2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-16 10:05:25

ᠵᠣᠬᠢᠶᠠᠭ᠍ᠴᠢ᠄ ᠺᠠᠩ ᠯᠢ ᠨᠠ ᠣᠩᠱᠢᠭ᠍ᠰᠠᠨ ᠣᠳᠠᠭ᠎ᠠ᠄ 3

2024 ᠣᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠤᠯᠠᠮᠵᠢᠯᠠᠯᠲᠤ ᠡᠨᠧᠷᠭᠢ ᠪᠠ ᠱᠢᠨ᠎ᠡ ᠡᠨᠧᠷᠭᠢ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠣᠯᠠᠨ ᠡᠨᠧᠷᠭᠢ ᠪᠡᠷ ᠬᠠᠷᠢᠯᠴᠠᠨ ᠨᠥᠬᠥᠪᠥᠷᠢᠯᠡᠬᠦ᠌᠂ ᠣᠯᠠᠨ ᠦᠶ᠋ᠯᠡᠰ᠎ᠢ ᠵᠡᠷᠭᠡ᠎ᠪᠡᠷ ᠬᠥᠭ᠌ᠵᠢᠭᠦᠯᠬᠦ᠌᠂ ᠣᠯᠠᠨ ᠴᠡᠭ ᠵᠢᠡᠷ ᠲᠤᠯᠭᠠᠭᠤᠷᠢᠯᠠᠬᠤ᠂ ᠣᠯᠠᠨ ᠡᠱᠢ ᠪᠡᠷ ᠬᠥᠭ᠌ᠵᠢᠭᠦᠯᠬᠦ᠌ ᠡᠨᠧᠷᠭᠢ᠎ᠶ᠋ᠢᠨ ᠠᠵᠤ ᠦᠶ᠋ᠯᠡᠰ᠎ᠦᠨ ᠪᠠᠢᠷᠢᠱᠢᠯ᠎ᠢ ᠬᠦᠴᠦᠯᠡᠨ ᠪᠠᠢᠭᠤᠯᠵᠤ᠂ ᠡᠨᠧᠷᠭᠢ᠎ᠶ᠋ᠢᠨ ᠬᠦᠷᠢᠶᠡᠨ ᠳ᠋ᠤ ᠣᠯᠠᠨ ᠲᠠᠯ᠎ᠠ᠎ᠪᠠᠷ ᠪᠥᠬᠥ᠌ ᠤᠯᠤᠰ᠎ᠲᠤ ᠲᠦᠷᠦᠭᠦᠯᠡᠪᠡ᠃

ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠶᠠᠭ ᠬᠥᠭ᠌ᠵᠢᠶᠡᠨᠲᠡᠶ ᠶᠠᠪᠤᠭ᠍ᠳᠠᠵᠤ ᠪᠣᠶ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠴᠦ᠍ ᠲᠡᠷᠡ᠂ ᠲᠥᠯᠥᠭᠡᠯᠡᠭ᠌ᠴᠢᠳ ᠭᠡᠱᠢᠭᠦᠳ᠎ᠦᠨ ᠬᠠᠯᠠᠭᠤᠨ ᠶᠠᠷᠢᠯᠴᠠᠭ᠎ᠠ ᠴᠤ᠌ ᠲᠡᠷᠡ᠂ ᠴᠥᠮ ᠥᠪᠥᠷ ᠮᠣᠩᠭᠣᠯ ᠯᠠᠪᠲᠠᠶ ᠨᠠᠩ ᠶᠡᠬᠡ ᠡᠷᠴᠢᠮ᠎ᠢᠶᠡᠷ ᠡᠨᠧᠷᠭᠢ᠎ᠶ᠋ᠢᠨ ᠬᠠᠩᠭᠠᠯᠭ᠎ᠠ᠎ᠶ᠋ᠢᠨ ᠠᠮᠤᠷ ᠲᠦᠪᠱᠢᠨ᠎ᠢ ᠪᠠᠲᠤᠯᠠᠵᠤ᠂ ᠡᠨᠧᠷᠭᠢ ᠵᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠪᠠᠨ ᠬᠤᠪᠢᠷᠠᠭᠤᠯᠬᠤ᠎ᠶ᠋ᠢ ᠠᠬᠢᠭᠤᠯᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠱᠢᠰᠲ᠋ᠧᠮ᠎ᠲᠡᠶ ᠲᠥᠯᠥᠪᠵᠢᠭᠦᠯᠦᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠬᠢᠴᠠ ᠳᠤᠮᠳᠠ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠡᠨᠧᠷᠭᠢ᠎ᠶ᠋ᠢᠨ ᠠᠵᠢᠯ ᠢ᠋ ᠯᠠᠪᠳᠠᠭᠤᠨ ᠰᠠᠢᠳᠤᠷ ᠬᠢᠬᠦ ᠡᠷᠡᠰ ᠵᠣᠷᠢᠭ᠎ᠢ ᠢᠯᠡᠷᠡᠭᠦᠯᠪᠡ᠃

《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠡ

ᠣᠳᠣᠬᠠᠨ᠎ᠳᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠰᠢᠵᠤ᠂ ᠪᠦᠬᠦ᠌ ᠣᠷᠣᠨ᠎ᠤ ᠡᠯ᠎ᠡ ᠶᠡᠬᠡ ᠨᠡᠭᠦᠷᠡᠰᠦᠨ᠎ᠦ ᠠᠵᠤ ᠠᠬᠤᠢᠯᠠᠯ᠂ ᠴᠠᠬᠢᠯᠭᠠᠨ᠎ᠤ ᠦᠢᠯᠡᠳᠪᠦᠷᠢ ᠪᠦᠬᠦ᠌ ᠬᠦᠴᠦᠨ᠎ᠢᠶᠡᠷ᠎ᠢᠶᠡᠨ ᠦᠢᠯᠡᠳᠪᠦᠷᠢᠯᠡᠵᠦ᠍᠂ ᠬᠠᠩᠭᠠᠯᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠪᠠᠲᠤᠯᠠᠵᠤ ᠪᠠᠢᠨ᠎ᠠ᠃

ᠡᠨᠧᠷᠭᠢ᠎ᠶ᠋ᠢᠨ ᠪᠠᠲᠤᠯᠠᠭ᠎ᠠ ᠪᠠ ᠠᠮᠤᠷ ᠲᠦᠪᠱᠢᠨ ᠨᠢ ᠤᠯᠤᠰ᠎ᠤᠨ ᠪᠤᠳᠤᠯᠭ᠎ᠠ ᠠᠷᠠᠳ᠎ᠤᠨ ᠠᠮᠢᠳᠤᠷᠠᠯ᠎ᠳ᠋ᠤ ᠬᠣᠯᠪᠣᠭ᠍ᠳᠠᠵᠤ᠂ ᠣᠮᠲᠣᠭᠠᠢᠯᠠᠵᠤ ᠪᠣᠯᠤᠰᠢ ᠦᠭᠡᠢ 《ᠤᠯᠤᠰ᠎ᠤᠨ ᠶᠡᠬᠡ ᠶᠠᠪᠤᠳᠠᠯ》 ᠮᠥᠨ᠃ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ ᠎ᠤ ᠬᠤᠪᠢ᠎ᠳᠤ᠂ ᠥᠪᠥᠷ ᠮᠣᠩᠭᠣᠯ ᠶᠡᠬᠡ ᠲᠠᠯ᠎ᠠ᠎ᠶ᠋ᠢ ᠪᠠᠲᠤᠯᠠᠵᠤ᠂ ᠶᠡᠬᠡ ᠲᠠᠯ᠎ᠠ᠎ᠶ᠋ᠢ ᠪᠣᠳᠣᠯᠬᠢᠯᠠᠨ᠂ ᠨᠡᠭᠦᠷᠡᠰᠦᠨ᠎ᠦ ᠲᠡᠷᠢᠭᠦᠨ᠎ᠦ ᠦᠶ᠋ᠯᠡᠳᠪᠦᠷᠢᠯᠡᠯ᠎ᠦᠨ ᠴᠢᠳᠠᠪᠤᠷᠢ᠎ᠶ᠋ᠢ ᠬᠥᠭ᠌ᠵᠢᠬᠥᠯᠬᠦ᠌᠎ᠶ᠋ᠢ ᠬᠦᠴᠦᠯᠡᠨ ᠰᠠᠢᠲᠤᠷ ᠠᠳᠭᠤᠵᠤ᠂ ᠳᠤᠮᠳᠠ ᠣᠷᠳᠣ ᠬᠤᠭᠤᠴᠠᠭᠠᠨ᠎ᠤ ᠭᠡᠷ᠎ᠡ ᠲᠣᠭ᠍ᠲᠠᠵᠤ ᠭᠡᠷ᠎ᠡ᠎ᠪᠡᠨ ᠭᠦᠶ᠋ᠴᠡᠳᠭᠡᠬᠦ᠌᠎ᠶ᠋ᠢ ᠨᠠᠢᠳᠠᠪᠤᠷᠢᠵᠢᠭᠤᠯᠤᠨ᠂ ᠴᠠᠬᠢᠯᠭᠠᠨ ᠢ᠋ ᠲᠣᠭ᠍ᠲᠠᠭᠤᠨ ᠪᠥᠭᠡᠳ ᠭᠦᠶ᠋ᠴᠡᠳ ᠭᠠᠷᠭᠠᠬᠤ ᠪᠠ ᠴᠢᠯᠠᠭᠤᠨ ᠲᠣᠰᠣ ᠱᠢᠲᠠᠮᠠᠬᠠᠶ ᠬᠡᠶ᠎ᠶ᠋ᠢᠨ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠪᠠᠲᠤᠯᠠᠵᠤ᠂ ᠪᠥᠬᠥ᠌ ᠤᠯᠤᠰ᠎ᠤᠨ ᠡᠨᠧᠷᠭᠢ᠎ᠶ᠋ᠢᠨ ᠬᠠᠩᠭᠠᠯᠭ᠎ᠠ ᠶᠡᠷᠦᠩᠬᠡᠶ᠎ᠳᠡᠭᠡᠨ ᠲᠣᠭ᠍ᠲᠠᠭᠤᠨ ᠪᠠᠢᠬᠤ᠎ᠳᠤ ᠪᠦᠲᠦᠮᠵᠢᠲᠡᠶ ᠬᠦᠴᠦᠨ ᠨᠡᠮᠡᠷᠢᠯᠡᠪᠡ᠃ 2024 ᠣᠨ᠎ᠳᠤ ᠥᠪᠥᠷ ᠮᠣᠩᠭᠣᠯ 12.9 ᠳ᠋ᠦᠩᠱᠢᠭᠤᠷ ᠲᠣᠨ ᠨᠡᠭᠦᠷᠡᠰᠦ ᠦᠶ᠋ᠯᠡᠳᠪᠦᠷᠢᠯᠡᠵᠦ᠍᠂ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠶ᠋ᠢ 8.3 ᠳ᠋ᠦᠩᠱᠢᠭᠤᠷ ᠲᠣᠨ ᠪᠡᠶᠡᠯᠡᠭᠦᠯᠵᠦ᠍᠂ ᠪᠥᠬᠥ᠌ ᠤᠯᠤᠰ᠎ᠤᠨ 34.5% ᠎ᠶ᠋ᠢ ᠡᠵᠡᠯᠡᠵᠦ᠍᠂ ᠴᠠᠬᠢᠯᠭᠠᠨ ᠭᠠᠷᠭᠠᠯᠲᠠ 8000 ᠳ᠋ᠦᠩᠱᠢᠭᠤᠷ ᠭᠷᠠᠳᠦ᠋ᠰ᠎ᠢ ᠳᠠᠪᠠᠵᠤ᠂ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ 3150 ᠳ᠋ᠦᠩᠱᠢᠭᠤᠷ ᠭᠷᠠᠳᠦ᠋ᠰ᠎ᠲᠦ ᠬᠦᠷᠴᠦ᠍᠂ ᠪᠥᠬᠥ᠌ ᠤᠯᠤᠰ᠎ᠤᠨ 16% ᠎ᠶ᠋ᠢ ᠡᠵᠡᠯᠡᠵᠦ᠍᠂ ᠴᠥᠮ ᠪᠥᠬᠥ᠌ ᠤᠯᠤᠰ᠎ᠤᠨ ᠨᠢᠭᠡᠳᠦᠭᠡᠷ᠎ᠲᠦ ᠣᠷᠣᠪᠠ᠃

ᠥᠪᠥᠷ ᠮᠣᠩᠭᠣᠯ᠎ᠤᠨ ᠴᠠᠬᠢᠯᠭᠠᠨ᠎ᠢ ᠭᠠᠳᠠᠭ᠍ᠰᠢ ᠬᠦᠷᠭᠡᠬᠦ᠌ ᠴᠢᠬᠤᠯᠠ ᠬᠦᠴᠦᠨ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠴᠠᠬᠢᠯᠭᠠᠨ ᠲᠤᠤᠷ᠎ᠤᠨ ᠪᠦᠯᠦᠭᠯᠡᠯ ᠤ᠋ᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠬᠢᠵᠠᠭᠠᠷᠲᠤ ᠺᠣᠮᠫᠠᠨᠢ 《ᠲᠠᠪᠤᠨ ᠬᠤᠪᠢᠰᠤᠮᠠᠯ ᠴᠠᠬᠢᠯᠭᠠᠨ ᠭᠤᠷᠪᠠᠨ ᠲᠣᠭ᠍ᠲᠠᠮᠠᠯ ᠴᠠᠬᠢᠯᠭᠠᠨ》 ᠣᠨᠴᠠ ᠥᠨᠳᠥᠷ ᠬᠦᠴᠦᠳᠡᠯ᠎ᠢ ᠨᠠᠷᠢᠯᠢᠭ ᠠᠵᠢᠯᠯᠠᠭᠤᠯᠵᠤ᠂ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ᠎ᠤ ᠭᠠᠳᠠᠭ᠍ᠰᠢ ᠬᠦᠷᠭᠡᠭ᠌ᠰᠡᠨ ᠬᠡᠮᠵᠢᠶ᠎ᠡ 6500 ᠳ᠋ᠦᠩᠱᠢᠭᠤᠷ ᠭᠷᠠᠳᠦ᠋ᠰ᠎ᠢ ᠳᠠᠪᠠᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠲᠤᠤᠷ ᠎ᠤᠨ ᠺᠤᠮᠫᠠᠨᠢ ᠵᠢᠨ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ ᠬᠣᠶᠠᠷ ᠵᠢᠯ ᠳᠠᠷᠠᠭᠠᠯᠠᠨ ᠪᠥᠬᠥ᠌ ᠤᠯᠤᠰ᠎ᠤᠨ ᠮᠤᠵᠢ᠎ᠶ᠋ᠢᠨ ᠲᠠᠰ᠎ᠤᠨ ᠴᠠᠬᠢᠯᠭᠠᠨ ᠬᠦᠴᠦᠨ᠎ᠦ ᠺᠣᠮᠫᠠᠨᠢ᠎ᠶ᠋ᠢᠨ ᠲᠡᠷᠢᠭᠦᠨ᠎ᠳᠦ ᠵᠢᠭ᠍ᠰᠠᠭᠠᠭ᠍ᠳᠠᠵᠤ᠂ ᠪᠥᠬᠥ᠌ ᠤᠯᠤᠰ᠎ᠤᠨ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠶᠡᠬᠡ ᠲᠠᠯ᠎ᠠ᠎ᠶ᠋ᠢ ᠬᠦᠴᠦᠲᠡᠶ ᠲᠤᠯᠭᠠᠭᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠦᠯᠦᠭᠡᠯᠡᠭᠴᠢ᠂ ᠤᠯᠤᠰ᠎ᠤᠨ ᠴᠠᠬᠢᠯᠭᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠤᠤ ᠭᠤᠸᠠᠩ ᠬᠤᠢ᠂ 2024 ᠣᠨ᠎ᠤ 12 ᠰᠠᠷ᠎ᠠ᠎ᠶ᠋ᠢᠨ 30 ᠤ᠋ ᠡᠳᠦᠷ᠂ ᠤᠯᠤᠰ᠎ᠤᠨ ᠴᠠᠬᠢᠯᠭᠠᠨ ᠲᠣᠣᠷ᠎ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠠᠮᠲᠤᠷᠠᠯᠴᠠᠭᠠᠨ᠎ᠤ ᠰᠠᠨᠠᠮᠵᠢ᠎ᠶ᠋ᠢᠨ ᠪᠢᠴᠢᠭ᠎ᠲᠦ ᠭᠠᠷ᠎ᠤᠨ ᠦᠰᠦᠭ ᠵᠢᠷᠤᠵᠤ᠂ ᠥᠪᠥᠷ ᠮᠣᠩᠭᠣᠯ᠎ᠤᠨ ᠣᠨᠴᠠ ᠥᠨᠳᠥᠷ ᠬᠦᠴᠤᠳᠡᠯᠳᠤ ᠴᠠᠬᠢᠯᠭᠠᠨ᠎ᠤ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠨᠡᠭᠡᠭᠡᠪᠡ᠃ ᠲᠠᠷᠠᠭᠠᠴᠢ᠎ᠶ᠋ᠢᠨ ᠠᠯᠬᠤᠮ᠎ᠳᠤ᠂ ᠤᠯᠤᠰ᠎ᠤᠨ ᠴᠠᠬᠢᠯᠭᠠᠨ ᠲᠤᠤᠷ᠎ᠤᠨ ᠬᠢᠵᠠᠭᠠᠷᠲᠤ ᠺᠣᠮᠫᠠᠨᠢ ᠥᠪᠥᠷ ᠮᠣᠩᠭᠣᠯ᠎ᠤᠨ ᠪᠠᠷᠠᠭᠤᠨ ᠬᠡᠰᠡᠭ᠎ᠡᠴᠡ ᠪᠡᠭᠡᠵᠢᠩ ᠲᠢᠶᠠᠨᠵᠢᠨ ᠡᡁᠸᠪᠸᠢ ᠬᠥᠷᠬᠥ᠌᠂ ᠳᠠᠯᠠᠳ᠎ᠡᠴᠡ ᠥᠪᠥᠷ ᠮᠣᠩᠭᠣᠯ᠎ᠤᠨ ᠪᠠᠷᠠᠭᠤᠨ ᠬᠡᠰᠡᠭ ᠬᠥᠷᠬᠥ᠌ ᠵᠡᠷᠭᠡ ᠣᠨᠴᠠ ᠥᠨᠳᠥᠷ ᠬᠦᠴᠦᠳᠡᠯᠲᠦ ᠴᠠᠬᠢᠯᠭᠠᠨ᠎ᠤ ᠢᠨᠵᠧᠨᠧᠷᠢᠩ᠎ᠢ ᠲᠦᠷᠭᠡᠳᠭᠡᠨ ᠡᠬᠢᠯᠡᠭᠦᠯᠵᠦ᠍᠂ ᠱᠢᠯᠢ᠎ᠶ᠋ᠢᠨ ᠭᠤᠤᠯ ᠠᠢᠮᠠᠭ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠤᠤᠷ᠎ᠤᠨ ᠪᠦᠷᠢᠯᠳᠦᠴᠡ᠎ᠶ᠋ᠢ ᠨᠥᠬᠥᠪᠥᠷᠢᠯᠡᠬᠦ᠌᠎ᠶ᠋ᠢ ᠠᠬᠢᠭᠤᠯᠤᠨ᠂ 《ᠠᠷᠪᠡᠨ ᠲᠠᠪᠤᠳᠤᠭᠠᠷ ᠲᠠᠪᠤᠨ ᠵᠢᠯ》ᠤ᠋ᠨ ᠲᠦᠯᠦᠪᠵᠢᠬᠦᠯᠭᠡ ᠵᠢᠨ ᠴᠠᠬᠢᠯᠭᠠᠨ ᠲᠤᠤᠷ᠎ᠤᠨ ᠲᠥᠯᠥᠪᠵᠢᠭᠦᠯᠭᠡ᠎ᠶ᠋ᠢᠨ ᠰᠤᠳᠤᠯᠭᠠᠨ᠎ᠢ ᠭᠦᠨᠵᠡᠭᠡᠢᠷᠡᠭᠦᠯᠵᠦ᠍᠂ ᠭᠠᠳᠠᠭ᠍ᠰᠢ ᠬᠦᠷᠭᠡᠬᠦ᠌ ᠱᠢᠨ᠎ᠡ ᠨᠡᠪᠲᠡᠷᠡᠬᠦ᠌ ᠵᠠᠮ᠎ᠢ ᠤᠷᠢᠳᠴᠢᠯᠠᠨ ᠰᠤᠳᠤᠯᠤᠨ ᠰᠡᠳᠦᠵᠦ᠍᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ᠎ᠲᠤᠤᠷ᠎ᠤᠨ ᠪᠦᠬᠦᠯᠢ ᠴᠣᠭ᠍ᠴᠠ᠎ᠪᠠᠷ ᠭᠠᠳᠠᠭ᠍ᠰᠢ ᠬᠦᠷᠭᠡᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠪᠣᠳᠠᠲᠠᠶ᠎ᠶ᠋ᠢ ᠡᠷᠬᠢᠮᠯᠡᠨ ᠦᠶ᠋ᠯᠡᠴᠢᠯᠡᠨ᠎ᠡ ᠭᠡᠵᠤ ᠬᠡᠯᠡᠪᠡ᠃

