2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-17 09:36:42

ᠵᠣᠬᠢᠶᠠᠭ᠍ᠴᠢ᠄ ᠭᠤᠤ ᠬᠤᠢ ᠱᠤᠸᠠᠢ ᠵᠧᠩ ᠣᠩᠱᠢᠭ᠍ᠰᠠᠨ ᠣᠳᠠᠭ᠎ᠠ᠄ 3

1 ᠰᠠᠷ᠎ᠠ᠎ᠶ᠋ᠢᠨ 16 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠶᠢᠨ ᠭᠤᠷᠪᠠᠳᠤᠭᠠᠷ ᠬᠤᠷᠠᠯ᠎ᠳᠤ ᠣᠷᠣᠯᠴᠠᠭ᠍ᠰᠠᠨ ᠭᠡᠱᠢᠭᠦᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃

ᠭᠡᠱᠢᠭᠦᠳ ᠬᠣᠶᠠᠷ ᠬᠤᠷᠢᠶ᠎ᠠ᠎ᠶᠢᠨ ᠠᠵᠢᠯ᠎ᠤᠨ ᠮᠡᠳᠡᠭᠦᠯᠦᠯᠳᠡ ᠵᠢᠨ ᠲᠣᠭᠣᠷᠢᠨ᠎ᠳᠤ ᠢᠳᠡᠪᠬᠢᠲᠡᠢ ᠪᠡᠷ ᠦᠭᠡ ᠬᠡᠯᠡᠵᠦ᠂ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭ᠌ᠵᠢᠶᠡᠨ᠎ᠲᠡᠶ ᠪᠠᠢᠯ᠎ᠠ᠃ ᠣᠯᠠᠨ᠎ᠢᠶᠠᠷ᠎ᠢᠶᠠᠨ᠂ ᠱᠢᠭᠦᠬᠦ᠌ ᠬᠣᠷᠢᠶ᠎ᠠ ᠪᠠᠢᠴᠠᠭᠠᠬᠤ ᠬᠤᠷᠢᠶ᠎ᠠ᠎ᠶᠢᠨ ᠠᠵᠢᠯ᠎ᠤᠨ ᠮᠡᠳᠡᠭᠦᠯᠦᠯᠳᠡ᠎ᠳᠦ 2024 ᠣᠨ᠎ᠤ ᠠᠵᠢᠯ ᠵᠢᠡᠨ ᠳ᠋ᠦᠩᠨᠡᠬᠦ᠌᠎ᠳᠡᠭᠡᠨ ᠦᠨᠡᠨ ᠡᠴᠡ ᠵᠥᠪ᠎ᠢ ᠡᠷᠢᠵᠦ᠍᠂ ᠪᠥᠬᠥ᠌ ᠲᠠᠯ᠎ᠠ᠎ᠶᠢᠨ ᠪᠦᠭᠡᠳ ᠪᠣᠳᠠᠲᠠᠶ ᠪᠠᠢᠵᠤ᠂ 2025 ᠣᠨ᠎ᠤ ᠠᠵᠢᠯ᠎ᠢ ᠪᠠᠢᠷᠢᠯᠠᠭᠤᠯᠬᠤ᠎ᠳᠠᠭᠠᠨ ᠬᠠᠷᠠᠯᠲᠠ ᠲᠣᠳᠣᠷᠬᠠᠶ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠣᠳᠭᠤ ᠴᠢᠨᠠᠷ᠎ᠲᠠᠶ ᠪᠤᠯᠵᠠᠢ ᠭᠡᠵᠦ ᠰᠠᠨᠠᠯ ᠨᠢᠭᠡᠲᠡᠶ ᠦᠵᠡᠵᠡᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠨᠠᠮ᠎ᠤᠨ ᠬᠤᠷᠢᠶ᠎ᠠ᠎ᠶᠢᠨ ᠭᠡᠱᠢᠭᠦᠨ᠂ ᠲᠢᠩᠬᠢᠮ᠎ᠦᠨ ᠳᠡᠳ᠋ ᠳᠠᠷᠤᠭ᠎ᠠ ᠳ᠋ᠠᠢ ᠶᠠᠨ᠄ 