠬᠢᠶ᠎ᠠ ᠵᠢ ᠬᠦᠴᠦᠷᠬᠡᠭᠵᠢᠭᠦᠯᠬᠦ ᠡᠴᠡ ᠬᠡᠯᠬᠢᠶ᠎ᠠ ᠵᠢ ᠠᠭᠤᠰᠤᠯᠴᠠᠭᠤᠯᠬᠤ ᠬᠦᠷᠳᠡᠯ᠎ᠠ ᠳᠡᠰ ᠳᠡᠪᠰᠢᠭᠦᠯᠵᠤ ᠴᠢᠳᠠᠨ᠎ᠠ》 ᠭᠡᠵᠤ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶ᠋ᠢᠨ ᠫᠷᠤᠹᠸᠰᠰᠤ᠂ ᠥᠪᠥᠷ ᠮᠣᠩᠭᠣᠯ᠎ᠤᠨ ᠣᠶᠤᠨᠴᠢ ᠦᠢᠯᠡᠳᠬᠦ᠌ ᠦᠢᠯᠡᠰ᠎ᠦᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠯᠢᠦ ᠬᠣᠩ ᠵᠦᠩ ᠲᠠᠨᠢᠯᠴᠠᠭᠤᠯᠪᠠ᠃
ᠡᠨᠡ ᠪᠣᠯ ᠥᠪᠥᠷ ᠮᠣᠩᠭᠣᠯ᠎ᠤᠨ 《 ᠡᠬᠢᠯᠡᠵᠤ ᠭᠦᠶᠦᠮᠡᠭᠴᠡ ᠲᠦᠷᠦᠬᠦᠯᠡᠬᠦ》ᠤᠪᠤᠷ ᠪᠠᠢᠳᠠᠯ᠎ᠢᠶᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ《 ᠪᠦᠰᠡᠯᠡᠯᠲᠡ ᠱᠢᠪᠲᠤᠯᠬᠤ》 ᠢᠨᠵᠧᠨᠧᠷᠢᠩ᠎ᠢ ᠪᠦᠬᠦ᠌ ᠬᠦᠴᠦᠨ᠎ᠢᠶᠡᠷ᠎ᠢᠶᠡᠨ ᠠᠬᠢᠭᠤᠯᠤᠭ᠍ᠰᠠᠨ᠎ᠤ ᠬᠤᠷᠢᠶᠠᠩᠭᠤᠢ ᠳᠦᠷᠰᠦ ᠪᠣᠯᠤᠨ᠎ᠠ᠃ 2024 ᠣᠨ᠎ᠳᠤ ᠥᠪᠥᠷ ᠮᠣᠩᠭᠣᠯ ᠪᠦᠬᠦ᠌ ᠲᠠᠯ᠎ᠠ᠎ᠪᠠᠷ ᠤᠬᠠᠭᠠᠯᠠᠨ ᠲᠥᠯᠥᠪᠯᠡᠵᠦ᠍᠂ ᠭᠦᠨᠵᠡᠭᠡᠢᠷᠡᠬᠦᠯᠦᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠬᠣᠷᠢᠶ᠎ᠠ᠎ᠶ᠋ᠢᠨ ᠨᠢᠭᠡᠳᠦᠯᠲᠡᠢ ᠤᠳᠤᠷᠢᠳᠤᠯᠭ᠎ᠠ ᠳᠣᠣᠷ᠎ᠠ ᠪᠦᠬᠦ᠌ ᠣᠷᠣᠨ᠎ᠤ ᠡᠯ᠎ᠡ ᠰᠠᠯᠠᠭ᠎ᠠ ᠮᠥᠴᠢᠷ᠂ ᠠᠢᠮᠠᠭ ᠬᠤᠳᠠ᠂ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠬᠠᠮᠵᠢᠯᠴᠠᠨ ᠬᠥᠳᠡᠯᠦᠯᠴᠡᠵᠦ᠍᠂ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠪᠦᠬᠦ᠌ ᠣᠷᠣᠨ ᠳᠠᠶᠠᠭᠠᠷ ᠤᠯᠠᠨ ᠴᠡᠭ᠎ᠲᠦ《ᠪᠦᠰᠡᠯᠡᠯᠳᠡ ᠱᠢᠪᠲᠤᠯᠬᠤ》ᠰᠠᠢ᠌ᠨ ᠰᠠᠢᠬᠠᠨ ᠪᠣᠭᠣᠮᠲᠠ ᠱᠢᠪᠲᠤᠯᠬᠤ ᠪᠠᠢᠳᠠᠯ᠎ᠢ ᠪᠤᠢ ᠪᠣᠯᠭᠠᠵᠤ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠲᠡᠰᠢ ᠲᠠᠰᠤᠷᠠᠯᠳᠠ ᠦᠭᠡᠢ ᠳᠡᠭᠡᠭ᠌ᠰᠢᠯᠡᠭᠦᠯᠪᠡ᠃
2024 ᠣᠨ᠎ᠳᠤ᠂ ᠥᠪᠥᠷ ᠮᠣᠩᠭᠣᠯ ᠥᠭᠡᠷᠡᠴᠢᠯᠡᠯᠲᠡ᠎ᠪᠡᠷ ᠬᠦᠴᠦᠯᠡᠵᠦ᠍᠂ ᠱᠢᠨ᠎ᠡ᠎ᠶ᠋ᠢ ᠡᠭᠦᠳᠬᠦ᠌᠎ᠪᠡᠷ ᠬᠦᠴᠦᠨ ᠨᠡᠮᠡᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠪᠡ᠃ 《 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠲᠤᠬᠠᠶ ᠰᠠᠨᠠᠯ》᠎ᠢ᠋ᠢᠡᠷ ᠭᠤᠤᠯ ᠪᠣᠯᠭᠠᠵᠤ᠂ 《〈ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ〉 ᠢᠨᠵᠧᠨᠧᠷᠢᠩ᠎ᠢ ᠬᠡᠷᠡᠭᠵᠢᠬᠦᠯᠬᠦ ᠲᠤᠬᠠᠢ ᠲᠥᠷᠥ᠎ᠶ᠋ᠢᠨ ᠪᠣᠳᠣᠯᠭ᠎ᠠ᠎ᠨᠤᠭᠤᠳ᠎ᠤᠨ ᠰᠠᠨᠠᠯ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠯᠥᠪᠯᠡᠭᠡ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠦᠨ ᠥᠭᠡᠷᠡᠴᠢᠯᠡᠬᠦ᠌ ᠲᠥᠰᠦᠯ》᠂ 《ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠤᠬᠠᠶ ᠰᠠᠨᠠᠯ 》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢᠨ ᠠᠯᠳᠠᠭ᠎ᠠ ᠪᠤᠷᠤᠭᠤ᠎ᠶ᠋ᠢ ᠠᠭᠤᠴᠢᠯᠠᠨ ᠪᠠᠭ᠍ᠲᠠᠭᠠᠵᠤ ᠬᠠᠷᠢᠭᠤᠴᠠᠯᠭ᠎ᠠ᠎ᠡᠴᠡ ᠬᠡᠯᠲᠦᠷᠢᠭᠦᠯᠬᠦ᠌ ᠵᠦᠶ᠋ᠯᠡᠰ᠎ᠦᠨ ᠨᠠᠷᠢᠨ ᠳᠠᠨᠭᠰᠠ》 ᠵᠡᠷᠭᠡ ᠲᠥᠷᠥ᠎ᠶ᠋ᠢᠨ ᠪᠣᠳᠣᠯᠭᠠᠠᠷᠭᠠ ᠬᠡᠮᠵᠢᠶ᠎ᠡ᠎ᠶ᠋ᠢ ᠢᠵᠢ ᠪᠦᠷᠢᠳᠦᠬᠦᠯᠦᠨ ᠨᠡᠢᠲᠡᠯᠡᠵᠦ᠍᠂ 《1 + 7》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ᠎ᠦᠨ ᠲᠦᠷᠭᠡᠨ ᠬᠥᠭ᠌ᠵᠢᠯᠲᠡ᠎ᠶ᠋ᠢᠨ ᠨᠢᠷᠤᠭᠤ ᠲᠤᠯᠭᠠᠭᠤᠷᠢ᠎ᠶ᠋ᠢ ᠪᠠᠢᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠢᠴᠢᠯ ᠬᠡᠮᠵᠢᠭᠦᠷ᠎ᠤᠨ ᠹᠢᠽᠢᠺ ᠬᠢᠭᠡᠳ ᠠᠲ᠋ᠣᠮ ᠦᠶ᠋ᠯᠡᠳᠬᠦ᠌ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠣᠣ ᠱ᠌ᠢ ᠹᠸᠩ ᠄《ᠥᠪᠡᠷᠲᠡᠭᠡᠨ ᠵᠠᠰᠠᠬᠤ ᠣᠷᠣᠨ᠎ᠡᠴᠡ ᠨᠡᠢᠲᠡᠯᠡᠭ᠌ᠰᠡᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠬᠠᠢ ᠰᠢᠷᠢᠰ ᠱᠢᠨ᠎ᠡ ᠲᠥᠷᠥ᠎ᠶ᠋ᠢᠨ ᠪᠣᠳᠣᠯᠭ᠎ᠠ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠪᠠᠢᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠬᠤ᠂ ᠢᠯᠠᠭ᠍ᠳᠠᠬᠤᠵᠢ ᠠᠭᠤᠴᠢᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠪᠢᠳᠡᠡ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ᠎ᠲᠦ ᠢᠳᠡᠪᠬᠢᠲᠡᠶ ᠣᠷᠣᠯᠴᠠᠬᠤ ᠢᠲᠡᠭᠡᠯ ᠵᠣᠷᠢᠭ᠎ᠢ ᠨᠠᠩ ᠬᠥᠪᠴᠢᠯᠡᠵᠡᠶ》 ᠭᠡᠪᠡ᠃
2024 ᠣᠨ᠎ᠳᠤ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠳᠡᠭᠡᠷ᠎ᠡ ᠬᠦᠴᠦ᠍ ᠲᠠᠯᠪᠢᠪᠠ᠃ ᠤᠯᠤᠰ᠎ᠤᠨ ᠰᠦ᠎ᠶ᠋ᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ ᠦᠢᠯᠡᠳᠬᠦ᠌ ᠦᠢᠯᠡᠰ᠎ᠦᠨ ᠱᠢᠨ᠎ᠡ᠎ᠶ᠋ᠢ ᠡᠭᠦᠳᠬᠦ᠌ ᠲᠥᠪ᠂ ᠣᠨᠴᠠ ᠲᠥᠷᠥᠯ᠎ᠦᠨ ᠲᠡᠷᠭᠡ ᠬᠥᠰᠭᠡ᠂ ᠪᠠᠶᠠᠠᠠᠤᠪᠤᠭ᠎ᠠ ᠳ᠋ᠡᠬᠢ ᠬᠣᠶᠠᠷ ᠪᠦᠬᠦ᠌ ᠤᠯᠤᠰ᠎ᠤᠨ ᠭᠣᠣᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠂ ᠣᠷᠳᠣᠰ᠂ ᠪᠠᠶᠠᠨᠨᠠᠭᠤᠷ ᠲᠡᠬᠢ ᠬᠣᠶᠠᠷ ᠤᠯᠤᠰ᠎ᠤᠨ ᠲᠠᠰ᠎ᠤᠨ ᠵᠢᠱ᠌ᠢᠶ᠎ᠡ ᠦᠵᠡᠭᠦᠯᠬᠦ᠌ ᠣᠷᠣᠨ ᠦᠢᠯᠡᠳᠦᠯ᠎ᠢᠶᠡᠨ ᠤᠯᠠᠮ ᠨᠢᠭᠡ ᠠᠯᠬᠤᠮ ᠪᠠᠳᠠᠷᠠᠭᠤᠯᠪᠠ᠃ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤ᠋ᠨ ᠥᠪᠡᠷ᠎ᠢᠶᠡᠷ ᠡᠭᠦᠳᠬᠦ᠌ ᠲᠣᠭᠣᠷᠢᠭ᠂ ᠡᠪᠡᠰᠦᠨ᠎ᠦ ᠦᠢᠯᠡᠰ᠎ᠦᠨ ᠤᠯᠤᠰ᠎ᠤ᠋ᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠵᠡᠷᠭᠡ ᠤᠯᠤᠰ᠎ᠤ᠋ᠨ ᠲᠡᠰ᠎ᠤᠨ ᠲᠠᠪᠴᠠᠩ ᠢ᠋ ᠡᠭᠦᠳᠦᠨ ᠪᠠᠢᠭᠤᠯᠬᠤ ᠠᠵᠢᠯ ᠯᠠᠪᠳᠠᠭᠤᠨ᠎ᠢᠶᠠᠷ ᠠᠬᠢᠪᠠ᠃ ᠳᠠᠯᠠᠨ ᠬᠠᠷ᠎ᠠ ᠠᠭᠤᠯᠠ᠂ ᠣᠷᠳᠣᠰ ᠲᠡᠬᠢ ᠬᠣᠶᠠᠷ ᠥᠪᠥᠷ ᠮᠣᠩᠭᠣᠯ᠎ᠤᠨ ᠲᠤᠷᠱᠢᠯᠲᠠ᠎ᠶ᠋ᠢᠨ ᠲᠠᠰᠤᠭ 《ᠰᠠᠭᠤᠷᠢ ᠰᠤᠳᠤᠯᠭᠠᠨ — ᠮᠡᠷᠭᠡᠵᠢᠯ ᠤ᠋ᠨ ᠰᠤᠳᠤᠯᠤᠨ ᠨᠡᠭᠡᠭᠡᠯᠳᠡ — ᠤᠨᠳᠤᠤᠰᠢᠭᠤᠯᠤᠨ ᠬᠡᠷᠡᠭᠯᠡᠬᠦ — ᠦᠶ᠋ᠯᠡᠳᠪᠦᠷᠢᠯᠡᠯ ᠡᠵᠡᠩᠨᠡᠯᠲᠡ》 ᠵᠢᠨ ᠬᠡᠯᠬᠢᠶ᠎ᠡ᠎ᠶ᠋ᠢ ᠪᠥᠬᠥ᠌ ᠲᠠᠯ᠎ᠠ᠎ᠪᠠᠷ ᠨᠡᠪᠲᠡᠷᠡᠭᠦᠯᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠯ ᠤ᠋ᠨ ᠥᠭᠡᠷᠡᠴᠢᠯᠡᠯᠲᠡ᠎ᠳ᠋ᠤ ᠱᠢᠨ᠎ᠡ ᠵᠠᠮ ᠨᠡᠭᠡᠭᠡᠵᠤ᠂ ᠥᠯᠢᠭᠡᠷ ᠳᠠᠭᠤᠷᠢᠶᠠᠯ ᠪᠣᠯᠪᠠ᠃
2024 ᠣᠨ᠎ᠳᠤ᠂ ᠥᠪᠥᠷ ᠮᠣᠩᠭᠣᠯ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠠᠯ᠎ᠠ᠎ᠪᠠᠷ ᠬᠦᠴᠤ ᠤᠷᠤᠭᠤᠯᠪᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ᠎ᠤᠨ《ᠬᠣᠶᠠᠷ᠎ᠢ ᠳᠠᠬᠢᠨ᠎ᠢᠶᠠᠷ ᠨᠡᠮᠡᠭ᠌ᠳᠡᠭᠦᠯᠵᠦ᠍ ᠬᠣᠶᠠᠷ᠎ᠢ ᠳᠡᠭᠡᠭ᠌ᠰᠢᠯᠡᠭᠦᠯᠬᠦ᠌》ᠪᠠ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ᠎ᠤᠨ ᠠᠵᠢᠯᠯᠠᠭ᠎ᠠ ᠢᠯᠡᠷᠬᠡᠢ ᠦᠷ᠎ᠡ ᠪᠦᠲᠦᠮᠵᠢ ᠤᠯᠪᠠ᠃ ᠪᠥᠬᠥ᠌ ᠣᠷᠣᠨ᠎ᠤ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ ᠲᠣᠰ ᠲᠣᠰ 2000᠂ 3000 ᠵᠢ ᠳᠠᠪᠠᠪᠠ᠃ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ R&D ᠠᠵᠢᠯᠯᠠᠭ᠎ᠠ᠎ᠶ᠋ᠢᠨ ᠡᠵᠡᠯᠡᠬᠦ᠌ ᠬᠠᠷᠢᠴᠠᠯ᠎ᠢ ᠪᠥᠬᠥ᠌ ᠤᠯᠤᠰ᠎ᠤᠨ ᠳᠤᠮᠳᠠ ᠲᠦᠪᠰᠢᠨ᠎ᠳᠦ ᠬᠦᠷᠭᠡᠪᠡ᠃