ᠭᠣᠣᠯ ᠴᠣᠭ᠍ᠴᠠ᠎ᠶ᠋ᠢᠨ ᠡᠨᠧᠷᠭᠢ ᠪᠣᠯᠤᠭ᠍ᠰᠠᠨ᠎ᠤ ᠬᠤᠪᠢ᠎ᠳᠤ᠂ ᠨᠡᠭᠦᠷᠡᠰᠦ ᠨᠢ ᠮᠠᠨ᠎ᠤ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠦ ᠪᠠᠳᠤᠯᠠᠭ᠎ᠠ ᠳ᠋ᠤ 《ᠲᠤᠬᠳᠠᠪᠤᠷᠢᠵᠢᠭᠤᠯᠤᠬᠴᠢ》 ᠵᠢᠨ ᠦᠢᠯᠡᠳᠦᠯ ᠦᠵᠡᠭᠦᠯᠵᠦ᠍ ᠪᠤᠢ᠃ ᠣᠳᠣᠬᠠᠨ᠎ᠳᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠣᠣᠰ ᠡᠵᠡᠮᠳᠡᠯ᠎ᠦᠨ ᠠᠬᠤᠢ ᠪᠠᠢᠳᠠᠯ ᠳᠣᠣᠷ᠎ᠠ᠂ ᠥᠪᠥᠷ ᠮᠣᠩᠭᠣᠯ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢ ᠳᠡᠭᠡᠳᠦ ᠲᠡᠰᠵᠢᠬᠦᠯᠬᠦ᠌᠂ ᠤᠯᠠᠨ ᠡᠱᠢᠵᠢᠬᠦᠯᠬᠦ᠌᠂ ᠪᠠᠭ᠎ᠠ ᠨᠡᠭᠦᠷᠡᠰᠦᠲᠥ᠋ᠷᠥᠭ᠌ᠴᠢᠲᠦ ᠪᠣᠯᠭᠠᠬᠤ ᠴᠢᠭ᠌ᠯᠡᠯ ᠲᠡᠢᠰᠢ ᠤᠷᠤᠭ᠍ᠰᠢᠯᠠᠬᠤ᠎ᠶ᠋ᠢ ᠢᠳᠡᠪᠬᠢᠲᠡᠢ ᠠᠬᠢᠭᠤᠯᠬᠤ᠎ᠶ᠋ᠢᠨ ᠵᠡᠷᠭᠡ ᠪᠡᠷ ᠱᠢᠨ᠎ᠡ ᠡᠨᠧᠷᠭᠢ᠎ᠲᠡᠶ ᠠᠭᠤᠰᠤᠯᠴᠠᠨ ᠬᠥᠭ᠌ᠵᠢᠬᠦ᠌᠎ᠶ᠋ᠢ ᠢᠳᠡᠪᠬᠢᠲᠡᠢ ᠡᠷᠢᠯᠬᠢᠯᠡᠵᠦ᠍ ᠪᠤᠢ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ᠎ᠤᠨ ᠡᠨᠧᠷᠭᠢ᠎ᠶ᠋ᠢᠨ ᠪᠤᠭᠤᠲᠤ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠭᠡᠱᠢᠭᠦᠨ᠂ ᠶᠡᠷᠦᠩᠬᠡᠶ ᠨᠢᠭ᠍ᠲᠠᠯᠠᠨ ᠪᠤᠳᠤᠭ᠍ᠴᠢ ᠬᠤᠤ ᠵᠢᠶ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠲᠤᠯᠭᠠᠭᠤᠷᠢ ᠠᠵᠤ ᠦᠶ᠋ᠯᠡᠰ ᠪᠣᠯᠤᠭ᠍ᠰᠠᠨ᠎ᠤ ᠬᠤᠪᠢ᠎ᠳᠤ᠂ ᠣᠳᠣᠬᠠᠨ᠎ᠳᠤ ᠥᠪᠥᠷ ᠮᠣᠩᠭᠣᠯ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ ᠨᠢᠭᠡᠨᠲᠡ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠪᠠ᠂ ᠭᠡᠪᠡᠴᠦ᠍ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠂ ᠱᠢᠨ᠎ᠡ᠎ᠶ᠋ᠢ ᠡᠭᠦᠳᠦᠨ ᠬᠥᠭ᠌ᠵᠢᠭᠦᠯᠬᠦ᠌ ᠲᠠᠯ᠎ᠠ᠎ᠪᠠᠷ ᠮᠥᠨ ᠬᠦ᠌ ᠮᠠᠰᠢ ᠣᠯᠠᠨ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠠ ᠤᠷᠮᠠᠱᠢᠭᠤᠯᠬᠤ ᠲᠣᠭ᠍ᠲᠠᠴᠠ᠎ᠶ᠋ᠢ ᠴᠢᠩᠭᠠᠳᠭᠠᠬᠤ᠂ ᠲᠠᠰ ᠳᠡᠪᠱᠢᠭᠦᠯᠦᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠥᠷᠨᠢᠭᠦᠯᠬᠦ᠌᠂ ᠱᠢᠨ᠎ᠡ ᠡᠨᠧᠷᠭᠢ ᠬᠢᠭᠡᠳ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢ ᠬᠣᠯᠪᠣᠯᠳᠤᠭᠤᠯᠤᠨ ᠬᠥᠭ᠌ᠵᠢᠭᠦᠯᠬᠦ᠌᠎ᠶ᠋ᠢ ᠴᠢᠩᠭᠠᠳᠭᠠᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ᠌᠎ᠶ᠋ᠢ ᠭᠦᠨᠵᠡᠭᠡᠢᠷᠡᠭᠦᠯᠬᠦ᠌ ᠵᠡᠷᠭᠡ ᠲᠠᠯ᠎ᠠ᠎ᠪᠠᠷ ᠬᠦᠴᠦᠯᠡᠵᠦ᠍᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ ᠭᠡᠵᠤ ᠢᠯᠡᠳᠭᠡᠪᠡ᠃

