2025-01-12 12:07:58
— 2024 ᠣᠨ ᠤ᠋ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠠᠵᠢᠯ᠎ᠤᠨ ᠡᠷᠭᠢᠴᠡᠭᠦᠯᠦᠯ
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠭᠣᠣᠯ ᠴᠣᠭ᠍ᠴᠠ ᠪᠣᠯ ᠲᠥᠯᠥᠭᠡᠯᠡᠭ᠌ᠴᠢ ᠮᠥᠨ᠂ ᠰᠠᠭᠤᠷᠢ ᠨᠢ ᠲᠥᠯᠥᠭᠡᠯᠡᠭ᠌ᠴᠢ᠎ᠳᠦ ᠪᠤᠢ᠂ ᠠᠮᠢᠵᠢᠷᠠᠯ᠎ᠤᠨ ᠬᠦᠴᠦᠨ ᠨᠢ ᠲᠥᠯᠥᠭᠡᠯᠡᠭ᠌ᠴᠢ ᠳ᠋ᠤ ᠲᠦᠰᠢᠭᠯᠡᠨ᠎ᠠ᠃
ᠰᠠᠨᠠᠯ ᠰᠠᠨᠠᠭᠤᠯᠭ᠎ᠠ ᠨᠢᠬᠡᠪᠦᠷᠢ᠂ ᠤᠳᠠᠭ᠎ᠠ ᠪᠦᠷᠢ ᠵᠢᠨ ᠪᠠᠢᠴᠠᠭᠠᠨ ᠰᠤᠳᠤᠯᠤᠯᠲᠠ ᠪᠠ ᠪᠠᠢᠴᠠᠭᠠᠠ ᠦᠵᠡᠬᠦ᠂ ᠲᠥᠯᠥᠭᠡᠯᠡᠭ᠌ᠴᠢᠳ᠎ᠦᠨ ᠠᠵᠢᠯᠯᠠᠭ᠎ᠠ ᠨᠢᠬᠡᠪᠦᠷᠢ ᠁ ᠡᠳᠡᠭᠡᠷ ᠪᠦᠬᠦᠨ ᠨᠢ ᠠᠷᠠᠳ᠎ᠤᠨ ᠲᠥᠯᠥᠭᠡᠯᠡᠭ᠌ᠴᠢᠳ᠎ᠦᠨ ᠠᠷᠠᠳ ᠲᠦᠮᠡᠨ᠎ᠤ ᠲᠥᠯᠥᠭᠡ ᠭᠡᠬᠦ᠌ ᠣᠭ ᠰᠠᠨᠠᠭ᠎ᠠ ᠵᠢ ᠢᠯᠡᠷᠡᠬᠦᠯᠵᠦ᠍ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠵᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ 《ᠬᠠᠮ ᠠᠷᠭ᠎ᠠ ᠬᠡᠮᠵᠢᠶ᠎ᠠ》ᠵᠢ ᠬᠦᠴᠦᠯᠡᠨ ᠰᠠᠢᠲᠤᠷ ᠬᠡᠷᠡᠭ᠌ᠵᠢᠭᠦᠯᠵᠦ᠍᠂ 《ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠵᠠᠮ》 ᠢ᠋ ᠥᠷᠭᠡᠳᠭᠡᠵᠦ᠍᠂ 《ᠰᠡᠳᠭᠢᠯ ᠵᠢᠷᠦᠬᠡ ᠪᠠᠨ ᠬᠣᠯᠪᠣᠬᠤ ᠬᠥᠭᠥᠷᠭᠡ》 ᠵᠢ ᠪᠤᠰᠭᠠᠵᠤ᠂ ᠲᠥᠯᠥᠭᠡᠯᠡᠭ᠌ᠴᠢᠳ᠎ᠦᠨ ᠡᠭᠦᠷᠭᠡ ᠲᠤᠱᠢᠶᠠᠯ᠎ᠢᠶᠠᠨ ᠪᠠᠢᠩᠭᠤ ᠭᠦᠢᠴᠡᠳᠭᠡᠬᠦ᠌᠎ᠶ᠋ᠢ ᠳᠡᠮᠵᠢᠨ ᠪᠠᠲᠤᠯᠠᠵᠤ᠂ ᠲᠥᠯᠥᠭᠡᠯᠡᠭ᠌ᠴᠢᠳ᠎ᠦᠨ ᠠᠵᠢᠯ ᠱᠢᠨ᠎ᠡ ᠦᠷ᠎ᠡ ᠪᠦᠲᠦᠮᠵᠢ ᠣᠯᠵᠤ᠂ ᠱᠢᠨ᠎ᠡ ᠳᠦᠷᠰᠦ ᠪᠠᠢᠳᠠᠯ ᠢᠯᠡᠷᠡᠪᠡ᠃
2024 ᠣᠨ᠎ᠳᠤ ᠥᠪᠡᠷᠲᠡᠭᠡᠨ ᠵᠠᠰᠠᠬᠤ ᠣᠷᠣᠨ᠎ᠡᠴᠡ ᠪᠥᠬᠥ᠌ ᠣᠷᠣᠨ᠎ᠤ ᠵᠡᠮᠳᠡᠭ᠌ᠴᠦᠳ ᠲᠤ᠌ ᠦᠭᠬᠦ 《ᠬᠣᠶᠠᠷ ᠵᠦᠶ᠋ᠯ᠎ᠦᠨ ᠨᠥᠬᠥᠪᠥᠷᠢ》᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠴᠥᠮ ᠰᠠᠷ᠎ᠠ ᠪᠦᠷᠢ 100 ᠲᠥᠭᠥᠷᠢᠭ ᠪᠠᠢᠭ᠍ᠰᠠᠨ᠎ᠡᠴᠡ 125 ᠲᠥᠭᠥᠷᠢᠭ ᠪᠣᠯᠭᠠᠨ ᠳᠡᠭᠡᠭ᠌ᠰᠢᠯᠡᠭᠦᠯᠪᠡ; ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠭᠠᠢᠯᠢ᠎ᠶ᠋ᠢ ᠬᠠᠰᠤᠵᠤ ᠬᠡᠯᠲᠦᠷᠢᠭᠦᠯᠬᠦ᠌᠂ ᠦᠢᠯᠡᠰ ᠪᠣᠰᠭᠠᠬᠤ ᠨᠥᠬᠥᠪᠥᠷᠢ᠂ ᠪᠠᠳᠤᠯᠠᠭᠠᠳᠤ ᠵᠢᠭᠡᠯᠡᠯᠭᠡ᠂ ᠵᠡᠮᠳᠡᠭ᠌ᠴᠦᠳ᠎ᠤᠨ ᠬᠦᠮᠦᠨ᠎ᠤ ᠬᠠᠷᠢᠴᠠᠯ᠎ᠢᠶᠠᠷ ᠠᠵᠢᠯ ᠣᠯᠭᠣᠬᠤ ᠵᠡᠷᠭᠡ ᠣᠯᠠᠨ ᠵᠦᠢᠯ᠎ᠦᠨ ᠠᠷᠭ᠎ᠠ ᠬᠡᠮᠵᠢᠶ᠎ᠡ᠎ᠪᠡᠷ ᠳᠠᠮᠵᠢᠨ ᠵᠡᠮᠳᠡᠭ᠌ᠴᠦᠳ᠎ᠦᠨ ᠠᠵᠢᠯ ᠣᠯᠵᠤ ᠦᠢᠯᠡᠰ ᠪᠣᠰᠭᠠᠬᠤ ᠲᠦᠪᠰᠢᠨ ᠢ᠋ ᠳᠡᠭᠡᠭ᠌ᠰᠢᠯᠡᠭᠦᠯᠪᠡ; ᠨᠠᠢᠳᠠᠨ ᠠᠰᠠᠷᠠᠭᠤᠯᠬᠤ ᠦᠶ᠋ᠯᠡᠴᠢᠯᠡᠭᠡ ᠬᠠᠩᠭᠠᠵᠤ᠂ ᠵᠡᠮᠳᠡᠭ ᠬᠡᠦᠬᠡᠳ᠎ᠢ ᠡᠷᠡᠭᠦᠯᠵᠢᠭᠦᠯᠵᠦ᠍ ᠡᠮᠨᠡᠨ ᠵᠠᠰᠠᠬᠤ᠎ᠳᠤ ᠡᠪᠡᠳᠴᠢᠳᠠᠨ᠎ᠤ ᠣᠷᠣ ᠳ᠋ᠤ ᠡᠳᠦᠷ᠎ᠢᠶᠡᠷ ᠰᠦᠢᠳᠭᠡᠯ ᠲᠤᠱᠢᠶᠠᠬᠤ᠎ᠶ᠋ᠢ ᠬᠡᠷᠡᠭ᠌ᠵᠢᠭᠦᠯᠦᠨ᠂ ᠵᠡᠮᠳᠡᠭ᠌ᠴᠦᠳ᠎ᠦᠨ ᠪᠠᠲᠤᠯᠠᠭ᠎ᠠ᠎ᠶ᠋ᠢᠨ ᠲᠦᠪᠰᠢᠨ ᠢ᠋ ᠳᠡᠭᠡᠭ᠌ᠰᠢᠯᠡᠭᠦᠯᠪᠠ᠃ ᠡᠨᠡ ᠬᠦ᠌ ᠮᠡᠳᠡᠭᠡ᠎ᠶ᠋ᠢ ᠰᠤᠨᠤᠰᠤᠬᠰᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ ᠢᠦᠶ ᡁᠢ ᠬᠣᠶ᠄ 《ᠮᠢᠨᠦ᠍ ᠬᠠᠷᠢᠭᠤᠴᠠᠵᠤ ᠪᠠᠢᠭ᠎ᠠ ᠳᠡᠭᠡᠷ᠎ᠠ ᠰᠠᠨ ᠴᠢ ᠳ᠋ᠢ ᠲᠣᠰᠭᠣᠨ᠎ᠤ ᠬᠤᠸᠠᠷ ᠴᠡᠴᠡᠭ ᠤ᠋ᠨ ᠠᠵᠤ ᠦᠶ᠋ᠯᠡᠰ᠎ᠦᠨ ᠰᠠᠭᠤᠷᠢᠨ ᠳ᠋ᠤ ᠠᠵᠢᠯᠴᠢᠨ ᠡᠯᠰᠡᠬᠦ᠌ ᠦᠶ᠎ᠡ᠎ᠳᠦ ᠦᠷᠭᠦᠯᠵᠢ ᠵᠡᠮᠳᠡᠭ᠌ᠴᠦᠳ ᠲᠠᠢ ᠲᠣᠬᠢᠶᠠᠯᠳᠤᠳᠠᠭ ᠪᠣᠯᠬᠣᠷ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠡᠷᠴᠢᠮ᠎ᠢ ᠴᠢᠩᠭᠠᠷᠠᠭᠤᠯᠬᠤ ᠲᠤᠬᠠᠶ ᠰᠠᠨᠠᠭᠤᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠱᠢᠶ᠋ᠳᠪᠦᠷᠢᠯᠡᠭᠦᠯᠬᠦ᠌᠎ᠪᠡᠷ ᠲᠤᠱᠢᠶᠠᠭ᠍ᠰᠠᠨ᠎ᠤ ᠳᠠᠷᠠᠭ᠎ᠠ ᠡᠢᠮᠦ᠍ ᠲᠦᠷᠭᠡᠨ ᠱᠢᠶ᠋ᠳᠪᠦᠷᠢᠯᠡᠵᠦ᠍ ᠨᠠᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ᠎ᠡᠴᠡ ᠣᠨᠴᠠᠭᠠᠢ ᠬᠥᠮᠦᠰ᠎ᠢ ᠬᠠᠯᠠᠮᠵᠢᠯᠠᠨ ᠬᠠᠢᠷᠠᠯᠠᠵᠤ ᠪᠠᠢᠬᠤ ᠨᠢ ᠬᠥᠮᠦᠰ᠎ᠦᠨ ᠰᠡᠳᠭᠢᠯ᠎ᠢ ᠳᠤᠯᠠᠭᠠᠴᠡᠭᠤᠯᠤᠨᠠ᠃ ᠡᠨᠡ ᠪᠣᠯ ᠲᠥᠯᠥᠭᠡᠯᠡᠭ᠌ᠴᠢᠳ᠎ᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠤ ᠪᠠᠢᠬᠤ ᠵᠢ ᠭᠦᠢᠴᠡᠳ ᠨᠤᠲᠠᠯᠠᠭ᠍ᠰᠠᠨ ᠶᠠᠪᠤᠳᠠᠯ ᠮᠥᠨ᠂ ᠪᠠᠰᠠ ᠴᠤ᠌ ᠦᠨᠳᠦᠰᠦᠨ ᠱᠠᠲᠤᠨ᠎ᠤ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠠᠩᠬᠠᠷᠤᠨ ᠴᠢᠬᠤᠯᠠᠴᠢᠯᠠᠵᠤ ᠪᠠᠢᠭ᠎ᠠ ᠶᠠᠪᠤᠳᠠᠯ ᠮᠥᠨ! 》 ᠭᠡᠵᠤ ᠪᠠᠶᠠᠷᠯᠠᠨ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠦᠷ᠎ᠡ ᠳ᠋ᠦᠩ᠎ᠢ ᠴᠢᠬᠤᠯᠠᠴᠢᠯᠠᠬᠤ ᠪᠦᠭᠡᠳ ᠶᠠᠪᠤᠴᠠ᠎ᠶ᠋ᠢ ᠴᠤ᠌ ᠴᠢᠬᠤᠯᠠᠴᠢᠯᠠᠵᠤ᠂ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠶᠠᠳᠤᠭᠠᠷ ᠬᠤᠷᠠᠯ᠎ᠤᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ 9 ᠬᠤᠪᠢ ᠰᠠᠨᠠᠯ ᠵᠥᠪᠯᠡᠯᠭᠡ᠂ 