2024 ᠣᠨ᠎ᠳᠤ᠂ 《ᠮᠸᠩ ᠺᠸ ᠵᠢᠦᠢ》 ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠪᠴᠠᠩ ᠨᠢ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠤᠨ ᠴᠤᠬᠯᠠᠷᠠᠯ᠂ ᠨᠡᠢᠯᠡᠯᠲᠡᠶ᠋ᠢᠨ ᠦᠶ᠋ᠯᠡᠳᠦᠯ᠎ᠢ ᠦᠷᠭᠦᠯᠵᠢᠯᠡᠨ ᠥᠷᠭᠡᠳᠭᠡᠵᠦ᠍᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠵᠠᠩ ᠾᠧ ᠫᠢᠩ᠎ᠦᠨ ᠪᠦᠯᠬᠦᠮ 2000 ᠲᠦᠮᠡᠨ ᠲᠥᠭᠥᠷᠢᠭ᠎ᠦᠨ 《ᠴᠢᠳᠠᠮᠵᠢᠲᠤ ᠴᠢᠨᠠᠷᠲᠠᠶ ᠰᠦᠨ ᠬᠦᠴᠢᠯ᠎ᠦᠨ ᠪᠠᠺᠲ᠋ᠧᠷᠢ᠎ᠶ᠋ᠢᠨ ᠰᠠᠭᠤᠷᠢ》 ᠵᠢᠨ ᠲᠦᠷᠦᠯ ᠵᠦᠢᠯ᠎ᠢ ᠱᠢᠯᠵᠢᠭᠦᠯᠦᠨ ᠥᠭ᠌ᠬᠦ ᠭᠡᠷ᠎ᠡ ᠲᠣᠭ᠍ᠲᠠᠵᠤ᠂ ᠵᠣᠭᠣᠰᠪᠤᠯᠭᠠᠨ ᠬᠤᠪᠢᠷᠠᠭᠤᠯᠤᠬᠰᠠᠨ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠬᠠᠮᠤᠭ᠎ᠤᠨ ᠥᠨᠳᠥᠷ ᠲᠡᠮᠳᠡᠭ᠌ᠯᠡᠯ᠎ᠢ ᠡᠭᠦᠳᠪᠡ᠃ ᠥᠪᠥᠷ ᠮᠣᠩᠭᠣᠯ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠯᠣ᠌ ᠵᠠᠨ ᠶᠤᠸᠠᠨ᠎ᠤ ᠪᠦᠯᠬᠦᠮ 5 ᠡᠳᠦᠷ᠎ᠲᠦ 300 ᠲᠦᠮᠡᠨ ᠲᠥᠭᠥᠷᠢᠭ᠎ᠦᠨ ᠰᠦᠯᠵᠢᠶᠡᠨ ᠳᠡᠭᠡᠷᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠠᠷᠠᠯᠵᠢᠶ᠎ᠠ᠎ᠶ᠋ᠢ ᠪᠡᠶᠡᠯᠡᠭᠦᠯᠪᠡ᠃ 《ᠮᠧᠩ ᠺᠧ ᠵᠢᠦᠢ》 ᠶ᠋ᠢᠨ ᠬᠦᠳᠦᠯᠦᠨ ᠳᠠᠭᠠᠭᠤᠯᠭ᠎ᠠ ᠳᠤᠤᠷ᠎ᠠ᠂ 2024 ᠣᠨ᠎ᠤ ᠪᠥᠬᠥ᠌ ᠣᠷᠣᠨ᠎ᠤ ᠮᠡᠷᠭᠡᠵᠢᠯ᠎ᠦᠨ ᠭᠡᠷ᠎ᠡ᠎ᠶ᠋ᠢ ᠳᠠᠩᠰᠠᠯᠠᠭ᠍ᠰᠠᠨ ᠬᠡᠮᠵᠢᠶ᠎ᠡ᠂ ᠠᠷᠠᠯᠵᠢᠶ᠎ᠠ ᠪᠦᠲᠦᠭ᠌ᠰᠡᠨ ᠬᠡᠮᠵᠢᠶ᠎ᠡ᠎ᠨᠢ ᠲᠡᠭᠡᠷ᠎ᠠ ᠵᠢᠯ ᠤ᠋ᠨ ᠬᠢ ᠡᠴᠡ ᠪᠠᠨ ᠲᠣᠰ ᠲᠣᠰ 8.7% ᠪᠠ 33.6% ᠪᠠᠷ ᠨᠡᠮᠡᠭ᠌ᠳᠡᠵᠦ᠍᠂ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠬᠦᠳᠴᠤ᠂ ᠭᠠᠵᠠᠷ ᠣᠷᠣᠨ᠎ᠤ ᠬᠥᠭ᠌ᠵᠢᠯᠲᠡ᠎ᠳᠦ ᠰᠦᠷ ᠳᠠᠯᠠᠢᠴᠠᠲᠠᠶ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃
ᠡᠨᠡ ᠨᠢᠭᠡ ᠵᠢᠯ᠎ᠳᠦ᠂ ᠲᠣᠭ᠍ᠲᠠᠴᠠ ᠵᠢ ᠪᠠᠢᠭᠤᠯᠵᠤ᠂ ᠲᠠᠪᠴᠠᠩ ᠪᠠᠢᠭᠤᠯᠵᠤ᠂ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠥᠭ᠌ᠵᠢᠯᠲᠡ᠎ᠶ᠋ᠢ ᠠᠬᠢᠭᠤᠯᠤᠨ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠲᠦᠷᠭᠡᠳᠬᠡᠨ ᠬᠤᠷᠠᠮᠳᠤᠭᠤᠯᠵᠤ᠂ ᠱᠢᠨ᠎ᠡ᠎ᠶ᠋ᠢ ᠡᠭᠦᠳᠬᠦ᠌ ᠢᠳᠡ ᠬᠦᠴᠦᠨ ᠨᠡᠩ ᠭᠦᠢᠴᠡᠳ᠂ ᠱᠢᠨ᠎ᠡ᠎ᠶ᠋ᠢ ᠡᠭᠦᠳᠬᠦ᠌ 《ᠰᠤᠳᠤᠯᠭᠠᠨ》 ᠤ᠋ ᠠᠭᠤᠯᠤᠬᠳᠠᠴᠠ ᠨᠡᠩ ᠥᠨᠳᠥᠷ᠂ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠬᠦᠴᠦᠨ ᠨᠡᠩ ᠬᠦᠴᠦᠷᠬᠡᠭ᠂ ᠱᠢᠨ᠎ᠡ᠎ᠶ᠋ᠢ ᠡᠭᠦᠳᠬᠦ᠌ ᠠᠮᠢ ᠠᠬᠤᠢ ᠨᠡᠩ ᠱᠢᠯᠢᠳᠡᠭ ᠪᠤᠯᠵᠤ᠂ ᠥᠪᠥᠷ ᠮᠣᠩᠭᠣᠯ᠎ᠤᠨ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠭᠤᠷ ᠠᠮᠢᠰᠭᠤᠯ ᠨᠡᠩ ᠥᠳᠭᠡᠨ ᠪᠣᠯᠪᠠ᠃
ᠡᠨᠡ ᠨᠢᠭᠡ ᠵᠢᠯ᠎ᠳᠦ᠂ ᠥᠪᠥᠷ ᠮᠣᠩᠭᠣᠯ 36 ᠵᠦᠶ᠋ᠯ᠎ᠦᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ《ᠪᠦᠰᠡᠯᠡᠯᠲᠡ ᠱᠢᠪᠲᠤᠯᠬᠤ》 ᠢᠨᠵᠧᠨᠧᠷᠢᠩ᠎ᠦᠨ ᠴᠢᠬᠤᠯᠠ ᠶᠡᠬᠡ ᠪᠣᠭᠣᠮᠲᠠ ᠱᠢᠪᠲᠤᠯᠬᠤ ᠡᠭᠦᠷᠭᠡ᠎ᠶ᠋ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠶᠡᠷᠦᠩᠬᠡᠶ ᠪᠠᠯᠠ ᠣᠷᠣᠭᠤᠯᠤᠯᠲᠠ 28.17 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠭᠡ ᠪᠦᠯᠦᠭ ᠬᠣᠭᠣᠰᠣᠨ᠎ᠢ ᠨᠥᠬᠥᠪᠥᠷᠢᠯᠡᠬᠦ᠌ ᠱᠢᠨ᠎ᠡ ᠮᠡᠷᠭᠡᠵᠢᠯ᠂ ᠱᠢᠨ᠎ᠡ ᠦᠶ᠋ᠯᠡᠳᠬᠦᠨ᠂ ᠱᠢᠨ᠎ᠡ ᠦᠶ᠋ᠯᠡᠳᠪᠦᠷᠢᠯᠡᠯ᠎ᠦᠨ ᠱᠤᠭᠤᠮ᠎ᠢ ᠡᠬᠦᠳᠦᠨ ᠨᠡᠬᠡᠬᠡᠪᠡ᠃ ᠪᠦᠬᠦ᠌ ᠪᠥᠮᠪᠥᠷᠴᠡᠭ᠎ᠦᠨ ᠬᠡᠪᠴᠢᠶ᠎ᠡ ᠪᠡᠷ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠬᠣᠪᠣᠷ ᠱᠢᠷᠣᠶ᠎ᠶ᠋ᠢᠨ ᠲᠡᠮᠦᠷᠯᠢᠭ ᠬᠠᠢᠯᠤᠭᠤᠯᠤᠨ ᠰᠠᠯᠭᠠᠬᠤ ᠲᠥᠷᠥᠯ ᠵᠦᠶ᠋ᠯ ᠪᠤᠭᠤᠲᠤ ᠬᠣᠲᠠ᠎ᠳᠤ ᠠᠱᠢᠭ᠍ᠯᠠᠯᠲᠠ᠎ᠳᠤ ᠣᠷᠣᠪᠠ᠂ ᠪᠥᠬᠥ᠌ ᠪᠥᠮᠪᠥᠷᠴᠡᠭ᠎ᠦᠨ ᠲᠠᠩ ᠲᠠᠪᠬᠤᠷᠭ᠎ᠠ᠎ᠳᠤ ᠦᠢᠯᠡᠳᠪᠦᠷᠢ᠎ᠶ᠋ᠢᠨ ᠬᠡᠪᠴᠢᠶ᠎ᠡ᠎ᠪᠡᠷ ᠬᠠᠮᠤᠭ᠎ᠤᠨ ᠶᠡᠬᠡ ᠨᠡᠭᠦᠷᠡᠰᠦ᠎ᠪᠡᠷ ᠠᠯᠺᠧᠨ ᠦᠶ᠋ᠯᠡᠳᠬᠦ᠌ ᠲᠥᠷᠥᠯ ᠵᠦᠶ᠋ᠯ ᠣᠷᠳᠣᠰ᠎ᠲᠤ ᠠᠱᠢᠭ᠍ᠯᠠᠯᠲᠠ᠎ᠳᠤ ᠣᠷᠣᠪᠠ᠂ ᠤᠯᠠᠭᠠᠨᠬᠠᠳᠠ ᠬᠣᠲᠠ᠎ᠶ᠋ᠢᠨ ᠭᠠᠵᠠᠷ ᠱᠢᠨᠵᠢᠯᠡᠭᠡᠨ᠎ᠦ ᠬᠠᠢᠨ ᠱᠢᠨᠵᠢᠯᠡᠬᠦ᠌ ᠨᠢᠭᠡᠴᠢ ᠦᠷᠡᠨᠦ ᠠᠭᠤᠷᠬᠠᠢ ᠡᠷᠢᠬᠦ᠌ ᠬᠦᠷᠢᠶᠡᠨ᠎ᠳᠦ ᠴᠢᠬᠤᠯᠠ ᠶᠡᠬᠡ ᠱᠢᠪᠲᠤᠯᠤᠯᠲᠠ ᠭᠠᠷᠭᠠᠪᠠ᠂ ᠰᠦᠨ ᠲᠡᠮᠦᠷ ᠠᠭᠤᠯᠤᠭᠰᠠᠨᠤᠭᠤᠷᠠᠭᠢ ᠬᠠᠨᠳᠤᠯᠭ᠎ᠠ ᠲᠠᠢ ᠪᠡᠷ ᠭᠠᠷᠭᠠᠨ ᠠᠪᠴᠤ᠌ ᠬᠠᠮᠠᠭᠠᠯᠠᠬᠤ ᠮᠡᠷᠭᠡᠵᠢᠯ ᠪᠥᠬᠥ᠌ ᠳᠡᠯᠡᠬᠡᠶ᠎ᠶ᠋ᠢᠨ ᠰᠦ᠎ᠵᠢᠨ ᠦᠶ᠋ᠯᠡᠰ᠎ᠦᠨ ᠬᠠᠮᠤᠭ᠎ᠤᠨ ᠳᠡᠭᠡᠳᠦ ᠱᠠᠩᠨᠠᠯ᠎ᠢ ᠭᠥᠷᠳᠡᠪᠡ᠂ ᠮᠠᠨ᠎ᠤ ᠣᠷᠣᠨ ᠳᠡᠯᠡᠬᠡᠶ ᠳᠡᠭᠡᠷ᠎ᠡ ᠬᠠᠮᠤᠭ᠎ᠤᠨ ᠲᠡᠷᠢᠭᠦᠨ᠎ᠳᠦ ᠬᠣᠨᠢᠨ᠎ᠤ ᠭᠧᠨ᠎ᠦ ᠬᠥᠮᠥᠷᠭᠡ᠎ᠶ᠋ᠢᠨ ᠲᠣᠭᠠᠴᠢᠯᠠᠯᠲᠠ᠎ᠶ᠋ᠢ ᠪᠡᠶᠡᠯᠡᠭᠦᠯᠪᠡ᠂ ᠲᠣᠮᠣ ᠬᠡᠯᠪᠡᠷᠢ᠎ᠶ᠋ᠢᠨ ᠳᠦᠷᠰᠦ ᠬᠤᠪᠢᠷᠠᠬᠤ᠎ᠳᠤ ᠪᠡᠷᠬᠡ ᠲᠡᠮᠦᠷᠯᠢᠭ ᠬᠡᠷᠡᠭ᠌ᠰᠡᠯ᠎ᠦᠨ ᠬᠦᠨᠳᠦ ᠬᠡᠯᠪᠡᠷᠢ᠎ᠶ᠋ᠢᠨ ᠱᠢᠬᠠᠨ ᠬᠡᠪᠱᠢᠭᠦᠯᠬᠦ᠌ ᠦᠶ᠋ᠯᠡᠳᠬᠦ᠌ ᠵᠠᠩᠭᠢᠯᠠᠭ᠎ᠠ᠎ᠶ᠋ᠢᠨ ᠮᠡᠷᠭᠡᠵᠢᠯ ᠴᠢᠬᠤᠯᠠ ᠶᠡᠬᠡ ᠱᠢᠪᠲᠤᠯᠤᠯᠲᠠ᠎ᠲᠠᠶ ᠪᠣᠯᠪᠠ ᠁ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯ ᠦᠯᠡᠮᠵᠢ ᠦᠷ᠎ᠡ ᠪᠦᠲᠦᠭᠡᠯ ᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠢᠨᠵᠧᠨᠧᠷᠢᠩ᠎ᠦᠨ ᠬᠢᠯᠠᠰ ᠴᠡᠭ ᠲᠠᠰᠤᠷᠠᠯᠳᠠ ᠦᠬᠡᠢ ᠢᠯᠡᠷᠡᠵᠦ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠢ ᠲᠦᠷᠭᠡᠨ ᠬᠦᠭᠵᠢᠯᠳᠠ ᠵᠢᠨ ᠵᠠᠮ᠎ᠳᠤ ᠬᠥᠲᠥᠯᠥᠨ ᠣᠷᠣᠭᠤᠯᠪᠠ᠃ ᠥᠪᠥᠷ ᠮᠣᠩᠭᠣᠯ᠎ᠤᠨ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠶᠡᠷᠦᠩᠬᠡᠢᠯᠡᠭ᠌ᠰᠡᠨ ᠴᠢᠳᠠᠪᠤᠷᠢ ᠪᠥᠬᠥ᠌ ᠤᠯᠤᠰ᠎ᠤᠨ ᠨᠡᠷᠡᠰ᠎ᠤᠨ ᠵᠢᠭᠰᠠᠭᠠᠯᠲᠠ᠎ᠳᠦ 4 ᠨᠡᠷᠡᠰ ᠡᠮᠦᠨᠡᠰᠢᠯᠡᠵᠤ᠂ 24 ᠳ᠋ᠤᠭᠡᠷ᠎ᠲᠦ ᠤᠷᠤᠵᠤ᠂ ᠪᠥᠬᠥ᠌ ᠨᠡᠢᠭᠡᠮ᠎ᠦᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ ᠪᠥᠬᠥ᠌ ᠤᠯᠤᠰ᠎ᠲᠤ 22 ᠳ᠋ᠤᠭᠠᠷ᠎ᠲᠤ ᠤᠷᠤᠪᠠ;2 ᠵᠦᠶ᠋ᠯ᠎ᠦᠨ ᠦᠷ᠎ᠡ ᠪᠦᠲᠦᠭᠡᠯ᠎ᠨᠢ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠪᠱᠢᠯᠲᠠ᠎ᠶ᠋ᠢᠨ ᠬᠣᠶᠠᠳᠤᠭᠠᠷ ᠳᠡᠰ᠎ᠤᠨ ᠱᠠᠩᠨᠠᠯ᠎ᠢ ᠭᠥᠷᠳᠡᠵᠦ᠍᠂ 8 ᠵᠢᠯ᠎ᠦᠨ ᠲᠤᠷᠰᠢ 《ᠲᠡᠭ》 ᠪᠠᠢᠭ᠍ᠰᠠᠭᠠᠷ ᠢᠷᠡᠭᠰᠡᠨ ᠪᠠᠢᠳᠠᠯ᠎ᠢ ᠬᠤᠪᠢᠷᠠᠭᠤᠯᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠡᠷᠡᠯᠬᠡᠭ᠌ᠯᠡᠨ ᠤᠷᠤᠭ᠍ᠰᠢᠯᠠᠬᠤ ᠢᠳᠡᠷᠡᠭᠦᠨ ᠠᠯᠬᠤᠭ᠎ᠠ᠎ᠶ᠋ᠢ ᠠᠯᠬᠤᠪᠠ᠃
ᠤᠮᠠᠷᠠᠲᠤ ᠬᠢᠯᠢ᠎ᠶ᠋ᠢᠨ ᠡᠬᠡ ᠭᠠᠵᠠᠷ᠎ᠢ ᠪᠠᠷᠠᠯᠠᠬᠤᠶ᠎ᠠ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠨ᠎ᠠ᠃ ᠥᠪᠥᠷ ᠮᠣᠩᠭᠣᠯ ᠶᠠᠭ ᠴᠤᠴᠠᠯᠲᠠ ᠦᠭᠡᠢ ᠤᠷᠤᠭ᠍ᠰᠢᠯᠠᠨ ᠬᠦᠬᠡᠬᠡᠵᠤ ᠬᠦᠢᠴᠡᠨ ᠳᠠᠪᠠᠵᠤ᠂ ᠱᠢᠨ᠎ᠡ ᠠᠶᠠᠨ᠎ᠳ᠋ᠤ ᠳᠠᠪᠠᠯᠭᠠᠨ᠎ᠢ ᠵᠦᠰᠦᠨ ᠤᠷᠤᠭ᠍ᠰᠢᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