《ᠬᠤᠤᠰ ᠨᠡᠭᠦᠷᠡᠰᠦᠲᠥ᠋ᠷᠥᠭ᠌ᠴᠢ》ᠶ᠋ᠢᠨ ᠬᠠᠷᠠᠯᠲᠠ᠎ᠶ᠋ᠢ ᠪᠠᠳᠤ ᠡᠵᠡᠮᠳᠡᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠥᠨᠳᠥᠷᠯᠢᠭ ᠢ᠋ ᠬᠦᠴᠦᠯᠡᠨ ᠪᠠᠢᠭᠤᠯᠤᠨ᠎ᠠ

ᠡᠯᠡᠰᠦᠨ ᠴᠦᠯ ᠳᠡᠭᠡᠷ᠎ᠡ᠂ ᠬᠥᠬᠡ ᠦᠨᠭᠭᠡ ᠳᠠᠢ ᠭᠡᠷᠡᠯᠴᠢ ᠴᠡᠨᠡᠭ ᠤ᠋ᠨ ᠬᠠᠪᠲᠠᠰᠤ ᠨᠤᠭᠤᠳ ᠵᠢᠭ᠌ᠳᠡᠷᠡᠨ ᠬᠠᠷᠠᠬᠳᠠᠨ᠎ᠠ; ᠠᠭᠤᠯᠠ ᠲᠤᠯᠤᠭᠠᠳ ᠤ᠋ᠨ ᠤᠷᠤᠢ ᠪᠡᠷ᠂ ᠲᠤᠮᠤ ᠰᠠᠷᠬᠢᠷᠠᠭᠤᠯ ᠰᠡᠬᠦᠢᠯᠴᠡᠨ᠎ᠠ ᠁ ᠥᠪᠥᠷ ᠮᠣᠩᠭᠣᠯ᠎ᠤᠨ ᠨᠡᠭᠦᠷᠡᠰᠦᠨ᠎ᠤ ᠡᠬᠢ ᠪᠠᠶᠠᠯᠢᠭ ᠡᠯᠪᠡᠭ ᠲᠡᠯᠪᠡᠭ᠎ᠢᠶᠡᠷ ᠪᠠᠷᠠᠬᠤ ᠦᠭᠡᠢ᠂ 《ᠰᠠᠯᠬᠢ》᠂ 《ᠭᠡᠷᠡᠯ》 ᠎ᠤᠨ ᠡᠬᠢ ᠪᠠᠶᠠᠯᠢᠭ᠎ᠴᠤ ᠡᠯᠪᠡᠭ ᠲᠡᠯᠪᠡᠭ ᠪᠠᠢᠳᠠᠭ᠃

2024 ᠣᠨ᠎ᠳᠤ᠂ ᠥᠪᠥᠷ ᠮᠣᠩᠭᠣᠯ《ᠬᠤᠤᠰ ᠨᠡᠭᠦᠷᠡᠰᠦᠲᠥ᠋ᠷᠥᠭ᠌ᠴᠢ》ᠶ᠋ᠢᠨ ᠬᠠᠷᠠᠯᠲᠠ᠎ᠶ᠋ᠢ ᠪᠠᠳᠤ ᠡᠵᠡᠮᠳᠡᠵᠤ᠂ ᠱᠠᠯᠠᠪᠳᠠᠨ ᠠᠵᠢᠯᠯᠠᠵᠤ ᠱᠢᠨ᠎ᠡ ᠡᠨᠧᠷᠭᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠬᠰᠠᠨ ᠡᠴᠡ᠂ ᠱᠢᠨ᠎ᠡ ᠡᠨᠧᠷᠭᠢ ᠤᠷᠢᠳ ᠡᠮᠦᠨ᠎ᠡ ᠪᠠᠢᠭ᠎ᠠ ᠥᠬᠡᠶ ᠬᠤᠷᠳᠤ ᠪᠡᠷ ᠲᠦᠷᠭᠡᠨ ᠬᠥᠭ᠌ᠵᠢᠪᠡ᠃ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ 1.35 ᠳ᠋ᠦᠩᠱᠢᠭᠤᠷ ᠺᠢᠯᠦᠸᠠᠲ᠎ᠢ ᠳᠠᠪᠠᠵᠤ᠂ ᠢᠯᠴᠢ᠎ᠶᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠪᠠᠬᠳᠠᠭᠠᠮᠵᠢ ᠎ᠶᠢ ᠲᠠᠪᠠᠬᠤ ᠬᠠᠷᠠᠯᠲᠠ᠎ᠶ᠋ᠢ ᠨᠢᠭᠡ ᠵᠢᠯ ᠤᠷᠢᠳᠴᠢᠯᠠᠨ ᠪᠡᠶᠠᠯᠠᠭᠦᠯᠵᠤ᠂ ᠱᠢᠨ᠎ᠡ ᠡᠨᠧᠷᠭᠢ ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠠᠢᠰᠢ ᠬᠡᠯᠪᠡᠷᠢ᠎ᠪᠡᠨ ᠬᠤᠪᠢᠷᠠᠭᠤᠯᠬᠤ ᠢᠳᠡᠷᠡᠭᠦᠨ ᠠᠯᠬᠤᠭ᠎ᠠ᠎ᠶ᠋ᠢ ᠠᠯᠬᠤᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠪᠥᠬᠥ᠌ ᠤᠯᠤᠰ᠎ᠤᠨ ᠲᠡᠷᠢᠭᠦᠨ᠎ᠦ ᠪᠠᠢᠷᠢ ᠰᠠᠭᠤᠷᠢ᠎ᠶ᠋ᠢ ᠤᠯᠠᠮ ᠪᠡᠬᠢᠵᠢᠭᠦᠯᠪᠡ᠃