728 ᠬᠤᠪᠢ ᠰᠠᠨᠠᠭᠤᠯᠭ᠎ᠠ ᠳᠤᠷᠠᠳᠴᠤ᠌᠂ ᠲᠤᠷᠠᠳᠤᠬᠰᠠᠨ ᠰᠠᠨᠠᠭᠤᠯᠭ᠎ᠠ᠎ᠶ᠋ᠢᠨ ᠲᠣᠭ᠎ᠠ ᠬᠡᠮᠵᠢᠶ᠎ᠡ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠤ ᠲᠥᠯᠥᠭᠡᠯᠡᠭ᠌ᠴᠢᠳ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠲᠠᠪᠴᠠᠩ᠎ᠢᠶᠠᠷ ᠳᠠᠮᠵᠢᠨ 12 ᠬᠤᠪᠢ ᠰᠠᠨᠠᠭᠤᠯᠭ᠎ᠠ ᠳᠤᠷᠠᠳᠴᠤ᠌᠂ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ᠎ᠢᠶᠠᠷ ᠳᠠᠮᠵᠢᠨ 72 ᠬᠤᠪᠢ ᠰᠠᠨᠠᠭᠤᠯᠭ᠎ᠠ ᠳᠤᠷᠠᠳᠴᠤ᠌᠂ ᠪᠣᠶ ᠪᠥᠬᠥᠶ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠴᠥᠮ ᠴᠠᠭ ᠲᠤᠬᠠᠶ᠎ᠳᠤᠨᠢ ᠬᠤᠯᠪᠤᠬᠳᠠᠯ ᠪᠥᠬᠥᠶ ᠨᠢᠭᠡᠴᠢ᠎ᠳᠦ ᠱᠢᠯᠵᠢᠭᠦᠯᠦᠨ ᠲᠤᠱᠢᠶᠠᠵᠤ ᠰᠤᠳᠤᠯᠤᠨ ᠱᠢᠶ᠋ᠳᠪᠦᠷᠢᠯᠡᠭᠦᠯᠬᠦ᠌᠎ᠶ᠋ᠢᠨ ᠵᠡᠷᠭᠡ ᠪᠡᠷ ᠲᠥᠯᠥᠭᠡᠯᠡᠭ᠌ᠴᠢᠳ᠎ᠲᠦ ᠴᠠᠭ ᠲᠤᠬᠠᠶ᠎ᠳᠤᠨᠢ ᠬᠠᠷᠢᠭᠤᠯᠲᠠ ᠥᠭ᠌ᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠢ ᠠᠷᠠᠳ ᠤᠯᠠᠨ᠎ᠤ ᠪᠠᠴᠢᠮᠳᠠᠵᠤ ᠬᠦᠰᠡᠵᠦ᠍ ᠪᠠᠢᠭ᠎ᠠ ᠵᠦᠢᠯ᠎ᠢ ᠱᠢᠢᠳᠪᠦᠷᠢᠯᠡᠬᠦ᠌᠎ᠲᠡᠶ ᠤᠶᠠᠯᠳᠤᠭᠤᠯᠵᠤ᠂ ᠠᠵᠢᠯ᠎ᠢᠶᠠᠨ ᠰᠠᠢᠵᠢᠷᠠᠭᠤᠯᠬᠤ᠂ ᠲᠦᠷᠦ᠍᠎ᠶ᠋ᠢᠨ ᠪᠤᠳᠤᠯᠭ᠎ᠠ᠎ᠵᠢ ᠲᠡᠭᠦᠯᠳᠡᠷᠵᠢᠭᠦᠯᠬᠦ᠌᠂ ᠲᠣᠭ᠍ᠲᠠᠴᠠ᠎ᠪᠠᠨ ᠪᠦᠷᠢᠨᠱᠢᠭᠦᠯᠬᠦ᠌ ᠲᠠᠢ ᠤᠶᠠᠯᠳᠤᠭᠤᠯᠵᠤ᠂ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠱᠢᠢᠳᠪᠦᠷᠢᠯᠡᠬᠦ᠌᠎ᠪᠡᠷ ᠳᠠᠮᠵᠢᠨ ᠠᠷᠠᠳ ᠤᠯᠠᠨ᠎ᠤ ᠨᠡᠢᠳᠡᠮ ᠠᠩᠬᠠᠷᠴᠤ᠌ ᠬᠠᠯᠠᠮᠵᠢᠯᠠᠵᠤ ᠪᠠᠢᠭ᠎ᠠ ᠪᠣᠳᠠᠳᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ ᠱᠢᠶ᠋ᠳᠪᠦᠷᠢᠯᠡᠭ᠌ᠰᠡᠨ ᠦᠷ᠎ᠡ ᠳ᠋ᠦᠩ᠎ᠡᠴᠡ ᠦᠵᠡᠪᠡᠯ 9 ᠬᠤᠪᠢ ᠰᠠᠨᠠᠯ ᠵᠥᠪᠯᠡᠯᠭᠡ᠎ᠶ᠋ᠢᠨ ᠳᠣᠲᠣᠷᠠᠬᠢ 5 ᠬᠤᠪᠢ᠎ᠶ᠋ᠢ ᠨᠢ ᠨᠢᠭᠡᠨᠲᠡ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠳᠤ ᠬᠢᠨᠠᠨ ᠵᠦᠪᠯᠡᠬᠦᠯᠬᠦ᠎ᠪᠠᠷ ᠳᠡᠪᠱᠢᠭᠦᠯᠵᠦ᠍᠂ ᠬᠣᠯᠪᠣᠭ᠍ᠳᠠᠯ ᠪᠥᠬᠥᠶ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠪᠤᠶᠤ ᠬᠠᠤᠯᠢ ᠲᠣᠭ᠍ᠲᠠᠭᠠᠯᠲᠠ᠎ᠶ᠋ᠢᠨ ᠪᠠᠢᠴᠠᠭᠠᠨ ᠰᠤᠳᠤᠯᠤᠯᠲᠠ᠎ᠶ᠋ᠢᠨ ᠠᠵᠢᠯ᠎ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠠᠷ᠎ᠠ ᠬᠥᠷᠥᠰᠥ ᠱᠢᠷᠣᠶ᠎ᠶ᠋ᠢᠨ ᠬᠠᠮᠠᠭᠠᠯᠠᠯᠲᠠ᠎ᠶ᠋ᠢᠨ ᠲᠦᠷᠢᠮ ᠪᠠ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶ᠋ᠢᠨ ᠲᠦᠷᠢᠮ᠎ᠢ ᠨᠢᠭᠡᠨᠲᠡ ᠲᠣᠭ᠍ᠲᠠᠭᠠᠨ ᠨᠡᠢᠲᠡᠯᠡᠵᠦ᠍᠂ 91.5% ᠶ᠋ᠢᠨ ᠲᠥᠯᠥᠭᠡᠯᠡᠭ᠌ᠴᠢᠳ᠎ᠦᠨ ᠰᠠᠨᠠᠭᠤᠯᠭ᠎ᠠ᠎ᠶ᠋ᠢ ᠱᠢᠶ᠋ᠳᠪᠦᠷᠢᠯᠡᠭ᠌ᠰᠡᠨ ᠪᠤᠶᠤ ᠲᠥᠯᠥᠪᠯᠡᠭᠡ᠎ᠳᠦ ᠣᠷᠣᠭᠤᠯᠤᠨ ᠠᠯᠬᠤᠮ ᠠᠯᠬᠤᠮ᠎ᠢᠶᠠᠷ ᠱᠢᠶ᠋ᠳᠪᠦᠷᠢᠯᠡᠵᠦ᠍᠂ 95.7% ᠶ᠋ᠢᠨ ᠲᠥᠯᠥᠭᠡᠯᠡᠭ᠌ᠴᠢ ᠰᠠᠨᠠᠭᠤᠯᠭ᠎ᠠ᠎ᠶ᠋ᠢ ᠱᠢᠶ᠋ᠳᠪᠦᠷᠢᠯᠡᠭ᠌ᠰᠡᠨ ᠦᠷ᠎ᠡ ᠳ᠋ᠦᠩ᠎ᠳᠦ ᠬᠠᠨᠤᠮᠵᠢᠲᠠᠶ ᠪᠠᠢᠬᠤ ᠪᠤᠶᠤ ᠦᠨᠳᠦᠰᠦᠨ᠎ᠳᠡᠭᠡᠨ ᠬᠠᠨᠤᠮᠵᠢᠲᠠᠶ ᠪᠠᠢᠬᠤ᠎ᠪᠠᠨ ᠢᠯᠡᠳᠭᠡᠪᠡ᠃
ᠡᠭᠦᠨ᠎ᠦ ᠵᠡᠷᠭᠡ ᠪᠡᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠲᠠᠪᠴᠠᠩ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠵᠦ᠍᠂ ᠭᠠᠷ ᠤᠲᠠᠰᠤᠨ᠎ᠤ ᠦᠵᠦᠬᠦᠷᠯᠢᠭ ᠢ᠋ ᠵᠡᠷᠭᠡ᠎ᠪᠡᠷ ᠪᠠᠢᠭᠤᠯᠵᠤ᠂ ᠲᠥᠯᠥᠭᠡᠯᠡᠭ᠌ᠴᠢᠳ᠎ᠦᠨ ᠲᠣᠭᠠᠴᠢᠯᠠᠯᠳᠠ ᠪᠡᠷ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ 《ᠡᠭᠦᠯᠠᠡ》 ᠰᠠᠭᠤᠷᠢ᠎ᠶ᠋ᠢ ᠪᠡᠬᠢᠵᠢᠭᠦᠯᠵᠦ᠍᠂ ᠲᠥᠯᠥᠭᠡᠯᠡᠭ᠌ᠴᠢᠳ᠎ᠦᠨ ᠡᠭᠦᠷᠭᠡ ᠲᠤᠱᠢᠶᠠᠯ᠎ᠢᠶᠠᠨ ᠭᠦᠶ᠋ᠴᠡᠳᠭᠡᠬᠦ᠌ ᠴᠢᠳᠠᠪᠤᠷᠢ ᠪᠡᠨ ᠳᠡᠭᠡᠭ᠌ᠰᠢᠯᠡᠭᠦᠯᠬᠦ᠌ 《ᠡᠭᠦᠯᠠᠡ》 ᠵᠢᠭᠦᠷ᠎ᠢ ᠤᠷᠭᠤᠭᠤᠯᠵᠤ᠂ ᠠᠵᠢᠯ᠎ᠤᠨ ᠦᠷ᠎ᠡ ᠪᠦᠲᠦᠮᠵᠢ᠎ᠶ᠋ᠢ ᠲᠤᠢᠯ᠎ᠤᠨ ᠶᠡᠬᠡᠪᠡᠷ ᠳᠡᠭᠡᠭ᠌ᠰᠢᠯᠡᠭᠦᠯᠪᠡ᠃
ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠨᠢᠭᠡ ᠲᠠᠯ᠎ᠠ ᠨᠢ ᠨᠠᠮ ᠪᠠ ᠵᠠᠰᠠᠭ᠎ᠤᠨ ᠣᠷᠳᠣᠨ᠎ᠲᠠᠶ ᠬᠣᠯᠪᠣᠯᠳᠠᠵᠤ᠂ ᠨᠢᠭᠡ ᠲᠠᠯ᠎ᠠ ᠨᠢ ᠲᠦᠭ ᠲᠦᠮᠡᠨ ᠤᠯᠠᠨ ᠲᠦᠮᠡᠨ᠎ᠲᠡᠶ ᠬᠣᠯᠪᠣᠯᠳᠠᠵᠤ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠢᠨ ᠪᠠᠢᠩᠭᠤ᠎ᠶ᠋ᠢᠨ ᠬᠣᠷᠢᠶ᠎ᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠲᠡᠶ ᠨᠢᠭ᠍ᠲᠠ ᠬᠠᠷᠢᠯᠴᠠᠬᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠠᠷᠠᠳ ᠣᠯᠠᠨ᠎ᠲᠠᠶ ᠨᠢᠭ᠍ᠲᠠ ᠬᠠᠷᠢᠯᠴᠠᠬᠤ《ᠬᠣᠶᠠᠷ ᠬᠠᠷᠢᠯᠴᠠᠬᠤ》ᠲᠣᠭ᠍ᠲᠠᠴᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠲᠥᠯᠥᠭᠡᠯᠡᠭ᠌ᠴᠢᠳ᠎ᠦᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠠᠬᠢ ᠠᠵᠢᠯᠯᠠᠭ᠎ᠠ᠎ᠶ᠋ᠢ ᠵᠣᠬᠢᠶᠠᠨ ᠪᠠᠢᠭᠤᠯᠵᠤ ᠦᠶ᠋ᠯᠡᠴᠢᠯᠡᠬᠦ᠌᠎ᠶ᠋ᠢ ᠨᠠᠷᠢᠨ ᠬᠢᠨᠠᠮᠠᠭᠠᠶ ᠰᠠᠢᠲᠤᠷ ᠬᠢᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠤᠢᠯᠠᠭᠠᠭᠳᠠᠬᠤᠨ᠎ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠳᠡᠮᠵᠢᠨ ᠪᠠᠲᠤᠯᠠᠪᠠ᠃ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠢᠨᠵᠧᠨᠧᠷᠢᠩ》 ᠢ᠋ ᠬᠡᠷᠡᠭ᠌ᠵᠢᠭᠦᠯᠬᠦ᠌᠎ᠳᠦ ᠬᠦᠴᠦᠨ ᠨᠡᠮᠡᠷᠢᠯᠡᠬᠦ᠌᠎ᠶ᠋ᠢᠨ ᠲᠣᠭᠣᠷᠢᠨ᠎ᠳᠤ ᠠᠩᠬ᠎ᠠ ᠤᠳᠠᠭ᠎ᠠ ᠪᠠᠢᠩᠭᠤ᠎ᠶ᠋ᠢᠨ ᠬᠣᠷᠢᠶ᠎ᠠ᠎ᠶᠢᠨ ᠳᠡᠳ᠋ ᠡᠷᠬᠢᠯᠡᠭ᠌ᠴᠢᠨᠡᠷ ᠪᠦᠯᠬᠦᠮ ᠳᠠᠭᠠᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠲᠤᠰᠭᠠᠶ ᠰᠡᠳᠦᠪᠲᠦ ᠪᠠᠢᠴᠠᠭᠠᠠ ᠦᠵᠡᠬᠦ ᠠᠵᠢᠯᠯᠠᠭ᠎ᠠ᠎ᠶ᠋ᠢ ᠥᠷᠨᠢᠭᠦᠯᠪᠡ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠂ 《ᠤᠮᠠᠷᠠᠲᠤ᠎ᠶ᠋ᠢᠨ ᠭᠤᠷᠪᠠᠨ ᠣᠷᠣᠨ》᠎ᠤ᠋ ᠢᠨᠵᠧᠨᠧᠷᠢᠩ᠂ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠢᠨᠵᠧᠨᠧᠷᠢᠩ ᠵᠡᠷᠭᠡ ᠭᠣᠣᠯ ᠰᠡᠳᠦᠪ᠎ᠤᠨ ᠲᠤᠭᠤᠷᠢᠨ ᠳ᠋ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 64 ᠬᠥᠮᠦᠨ ᠤᠳᠠᠭ᠎ᠠ ᠵᠣᠬᠢᠶᠠᠨ ᠪᠠᠢᠭᠤᠯᠵᠤ ᠲᠥᠪᠯᠡᠷᠡᠬᠦᠯᠦᠨ ᠪᠠᠢᠴᠠᠭᠠᠨ ᠦᠵᠡᠬᠦ᠌᠂ ᠲᠤᠰᠭᠠᠢ ᠰᠡᠳᠦᠪ ᠵᠢᠡᠷ ᠪᠠᠢᠴᠠᠭᠠᠨ ᠰᠤᠳᠤᠯᠬᠤ ᠠᠵᠢᠯᠯᠠᠭ᠎ᠠ᠎ᠶ᠋ᠢ ᠥᠷᠨᠢᠭᠦᠯᠪᠡ; ᠪᠦᠬᠦ᠌ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 170 ᠬᠥᠮᠦᠨ ᠤᠳᠠᠭ᠎ᠠ ᠤᠷᠢᠵᠤ ᠪᠠᠢᠩᠭᠤ᠎ᠶ᠋ᠢᠨ ᠬᠣᠷᠢᠶ᠎ᠠ᠎ᠶᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠰᠠᠨᠠᠯ ᠬᠤᠷᠢᠶᠠᠬᠤ ᠶᠠᠷᠢᠯᠴᠠᠬᠤ ᠬᠤᠷᠠᠯ᠂ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ ᠪᠠ ᠡᠯ᠎ᠡ ᠲᠦᠷᠦᠯ᠎ᠦᠨ ᠪᠠᠢᠴᠠᠭᠠᠨ ᠰᠤᠳᠤᠯᠤᠯᠲᠠ᠎ᠶ᠋ᠢᠨ ᠠᠵᠢᠯ᠎ᠳᠤ ᠣᠷᠣᠯᠴᠠᠭᠤᠯᠪᠠ; ᠪᠦᠬᠦ᠌ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 67 ᠲᠥᠯᠥᠭᠡᠯᠡᠭ᠌ᠴᠢ᠎ᠶ᠋ᠢ ᠤᠷᠢᠵᠤ ᠪᠠᠢᠩᠭᠤ᠎ᠶ᠋ᠢᠨ ᠬᠣᠷᠢᠶ᠎ᠠ᠎ᠶᠢᠨ ᠬᠤᠷᠠᠯ᠎ᠳᠤ ᠰᠤᠯᠠ ᠣᠷᠣᠯᠴᠠᠭᠤᠯᠵᠤ᠂ ᠪᠠᠢᠩᠭᠤ᠎ᠶ᠋ᠢᠨ ᠬᠣᠷᠢᠶ᠎ᠠ᠎ᠶᠢᠨ ᠤᠳᠤᠷᠢᠳᠤᠯᠭ᠎ᠠ ᠪᠣᠯᠤᠨ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠦᠨ ᠶᠠᠷᠢᠯᠴᠠᠬᠤ ᠬᠤᠷᠠᠯ᠎ᠢ 5 ᠤᠳᠠᠭ᠎ᠠ ᠬᠤᠷᠠᠯᠳᠤᠭᠤᠯᠪᠠ᠃ ᠡᠯ᠎ᠡ ᠠᠢᠮᠠᠭ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠴᠤ᠌ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢ 125 ᠬᠥᠮᠦᠨ ᠤᠳᠠᠭ᠎ᠠ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ 136 ᠠᠷᠠᠳ᠎ᠤᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠤᠨ ᠤᠤᠯ᠎ᠤᠨ ᠰᠣᠩᠭᠣᠭᠤᠯᠢ᠎ᠶ᠋ᠢᠨ ᠨᠢᠭᠡᠴᠢ᠎ᠳᠦ ᠲᠤᠱᠢᠶᠠᠯ᠎ᠤᠨ ᠮᠡᠳᠡᠭᠦᠯᠦᠯᠲᠡ ᠬᠢᠯᠭᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ 4 ᠳᠤᠭᠤᠢᠯᠠᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ 30 ᠳᠤᠭᠤᠢᠯᠠᠩ᠂ ᠳᠤᠭᠤᠢᠯᠠᠩ᠎ᠤᠨ ᠠᠵᠢᠯᠯᠠᠭ᠎ᠠ᠎ᠶ᠋ᠢ 175 ᠤᠳᠠᠭ᠎ᠠ ᠥᠷᠨᠢᠭᠦᠯᠵᠦ᠍᠂ ᠲᠥᠯᠥᠭᠡᠯᠡᠭ᠌ᠴᠢ 427 ᠬᠥᠮᠦᠨ ᠤᠳᠠᠭᠠᠣᠷᠣᠯᠴᠠᠪᠠ᠃
ᠡᠭᠦᠨ᠎ᠡᠴᠡ ᠭᠠᠳᠠᠨ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠪᠠᠰᠠ ᠲᠥᠯᠥᠭᠡᠯᠡᠭ᠌ᠴᠢᠳ᠎ᠲᠡᠶ ᠬᠠᠷᠢᠯᠴᠠᠬᠤ ᠪᠠ ᠪᠣᠯᠪᠠᠰᠤᠷᠠᠭᠤᠯᠬᠤ ᠠᠵᠢᠯ᠎ᠢ ᠴᠢᠩᠭᠠᠳᠭᠠᠵᠤ᠂ 73 ᠪᠦᠷᠢᠯᠳᠦᠬᠦᠨ᠎ᠨᠢ ᠲᠤᠰ ᠱᠠᠲᠤᠨ᠎ᠤ 281 ᠦᠨᠳᠦᠰᠦᠨ ᠱᠠᠳᠤᠨ᠎ᠤ ᠠᠷᠠᠳ᠎ᠤᠨ ᠲᠥᠯᠥᠭᠡᠯᠡᠭ᠌ᠴᠢ᠎ᠲᠡᠶ ᠬᠠᠷᠢᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 199 ᠲᠥᠯᠥᠭᠡᠯᠡᠭ᠌ᠴᠢ᠎ᠶ᠋ᠢ ᠭᠤᠤᠯᠳᠠᠯᠭ᠎ᠠ᠎ᠲᠠᠶ ᠲᠣᠬᠢᠷᠠᠭᠤᠯᠵᠤ᠂ ᠲᠡᠳᠡᠨ᠎ᠤ ᠪᠠᠢᠭ᠎ᠠ ᠠᠵᠢᠯ ᠲᠥᠷᠥᠯ ᠪᠠ ᠲᠤᠰᠭᠠᠶ ᠲᠠᠪᠠᠭᠤᠯᠢᠭ᠎ᠢᠶᠡᠨ ᠦᠨᠳᠦᠰᠦᠯᠡᠵᠤ ᠡᠯ᠎ᠡ ᠵᠥᠪᠯᠡᠯ᠎ᠲᠡᠶ ᠬᠠᠷᠢᠯᠴᠠᠭ᠎ᠠ ᠪᠠᠢᠭᠤᠯᠪᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠰᠤᠷᠤᠯᠴᠠᠯᠭ᠎ᠠ᠎ᠶ᠋ᠢᠨ ᠠᠩᠭᠢ᠎ᠶ᠋ᠢ 4 ᠬᠤᠭᠤᠴᠠᠭ᠎ᠠ ᠡᠷᠭᠢᠯᠡᠵᠦ᠍᠂ ᠲᠥᠯᠥᠭᠡᠯᠡᠭ᠌ᠴᠢ ᠨᠠᠢᠳᠠ 380 ᠭᠠᠷᠤᠶ ᠬᠥᠮᠦᠨ ᠤᠳᠠᠭᠠᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠲᠥᠯᠥᠭᠡᠯᠡᠭ᠌ᠴᠢᠳ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠲᠥᠯᠥᠭᠡᠯᠡᠭ᠌ᠴᠢᠳ᠎ᠦᠨ ᠠᠵᠢᠯ᠎ᠤᠨ ᠱᠢᠨ᠎ᠡ ᠲᠣᠭ᠍ᠲᠠᠴᠠ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠲᠥᠯᠥᠭᠡᠯᠡᠭ᠌ᠴᠢᠳ᠎ᠦᠨ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠣᠷᠣᠯᠴᠠᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠭᠡᠪᠡ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠠᠷᠭᠤᠯᠳᠤᠬᠤ᠎ᠡᠴᠡ ᠡᠮᠦᠨᠡᠬᠢ ᠡᠶᠡᠳᠡᠭᠦᠯᠭᠡ ᠳ᠋ᠤ ᠣᠷᠣᠯᠴᠠᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ᠎ᠦᠨ 《ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠲᠤᠬᠠᠶ ᠰᠠᠨᠠᠯ》 ᠳ᠋ᠤ ᠳᠤᠷᠠᠳᠤᠭ᠍ᠰᠠᠨ 4 ᠵᠦᠶ᠋ᠯ᠎ᠦᠨ ᠱᠢᠨ᠎ᠡ ᠲᠣᠭ᠍ᠲᠠᠴᠠ᠎ᠶ᠋ᠢᠨ ᠨᠢᠭᠡ ᠪᠣᠯᠤᠨ᠎ᠠ᠃ ᠡᠮᠦᠨᠡᠬᠢ ᠬᠤᠭᠤᠴᠠᠭᠠᠨ᠎ᠤ 6 ᠬᠣᠱᠢᠭᠤ ᠱᠢᠶᠠᠨ (ᠬᠣᠲᠠ᠂ ᠲᠣᠭᠣᠷᠢᠭ)᠎ᠤ᠋ ᠲᠤᠷᠱᠢᠯᠲᠠ᠎ᠶ᠋ᠢᠨ ᠴᠡᠭ ᠦ᠋ᠨ ᠠᠵᠢᠯ᠎ᠢ ᠳ᠋ᠦᠩᠨᠡᠭ᠌ᠰᠡᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠡᠴᠡ ᠲᠤᠰᠭᠠᠢᠯᠠᠨ《ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠠᠷᠭᠤᠯᠳᠤᠬᠤ᠎ᠡᠴᠡ ᠡᠮᠦᠨᠡᠬᠢ ᠡᠶᠡᠳᠡᠭᠦᠯᠭᠡ ᠵᠢᠨ ᠠᠵᠢᠯ᠎ᠳᠤ ᠣᠷᠣᠯᠴᠠᠬᠤ᠎ᠶ᠋ᠢ ᠥᠷᠨᠢᠭᠦᠯᠬᠦ᠌ ᠲᠥᠰᠦᠯ》᠎ᠢ᠋ ᠳᠠᠷᠤᠮᠠᠯᠯᠠᠨ ᠲᠠᠷᠬᠠᠭᠠᠵᠤ᠂ ᠡᠨᠡ ᠬᠦ᠌ ᠠᠵᠢᠯ᠎ᠢ ᠥᠷᠨᠢᠭᠦᠯᠬᠦ᠌᠎ᠶ᠋ᠢ ᠦᠷᠭᠦᠯᠵᠢᠯᠡᠨ ᠠᠬᠢᠭᠤᠯᠪᠠ᠃ ᠣᠳᠣᠬᠠᠨ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠠᠷᠭᠤᠯᠳᠤᠬᠤ᠎ᠡᠴᠡ ᠡᠮᠦᠨᠡᠬᠢ ᠡᠶᠡᠳᠡᠭᠦᠯᠭᠡ᠎ᠳᠦ ᠣᠷᠣᠯᠴᠠᠬᠤ ᠶᠠᠪᠤᠳᠠᠯ᠎ᠢ ᠨᠢᠭᠡᠨᠲᠡ ᠪᠥᠬᠥ᠌ ᠣᠷᠣᠨ᠎ᠳᠤ ᠪᠥᠬᠥ᠌ ᠲᠠᠯ᠎ᠠ᠎ᠪᠠᠷ ᠳᠡᠯᠭᠡᠷᠡᠭᠦᠯᠪᠡ᠃ ᠡᠭᠦᠨ᠎ᠢᠶᠡᠷ ᠪᠠᠷᠠᠬᠤ ᠥᠬᠡᠶ ᠲᠥᠯᠥᠭᠡᠯᠡᠭ᠌ᠴᠢᠳ ᠰᠠᠭᠤᠭ᠎ᠠ ᠨᠡᠢᠭᠡᠮ ᠲᠣᠭᠣᠷᠢᠭ᠎ᠲᠠᠭᠠᠨ ᠬᠦᠷᠴᠦ᠍ ᠨᠡᠷ᠎ᠡ ᠮᠡᠳᠡᠭᠦᠯᠬᠦ᠌᠂ ᠬᠢᠨᠠᠯᠲᠠ ᠲᠠᠯᠪᠢᠬᠤ ᠵᠦᠶ᠋ᠯᠡᠰ᠎ᠢ ᠲᠤᠰᠭᠠᠬᠤ᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌᠎ᠳᠦ ᠣᠷᠣᠯᠴᠠᠬᠤ ᠵᠡᠷᠭᠡ ᠪᠤᠰᠤᠳ 3 ᠵᠦᠶ᠋ᠯ᠎ᠦᠨ ᠱᠢᠨ᠎ᠡ ᠲᠣᠭ᠍ᠲᠠᠴᠠ᠎ᠶ᠋ᠢ ᠴᠤ᠌ ᠪᠥᠬᠥ᠌ ᠣᠷᠣᠨ᠎ᠳᠤ ᠳᠡᠯᠭᠡᠷᠡᠭᠦᠯᠪᠡ᠃ ᠣᠳᠣᠬᠠᠨ ᠪᠣᠯᠲᠠᠯ᠎ᠠ ᠪᠥᠬᠥ᠌ ᠣᠷᠣᠨ᠎ᠳᠤ ᠨᠡᠢᠲᠡ 9598 ᠲᠥᠯᠥᠭᠡᠯᠡᠭ᠌ᠴᠢ᠎ᠶ᠋ᠢ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠭ᠌ᠴᠢ᠎ᠪᠡᠷ ᠲᠣᠭ᠍ᠲᠠᠭᠠᠵᠤ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠬᠦ᠌ ᠴᠣᠩᠬᠣᠪᠴᠢ᠎ᠶ᠋ᠢ 4733 ᠪᠠᠢᠭᠤᠯᠵᠤ᠂ ᠵᠠᠬᠢᠳᠠᠯ ᠰᠤᠷᠪᠤᠯᠵᠢᠯᠠᠯ᠎ᠤᠨ ᠵᠦᠶ᠋ᠯᠡᠰ᠎ᠢ 8272 ᠬᠤᠪᠢ ᠣᠷᠣᠯᠠᠨ ᠭᠦᠶ᠋ᠴᠡᠳᠭᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ《ᠱᠢᠶᠠᠨ᠂ ᠱᠢᠶᠠᠩ᠂ ᠵᠡᠭᠡᠯᠢ ᠭᠤᠳᠤᠮᠵᠢ᠎ᠳᠤ ᠪᠢᠯᠧᠲ ᠦᠭᠴᠤ ᠱᠢᠶ᠋ᠳᠪᠦᠷᠢ᠎ᠳᠤ ᠪᠤᠳᠤᠯᠭ᠎ᠠ ᠲᠤᠬᠳᠠᠭᠠᠬᠤ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌ ᠠᠵᠢᠯ》᠎ᠤ᠋ᠨ ᠱᠠᠭᠠᠷᠳᠠᠯᠭ᠎ᠠ᠎ᠶ᠋ᠢ ᠦᠨᠡᠨ ᠬᠦ᠌ ᠲᠤᠭᠤᠰᠢᠯᠠᠭᠤᠯᠵᠤ᠂ ᠣᠳᠣᠬᠠᠨ᠎ᠳᠤ ᠪᠥᠬᠥ᠌ ᠣᠷᠣᠨ᠎ᠳᠤ ᠬᠣᠱᠢᠭᠤ ᠱᠢᠶᠠᠨ᠎ᠤ ᠱᠠᠲᠤᠨ᠎ᠤ ᠪᠢᠯᠧᠲᠦᠭᠴᠤ ᠱᠢᠶ᠋ᠳᠪᠦᠷᠢ᠎ᠳᠤ ᠪᠤᠳᠤᠯᠭ᠎ᠠ ᠲᠤᠬᠳᠠᠭᠠᠬᠤ ᠲᠦᠷᠢᠮ᠎ᠦᠨ ᠲᠥᠷᠥᠯ ᠵᠦᠶ᠋ᠯ᠎ᠢ 791 ᠪᠡᠶᠡᠯᠡᠬᠦᠯᠵᠤ᠂ ᠬᠣᠯᠪᠣᠭ᠍ᠳᠠᠬᠤ ᠪᠠᠯᠠ ᠮᠥᠩᠭᠥ᠌ ᠪᠠᠷᠤᠭ 245 ᠳ᠋ᠦᠩᠱᠢᠭᠤᠷ ᠲᠥᠭᠥᠷᠢᠭ᠎ᠲᠦ ᠬᠦᠷᠴᠡᠶ; ᠱᠢᠶᠠᠩ ᠪᠠᠯᠭᠠᠰᠤ᠂ ᠵᠡᠭᠡᠯᠢ ᠭᠤᠳᠤᠮᠵᠢ᠎ᠶ᠋ᠢᠨ ᠱᠠᠲᠤᠨ᠎ᠤ ᠪᠢᠯᠧᠲᠦᠭᠴᠤ ᠱᠢᠶ᠋ᠳᠪᠦᠷᠢ᠎ᠳᠤ ᠪᠤᠳᠤᠯᠭ᠎ᠠ ᠲᠤᠬᠳᠠᠭᠠᠬᠤ ᠳᠦᠷᠢᠮ᠎ᠤᠨ ᠲᠥᠷᠥᠯ ᠵᠦᠶ᠋ᠯ 2712 ᠪᠠᠢᠵᠤ᠂ ᠬᠣᠯᠪᠣᠭ᠍ᠳᠠᠬᠤ ᠪᠠᠯᠠ ᠮᠥᠩᠭᠥ᠌ ᠨᠢ ᠪᠠᠷᠤᠭ 90 ᠳ᠋ᠦᠩᠱᠢᠭᠤᠷ ᠲᠥᠭᠥᠷᠢᠭ᠎ᠲᠦ ᠬᠦᠷᠴᠡᠶ᠃
ᠬᠦᠰᠡᠯ ᠪᠢᠯᠬᠠᠭ᠍ᠰᠠᠨ 2025 ᠣᠨ᠎ᠳᠤ ᠲᠥᠯᠥᠭᠡᠯᠡᠭ᠌ᠴᠢᠳ᠎ᠦᠨ ᠠᠵᠢᠯ ᠳᠠᠬᠢᠨᠲᠠ ᠱᠢᠨ᠎ᠡ ᠠᠶᠠᠨ᠎ᠢᠶᠠᠨ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠲᠥᠯᠥᠭᠡᠯᠡᠭ᠌ᠴᠢᠳ᠎ᠦᠨ ᠪᠠᠢᠭᠤᠯᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠥᠯᠥᠭᠡᠯᠡᠭ᠌ᠴᠢᠳ᠎ᠦᠨ ᠠᠵᠢᠯ᠎ᠤᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠲᠥᠯᠥᠭᠡᠯᠡᠭ᠌ᠴᠢᠳ᠎ᠦᠨ ᠬᠡᠪ ᠪᠣᠯᠪᠠᠰᠤᠷᠠᠯ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠦᠨ ᠰᠠᠨᠠᠯ ᠰᠠᠨᠠᠭᠤᠯᠭ᠎ᠠ᠎ᠶ᠋ᠢ ᠱᠢᠢᠳᠪᠦᠷᠢᠯᠡᠵᠦ᠍ ᠬᠠᠷᠢᠭᠤ ᠲᠤᠰᠭᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠥᠯᠥᠭᠡᠯᠡᠭ᠌ᠴᠢᠳ᠎ᠦᠨ ᠠᠷᠠᠳ ᠤᠯᠠᠨ᠎ᠲᠠᠶ ᠬᠠᠷᠢᠯᠴᠠᠬᠤ ᠠᠭᠤᠯᠭ᠎ᠠ ᠪᠠ ᠬᠡᠯᠪᠡᠷᠢ᠎ᠶ᠋ᠢ ᠪᠠᠶᠠᠯᠢᠭ᠍ᠵᠢᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠥᠪᠥᠷ ᠮᠣᠩᠭᠣᠯ᠎ᠤᠨ ᠱᠢᠨ᠎ᠡ ᠠᠶᠠᠰ᠎ᠢ ᠴᠢᠪᠬᠠᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