《ᠬᠣᠶᠠᠷ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ ᠨᠢ ᠬᠣᠶᠠᠷ ᠬᠤᠷᠢᠶ᠎ᠠ᠎ᠶᠢᠨ 〈ᠬᠣᠶᠠᠷ ᠶᠡᠬᠡ ᠶᠠᠪᠤᠳᠠᠯ〉 ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠬᠢᠯᠢ ᠬᠢᠵᠠᠭᠠᠷ᠎ᠤᠨ ᠠᠮᠤᠷ ᠲᠦᠪᠱᠢᠨ ᠲᠣᠭ᠍ᠲᠠᠭᠤᠨ᠂ ᠨᠡᠢᠭᠡᠮ᠎ᠦᠨ ᠡᠶ᠎ᠡ ᠵᠣᠬᠢᠴᠠᠩᠭᠤᠢ᠎ᠶ᠋ᠢ ᠬᠠᠮᠠᠭᠠᠯᠠᠬᠤ ᠲᠠᠯ᠎ᠠ᠎ᠪᠠᠷ ᠬᠢ ᠬᠠᠤᠯᠢ ᠴᠠᠭᠠᠵᠠ᠎ᠶ᠋ᠢᠨ ᠬᠦᠴᠦᠨ᠎ᠢ ᠢᠯᠡᠷᠡᠭᠦᠯᠦᠭ᠌ᠰᠡᠨ ᠪᠥᠭᠡᠳ ᠪᠠᠰᠠ ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠬᠤ᠂ ᠥᠪᠡᠷ ᠪᠡᠶ᠎ᠡ ᠵᠢᠨ ᠬᠤᠪᠢᠰᠭᠠᠯ ᠬᠢᠬᠦ᠌᠎ᠶ᠋ᠢ ᠪᠠᠷᠢᠮᠲᠠᠯᠠᠬᠤ᠂ ᠠᠷᠠᠳ ᠲᠦᠮᠡᠨ᠎ᠦ ᠢᠲᠡᠭᠡᠭᠦᠱᠢᠲᠡᠢ ᠤᠯᠤᠰ ᠲᠦᠷᠦ᠍ ᠬᠠᠤᠯᠢ ᠴᠠᠭᠠᠵᠠ᠎ᠶ᠋ᠢᠨ ᠪᠦᠬᠦᠨ᠎ᠢ ᠢᠯᠠᠭᠴᠢ ᠴᠡᠷᠢᠭ᠎ᠢ ᠳᠠᠪᠲᠠᠨ ᠪᠣᠯᠪᠠᠰᠤᠷᠠᠭᠤᠯᠬᠤ ᠲᠠᠯ᠎ᠠ ᠪᠡᠷ ᠬᠢ ᠰᠥᠰᠥ᠍ ᠵᠣᠷᠢᠭ ᠪᠠ ᠡᠭᠦᠷᠭᠡᠯᠡᠯ᠎ᠢ ᠢᠯᠡᠷᠡᠬᠦᠯᠪᠡ᠃ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠲᠠᠯ᠎ᠠ᠎ᠪᠠᠷ ᠬᠢ ᠠᠶᠤᠩᠭ᠎ᠠ ᠮᠡᠳᠦ ᠰᠦᠷ ᠬᠦᠴᠦᠨ ᠪᠠᠢᠬᠤ᠎ᠪᠠᠷ ᠪᠠᠷᠠᠬᠤ ᠦᠭᠡᠢ ᠪᠠᠰᠠ ᠣᠨᠴᠠᠭᠠᠢ ᠬᠠᠮᠲᠤᠯᠢᠭ᠎ᠢ ᠬᠠᠮᠠᠭᠠᠯᠠᠵᠤ᠂ ᠠᠷᠠᠳ ᠤᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠠᠤᠯᠢ ᠬᠡᠷᠡᠭ᠌ᠵᠢᠭᠦᠯᠬᠦ ᠬᠠᠢᠷ᠎ᠠ ᠬᠠᠯᠠᠮᠵᠢ ᠪᠠᠢᠵᠤ᠂ ᠱᠢᠭᠦᠬᠦ᠌ ᠬᠤᠷᠢᠶ᠎ᠠ ᠪᠠᠢᠴᠠᠭᠠᠬᠤ ᠬᠤᠷᠢᠶ᠎ᠠ᠎ᠶ᠋ᠢᠨ ᠢᠳᠡᠪᠬᠢᠲᠡᠢ ᠵᠢᠳᠬᠦᠯ ᠴᠢᠷᠮᠠᠢᠯᠭ᠎ᠠ ᠪᠠ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ᠎ᠶ᠋ᠢ ᠢᠯᠡᠷᠡᠭᠦᠯᠵᠡᠢ》 ᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠬᠥᠮᠦᠨ ᠠᠮᠠ ᠡᠬᠢ ᠪᠠᠶᠠᠯᠢᠭ ᠣᠷᠴᠢᠨ ᠲᠣᠭᠣᠷᠢᠨ᠎ᠤ ᠵᠥᠪᠯᠡᠯ᠎ᠦᠨ ᠡᠷᠬᠢᠯᠡᠭ᠌ᠴᠢ ᠪᠠᠶ ᠹᠧᠩ ᠴᠢᠶᠠᠩ᠂ ᠮᠡᠳᠡᠭᠦᠯᠦᠯᠲᠡ ᠡᠴᠡ ᠪᠢᠳᠡ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ ᠪᠥᠬᠥ᠌ ᠲᠠᠯ᠎ᠠ ᠵᠢᠨ ᠳᠤᠮᠳᠠ ᠦᠶ᠋ᠯᠡᠳᠦᠯᠭᠡ ᠬᠢᠵᠦ᠍᠂ ᠦᠶ᠋ᠯᠡᠳᠦᠯᠭᠡ᠎ᠶ᠋ᠢᠨ ᠳᠤᠮᠳᠠ ᠱᠢᠨ᠎ᠡ᠎ᠶ᠋ᠢ ᠡᠭᠦᠳᠴᠦ᠍᠂ ᠱᠢᠨ᠎ᠡ᠎ᠶ᠋ᠢ ᠡᠭᠦᠳᠬᠦ᠌ ᠳᠤᠮᠳᠠ ᠬᠥᠭ᠌ᠵᠢᠵᠦ᠍ ᠪᠠᠢᠬᠤ᠎ᠶ᠋ᠢ ᠣᠯᠵᠤ ᠬᠠᠷᠠᠪᠠ᠃ ᠭᠠᠵᠠᠷ ᠣᠷᠣᠨ᠎ᠤ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ᠂ ᠭᠠᠵᠠᠷ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠳᠦ ᠦᠶ᠋ᠯᠡᠴᠢᠯᠡᠬᠦ᠌᠂ ᠠᠷᠠᠳ ᠲᠦᠮᠡᠨ᠎ᠦ ᠲᠣᠰ ᠪᠡᠶ᠎ᠡ᠎ᠶ᠋ᠢᠨ ᠡᠷᠬᠡ ᠠᠱᠢᠭ᠎ᠢ ᠪᠠᠲᠤᠯᠠᠬᠤ᠂ ᠨᠡᠢᠭᠡᠮ᠎ᠦᠨ ᠥᠨᠳᠥᠷ ᠪᠦᠲᠦᠮᠵᠢᠲᠡᠶ ᠵᠠᠰᠠᠯᠲᠠ᠎ᠳᠤ ᠬᠦᠴᠦᠨ ᠨᠡᠮᠡᠷᠢᠯᠡᠬᠦ᠌ ᠵᠢᠴᠢ ᠢᠯᠵᠢᠷᠠᠯ᠎ᠢ ᠡᠰᠡᠷᠭᠦᠴᠡᠬᠦ᠌ ᠵᠡᠷᠭᠡ ᠡᠯ᠎ᠡ ᠲᠠᠯ᠎ᠠ᠎ᠪᠠᠷ ᠬᠠᠤᠯᠢᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠬᠠᠤᠯᠢᠵᠢᠯ᠎ᠤᠨ ᠡᠷᠬᠡ ᠰᠦᠷ᠎ᠢ ᠢᠯᠡᠷᠡᠭᠦᠯᠵᠦ᠍᠂ ᠬᠠᠤᠯᠢᠵᠢᠯ᠎ᠤᠨ ᠦᠶ᠋ᠯᠡᠳᠦᠯ᠎ᠢ ᠪᠠᠳᠠᠷᠠᠭᠤᠯᠵᠤ᠂ ᠨᠢᠭᠡ ᠪᠦᠯᠦᠭ ᠰᠠᠢᠨ ᠲᠤᠷᠱᠢᠯᠭ᠎ᠠ᠂ ᠰᠠᠢᠨ ᠠᠷᠭ᠎ᠠ ᠬᠢᠳᠡᠯ᠂ ᠰᠠᠢᠨ ᠨᠡᠢᠲᠡᠯᠢᠭ ᠵᠢᠱ᠌ᠢᠶ᠎ᠡ᠎ᠶ᠋ᠢ ᠪᠦᠷᠢᠯᠳᠦᠭᠦᠯᠦᠨ ᠳᠡᠯᠭᠡᠷᠡᠭᠦᠯᠵᠦ᠍᠂ ᠬᠠᠤᠯᠢᠵᠢᠯ᠎ᠤᠨ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ ᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠱᠢᠨ ᠯᠦᠩ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠸᠠᠩ ᠱᠢᠤᠸᠠᠢ ᠹᠸᠩ᠄ 《ᠬᠣᠢᠱᠢᠳᠠ᠎ᠶ᠋ᠢᠨ ᠬᠠᠤᠯᠢ ᠪᠠᠷᠢᠬᠤ ᠠᠵᠢᠯ᠎ᠤᠨ ᠲᠣᠭᠠᠴᠢᠯᠠᠯᠲᠠ᠎ᠶ᠋ᠢᠨ ᠠᠬᠢᠴᠠ ᠳᠤᠮᠳᠠ᠂ 〈ᠬᠥᠮᠦᠨ〉 ᠬᠢᠭᠡᠳ 〈ᠲᠣᠭᠠᠴᠢᠯᠠᠯᠲᠠ〉᠎ᠶ᠋ᠢᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠵᠦ᠍᠂ ᠮᠠᠨ᠎ᠤ ᠤᠯᠤᠰ᠎ᠤᠨ 〈ᠲᠩᠷᠢ᠎ᠶ᠋ᠢᠨ ᠵᠦᠢ ᠤᠯᠤᠰ᠎ᠤᠨ ᠬᠠᠤᠯᠢ᠎ᠬᠥᠮᠦᠨ᠎ᠦ ᠶᠤᠰᠤ〉᠎ᠶ᠋ᠢᠨ ᠤᠯᠠᠮᠵᠢᠯᠠᠯᠲᠤ ᠬᠠᠤᠯᠢ ᠴᠠᠭᠠᠵᠠ᠎ᠶ᠋ᠢᠨ ᠰᠣᠶᠣᠯ᠎ᠤᠨ ᠣᠢᠯᠠᠭᠠᠭ᠍ᠳᠠᠬᠤᠨ᠎ᠲᠠᠶ ᠤᠶᠠᠯᠳᠤᠭᠤᠯᠤᠨ᠂ 〈ᠬᠥᠮᠦᠨ〉᠎ᠢ᠋ ᠢᠮᠠᠭ᠍ᠲᠠ ᠬᠠᠤᠯᠢ ᠪᠠᠷᠢᠬᠤ ᠠᠵᠢᠯ᠎ᠤᠨ ᠭᠤᠤᠯᠯᠠᠬᠤ ᠪᠠᠢᠷᠢᠨ᠎ᠳᠤ ᠲᠠᠯᠪᠢᠵᠤ᠂ ᠠᠷᠠᠳ᠎ᠤᠨ ᠲᠥᠯᠥᠭᠡ ᠬᠠᠤᠯᠢ ᠪᠠᠷᠢᠬᠤ ᠰᠠᠢᠨ ᠰᠠᠢᠬᠠᠨ ᠳᠦᠷᠢ ᠲᠥᠷᠬᠦ᠌᠎ᠶ᠋ᠢ ᠤᠯᠠᠮ ᠨᠢᠭᠡ ᠠᠯᠬᠤᠮ ᠪᠣᠶ ᠪᠣᠯᠭᠠᠪᠠᠯ ᠲᠠᠭᠠᠷᠠᠨ᠎ᠠ》 ᠭᠡᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠪᠡᠭᠡᠵᠢᠩ᠎ᠦᠨ ᠳ᠋ᠸ ᠾᠧ ᠾᠧᠩ (ᠬᠥᠬᠡᠬᠣᠲᠠ) ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠡᠷᠬᠢᠯᠡᠭ᠌ᠴᠢ ᠸᠠᠩ ᠳ᠋ᠸ ᠭᠠᠩ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠠᠯ᠎ᠠ᠎ᠪᠠᠷ᠂ ᠪᠠᠢᠴᠠᠭᠠᠬᠤ ᠬᠣᠷᠢᠶ᠎ᠠ ᠠᠵᠤ ᠠᠬᠤᠢᠯᠠᠯ᠎ᠢ ᠬᠠᠮᠠᠭᠠᠯᠠᠬᠤ ᠰᠢᠷᠢᠰ ᠠᠷᠭ᠎ᠠ ᠬᠡᠮᠵᠢᠶ᠎ᠡ᠎ᠶ᠋ᠢ ᠥᠷᠨᠢᠭᠦᠯᠦᠭ᠌ᠰᠡᠨ᠎ᠨᠢ ᠥᠪᠡᠷᠲᠡᠭᠡᠨ ᠵᠠᠰᠠᠬᠤ ᠣᠷᠣᠨ᠎ᠤ 《ᠵᠢᠷᠭᠤᠭᠠᠨ ᠠᠵᠢᠯᠯᠠᠭ᠎ᠠ》᠎ᠳᠠᠬᠢ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢᠨ ᠪᠣᠳᠠᠲᠠᠶ ᠨᠠᠢᠳᠠᠪᠤᠷᠢᠵᠢᠭᠤᠯᠤᠯᠲᠠ ᠪᠣᠯᠤᠨ᠎ᠠ ᠭᠡᠵᠡᠢ᠃ 《ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ 2025 ᠣᠨ᠎ᠤ ᠠᠵᠢᠯ᠎ᠤᠨ ᠲᠣᠬᠢᠷᠠᠭᠤᠯᠤᠯᠲᠠ᠎ᠳᠤ 〈ᠵᠢᠷᠭᠤᠭᠠᠨ ᠢᠨᠵᠧᠨᠧᠷᠢᠩ〉 ᠪᠠ 〈ᠵᠢᠷᠭᠤᠭᠠᠨ ᠠᠵᠢᠯᠯᠠᠭ᠎ᠠ〉 ᠎ᠶ᠋ᠢᠨ ᠲᠣᠭᠣᠷᠢᠨ᠎ᠳᠤ ᠰᠡᠳᠭᠢᠮᠵᠢ ᠠᠷᠭ᠎ᠠ ᠬᠡᠮᠵᠢᠶ᠎ᠡ ᠨᠡᠮᠡᠬᠦ᠌᠎ᠶ᠋ᠢᠨ ᠬᠠᠮᠲᠤ ᠬᠠᠤᠯᠢᠴᠢ᠎ᠶ᠋ᠢᠨ ᠠᠵᠢᠯ ᠡᠷᠭᠢᠯᠡᠬᠦ᠌ ᠡᠷᠬᠡ᠎ᠶ᠋ᠢᠨ ᠪᠠᠲᠤᠯᠠᠭ᠎ᠠ᠎ᠶ᠋ᠢ ᠳᠡᠭᠡᠭ᠌ᠰᠢᠯᠡᠭᠦᠯᠬᠦ᠌ ᠬᠠᠮᠢᠶ᠎ᠠ ᠪᠥᠬᠥᠶ ᠠᠭᠤᠯᠭ᠎ᠠ᠎ᠶ᠋ᠢ ᠨᠡᠮᠡᠪᠡᠯ ᠵᠤᠬᠢᠨ᠎ᠠ》 ᠭᠡᠵᠦ ᠸᠠᠩ ᠳ᠋ᠸ ᠭᠠᠩ ᠬᠡᠯᠡᠪᠡ᠃

ᠭᠡᠱᠢᠭᠦᠳ᠂ ᠨᠢᠭᠡᠨᠲᠡ ᠵᠢᠯ ᠭᠠᠷᠤᠶ ᠠᠵᠢᠯᠯᠠᠭ᠍ᠰᠠᠨ 《ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》᠎ᠶ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠡᠶᠡᠳᠡᠭᠦᠯᠬᠦ᠌ ᠲᠣᠭ᠍ᠲᠠᠴᠠ ᠨᠠᠩ ᠲᠡᠭᠦᠯᠳᠡᠷᠵᠢᠵᠦ᠍᠂ ᠭᠡᠱᠢᠭᠦᠳ᠎ᠦᠨ ᠣᠨᠴᠠ ᠤᠷᠢᠭ᠍ᠰᠠᠨ ᠡᠶᠡᠳᠡᠭᠦᠯᠦᠭ᠌ᠴᠢ ᠪᠣᠯᠬᠤ ᠢᠳᠡᠪᠬᠢᠵᠢᠯ ᠨᠠᠩ ᠥᠨᠳᠥᠷ ᠪᠣᠯᠵᠣ᠂ ᠨᠠᠩ ᠣᠯᠠᠨ ᠵᠠᠭᠤᠷᠠᠯᠳᠤᠭᠠᠨ᠎ᠢ ᠡᠶᠡᠳᠡᠭᠦᠯᠦᠭ᠌ᠰᠡᠨ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠲᠡᠶ ᠬᠠᠮᠲᠤ᠎ᠪᠠᠷ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠡᠶᠡᠳᠡᠭᠦᠯᠬᠦ᠌ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠪᠥᠬᠥ᠌ ᠣᠷᠣᠨ᠎ᠤ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠣᠯᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ᠎ᠶ᠋ᠢ ᠠᠬᠢᠭᠤᠯᠵᠤ᠂ ᠠᠷᠠᠳ ᠲᠦᠮᠡᠨ᠎ᠦ ᠡᠷᠬᠡ ᠠᠱᠢᠭ᠎ᠢ ᠬᠠᠮᠠᠭᠠᠯᠠᠬᠤ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠵᠡᠷᠭᠡ ᠲᠠᠯ᠎ᠠ᠎ᠪᠠᠷ ᠨᠠᠩ ᠶᠡᠬᠡ ᠬᠤᠪᠢ ᠨᠡᠮᠡᠷᠢ ᠦᠵᠡᠭᠦᠯᠪᠡᠯ ᠵᠤᠬᠢᠨ᠎ᠠ᠃ ᠱᠢᠭᠦᠬᠦ᠌ ᠬᠣᠷᠢᠶ᠎ᠠ ᠪᠠᠢᠴᠠᠭᠠᠬᠤ ᠬᠣᠷᠢᠶ᠎ᠠ᠎ᠶ᠋ᠢᠨ ᠬᠢᠨ ᠬᠠᠤᠯᠢ ᠪᠠᠷᠢᠬᠤ᠎ᠳᠠᠭᠠᠨ ᠲᠥᠪ ᠭᠣᠣᠯᠴᠢ ᠪᠠᠢᠬᠤ᠎ᠶ᠋ᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠴᠠᠭᠠᠵᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠷᠠᠳ᠎ᠤᠨ ᠲᠥᠯᠥᠭᠡ ᠬᠠᠤᠯᠢ ᠪᠠᠷᠢᠬᠤ᠎ᠶ᠋ᠢ ᠨᠠᠢᠳᠠᠪᠤᠷᠢᠵᠢᠭᠤᠯᠵᠤ᠂ ᠬᠠᠤᠯᠢ ᠴᠠᠭᠠᠵᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠷᠠᠳ ᠲᠦᠮᠡᠨ᠎ᠦ ᠱᠢᠨ᠎ᠡ ᠬᠦᠰᠡᠯ ᠡᠷᠡᠮᠡᠯᠵᠡᠯ᠎ᠢ ᠬᠠᠩᠭᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠰᠠᠢ᠌ᠨ ᠰᠠᠢᠬᠠᠨ ᠬᠠᠤᠯᠢᠵᠢᠯ᠎ᠤᠨ ᠣᠷᠴᠢᠨ ᠲᠣᠭᠣᠷᠢᠨ ᠪᠠ ᠬᠦᠴᠦᠲᠡᠢ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠪᠠᠯ ᠵᠤᠬᠢᠨ᠎ᠠ ᠭᠡᠵᠦ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面