2025 ᠣᠨ᠎ᠤ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠤᠬᠠᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 《4000 ᠲᠦᠮᠡᠨ ᠺᠢᠯᠦᠸᠠᠲ᠎ᠢ ᠰᠢᠨ᠎ᠠ ᠪᠡᠷ ᠲᠤᠤᠷ᠎ᠲᠦ ᠨᠡᠢᠯᠡᠭᠦᠯᠦᠨ᠂ ᠴᠠᠬᠢᠯᠭᠠᠨ ᠭᠠᠷᠭᠠᠬᠤ ᠬᠡᠮᠵᠢᠶ᠎ᠡ᠎ᠶ᠋ᠢ 3000 ᠳ᠋ᠦᠩᠱᠢᠭᠤᠷ ᠭᠷᠠᠳᠦ᠋ᠰ᠎ᠡᠴᠡ ᠳᠠᠪᠠᠭᠤᠯᠬᠤ᠌᠎ᠪᠡᠷ ᠴᠢᠷᠮᠠᠢᠨ᠎ᠠ》᠂ 《ᠱᠢᠨ᠎ᠡ ᠡᠨᠧᠷᠭᠢ᠎ᠶ᠋ᠢᠨ ᠠᠱᠢᠭ᠍ᠯᠠᠯᠲᠠ᠎ᠶ᠋ᠢᠨ ᠨᠤᠷᠮ᠎ᠠ᠎ᠶ᠋ᠢ 90% ᠡᠴᠡ ᠳᠡᠭᠡᠭ᠌ᠰᠢ ᠪᠠᠢᠯᠭᠠᠬᠤ᠎ᠶ᠋ᠢ ᠦᠨᠡᠨ ᠬᠦ᠌ ᠪᠠᠲᠤᠯᠠᠨ᠎ᠠ》᠂ 《ᠱᠢᠨ᠎ᠡ ᠡᠨᠧᠷᠭᠢ᠎ᠶ᠋ᠢᠨ ᠲᠣᠨᠣᠭ᠍ᠯᠠᠯ ᠦᠢᠯᠡᠳᠬᠦ᠌ ᠦᠢᠯᠡᠰ᠎ᠦᠨ ᠦᠢᠯᠡᠳᠬᠦᠨ᠎ᠦ ᠦᠷᠳᠡᠭ᠎ᠢ 2700 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠡᠷ ᠴᠢᠷᠮᠠᠢᠨ᠎ᠠ 》 ᠭᠡᠵᠦ᠍ ᠳᠤᠷᠠᠳᠪᠠ᠃ ᠱᠢᠨ᠎ᠡ ᠨᠢᠭᠡ ᠵᠢᠯ᠎ᠳᠦ᠂ 《ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠲᠡᠷᠢᠭᠦᠨ᠎ᠦ ᠪᠠᠢᠷᠢ ᠰᠠᠭᠤᠷᠢ᠎ᠶ᠋ᠢ ᠰᠠᠢᠲᠤᠷ ᠪᠡᠬᠢᠵᠢᠭᠦᠯᠬᠦ᠌ 》 ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠨᠢᠭᠡᠨᠲᠡ ᠬᠠᠩᠭᠢᠨᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠱ᠌ᠢ ᠵᠥᠩ ᠴᠢᠨ᠂ ᠪᠤᠭᠤᠲᠤ ᠬᠣᠲᠠ ᠬᠡᠯᠬᠢᠶ᠎ᠡ ᠪᠦᠯᠥᠭᠵᠢᠯ᠎ᠦᠨ ᠰᠡᠳᠭᠢᠬᠦᠶ᠎ᠪᠡᠷ ᠲᠦᠯᠦᠪᠵᠢᠭᠦᠯᠤᠨ ᠪᠠᠢᠷᠢᠱᠢᠭᠤᠯᠵᠤ᠂ ᠬᠡᠷᠡᠯᠴᠢ ᠴᠡᠨᠡᠭ᠂ ᠰᠠᠯᠬᠢᠨ ᠬᠦᠴᠦᠨ᠎ᠦ ᠴᠠᠬᠢᠯᠭᠠᠨ᠂ ᠡᠨᠧᠷᠭᠢ ᠬᠠᠳᠠᠭᠠᠯᠠᠬᠤ᠂ ᠤᠰᠤᠲᠥ᠋ᠷᠥᠭ᠌ᠴᠢ ᠡᠨᠧᠷᠭᠢ ᠵᠡᠷᠭᠡ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ ᠦᠶ᠋ᠯᠡᠳᠬᠦ᠌᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ 《ᠬᠥᠭ᠌ᠵᠢᠭᠦᠯᠬᠦ᠌ — ᠨᠥᠭᠡᠴᠡᠯᠡᠬᠦ᠌ — ᠬᠦᠷᠭᠡᠬᠦ᠌ — ᠲᠣᠬᠢᠷᠠᠭᠤᠯᠬᠤ — ᠬᠡᠷᠡᠭ᠌ᠯᠡᠬᠦ᠌ 》 ᠪᠥᠬᠥ᠌ ᠬᠡᠯᠬᠢᠶ᠎ᠡ᠎ᠶ᠋ᠢ ᠪᠠᠢᠭᠤᠯᠵᠤ᠂ ᠬᠣᠲᠠ᠎ᠶ᠋ᠢᠨ ᠬᠠᠷᠢᠶ᠎ᠠ ᠪᠥᠬᠥᠶ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠢᠶᠠᠷ ᠭᠤᠤᠯ ᠤᠳᠤᠷᠢᠳᠤᠮᠵᠢ ᠪᠣᠯᠭᠠᠭ᠍ᠰᠠᠨ ᠱᠢᠨ᠎ᠡ ᠡᠨᠧᠷᠭᠢ᠎ᠶ᠋ᠢᠨ ᠥᠪᠡᠰᠦᠪᠡᠨ ᠬᠡᠷᠡᠭ᠌ᠯᠡᠬᠦ᠌ ᠰᠠᠭᠤᠷᠢᠨ᠎ᠢ ᠨᠡᠭᠡᠭᠡᠨ ᠬᠥᠭ᠌ᠵᠢᠭᠦᠯᠬᠦ᠌ ᠲᠤᠷᠱᠢᠯᠲᠠ᠎ᠶᠢᠨ ᠴᠡᠭ᠂ 《ᠨᠤᠲᠤᠭ ᠪᠡᠯᠴᠢᠭᠡᠷ ᠪᠠ ᠨᠠᠷᠠᠨ᠎ᠤ ᠡᠨ᠋ᠸᠷᠬᠢ ᠵᠢᠡᠷ ᠬᠠᠷᠢᠯᠴᠠᠨ ᠨᠦᠬᠦᠪᠦᠷᠢᠯᠡᠬᠦ》 ᠵᠠᠭ᠍ᠪᠤᠷ᠎ᠤᠨ ᠲᠤᠷᠱᠢᠯᠲᠠ᠎ᠶᠢᠨ ᠴᠡᠭ ᠢ᠋ ᠰᠠᠢᠲᠤᠷ ᠪᠠᠢᠭᠤᠯᠵᠤ᠂ ᠪᠤᠭᠤᠲᠤ ᠬᠣᠲᠠ᠎ᠶ᠋ᠢ 《ᠳᠤᠮᠳᠠᠳᠤ ᠤᠯᠤᠰ᠎ᠤᠨ ᠡᠨᠧᠷᠭᠢ ᠨᠥᠭᠡᠴᠡᠯᠡᠬᠦ᠌ ᠬᠣᠲᠠ》᠂ 《ᠳᠤᠮᠳᠠᠳᠤ ᠤᠯᠤᠰ᠎ᠤᠨ ᠠᠩᠬᠠᠳᠠᠭ᠍ᠴᠢ ᠪᠥᠬᠥ᠌ ᠲᠠᠯᠠᠪᠤᠷ᠎ᠤᠨ ᠪᠤᠬᠢᠷᠲᠤᠯ ᠦᠭᠡᠢ ᠤᠰᠤᠲᠥ᠋ᠷᠥᠭ᠌ᠴᠢ᠎ᠶ᠋ᠢ ᠥᠪᠡᠰᠦᠪᠡᠨ ᠣᠷᠴᠢᠯᠳᠤᠭᠤᠯᠵᠤ ᠱᠢᠨ᠎ᠡ᠎ᠶ᠋ᠢ ᠡᠭᠦᠳᠬᠦ᠌ ᠬᠣᠲᠠ》 ᠪᠤᠯᠭᠠᠨ ᠴᠤᠭᠴᠠᠯᠠᠬᠤ ᠬᠠᠷᠠᠯᠲᠠ ᠲᠡᠢᠰᠢ ᠤᠷᠤᠭᠰᠢᠯᠠᠨ᠎ᠠ ᠭᠡᠵᠦ ᠢᠯᠡᠳᠭᠡᠪᠡ᠃

ᠱᠢᠨ᠎ᠡ ᠡᠨᠧᠷᠭᠢ᠎ᠶ᠋ᠢᠨ ᠬᠦᠷᠢᠶᠡᠨ᠎ᠦ ᠳᠠᠭᠠᠭᠤᠯᠤᠬᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠳᠤ ᠣᠷᠣᠵᠤ ᠰᠠᠭᠤᠭ᠍ᠰᠠᠨ 17 ᠵᠢᠯ᠎ᠦᠨ ᠲᠤᠷᠰᠢ᠂ ᠵᠢᠨ ᠹᠸᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠨᠢᠭᠡᠨᠲᠡ ᠱᠢᠯᠢ᠎ᠶ᠋ᠢᠨ ᠭᠣᠣᠯ ᠠᠢᠮᠠᠭ᠂ ᠤᠯᠠᠭᠠᠨᠴᠠᠪ ᠬᠤᠳᠠ᠂ ᠬᠢᠩᠭᠠᠨ ᠠᠢᠮᠠᠭ᠂ ᠲᠦᠩᠯᠢᠶᠣᠤ ᠬᠤᠳᠠ᠂ ᠪᠤᠭᠤᠲᠤ ᠬᠤᠳᠠ᠎ᠳᠤ ᠶᠡᠷᠦᠩᠬᠡᠢ ᠤᠭ᠍ᠰᠠᠷᠠᠯᠲᠠ ᠵᠢᠴᠢ ᠠᠵᠤ ᠦᠢᠯᠡᠰ᠎ᠦᠨ ᠬᠡᠯᠬᠢᠶ᠎ᠡ᠎ᠶ᠋ᠢᠨ 5 ᠰᠠᠭᠤᠷᠢᠨ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ 《 ᠰᠠᠷᠬᠢᠷᠠᠭᠤᠯ ᠦᠢᠯᠡᠳᠬᠦ᠌ — ᠢᠵᠢ ᠪᠦᠷᠢᠳᠦᠬᠦᠯᠬᠦ᠌ ᠰᠡᠯᠪᠢᠭ ᠲᠤᠨᠤᠭ — ᠲᠤᠨᠤᠭ ᠲᠥᠬᠥᠭᠡᠷᠦᠮᠵᠢ᠎ᠶ᠋ᠢ ᠠᠵᠢᠯᠯᠠᠭᠤᠯᠵᠤ ᠬᠠᠮᠠᠭᠠᠯᠠᠬᠤ — ᠴᠢᠳᠠᠪᠤᠷᠢᠲᠠᠨ᠎ᠢ ᠬᠥᠮᠦᠵᠢᠭᠦᠯᠬᠦ᠌ 》 ᠠᠵᠤ ᠦᠢᠯᠡᠰ᠎ᠦᠨ ᠬᠡᠯᠬᠢᠶ᠎ᠡ᠎ᠶ᠋ᠢ ᠠᠯᠬᠤᠮ ᠠᠯᠬᠤᠮ᠎ᠢᠶᠠᠷ ᠪᠦᠷᠢᠯᠳᠦᠭᠦᠯᠵᠦ᠍᠂ ᠰᠠᠯᠬᠢᠨ ᠬᠦᠴᠦᠨ᠎ᠦ ᠴᠠᠬᠢᠯᠭᠠᠨ᠎ᠤ ᠠᠵᠤ ᠦᠢᠯᠡᠰ᠎ᠦᠨ ᠦᠢᠯᠡᠳᠬᠦᠨ᠎ᠦ ᠦᠷᠳᠡᠭ 140 ᠳ᠋ᠦᠩᠱᠢᠭᠤᠷ ᠲᠥᠭᠥᠷᠢᠭ᠎ᠢ ᠳᠠᠪᠠᠪᠠ᠃ 《ᠲᠠᠷᠠᠭᠠᠴᠢ᠎ᠶ᠋ᠢᠨ ᠠᠯᠬᠤᠮ᠎ᠳᠤ᠂ ᠪᠢᠳᠡ ᠰᠠᠯᠬᠢᠨ ᠬᠦᠴᠦᠨ᠎ᠦ ᠴᠠᠬᠢᠯᠭᠠᠨ᠎ᠤ ᠲᠠᠯᠠᠪᠠᠶ᠎ᠶ᠋ᠢ ᠨᠡᠭᠡᠭᠡᠨ ᠬᠥᠭ᠌ᠵᠢᠭᠦᠯᠬᠦ᠌᠂ ᠡᠨᠧᠷᠭᠢ ᠬᠠᠳᠠᠭᠠᠯᠠᠬᠤ᠂ ᠤᠰᠤᠲᠥ᠋ᠷᠥᠭ᠌ᠴᠢ ᠦᠶ᠋ᠯᠡᠳᠬᠦ᠌᠂ ᠪᠣᠬᠢᠷᠲᠤᠯ ᠥᠬᠡᠶ ᠬᠢᠮᠢ᠎ᠶ᠋ᠢᠨ ᠠᠵᠤ ᠦᠶ᠋ᠯᠡᠳᠪᠦᠷᠢ᠂ ᠰᠠᠯᠬᠢᠨ ᠬᠦᠴᠦᠨ ᠭᠡᠷᠡᠯᠴᠢ ᠴᠡᠨᠡᠭ᠎ᠤᠨ ᠲᠣᠮᠣ ᠰᠠᠭᠤᠷᠢᠨ ᠵᠡᠷᠭᠡ ᠲᠥᠷᠥᠯ ᠵᠦᠶ᠋ᠯ᠎ᠦᠨ ᠨᠡᠭᠡᠭᠡᠨ ᠬᠥᠭ᠌ᠵᠢᠭᠦᠯᠬᠦ᠌ ᠪᠠᠢᠷᠢᠱᠢᠭᠤᠯᠤᠯᠲᠠ᠎ᠶ᠋ᠢ ᠨᠡᠮᠡᠭ᠌ᠳᠡᠭᠦᠯᠵᠦ᠍᠂ ᠥᠪᠥᠷ ᠮᠣᠩᠭᠣᠯ᠎ᠤᠨ ᠥᠷᠢᠰᠦᠯᠳᠦᠬᠦ᠌ ᠬᠦᠴᠦᠨ᠎ᠲᠡᠶ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠶ᠋ᠯᠡᠳᠬᠦ᠌ ᠰᠠᠭᠤᠷᠢᠨ ᠪᠠᠢᠭᠤᠯᠬᠤ᠎ᠳᠤ ᠬᠦᠴᠦᠨ ᠨᠡᠮᠡᠷᠢᠯᠡᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠵᠢᠨ ᠹᠸᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ᠂ ᠬᠢᠩᠭᠠᠨ ᠠᠢᠮᠠᠭ ᠎ᠤᠨ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠠᠩ ᠬᠠᠢ ᠮᠸᠩ ᠢᠯᠡᠳᠭᠡᠪᠡ᠃

ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠤᠨ᠎ᠠ

ᠱᠢᠨ᠎ᠡ᠎ᠶ᠋ᠢ ᠡᠭᠦᠳᠬᠦ᠌ ᠪᠣᠯ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠮᠥᠨ᠂ ᠨᠡᠩ ᠴᠤ᠌ ᠡᠨᠧᠷᠭᠢ᠎ᠶ᠋ᠢᠨ ᠬᠡᠯᠪᠡᠷᠢ᠎ᠶ᠋ᠢ ᠬᠤᠪᠢᠷᠠᠭᠤᠯᠬᠤ ᠴᠢᠬᠤᠯᠠ ᠱᠢᠪᠲᠤᠯᠤᠯᠲᠠ᠎ᠶ᠋ᠢᠨ ᠴᠡᠭ ᠮᠥᠨ᠃

2024 ᠣᠨ᠎ᠳᠤ᠂ ᠥᠪᠥᠷ ᠮᠣᠩᠭᠣᠯ ᠡᠨᠧᠷᠭᠢ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠡᠨᠧᠷᠭᠢ᠎ᠶ᠋ᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠭᠠᠷᠳᠠᠴᠠ ᠪᠣᠯᠭᠠᠵᠤ᠂ ᠡᠨᠧᠷᠭᠢ᠎ᠶ᠋ᠢᠨ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠱᠢᠪᠲᠤᠯᠤᠯᠲᠠ》 ᠎ᠶ᠋ᠢᠨ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ ᠭᠤᠤᠯᠳᠠᠭᠤ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠦᠨ ᠪᠥᠲᠥᠭᠡᠨ ᠪᠠᠢᠭᠤᠯᠤᠯᠲᠠ᠂ ᠰᠠᠯᠬᠢᠨ ᠬᠦᠴᠦᠨ ᠭᠡᠷᠡᠯᠴᠢ ᠴᠡᠨᠡᠭ᠎ᠤᠨ ᠡᠨ᠋ᠸᠷᠬᠢ᠎ᠵᠢ ᠤᠰᠤᠲᠥ᠋ᠷᠥᠭ᠌ᠵᠢᠭᠦᠯᠦᠨ ᠬᠠᠳᠠᠭᠠᠯᠠᠬᠤ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ ᠵᠡᠷᠭᠡ ᠲᠠᠯ᠎ᠠ᠎ᠪᠠᠷ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠬᠢᠵᠦ᠍᠂ ᠳᠡᠭᠡᠳᠦ ᠮᠡᠷᠭᠡᠵᠢᠯ᠂ ᠥᠨᠳᠥᠷ ᠦᠷ᠎ᠡ ᠪᠦᠲᠦᠮᠵᠢᠲᠡᠶ᠂ ᠴᠢᠨᠠᠷ ᠰᠠᠢᠲᠠᠶ᠎ᠪᠠᠷ ᠣᠨᠴᠠᠯᠢᠭ ᠪᠣᠯᠭᠠᠭ᠍ᠰᠠᠨ ᠡᠨᠧᠷᠭᠢ᠎ᠶᠢᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠪᠣᠢᠵᠢᠭᠤᠯᠪᠠ᠃

ᠳᠡᠯᠡᠬᠡᠢ᠎ᠶ᠋ᠢᠨ ᠠᠩᠬᠠᠳᠠᠭ᠍ᠴᠢ ᠴᠤᠯ ᠱᠢᠨ᠎ᠡ ᠡᠨᠧᠷᠭᠢ ᠪᠣᠯᠤᠨ ᠥᠨᠳᠥᠷ ᠬᠦᠴᠦᠳᠡᠯᠳᠤ ᠶᠡᠬᠡ ᠪᠠᠭ᠍ᠲᠠᠭᠠᠮᠵᠢᠲᠤ ᠴᠢᠳᠠᠯ᠎ᠤᠨ ᠲᠤᠨᠤᠭ᠎ᠢ ᠬᠡᠷᠡᠭ᠌ᠯᠡᠬᠰᠡᠨ ᠣᠨᠴᠠ ᠥᠨᠳᠥᠷ ᠳᠠᠷᠤᠯᠲᠠᠲᠤ ᠤᠶᠠᠨ ᠵᠥᠭᠡᠯᠡᠨ ᠲᠣᠭ᠍ᠲᠠᠮᠠᠯ ᠭᠥᠶᠥᠳᠡᠯᠳᠦ ᠴᠠᠬᠢᠯᠭᠠᠨ᠎ᠤ ᠢᠨᠵᠧᠨᠧᠷᠢᠩ ᠡᠬᠢᠯᠡᠵᠦ᠍᠂ ᠳᠡᠯᠡᠬᠡᠢ᠎ᠶ᠋ᠢᠨ ᠠᠩᠬᠠᠳᠠᠭ᠍ᠴᠢ ᠨᠡᠭᠦᠷᠡᠰᠦᠨ ᠳ᠋ᠤ ᠤᠰᠤᠲᠥ᠋ᠷᠥᠭ᠌ᠴᠢ᠎ᠶ᠋ᠢ ᠨᠡᠮᠡᠵᠦ ᠬᠡᠢᠵᠢᠭᠦᠯᠬᠦ᠌ ᠮᠡᠷᠭᠡᠵᠢᠯ ᠴᠢᠬᠤᠯᠠ ᠶᠡᠬᠡ ᠱᠢᠪᠲᠤᠯᠤᠯᠲᠠ᠎ᠲᠠᠶ ᠪᠤᠯᠵᠤ᠂ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠪᠠᠭ᠍ᠲᠠᠭᠠᠮᠵᠢᠲᠤ ᠪᠦᠲᠦᠴᠡᠳᠦ ᠲᠣᠣᠷ ᠬᠡᠯᠪᠡᠷᠢ᠎ᠶ᠋ᠢᠨ ᠨᠥᠭᠡᠴᠡ᠎ᠶ᠋ᠢᠨ ᠪᠣᠳᠠᠲᠤ ᠴᠣᠭ᠍ᠴᠠ᠎ᠶ᠋ᠢᠨ ᠦᠯᠢᠬᠡᠷ ᠮᠠᠱᠢᠨ ᠠᠮᠵᠢᠯᠲᠠᠲᠠᠢ ᠠᠵᠢᠯᠯᠠᠪᠠ ᠁ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠵᠤ᠂ ᠡᠨᠧᠷᠭᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ᠎ᠶ᠋ᠢ ᠲᠦᠷᠭᠡᠨ ᠪᠠᠳᠠᠷᠠᠭᠤᠯᠪᠠ᠃

ᠥᠪᠥᠷ ᠮᠣᠩᠭᠣᠯ᠎ᠤᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠨ᠎ᠦ ᠣᠷᠣᠢᠯᠠᠭ᠍ᠴᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠢ᠎ᠲᠡᠶ ᠪᠦᠯᠦᠭ᠌ᠯᠡᠯ᠎ᠦᠨ ᠬᠢᠵᠠᠭᠠᠷᠲᠤ ᠺᠣᠮᠫᠠᠨᠢ 2009 ᠣᠨ᠎ᠳᠤ ᠣᠷᠳᠣᠰ ᠬᠣᠲᠠ᠎ᠳᠤ ᠮᠠᠨ᠎ᠤ ᠤᠯᠤᠰ᠎ᠤᠨ ᠠᠩᠬᠠᠳᠠᠭ᠍ᠴᠢ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ ᠤ᠋ᠨ ᠡᠷᠬᠡ᠎ᠲᠡᠶ ᠵᠢᠯ ᠳ᠋ᠤ 16 ᠲᠦᠮᠡᠨ ᠲᠣᠨ ᠨᠡᠭᠦᠷᠡᠰᠦ᠎ᠶ᠋ᠢ ᠳᠠᠮ᠎ᠢᠶᠠᠷ ᠱᠢᠩᠭᠡᠨᠵᠢᠭᠦᠯᠬᠦ᠌ ᠦᠶ᠋ᠯᠡᠳᠪᠦᠷᠢᠯᠡᠯ᠎ᠦᠨ ᠱᠤᠭᠤᠮ᠎ᠢ ᠪᠠᠢᠭᠤᠯᠪᠠ᠃ ᠡᠳᠦᠭᠡ᠂《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢᠨ ᠳᠠᠭᠠᠭᠤᠯᠭ᠎ᠠ ᠳᠤᠤᠷ᠎ᠠ᠂ ᠠᠵᠤ ᠠᠬᠤᠢᠯᠠᠯ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠡᠷ ᠠᠱᠢᠭ᠍ᠯᠠᠬᠤ᠎ᠶ᠋ᠢ ᠲᠦᠷᠭᠡᠳᠭᠡᠨ ᠠᠬᠢᠭᠤᠯᠵᠤ ᠪᠠᠢᠨ᠎ᠠ᠃《ᠣᠳᠣᠬᠠᠨ᠎ᠳᠤ᠂ ᠪᠢᠳᠡ ᠨᠢᠭᠡᠨᠲᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠮᠠᠰᠢ ᠣᠯᠠᠨ ᠨᠠᠷᠠᠲᠤ ᠬᠦᠷᠢᠶᠡᠯᠡᠩ ᠭᠠᠵᠠᠷ ᠵᠢᠴᠢ ᠠᠵᠤ ᠠᠬᠤᠢᠯᠠᠯ᠎ᠲᠠᠶ ᠨᠡᠭᠦᠷᠡᠰᠦᠲᠥ᠋ᠷᠥᠭ᠌ᠴᠢ᠎ᠶ᠋ᠢᠨ ᠪᠦᠯᠦᠭ᠎ᠦᠨ ᠳᠡᠭᠡᠳᠦ ᠲᠠᠰ᠎ᠤᠨ ᠪᠦᠭᠡᠭᠡᠨᠡᠷᠡᠯ ᠮᠠᠲ᠋ᠧᠷᠢᠶᠠᠯ᠂ ᠨᠡᠭᠦᠷᠡᠰᠦᠲᠥ᠋ᠷᠥᠭ᠌ᠴᠢ᠎ᠶ᠋ᠢᠨ ᠪᠦᠯᠦᠭ᠎ᠦᠨ ᠠᠮᠢᠳᠤ ᠪᠣᠳᠠᠰ᠎ᠤᠨ ᠵᠠᠳᠠᠷᠠᠵᠤ ᠪᠣᠯᠬᠤ ᠮᠠᠲ᠋ᠧᠷᠢᠶᠠᠯ᠂ ᠨᠡᠭᠦᠷᠡᠰᠦᠲᠥ᠋ᠷᠥᠭ᠌ᠴᠢ᠎ᠶ᠋ᠢᠨ ᠪᠦᠯᠦᠭ᠎ᠦᠨ ᠹᠠᠰ ᠤ᠋ᠨ ᠬᠤᠪᠢᠷᠠᠯᠳᠤ ᠮᠠᠲ᠋ᠧᠷᠢᠶᠠᠯ ᠵᠡᠷᠭᠡ ᠣᠯᠠᠨ ᠬᠦᠷᠢᠶᠡᠨ᠎ᠳᠦ ᠬᠠᠮᠲᠤᠷᠠᠯᠴᠠᠭ᠎ᠠ ᠰᠤᠳᠤᠯᠭᠠᠨ ᠥᠷᠨᠢᠭᠦᠯᠪᠡ᠃ ᠲᠠᠷᠠᠭᠠᠴᠢ᠎ᠶ᠋ᠢᠨ ᠠᠯᠬᠤᠮ᠎ᠳᠤ ᠦᠷᠭᠦᠯᠵᠢᠯᠡᠨ ᠣᠲᠣ᠎ᠶ᠋ᠢᠨ ᠪᠠᠢᠭ᠎ᠠ ᠠᠵᠤ ᠦᠶ᠋ᠯᠡᠰ ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠵᠦ᠍᠂ ᠮᠡᠷᠭᠡᠵᠢᠯ᠎ᠦᠨ ᠱᠤᠭᠤᠮ᠎ᠤᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠲᠦᠷᠭᠡᠳᠭᠡᠨ᠎ᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠢ᠎ᠲᠡᠶ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠠᠮᠢᠶᠠᠷᠤᠯᠲᠠ᠎ᠶ᠋ᠢᠨ ᠬᠡᠯᠲᠡᠰ᠎ᠦᠨ ᠲᠥᠬᠥᠭᠡᠷᠦᠮᠵᠢ᠎ᠶ᠋ᠢᠨ ᠬᠠᠮᠢᠶᠠᠷᠤᠯᠲᠠ᠎ᠶ᠋ᠢᠨ ᠡᠷᠬᠢᠯᠡᠭ᠌ᠴᠢ᠎ᠶ᠋ᠢᠨ ᠳᠡᠰ᠎ᠤᠨ ᠢᠨᠵᠧᠨᠧᠷ ᠽᠢ ᠱᠢᠤᠢ ᠬᠤᠸᠠ ᠬᠡᠯᠡᠪᠡ᠃

ᠪᠤᠭᠤᠲᠤ᠎ᠶ᠋ᠢᠨ ᠮᠧᠢ ᠺᠸ ᠴᠠᠬᠢᠭᠤᠷ᠎ᠤᠨ ᠡᠨᠧᠷᠭᠢ᠎ᠶ᠋ᠢᠨ ᠬᠢᠵᠠᠭᠠᠷᠲᠤ ᠺᠣᠮᠫᠠᠨᠢ ᠨᠢ 2018 ᠣᠨ᠎ᠳᠤ ᠪᠤᠭᠤᠲᠤ ᠬᠤᠳᠠ᠎ᠳᠤ ᠨᠤᠲᠤᠭ᠍ᠰᠢᠭ᠍ᠰᠠᠨ ᠲᠦᠷᠦᠭᠦᠦ ᠪᠦᠯᠦᠭ ᠭᠡᠷᠡᠯᠴᠢ ᠴᠡᠨᠡᠭ᠎ᠦᠨ ᠠᠵᠤ ᠠᠬᠤᠢᠯᠠᠯ᠎ᠤᠨ ᠨᠢᠭᠡ ᠪᠣᠯᠤᠭ᠍ᠰᠠᠨ᠎ᠤ ᠬᠤᠪᠢ᠎ᠳᠤ᠂ ᠣᠳᠣᠬᠠᠨ᠎ᠳᠤ ᠪᠤᠭᠤᠲᠤ᠎ᠳᠤ ᠨᠢᠭᠡᠨᠲᠡ ᠭᠤᠷᠪᠠᠳᠤᠭᠠᠷ ᠬᠤᠭᠤᠴᠠᠭᠠᠨ᠎ᠤ ᠲᠠᠩ ᠲᠠᠯᠠᠰᠲᠤ ᠱᠢᠳᠠᠮ᠎ᠤᠨ ᠲᠦᠷᠦᠯ ᠵᠦᠢᠯ᠎ᠢ ᠪᠠᠢᠭᠤᠯᠤᠨ ᠠᠱᠢᠭ᠍ᠯᠠᠯᠲᠠ᠎ᠳᠤ ᠣᠷᠣᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 80 ᠳ᠋ᠦᠩᠱᠢᠭᠤᠷ ᠲᠥᠭᠥᠷᠢᠭ᠎ᠲᠦ ᠬᠦᠷᠴᠡᠢ᠃ ᠥᠪᠥᠷ ᠮᠣᠩᠭᠣᠯ᠎ᠳᠤ ᠣᠷᠣᠵᠤ ᠰᠠᠭᠤᠭ᠍ᠰᠠᠨ᠎ᠡᠴᠡ ᠨᠠᠭᠠᠰᠢ᠂ ᠺᠣᠮᠫᠠᠨᠢ᠎ᠨᠢ ᠱᠢᠨ᠎ᠡ᠎ᠶ᠋ᠢ ᠡᠭᠦᠳᠬᠦ᠌ ᠬᠥᠭ᠌ᠵᠢᠯᠲᠡ᠂ ᠪᠣᠬᠢᠷᠲᠤᠯ ᠥᠬᠡᠶ ᠬᠥᠭ᠌ᠵᠢᠯᠲᠡ᠎ᠶ᠋ᠢ ᠢᠮᠠᠭ᠍ᠲᠠ ᠪᠠᠷᠢᠮᠲᠠᠯᠠᠵᠤ᠂ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠠᠵᠤ ᠠᠬᠤᠢᠯᠠᠯ ᠵᠢᠡᠷ ᠵᠥᠪᠱᠢᠶᠡᠷᠡᠭ᠌ᠳᠡᠪᠡ᠃ 《2025 ᠣᠨ᠎ᠳᠤ ᠪᠢᠳᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠠᠬᠢᠭᠤᠷ ᠮᠠᠲ᠋ᠧᠷᠢᠶᠠᠯ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠪᠠ ᠤᠯᠤᠰ᠎ᠤᠨ ᠠᠵᠤ ᠠᠬᠤᠢᠯᠠᠯ᠎ᠤᠨ ᠮᠡᠷᠭᠡᠵᠢᠯ᠎ᠦᠨ ᠲᠥᠪ᠎ᠢ ᠴᠢᠷᠮᠠᠢᠨ ᠡᠭᠦᠳᠴᠦ᠍᠂ ᠬᠡᠷᠡᠯᠴᠢ ᠴᠡᠨᠡᠭ᠎ᠦᠨ ᠠᠵᠢᠯ ᠲᠥᠷᠥᠯ᠎ᠦᠨ ᠰᠠᠢᠵᠢᠷᠠᠯᠳᠠ ᠬᠥᠭ᠌ᠵᠢᠯᠲᠡ᠎ᠶ᠋ᠢ ᠲᠠᠰᠤᠷᠠᠯᠲᠠ ᠥᠬᠡᠶ ᠠᠬᠢᠭᠤᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠵᠢᠶᠠᠩᠰᠦ᠎ᠶ᠋ᠢᠨ ᠮᠧᠢ ᠺᠸ ᠨᠡᠷᠡᠨ᠎ᠦ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠪᠦᠭᠦᠳᠡ ᠵᠢ ᠵᠠᠬᠢᠷᠤᠭ᠍ᠴᠢ᠂ ᠪᠤᠭᠤᠲᠤ᠎ᠶ᠋ᠢᠨ ᠮᠧᠢ ᠺᠸ ᠴᠠᠬᠢᠭᠤᠷ ᠎ᠤᠨ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠠᠩ ᠢ ᠴᠧᠩ ᠬᠡᠯᠡᠪᠡ᠃

ᠴᠠᠭ ᠦᠶ᠎ᠡ᠎ᠶ᠋ᠢᠨ ᠤᠷᠤᠰᠭᠠᠯ ᠳᠣᠯᠭᠢᠶᠠᠯᠠᠨ ᠲᠠᠪᠠᠯᠭᠠᠯᠠᠵᠦ᠂ ᠡᠭᠦᠷᠭᠡ ᠬᠠᠷᠢᠭᠤᠴᠠᠯᠭ᠎ᠠ ᠬᠥᠮᠦᠰ᠎ᠢ ᠤᠷᠮᠠᠱᠢᠭᠤᠯᠤᠨ ᠤᠷᠤᠭ᠍ᠰᠢᠯᠠᠭᠤᠯᠤᠨ᠎ᠠ᠃ ᠱᠢᠨ᠎ᠡ ᠠᠶᠠᠨ᠎ᠳᠤ᠂ ᠥᠪᠥᠷ ᠮᠣᠩᠭᠣᠯ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠠᠢᠷᠢ ᠲᠣᠭ᠍ᠲᠠᠭᠠᠯᠲᠠ᠎ᠶ᠋ᠢ ᠦᠷᠭᠦᠯᠵᠢᠯᠡᠨ ᠤᠨᠢᠯᠠᠵᠤ᠂ ᠡᠨᠧᠷᠭᠢ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠪᠠᠨ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ 《ᠪᠣᠬᠢᠷᠲᠤᠯ ᠦᠭᠡᠢ》 ᠪᠡᠷ ᠬᠦᠭᠵᠢᠵᠦ᠂ 《ᠱᠢᠨ᠎ᠡ》 ᠲᠡᠢᠰᠢ ᠤᠷᠤᠭ᠍ᠰᠢᠯᠠᠬᠤ᠎ᠶ᠋ᠢ ᠦᠷᠭᠦᠯᠵᠢᠯᠡᠨ ᠠᠬᠢᠭᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面